2026-08-20 09:31:54
ᠠᠶᠠᠨᠴᠢᠨ ᠪᠠ ᠪᠠᠷᠠᠭᠠᠨ᠎ᠤ ᠶᠡᠷᠦᠩᠬᠡᠢ ᠡᠷᠭᠢᠯᠲᠡ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 9.9% ᠪᠡᠷ ᠨᠡᠮᠡᠭᠳᠡᠪᠠ
7 ᠰᠠᠷ᠎ᠠ᠎ᠶᠢᠨ 23 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠳᠡᠭᠡᠷ᠎ᠡ ᠬᠠᠭᠠᠰ ᠵᠢᠯ᠎ᠦᠨ ᠪᠥᠬᠥ ᠣᠷᠣᠨ᠎ᠤ ᠠᠶᠠᠨᠴᠢᠳ ᠪᠠ ᠪᠠᠷᠠᠭ᠎ᠠ᠎ᠶᠢᠨ ᠲᠡᠭᠡᠭᠡᠪᠦᠷᠢ᠎ᠶᠢᠨ ᠠᠵᠢᠯᠯᠠᠭᠠᠨ᠎ᠤ ᠲᠣᠭ᠎ᠠ ᠪᠠᠷᠢᠮᠲᠠ᠎ᠶᠢ ᠨᠡᠢᠲᠡᠯᠡᠪᠡ᠃ ᠪᠦᠷᠢᠳᠬᠡᠯ᠎ᠡᠴᠡ ᠦᠵᠡᠪᠡᠯ᠂ ᠪᠥᠬᠥ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠵᠠᠬ᠎ᠠ ᠳᠡᠯᠭᠡᠭᠦᠷ᠎ᠦᠨ ᠨᠡᠮᠡᠭᠳᠡᠯ᠎ᠦᠨ ᠬᠠᠨᠳᠤᠰᠢ ᠲᠣᠭᠲᠠᠭᠤᠨ ᠪᠠᠢᠵᠤ᠂ ᠶᠡᠷᠦᠩᠬᠡᠢᠯᠡᠭᠰᠡᠨ ᠠᠶᠠᠨᠴᠢᠨ ᠪᠠ ᠪᠠᠷᠠᠭᠠᠨ᠎ᠤ ᠶᠡᠷᠦᠩᠬᠡᠢ ᠡᠷᠭᠢᠯᠲᠡ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 9.9% ᠪᠠᠷ ᠨᠡᠮᠡᠭᠳᠡᠪᠡ; ᠡᠭᠦᠨ᠎ᠳᠦ ᠵᠠᠰᠠᠮᠠᠯ ᠵᠠᠮ᠎ᠤᠨ ᠠᠶᠠᠨᠴᠢᠨ ᠪᠠ ᠪᠠᠷᠠᠭ᠎ᠠ᠎ᠶᠢᠨ ᠶᠡᠷᠦᠩᠬᠡᠢ ᠡᠷᠭᠢᠯᠲᠡ᠎ᠶᠢᠨ ᠬᠡᠮᠵᠢᠶ᠎ᠡ 7.2%ᠵᠢᠡᠷ ᠨᠡᠮᠡᠭᠳᠡᠵᠦ᠂ ᠲᠡᠮᠦᠷ ᠵᠠᠮ᠎ᠤᠨ ᠠᠶᠠᠨᠴᠢᠨ ᠪᠠ ᠪᠠᠷᠠᠭ᠎ᠠ᠎ᠶᠢᠨ ᠶᠡᠷᠦᠩᠬᠡᠢ ᠡᠷᠭᠢᠯᠲᠡ᠎ᠶᠢᠨ ᠬᠡᠮᠵᠢᠶ᠎ᠡ 11.9% ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ᠎ᠤ ᠦᠢᠯᠡᠰ᠎ᠦᠨ ᠨᠡᠮᠡᠭᠳᠡᠯ ᠥᠷᠲᠡᠭ ᠵᠡᠷᠭᠡ᠎ᠪᠡᠷ ᠲᠣᠭᠲᠠᠭᠤᠨ᠎ᠢᠶᠠᠷ ᠨᠡᠮᠡᠭᠳᠡᠬᠦ᠎ᠶᠢ ᠪᠡᠶᠡᠯᠡᠭᠦᠯᠵᠦ᠂ ᠣᠷᠣᠨ ᠪᠦᠰᠡ᠎ᠶᠢᠨ ᠠᠵᠤ ᠠᠬᠤᠢ᠎ᠶᠢᠨ ᠣᠷᠴᠢᠯ᠎ᠤᠨ ᠰᠠᠭᠠᠳ ᠦᠭᠡᠢ ᠨᠡᠪᠲᠡᠷᠡᠬᠦ᠎ᠳᠦ ᠭᠦᠢᠯᠭᠡᠭᠡᠨ᠎ᠦ ᠰᠠᠭᠤᠷᠢ᠎ᠶᠢ ᠪᠡᠬᠢᠵᠢᠭᠦᠯᠪᠡ᠃
ᠣᠷᠳᠣᠰ ᠬᠣᠲᠠ᠎ᠶᠢᠨ ᠡᠵᠡᠨ ᠬᠣᠷᠣᠭ᠎ᠠ ᠬᠣᠰᠢᠭᠤᠨ᠎ᠤ ᠨᠢᠭᠡᠨ ᠲᠣᠮᠣ᠌ ᠬᠡᠯᠪᠡᠷᠢ᠎ᠶᠢᠨ ᠨᠡᠭᠦᠷᠡᠰᠦᠨ᠎ᠦ ᠪᠠᠷᠠᠭᠠᠨ᠎ᠤ ᠭᠦᠢᠯᠭᠡᠭᠡᠨ᠎ᠦ ᠬᠦᠷᠢᠶᠡᠯᠡᠩ ᠲᠣᠭᠣᠷᠢᠭ᠋᠎ᠲᠤ ᠨᠡᠭᠦᠷᠡᠰᠦ ᠳᠦᠭᠦᠷᠡᠩ ᠠᠴᠢᠭᠰᠠᠨ ᠬᠦᠨᠳᠦ ᠬᠡᠯᠪᠡᠷᠢ᠎ᠶᠢᠨ ᠪᠠᠷᠠᠭᠠᠨ᠎ᠤ ᠲᠡᠷᠭᠡ ᠡᠮᠬᠢ ᠵᠢᠷᠤᠮ᠎ᠲᠠᠢ᠎ᠪᠠᠷ ᠣᠷᠳᠣ᠌ ᠮᠥᠷᠯᠡᠨ ᠵᠢᠭ᠍ᠰᠠᠨ᠎ᠠ᠃ ᠠᠴᠢᠶᠠᠨ᠎ᠤ ᠮᠠᠰᠢᠨ᠎ᠤ ᠵᠢᠯᠣᠭᠣᠴᠢ ᠸᠠᠩ ᠠᠪᠤᠭᠠᠢ ᠰᠠᠶᠢᠬᠠᠨ ᠠᠭᠤᠷᠬᠠᠢ᠎ᠶᠢᠨ ᠣᠷᠣᠨ᠎ᠠᠴᠠ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ᠎ᠳᠦ ᠬᠦᠷᠬᠦ ᠣᠢᠷ᠎ᠠ ᠵᠠᠮ᠎ᠢᠶᠠᠷ ᠳᠠᠮᠵᠢᠭᠤᠯᠤᠨ ᠲᠡᠭᠡᠭᠡᠪᠦᠷᠢᠯᠡᠬᠦ ᠡᠭᠦᠷᠭᠡ᠎ᠪᠡᠨ ᠪᠡᠶᠡᠯᠡᠭᠦᠯᠪᠡ᠃ ᠲᠡᠷᠡ 《ᠡᠨᠡ ᠵᠢᠯ᠎ᠦᠨ ᠪᠠᠷᠠᠭᠠᠨ᠎ᠤ ᠢᠷᠡᠯᠲᠡ ᠭᠦᠢᠴᠡᠳ᠂ ᠳᠡᠭᠡᠷ᠎ᠡ ᠬᠠᠭᠠᠰ ᠵᠢᠯ᠎ᠳᠦ ᠦᠨᠳᠦᠰᠦᠨ᠎ᠳᠡᠭᠡᠨ ᠬᠣᠭᠣᠰᠤᠨ ᠴᠠᠭ ᠭᠠᠷᠤᠭᠰᠠᠨ ᠦᠭᠡᠢ ᠂ ᠰᠠᠷ᠎ᠠ ᠪᠦᠷᠢ 20 ᠭᠠᠷᠤᠢ ᠤᠳᠠᠭ᠎ᠠ ᠳᠡᠭᠡᠭᠡᠪᠦᠷᠢᠯᠡᠵᠡᠢ》 ᠭᠡᠪᠡ᠃ ᠡᠮᠦᠨ᠎ᠡ ᠹᠷᠣᠨᠲ᠎ᠤᠨ ᠲᠡᠭᠡᠭᠡᠪᠦᠷᠢ᠎ᠶᠢᠨ ᠶᠠᠭᠠᠷᠠᠯᠲᠠᠢ ᠪᠠᠢᠳᠠᠯ ᠨᠢ ᠬᠣᠷᠸ᠎ᠠ ᠲᠣᠭ᠎ᠠ ᠪᠠᠷᠢᠮᠲᠠ᠎ᠶᠢ ᠭᠡᠷᠡᠴᠢᠯᠡᠵᠦ ᠪᠣᠶ ᠄ ᠳᠡᠭᠡᠷ᠎ᠡ ᠬᠠᠭᠠᠰ ᠵᠢᠯ᠎ᠳᠦ ᠪᠥᠬᠥ ᠣᠷᠣᠨ᠎ᠤ ᠵᠠᠰᠠᠮᠠᠯ ᠵᠠᠮ᠎ᠤᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 8.6 ᠳ᠋ᠦᠩᠰᠢᠭᠤᠷ ᠲᠣᠨ᠂ ᠪᠠᠷᠠᠭᠠᠨ᠎ᠤ ᠡᠷᠭᠢᠯᠲᠡ᠎ᠶᠢᠨ ᠬᠡᠮᠵᠢᠶ᠎ᠡ 1349.8 ᠳ᠋ᠦᠩᠰᠢᠭᠤᠷ ᠲᠣᠨ ᠺᠢᠯᠣᠮᠧᠲᠷ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 10.0%᠂ 7.3% ᠪᠠᠷ ᠨᠡᠮᠡᠭᠳᠡᠪᠡ᠃ ᠲᠦᠷᠭᠡᠨ᠎ᠤ ᠵᠠᠰᠠᠮᠠᠯ ᠵᠠᠮ᠎ᠤᠨ ᠪᠠᠷᠠᠭᠠᠨ᠎ᠤ ᠲᠡᠷᠭᠡᠨᠤᠤᠷᠤᠰᠴᠠ ᠵᠢᠨ ᠭᠡᠮᠵᠢᠶ᠎ᠡ᠂ ᠡᠩ᠎ᠦᠨ ᠤᠯᠤᠰ ᠮᠤᠵᠢ᠎ᠶᠢᠨ ᠵᠠᠮ᠎ᠤᠨ ᠪᠠᠷᠠᠭᠠᠨ᠎ᠤ ᠲᠡᠷᠭᠡ᠎ᠶᠢᠨ ᠣᠭᠲᠣᠯᠣᠭᠠᠰᠤ᠎ᠶᠢᠨ ᠵᠠᠮ ᠬᠠᠷᠢᠯᠴᠠᠭᠠᠨ᠎ᠤ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 19.2%᠂ 1.9% ᠪᠠᠷ ᠳᠡᠭᠡᠭᠰᠢᠯᠡᠪᠡ᠃
《ᠨᠡᠭᠦᠷᠡᠰᠦ᠂ ᠬᠢᠮᠢ᠎ᠶᠢᠨ ᠠᠵᠤ ᠦᠢᠯᠡᠳᠪᠦᠷᠢ᠎ᠶᠢᠨ ᠦᠢᠯᠡᠳᠬᠦᠨ᠎ᠦ ᠵᠠᠬ᠎ᠠ ᠳᠡᠯᠭᠡᠭᠦᠷ᠎ᠦᠨ ᠬᠡᠷᠡᠭᠴᠡᠭᠡ ᠰᠠᠢᠵᠢᠷᠠᠵᠤ᠂ ᠳᠠᠬᠢᠭᠠᠳ ᠪᠣᠭᠣᠮᠲᠠ᠎ᠶᠢᠨ ᠭᠠᠳᠠᠭᠠᠳᠤ᠎ᠡᠴᠡ ᠣᠷᠣᠭᠤᠯᠬᠤ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠪᠠᠷᠠᠭᠠᠨ᠎ᠤ ᠲᠡᠭᠡᠭᠡᠪᠦᠷᠢ᠎ᠶᠢᠨ ᠵᠠᠬ᠎ᠠ ᠳᠡᠯᠭᠡᠭᠦᠷ᠎ᠦᠨ ᠬᠦᠴᠦᠲᠡᠢ ᠨᠡᠮᠡᠭᠳᠡᠯ᠎ᠦᠨ ᠪᠠᠢᠳᠠᠯ᠎ᠵᠢᠡᠨ ᠪᠠᠲᠤᠯᠠᠬᠤ᠎ᠵᠢ ᠬᠠᠮᠲᠤ᠎ᠪᠠᠷ ᠳᠠᠶ᠋ᠢᠴᠢᠯᠠᠵᠠᠢ》 ᠭᠡᠵᠦ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠠᠳᠠᠯᠤᠯᠲᠠ ᠬᠢᠪᠡ᠃
ᠪᠠᠷᠠᠭᠠᠨ᠎ᠤ ᠲᠡᠭᠡᠭᠡᠪᠦᠷᠢ᠎ᠶᠢᠨ ᠬᠦᠴᠦᠨ ᠲᠦᠷᠭᠡᠨ ᠨᠡᠮᠡᠭᠳᠡᠬᠦ ᠵᠢᠨ ᠬᠠᠮᠲᠤ ᠠᠶᠠᠨᠴᠢᠳ᠎ᠤᠨ ᠳᠡᠭᠡᠭᠡᠪᠦᠷᠢ ᠴᠦ᠍ ᠬᠥᠭᠵᠢᠶᠡᠨ᠎ᠲᠠᠢ ᠪᠠᠢᠨ᠎ᠠ᠃ ᠳᠡᠭᠡᠷ᠎ᠡ ᠬᠠᠭᠠᠰ ᠵᠢᠯ᠎ᠳᠦ ᠥᠪᠥᠷ ᠮᠣᠩᠭᠣᠯ᠎ᠤᠨ ᠪᠥᠬᠥ ᠨᠡᠢᠭᠡᠮ᠎ᠦᠨ ᠣᠷᠣᠨ ᠪᠦᠰᠡ ᠠᠯᠤᠰᠯᠠᠭᠰᠠᠨ ᠬᠥᠮᠥᠰ᠎ᠦᠨ ᠰᠢᠯᠵᠢᠯᠲᠡ᠎ᠵᠢᠨ ᠬᠡᠮᠵᠢᠶ᠎ᠡ 5.6 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 2.9% ᠪᠠᠷ ᠨᠡᠮᠡᠭᠳᠡᠵᠦ᠂ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ᠎ᠦᠨ ᠣᠯᠠᠨ ᠲᠦᠮᠡᠨ᠎ᠦ ᠶᠠᠪᠤᠵᠤ ᠰᠠᠭᠤᠬᠤ ᠬᠦᠰᠡᠯ ᠥᠨᠳᠥᠷ ᠪᠣᠯᠪᠠ᠃
1 ᠡᠴᠡ 6 ᠰᠠᠷ᠎ᠠ ᠪᠣᠯᠲᠠᠯ᠎ᠠ᠂ ᠪᠥᠬᠥ ᠣᠷᠣᠨ᠎ᠤ ᠡᠵᠡᠩᠨᠡᠯᠲᠡ᠎ᠶᠢᠨ ᠴᠢᠨᠠᠷᠲᠠᠢ ᠠᠶᠠᠨᠴᠢᠳ᠎ᠤᠨ ᠳᠡᠭᠡᠭᠡᠪᠦᠷᠢ᠎ᠶᠢᠨ ᠬᠡᠮᠵᠢᠶ᠎ᠡ 14297.3 ᠲᠦᠮᠡᠨ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 15.1% ᠪᠠᠷ ᠨᠡᠮᠡᠭᠳᠡᠪᠡ᠃ ᠡᠭᠦᠨ᠎ᠳᠦ ᠵᠠᠰᠠᠮᠠᠯ ᠵᠠᠮ᠎ᠤᠨ ᠠᠶᠠᠨᠴᠢᠳ᠎ᠤᠨ ᠳᠡᠭᠡᠭᠡᠪᠦᠷᠢ᠎ᠶᠢᠨ ᠬᠡᠮᠵᠢᠶ᠎ᠡ 10346.1 ᠲᠦᠮᠡᠨ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 15.8% ᠪᠠᠷ ᠨᠡᠮᠡᠭᠳᠡᠪᠡ᠃ ᠲᠡᠮᠦᠷ ᠵᠠᠮ᠎ᠤᠨ ᠠᠶᠠᠨᠴᠢᠳ᠎ᠤᠨ ᠳᠡᠭᠡᠭᠡᠪᠦᠷᠢ᠎ᠶᠢᠨ ᠬᠡᠮᠵᠢᠶ᠎ᠡ 3297.6 ᠲᠦᠮᠡᠨ ᠬᠥᠮᠥᠨ ᠤᠳᠠᠭ᠎ᠠ᠎ᠳᠤ ᠬᠦᠷᠴᠦ ᠂ ᠠᠳᠠᠯᠢ ᠬᠤᠭᠤᠴᠠᠭᠠᠨ᠎ᠤ ᠬᠢ᠎ᠡᠴᠡ 17.2% ᠵᠢᠡᠷ ᠨᠡᠮᠡᠭᠳᠡᠵᠦ᠂ ᠠᠶᠠᠨᠴᠢᠳ᠎ᠤᠨ ᠳᠡᠭᠡᠭᠡᠪᠦᠷᠢ᠎ᠶᠢᠨ ᠡᠷᠭᠢᠯᠲᠡ᠎ᠶᠢᠨ ᠬᠡᠮᠵᠢᠶ᠎ᠡ 4 ᠰᠠᠷ᠎ᠠ ᠳᠠᠷᠠᠭᠠᠯᠠᠨ ᠭᠠᠭᠴᠠ ᠰᠠᠷ᠎ᠠ᠎ᠶᠢᠨ ᠨᠡᠮᠡᠭᠳᠡᠯ᠎ᠦᠨ ᠬᠤᠷᠳᠤᠴᠠ 10% ᠵᠢ ᠳᠠᠪᠠᠪᠠ᠃
《ᠬᠥᠳᠡᠯᠭᠡᠭᠦ ᠬᠦᠴᠦᠨᠲᠦ ᠭᠠᠯ ᠲᠡᠷᠭᠡ ᠨᠡᠪᠲᠡᠷᠡᠭᠰᠡᠨᠦ ᠳᠠᠷᠠᠭ᠎ᠠ ᠭᠠᠳᠠᠭ᠍ᠰᠢ ᠭᠠᠷᠬᠤ᠎ᠳᠤ ᠮᠠᠰᠢ ᠲᠥᠬᠥᠮ ᠪᠣᠯᠵᠤ᠂ ᠭᠠᠷᠠᠭ᠎ᠤᠨ ᠰᠡᠭᠦᠯᠴᠢ᠎ᠳᠦ ᠬᠡᠦᠬᠡᠳ᠎ᠢᠶᠡᠨ ᠳᠠᠭᠠᠭᠤᠯᠤᠨ ᠭᠠᠳᠠᠭ᠍ᠰᠢ ᠭᠠᠷᠴᠤ ᠵᠤᠭᠠᠴᠠᠬᠤ᠎ᠳᠤ 〈ᠶᠠᠪᠤᠨ᠎ᠠ ᠭᠡᠪᠡᠯ ᠶᠠᠪᠤᠴᠢᠬᠠᠳᠠᠭ〉 ᠪᠤᠯᠵᠠᠢ》 ᠭᠡᠵᠦ ᠬᠦᠬᠡᠬᠤᠲᠠ ᠡᠴᠡ ᠰᠢᠯᠢᠩᠬᠣᠲᠠ᠎ᠳᠤ ᠬᠦᠷᠬᠦ ᠭᠡᠵᠦ ᠪᠠᠢᠭ᠎ᠠ ᠵᠠᠩ ᠠᠪᠠᠬᠠᠢ ᠬᠡᠯᠡᠪᠡ᠃
ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ᠎ᠶᠢᠨ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠣᠷᠣᠨ᠎ᠤ ᠳᠣᠲᠣᠷᠠᠬᠢ ᠲᠦᠷᠭᠡᠨ᠎ᠤ ᠲᠡᠮᠦᠷ ᠵᠠᠮ᠎ᠤᠨ ᠲᠣᠣᠷ᠎ᠢ ᠲᠠᠰᠤᠷᠠᠯᠲᠠ ᠦᠭᠡᠢ ᠨᠢᠭ᠍ᠲᠠ ᠰᠦᠯᠵᠢᠬᠦ᠎ᠶᠢ ᠳᠠᠭᠠᠯᠳᠤᠨ ᠲᠡᠮᠦᠷ ᠵᠠᠮ᠎ᠤᠨ ᠵᠠᠮ ᠳᠠᠭᠠᠤ᠎ᠳᠠᠬᠢ ᠠᠶᠠᠨᠴᠢᠳ᠎ᠤᠨ ᠤᠷᠤᠰᠬᠠᠯ᠎ᠢ ᠰᠠᠯᠭᠠᠬᠤ ᠦᠢᠯᠡᠳᠦᠯ ᠦᠷᠭᠦᠯᠵᠢᠯᠡᠨ ᠶᠡᠬᠡᠰᠴᠦ᠂ ᠨᠠᠩ ᠣᠯᠠᠨ ᠬᠥᠮᠥᠨ ᠡᠩ ᠲᠡᠷᠢᠭᠦᠨ᠎ᠳᠦ ᠲᠡᠮᠦᠷ ᠵᠠᠮ᠎ᠢ ᠰᠣᠩᠭᠣᠵᠤ ᠶᠠᠪᠤᠵᠤ ᠰᠠᠭᠤᠬᠤ ᠪᠣᠯᠵᠠᠢ ᠭᠡᠵᠦ ᠢᠯᠡᠳᠭᠡᠪᠡ᠃
ᠠᠶᠠᠨᠴᠢᠳ ᠪᠠ ᠪᠠᠷᠠᠭ᠎ᠠ᠎ᠶᠢᠨ ᠬᠣᠣᠰ ᠱᠤᠭᠤᠮ ᠲᠣᠭᠲᠠᠭᠤᠨ᠎ᠢᠶᠠᠷ ᠨᠡᠮᠡᠭᠳᠡᠭᠰᠡᠨᠦ ᠦᠨᠳᠦᠰᠦ ᠰᠤᠷᠪᠤᠯᠵᠢ ᠨᠢ ᠪᠦᠬᠦ ᠣᠷᠣᠨ᠎ᠤ ᠶᠡᠷᠦᠩᠬᠡᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠢᠰᠲᠧᠮ᠎ᠢ ᠨᠢᠭᠡ ᠴᠣᠭᠴᠠᠵᠢᠭᠤᠯᠬᠤ ᠪᠦᠲᠦᠭᠡᠨ ᠪᠠᠢᠭᠤᠯᠤᠯᠲᠠ ᠦᠷᠭᠦᠯᠵᠢᠯᠡᠨ ᠲᠦᠷᠭᠡᠳᠴᠦ ᠪᠠᠢᠬᠤ᠎ᠳᠤ ᠪᠤᠢ᠃
ᠤᠯᠠᠭᠠᠨᠴᠠᠪ ᠬᠣᠲᠠ᠎ᠶᠢᠨ ᠹᠧᠩᠵᠧᠨ ᠬᠣᠲᠠ᠎ᠶᠢᠨ ᠰᠢᠨ ᠴᠠᠩ ᠲᠡᠮᠦᠷ ᠵᠠᠮ᠎ᠤᠨ ᠲᠤᠰᠬᠠᠢ ᠱᠤᠭᠤᠮ ᠳᠡᠭᠡᠷ᠎ᠡ ᠨᠡᠭᠦᠷᠡᠰᠦ᠂ ᠴᠢᠯᠠᠭᠤᠨ ᠮᠠᠲᠧᠷᠢᠶᠠᠯ ᠠᠴᠢᠶᠠᠯᠠᠭᠰᠠᠨ ᠴᠤᠪᠤᠭ᠎ᠠ ᠲᠡᠷᠭᠡ ᠲᠢᠶᠠᠨᠵᠢᠨ᠎ᠤ ᠰᠢᠨ᠎ᠡ ᠭᠠᠷᠠᠮ᠎ᠤᠨ ᠬᠣᠢᠲᠤ ᠥᠷᠲᠡᠭᠡ ᠵᠢ ᠵᠤᠷᠢᠨ ᠠᠶᠠᠯᠠᠨ᠎ᠠ᠃ 《ᠥᠩᠭᠡᠷᠡᠭᠰᠡᠨ᠎ᠳᠦ ᠵᠠᠰᠠᠮᠠᠯ ᠵᠠᠮ᠎ᠤᠨ ᠲᠡᠭᠡᠭᠡᠪᠦᠷᠢ᠎ᠪᠡᠷ ᠲᠢᠶᠠᠨᠵᠢᠨ ᠭᠠᠷᠠᠮ ᠬᠦᠷᠬᠦ᠎ᠳᠤ ᠭᠤᠷᠪᠠ ᠳᠥᠷᠪᠡᠨ ᠡᠳᠦᠷ ᠬᠡᠷᠡᠭᠰᠡᠳᠡᠭ᠂ ᠤᠳᠤ ᠲᠡᠮᠦᠷ ᠵᠠᠮ ᠵᠢᠡᠷ ᠶᠠᠪᠤᠪᠠᠯ16 ᠴᠠᠭ ᠯᠠ ᠬᠡᠷᠡᠭᠰᠡᠬᠦ ᠪᠤᠯᠵᠠᠢ᠃ ᠳᠠᠷᠠᠭᠠᠴᠢ ᠪᠡᠷ ᠲᠡᠯᠡᠶ᠎ᠶᠢᠨ ᠲᠡᠭᠡᠭᠡᠪᠦᠷᠢ᠎ᠶᠢ ᠵᠤᠯᠭᠠᠭᠤᠯᠤᠨ ᠹᠦᠵᠢᠶᠠᠨ ᠵᠡᠷᠭᠡ ᠭᠠᠵᠠᠷ᠎ᠲᠤ ᠬᠦᠷᠭᠡᠵᠦ᠂ ᠲᠡᠮᠦᠷ ᠵᠠᠮ ᠲᠡᠯᠡᠶ᠎ᠶᠢᠨ ᠬᠠᠮᠲᠤᠷᠠᠭᠰᠠᠨ ᠲᠡᠭᠡᠭᠡᠪᠦᠷᠢ᠎ᠶᠢ ᠵᠠᠪᠰᠠᠷ ᠦᠭᠡᠢ ᠵᠣᠯᠭᠠᠭᠤᠯᠬᠤ᠎ᠶᠢ ᠪᠡᠶᠡᠯᠡᠭᠦᠯᠦᠨ᠎ᠡ᠃ ᠡᠨᠡ ᠬᠦ᠌ ᠱᠤᠭᠤᠮ᠎ᠤᠨ ᠵᠢᠯ᠎ᠦᠨ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠨᠢ 350 ᠲᠦᠮᠡᠨ ᠲᠣᠨ᠎ᠳᠤ ᠬᠦᠷᠴᠦ᠂ ᠵᠠᠰᠠᠮᠠᠯ ᠵᠠᠮ᠎ᠤᠨ ᠲᠡᠭᠡᠭᠡᠪᠦᠷᠢ᠎ᠲᠠᠢ ᠬᠠᠷᠢᠴᠠᠭᠤᠯᠪᠠᠯ ᠶᠡᠷᠦᠩᠬᠡᠢᠯᠡᠭᠰᠡᠨ ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠥᠷᠲᠡᠭ᠎ᠢ 30% ᠰᠢᠬᠠᠮ ᠪᠠᠭᠤᠷᠠᠭᠤᠯᠵᠠᠢ》 ᠭᠡᠵᠦ ᠥᠪᠥᠷ ᠮᠣᠩᠭᠣᠯ᠎ᠤᠨ ᠰᠢᠨ ᠴᠠᠩ ᠲᠡᠮᠦᠷ ᠵᠠᠮ᠎ᠤᠨ ᠨᠥᠭᠡᠴᠡᠯᠡᠨ ᠲᠡᠭᠡᠭᠡᠪᠦᠷᠢᠯᠡᠬᠦ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠬᠠᠷᠢᠭᠤᠴᠠᠯᠭᠠᠲᠠᠨ ᠲᠠᠨᠢᠯᠴᠠᠭᠤᠯᠪᠠ᠃
ᠲᠡᠭᠡᠭᠡᠪᠦᠷᠢ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠠᠷᠤ᠎ᠳᠤ ᠭᠦᠨᠵᠡᠭᠡᠢ ᠳᠡᠯᠭᠡᠷᠡᠭᠦᠯᠦᠭᠰᠡᠨ ᠣᠯᠠᠨ ᠬᠡᠯᠪᠡᠷᠢ᠎ᠶᠢᠨ ᠬᠠᠮᠲᠤᠷᠠᠭᠰᠠᠨ ᠲᠡᠭᠡᠭᠡᠪᠦᠷᠢ᠎ᠶᠢᠨ 《ᠨᠢᠭᠡ ᠬᠠᠭᠤᠳᠠᠰᠤ᠎ᠶᠢᠨ ᠳᠦᠷᠢᠮ》᠂ 《ᠨᠢᠭᠡ ᠴᠢᠩᠬᠡᠯᠢᠭ ᠤ᠋ᠨ ᠳᠦᠷᠢᠮ》 ᠤ᠋ᠨ ᠵᠠᠭᠪᠤᠷ ᠪᠤᠢ᠃ ᠳᠡᠭᠡᠷ᠎ᠡ ᠬᠠᠭᠠᠰ ᠵᠢᠯ᠎ᠳᠦ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ ᠲᠡᠮᠦᠷ ᠵᠠᠮ ᠤᠰᠤᠨ ᠵᠠᠮ᠎ᠤᠨ ᠬᠠᠮᠲᠤᠷᠠᠭᠰᠠᠨ ᠲᠡᠭᠡᠭᠡᠪᠦᠷᠢ᠎ᠶᠢᠨ 《ᠨᠢᠭᠡ ᠬᠠᠭᠤᠳᠠᠰᠤ᠎ᠶᠢᠨ ᠳᠦᠷᠢᠮ》 ᠤ᠋ᠨ ᠱᠤᠭᠤᠮ᠎ᠢ ᠰᠢᠨ᠎ᠡ᠎ᠪᠡᠷ 24 ᠵᠤᠷᠪᠤᠰ ᠨᠠᠪᠲᠠᠷᠡᠭᠦᠯᠵᠦ᠂ ᠨᠡᠶ᠋ᠢᠲᠡ 441 ᠣᠯᠠᠨ ᠬᠡᠯᠪᠡᠷᠢ᠎ᠶᠢᠨ ᠬᠠᠮᠲᠤᠷᠠᠭᠰᠠᠨ ᠲᠡᠭᠡᠭᠡᠪᠦᠷᠢ᠎ᠶᠢᠨ ᠡᠭᠡᠯᠵᠢ᠎ᠶᠢᠨ ᠭᠠᠯᠲᠤ ᠲᠡᠷᠭᠡ᠎ᠶᠢ ᠨᠠᠪᠲᠠᠷᠡᠭᠦᠯᠵᠦ᠂ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 46.5%᠎ᠪᠠᠷ ᠨᠡᠮᠡᠭᠳᠡᠪᠡ; ᠬᠣᠲᠠ᠎ᠶᠢᠨ ᠬᠣᠭᠣᠷᠣᠨᠳᠣᠬᠢ ᠡᠭᠡᠯᠵᠢ᠎ᠶᠢᠨ ᠭᠠᠯᠲᠤ ᠲᠡᠷᠭᠡ᠎ᠶᠢ 153 ᠶᠠᠪᠤᠭᠤᠯᠵᠤ᠂ ᠨᠡᠮᠡᠭᠳᠡᠯ᠎ᠦᠨ ᠬᠡᠮᠵᠢᠶ᠎ᠡ ᠨᠢ 115.5% ᠳ᠋ᠤ ᠬᠦᠷᠴᠡᠢ᠃ 《ᠥᠩᠭᠡᠷᠡᠭᠰᠡᠨ᠎ᠳᠦ ᠪᠠᠷᠠᠭ᠎ᠠ ᠶᠠᠪᠤᠭᠤᠯᠬᠤ᠎ᠳᠤ ᠪᠠᠷᠠᠭᠠᠨ᠎ᠤ ᠭᠦᠢᠯᠭᠡᠭᠡᠨ᠎ᠦ ᠣᠯᠠᠨ ᠭᠤᠤᠯ ᠴᠣᠭᠴᠠ᠎ᠲᠠᠢ ᠵᠣᠯᠭᠠᠯᠳᠤᠭᠤᠯᠬᠤ ᠴᠢᠬᠤᠯᠠᠲᠠᠢ ᠪᠠᠢᠵᠤ᠂ ᠶᠠᠪᠤᠴᠠ ᠨᠢ ᠶᠠᠷᠰᠢᠭ᠋᠎ᠲᠠᠢ ᠪᠠᠢᠪᠠ᠂ ᠣᠲᠣ᠌ ᠨᠢᠭᠡ ᠬᠠᠭᠤᠳᠠᠰᠤ ᠵᠢᠨ ᠳᠦᠷᠢᠮ᠎ᠳᠦ ᠲᠦᠰᠢᠭᠯᠡᠨ ᠪᠥᠬᠥ ᠶᠠᠪᠤᠴᠠ᠎ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ᠎ᠶᠢ ᠪᠡᠶᠡᠯᠡᠭᠦᠯᠵᠦ᠂ ᠴᠠᠭ ᠠᠷᠪᠢᠯᠠᠬᠤ ᠮᠥᠷᠲᠡᠭᠡᠨ ᠥᠪᠡᠷ᠎ᠦᠨ ᠥᠷᠲᠡᠭ᠎ᠢ ᠪᠠᠭᠤᠷᠠᠭᠤᠯᠤᠭᠰᠠᠨ ᠪᠠᠢᠨ᠎ᠠ》 ᠭᠡᠵᠦ ᠲᠤᠬᠠᠢ᠎ᠶᠢᠨ ᠭᠠᠵᠠᠷ᠎ᠤᠨ ᠨᠢᠭᠡᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠪᠠᠷᠠᠭᠠᠨ᠎ᠤ ᠭᠦᠢᠯᠭᠡᠭᠡᠨ᠎ᠦ ᠬᠠᠷᠢᠭᠤᠴᠠᠯᠭᠠᠲᠠᠨ ᠭᠦᠨ ᠲᠥᠷᠥᠭᠳᠡᠯ᠎ᠲᠠᠢ ᠬᠡᠯᠡᠪᠡ᠃
ᠰᠢᠨ᠎ᠡ᠎ᠶᠢ ᠡᠭᠦᠳᠬᠦ᠎ᠪᠡᠷ ᠬᠦᠳᠡᠯᠭᠡᠭᠦᠷ ᠪᠤᠯᠭᠠᠬᠤ ᠪᠡᠷ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ ᠳ᠋ᠦ ᠬᠦᠴᠦᠨ ᠤᠯᠭᠤᠬᠤ ᠪᠣᠯ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠭᠠᠷᠳᠠᠴᠠ ᠪᠣᠯᠣᠨ᠎ᠠ᠃
ᠣᠷᠳᠣᠰ ᠬᠣᠲᠠ᠎ᠶᠢᠨ ᠠᠦ᠋ᠲ᠋ᠣ᠋ ᠵᠢᠯᠣᠭᠣᠳᠤᠯᠭ᠎ᠠ᠎ᠶᠢᠨ ᠬᠦᠨᠳᠦ ᠠᠴᠢᠶᠠᠨ᠎ᠤ ᠮᠠᠰᠢᠨ᠎ᠤ ᠡᠩᠨᠡᠭᠡ᠎ᠶᠢᠨ ᠵᠠᠮ ᠳᠡᠭᠡᠷᠡᠬᠢ ᠰᠢᠯᠭᠠᠨ ᠲᠤᠷᠰᠢᠬᠤ ᠲᠤᠬᠠᠢ᠎ᠶᠢᠨ ᠲᠠᠯᠠᠪᠤᠷ᠎ᠲᠤ ᠵᠢᠯᠣᠭᠣᠴᠢ ᠦᠭᠡᠢ ᠬᠦᠨᠳᠦ ᠠᠴᠢᠶᠠᠨ᠎ᠤ ᠮᠠᠰᠢᠨ ᠲᠡᠷᠭᠡ ᠲᠤᠰᠬᠠᠢ ᠵᠠᠮ ᠱᠤᠭᠤᠮ᠎ᠢᠶᠠᠷ ᠲᠣᠭᠲᠠᠭᠤᠨ᠎ᠢᠶᠠᠷ ᠠᠶᠠᠯᠠᠵᠤ᠂ ᠬᠠᠷᠰᠢ ᠰᠠᠭᠠᠳ᠎ᠡᠴᠡ ᠵᠠᠢᠯᠠᠬᠤ᠂ ᠵᠠᠮ᠎ᠤᠨ ᠠᠭᠤᠯᠵᠠᠷ᠎ᠲᠤ ᠬᠤᠷᠳᠤᠴᠠ ᠪᠡᠨ ᠪᠠᠭᠤᠷᠠᠭᠤᠯᠬᠤ ᠵᠡᠷᠭᠡ ᠠᠵᠢᠯᠯᠠᠭ᠎ᠠ᠎ᠶᠢ ᠪᠡᠶ᠎ᠡ᠎ᠪᠡᠨ ᠳᠠᠭᠠᠭᠠᠨ ᠪᠡᠶᠡᠯᠡᠭᠦᠯᠵᠦ ᠪᠠᠢᠨ᠎ᠠ᠃ 《ᠠᠦ᠋ᠲ᠋ᠣ᠋ ᠵᠢᠯᠣᠭᠣᠳᠤᠯᠭ᠎ᠠ᠎ᠶᠢᠨ ᠡᠩᠨᠡᠭᠡ᠎ᠶᠢᠨ ᠲᠡᠭᠡᠭᠡᠪᠦᠷᠢ᠎ᠶᠢᠨ ᠱᠤᠭᠤᠮ ᠨᠢᠭᠡᠨᠲᠡ ᠪᠤᠭᠤᠲᠤ᠎ᠡᠴᠡ ᠣᠷᠳᠣᠰ ᠬᠦᠷᠬᠦ᠂ ᠭᠠᠭᠴᠠᠮᠣᠳᠤ ᠪᠣᠭᠣᠮᠲᠠ᠎ᠡᠴᠡ ᠦᠬᠠᠢ ᠬᠦᠷᠬᠦ ᠵᠡᠷᠭᠡ ᠠᠢᠮᠠᠭ ᠬᠣᠲᠠ ᠠᠯᠤᠰᠯᠠᠭᠰᠠᠨ ᠣᠯᠠᠨ ᠨᠡᠪᠲᠡᠷᠡᠬᠦ ᠵᠠᠮ᠎ᠢ ᠪᠦᠷᠬᠦᠪᠡ᠃ ᠣᠳᠣᠬᠠᠨ᠎ᠳᠤ ᠣᠷᠳᠣᠰ ᠬᠣᠲᠠ᠎ᠶᠢᠨ ᠬᠦᠨᠳᠦ ᠬᠡᠯᠪᠡᠷᠢ᠎ᠶᠢᠨ ᠠᠴᠢᠶᠠᠨ᠎ᠤ ᠮᠠᠰᠢᠨ᠎ᠤ ᠠᠦ᠋ᠲ᠋ᠣ᠋ ᠵᠢᠯᠣᠭᠣᠳᠤᠯᠭ᠎ᠠ᠎ᠶᠢᠨ ᠡᠩᠨᠡᠭᠡ᠎ᠶᠢᠨ ᠲᠡᠭᠡᠭᠡᠪᠦᠷᠢ᠎ᠶᠢᠨ ᠰᠢᠯᠭᠠᠨ ᠲᠤᠷᠰᠢᠬᠤ ᠵᠠᠮ᠎ᠤᠨ ᠣᠷᠳᠣ᠌ ᠪᠠ ᠬᠡᠪᠴᠢᠶ᠎ᠡ ᠨᠢᠭᠡᠨᠲᠡ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠣᠷᠣᠭᠰᠠᠨ ᠪᠠᠢᠨ᠎ᠠ》 ᠭᠡᠵᠤ ᠣᠷᠳᠣᠰ ᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ᠎ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠳᠠᠨᠢᠯᠴᠠᠭᠤᠯᠤᠨ᠎ᠠ᠃
ᠭᠠᠭᠴᠠᠮᠣᠳᠤ ᠪᠣᠭᠣᠮᠲᠠ᠎ᠳᠤ AGV ᠵᠢᠯᠣᠭᠣᠴᠢ ᠦᠭᠡᠢ ᠮᠠᠰᠢᠨ ᠲᠡᠷᠭᠡ ᠪᠣᠭᠣᠮᠲᠠ ᠥᠩᠭᠡᠷᠡᠬᠦ ᠪᠠ ᠳᠠᠮᠵᠢᠭᠤᠯᠤᠨ ᠲᠡᠭᠡᠭᠡᠪᠦᠷᠢᠯᠡᠬᠦ ᠠᠵᠢᠯ᠎ᠢ ᠡᠮᠬᠢ ᠵᠢᠷᠤᠮ᠎ᠲᠠᠢ ᠥᠷᠨᠢᠭᠦᠯᠵᠦ᠂ ᠲᠤᠬᠠᠢ᠎ᠶᠢᠨ ᠲᠠᠯᠠᠪᠤᠷ᠎ᠲᠤ ᠵᠢᠯᠣᠭᠣᠴᠢ ᠵᠢᠵᠢᠭᠦᠷᠯᠡᠬᠦ ᠴᠢᠬᠤᠯᠠ ᠦᠭᠡᠢ ᠪᠠᠢᠪᠠ᠃ ᠥᠪᠥᠷ ᠮᠣᠩᠭᠣᠯ᠎ᠤᠨ ᠨᠦᠸᠸ ᠡᠯ ᠵᠥᠩ ᠬᠤᠢ ᠪᠠᠷᠠᠭᠠᠨ᠎ᠤ ᠭᠦᠢᠯᠭᠡᠭᠡᠨ᠎ᠦ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠸᠠᠩ ᠪᠥᠸᠧ ᠲᠠᠨᠢᠯᠴᠠᠭᠤᠯᠬᠤ᠎ᠳᠠᠭᠠᠨ᠂ ᠤᠯᠠᠮᠵᠢᠯᠠᠯᠲᠤ ᠬᠥᠮᠥᠨ᠎ᠦ ᠬᠦᠴᠦ᠎ᠪᠡᠷ ᠪᠣᠭᠣᠮᠲᠠ ᠥᠩᠭᠡᠷᠡᠬᠦ᠎ᠳᠦ ᠠᠵᠢᠯᠯᠠᠬᠤ ᠴᠠᠭ ᠨᠢ ᠨᠡᠯᠢᠶᠡᠳ ᠣᠷᠳᠣ᠌ ᠪᠠᠢᠭᠰᠠᠨ ᠪᠤᠯ AGV ᠵᠢᠯᠣᠭᠣᠴᠢ ᠦᠭᠡᠢ ᠮᠠᠰᠢᠨ ᠲᠡᠷᠭᠡ ᠵᠢᠨ ᠵᠠᠭᠪᠤᠷ ᠳᠣᠣᠷ᠎ᠠ ᠪᠥᠬᠥ ᠶᠠᠪᠤᠴᠠ ᠨᠢ ᠬᠠᠭᠠᠰ ᠴᠠᠭ ᠬᠦᠷᠬᠦ ᠦᠭᠡᠢ ᠪᠤᠯᠵᠠᠢ᠃ ᠣᠳᠣᠬᠠᠨ᠎ᠳᠤ ᠭᠠᠭᠴᠠᠮᠣᠳᠤ᠂ ᠴᠡᠭᠡ᠂ ᠮᠠᠨᠳᠤᠯ ᠵᠡᠷᠭᠡ ᠵᠠᠰᠠᠮᠠᠯ ᠵᠠᠮ᠎ᠤᠨ ᠪᠣᠭᠣᠮᠲᠠ ᠨᠢ ᠨᠢᠭᠡᠨᠲᠡ ᠵᠢᠯᠣᠭᠣᠴᠢ ᠦᠭᠡᠢ ᠪᠣᠭᠣᠮᠲᠠ᠎ᠪᠠᠷ ᠥᠩᠭᠡᠷᠡᠬᠦ ᠪᠦᠷᠢᠨ ᠪᠦᠲᠦᠨ ᠠᠵᠢᠯᠯᠠᠭᠠᠨ᠎ᠤ ᠰᠢᠰᠲᠧᠮ᠎ᠢ ᠪᠠᠢᠭᠤᠯᠵᠤ᠂ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ 30% ᠪᠠᠷ ᠳᠡᠭᠡᠭᠰᠢᠯᠡᠭᠦᠯᠵᠠᠢ ᠭᠡᠪᠡ᠃
ᠰᠢᠨ᠎ᠡ ᠡᠨᠧᠷᠭᠢ᠎ᠶᠢᠨ ᠲᠡᠭᠡᠭᠡᠪᠦᠷᠢ᠎ᠶᠢᠨ ᠲᠣᠨᠣᠭᠯᠠᠯ᠎ᠤᠨ ᠬᠡᠪᠴᠢᠶᠡᠵᠢᠭᠰᠡᠨ ᠪᠠᠢᠷᠢᠰᠢᠭᠤᠯᠤᠯᠲᠠ᠎ᠶᠢ ᠴᠤ᠌ ᠢᠵᠢᠯ ᠠᠯᠬᠤᠮ ᠵᠢᠡᠷ ᠠᠬᠢᠭᠤᠯᠵᠤ ᠪᠠᠢᠨ᠎ᠠ᠃ ᠮᠠᠨ᠎ᠤ ᠣᠷᠣᠨ ᠣᠢᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ᠎ᠶᠢᠨ ᠬᠦᠨᠳᠦ ᠠᠴᠢᠶᠠᠨ ᠤ᠋ ᠲᠡᠷᠭᠡ ᠵᠢ ᠬᠡᠪᠴᠢᠶᠡᠵᠢᠭᠦᠯᠦᠨ ᠬᠡᠷᠡᠭᠯᠡᠬᠦ᠎ᠶᠢ ᠬᠡᠷᠡᠭᠵᠢᠭᠦᠯᠬᠦ ᠲᠥᠰᠥᠯ (2026 —2030 ᠣᠨ)》 ᠢ᠋ ᠳᠠᠷᠤᠮᠠᠯᠯᠠᠨ ᠲᠠᠷᠬᠠᠭᠠᠵᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠲᠡᠭᠡᠭᠡᠪᠦᠷᠢ᠎ᠶᠢᠨ ᠨᠡᠪᠳᠡᠷᠡᠬᠦ ᠵᠠᠮ᠎ᠤᠨ ᠪᠦᠲᠦᠭᠡᠨ ᠪᠠᠢᠭᠤᠯᠤᠯᠲᠠ᠎ᠶᠢ ᠰᠢᠰᠲᠧᠮ᠎ᠲᠠᠢ ᠪᠠᠢᠷᠢᠰᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂ ᠲᠠᠷᠠᠭᠠᠴᠢ᠎ᠶᠢᠨ ᠠᠯᠬᠤᠮ᠎ᠳᠤ G6᠂ G7᠂ G65 ᠵᠡᠷᠭᠡ ᠭᠣᠣᠯᠳᠠᠯᠭ᠎ᠠ᠎ᠲᠠᠢ ᠨᠡᠭᠦᠷᠡᠰᠦ᠎ᠶᠢ ᠭᠠᠳᠠᠭ᠍ᠰᠢ ᠲᠡᠭᠡᠭᠡᠪᠦᠷᠢᠯᠡᠬᠦ ᠵᠠᠮ᠎ᠳᠤ ᠲᠦᠰᠢᠭᠯᠡᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠲᠡᠭᠡᠭᠡᠪᠦᠷᠢ᠎ᠶᠢᠨ ᠬᠣᠩᠭᠢᠯ᠎ᠢ ᠪᠠᠢᠭᠤᠯᠵᠤ᠂ ᠴᠠᠬᠢᠯᠭᠠᠨ ᠴᠡᠨᠡᠭᠯᠡᠵᠦ ᠴᠠᠬᠢᠯᠭᠠᠨ ᠰᠣᠯᠢᠬᠤ ᠰᠠᠭᠤᠷᠢ ᠲᠥᠬᠦᠭᠡᠷᠦᠮᠵᠢ᠎ᠶᠢ ᠨᠢᠭᠡᠳᠦᠯᠲᠡᠢ ᠲᠥᠯᠥᠪᠵᠢᠭᠦᠯᠦᠨ ᠪᠠᠢᠷᠢᠰᠢᠭᠤᠯᠵᠤ᠂ ᠰᠢᠨ᠎ᠡ ᠡᠨᠧᠷᠭᠢ᠎ᠶᠢᠨ ᠬᠦᠨᠳᠦ ᠠᠴᠢᠶᠠᠨ ᠤ᠋ ᠲᠡᠷᠭᠡ ᠵᠢᠨ ᠪᠠᠢᠩᠭᠤᠵᠢᠭᠰᠠᠨ ᠡᠵᠡᠩᠨᠡᠯᠲᠡ᠎ᠶᠢ ᠠᠬᠢᠭᠤᠯᠤᠨ᠎ᠠ ᠭᠡᠵᠡᠢ᠃
ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠢᠨ ᠳᠤᠮᠳᠠ ᠣᠷᠳᠣ᠌ ᠬᠤᠭᠤᠴᠠᠭᠠᠨ᠎ᠤ ᠬᠥᠭᠵᠢᠯᠲᠡ᠎ᠶᠢᠨ 《ᠵᠠᠮ ᠱᠤᠭᠤᠮ᠎ᠤᠨ ᠵᠢᠷᠤᠭ》 ᠢ᠋ ᠲᠣᠳᠣᠷᠬᠠᠢ ᠵᠢᠷᠤᠭᠯᠠᠨ ᠭᠠᠷᠭᠠᠯ᠎ᠠ — ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠳᠠᠭᠠᠭᠤᠯᠤᠭ᠍ᠴᠢ ᠠᠵᠤ ᠠᠬᠤᠢᠯᠠᠯ᠎ᠢ ᠲᠦᠷᠭᠡᠳᠬᠡᠨ ᠪᠣᠢᠵᠢᠭᠤᠯᠵᠤ᠂ 10 ᠶᠡᠷᠦᠩᠬᠡᠢᠯᠡᠭᠰᠡᠨ ᠪᠠᠷᠠᠭᠠᠨ᠎ᠤ ᠭᠦᠢᠯᠭᠡᠭᠡᠨ᠎ᠦ ᠬᠤᠷᠠᠮᠠᠯ ᠬᠤᠳᠠᠯᠳᠤᠭᠠᠴᠢᠨ᠎ᠢ ᠴᠢᠷᠮᠠᠢᠨ ᠪᠣᠢᠵᠢᠭᠤᠯᠵᠤ᠂ ᠤᠯᠠᠮᠵᠢᠯᠠᠯᠲᠤ ᠪᠠᠷᠠᠭᠠᠨ᠎ᠤ ᠭᠦᠢᠯᠭᠡᠭᠡᠨ᠎ᠦ ᠠᠵᠤ ᠠᠬᠤᠢᠯᠠᠯ᠎ᠤᠨ ᠣᠯᠠᠨ ᠬᠡᠯᠪᠡᠷᠢ᠎ᠶᠢᠨ ᠬᠠᠮᠲᠤᠷᠠᠭᠰᠠᠨ ᠲᠡᠭᠡᠭᠡᠪᠦᠷᠢ ᠵᠢᠨ ᠡᠵᠡᠩᠨᠡᠭᠴᠢ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠳᠡᠮᠵᠢᠨ᠎ᠡ; ᠣᠯᠠᠨ ᠬᠡᠯᠪᠡᠷᠢ᠎ᠶᠢᠨ ᠬᠠᠮᠲᠤᠷᠠᠭᠰᠠᠨ ᠲᠡᠭᠡᠭᠡᠪᠦᠷᠢ ᠵᠢᠨ ᠪᠣᠭᠣᠮᠲᠠ ᠰᠢᠪᠲᠤᠯᠬᠤ ᠶᠠᠰᠤ ᠴᠢᠨᠠᠷ ᠢ᠋ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠨᠡᠭᠦᠷᠡᠰᠦᠨ᠎ᠦ ᠭᠣᠣᠯ ᠭᠠᠷᠤᠯᠲᠠ᠎ᠶᠢᠨ ᠣᠷᠣᠨ᠎ᠤ ᠲᠣᠮᠣ᠌ ᠬᠡᠯᠪᠡᠷᠢ᠎ᠶᠢᠨ ᠦᠢᠯᠡᠳᠪᠦᠷᠢ ᠠᠭᠤᠷᠬᠠᠢ᠎ᠶᠢᠨ ᠠᠵᠤ ᠠᠬᠤᠢᠯᠠᠯ᠎ᠤᠨ ᠳᠤᠮᠳᠠ ᠬᠣᠯᠠ ᠵᠠᠢ᠎ᠶᠢᠨ ᠨᠡᠭᠦᠷᠡᠰᠦ ᠪᠠ ᠬᠡᠦᠷᠡᠰᠦ᠎ᠶᠢ ᠲᠡᠮᠦᠷ ᠵᠠᠮ᠎ᠢᠶᠠᠷ ᠲᠡᠭᠡᠭᠡᠪᠦᠷᠢᠯᠡᠬᠦ ᠬᠠᠷᠢᠴᠠᠯ᠎ᠢ 95%᠎ᠡᠴᠡ ᠳᠡᠭᠡᠭᠰᠢ᠎ᠳᠦ ᠬᠦᠷᠭᠡᠬᠦ᠎ᠶᠢ ᠠᠬᠢᠭᠤᠯᠤᠨ᠎ᠠ; 《ᠨᠢᠭᠡ ᠬᠠᠭᠤᠳᠠᠰᠤ᠎ᠶᠢᠨ ᠳᠦᠷᠢᠮ》᠂ 《ᠨᠢᠭᠡ ᠴᠢᠩᠬᠡᠯᠢᠭ ᠤ᠋ᠨ ᠳᠦᠷᠢᠮ》 ᠤ᠋ᠨ ᠪᠥᠬᠥ ᠬᠡᠯᠬᠢᠶ᠎ᠡ᠎ᠶᠢᠨ ᠦᠢᠯᠡᠴᠢᠯᠡᠭᠡ᠎ᠶᠢ ᠭᠦᠨᠵᠡᠭᠡᠢᠷᠡᠭᠦᠯᠵᠦ᠂ 《ᠮᠠᠨ e ᠳ᠋ᠠ ᠨᠢᠭᠡ ᠬᠠᠭᠤᠳᠠᠰᠤ᠎ᠶᠢᠨ ᠳᠦᠷᠢᠮ》 ᠤ᠋ᠨ ᠣᠯᠠᠨ ᠬᠡᠯᠪᠡᠷᠢ᠎ᠶᠢᠨ ᠬᠠᠮᠳᠤᠷᠠᠭᠰᠠᠨ ᠲᠡᠭᠡᠭᠡᠪᠦᠷᠢ ᠵᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ᠎ᠢ ᠬᠡᠷᠡᠭᠯᠡᠯᠲᠡ᠎ᠳᠦ ᠣᠷᠣᠭᠤᠯᠬᠤ᠎ᠶᠢ ᠠᠬᠢᠭᠤᠯᠤᠨ᠎ᠠ; ᠵᠠᠮ ᠬᠠᠷᠢᠯᠴᠠᠭ᠎ᠠ ᠬᠢᠭᠡᠳ ᠠᠵᠤ ᠦᠢᠯᠡᠰ᠎ᠦᠨ ᠠᠭᠤᠰᠤᠯᠴᠠᠨ ᠬᠥᠭᠵᠢᠬᠦ᠎ᠶᠢ ᠲᠦᠷᠭᠡᠳᠬᠡᠵᠦ᠂ ᠬᠥᠬᠡᠬᠣᠲᠠ᠂ ᠪᠤᠭᠤᠲᠤ᠎ᠶᠢᠨ ᠶᠡᠷᠦᠩᠬᠡᠢᠯᠡᠭᠰᠡᠨ ᠪᠠᠷᠠᠭ᠎ᠠ᠎ᠶᠢᠨ ᠲᠡᠭᠡᠭᠡᠪᠦᠷᠢ᠎ᠶᠢᠨ ᠵᠠᠩᠭᠢᠯᠠᠭ᠎ᠠ᠎ᠶᠢᠨ ᠬᠡᠯᠬᠢᠶ᠎ᠡ᠎ᠶᠢ ᠨᠥᠬᠥᠪᠦᠷᠢᠯᠡᠨ ᠬᠡᠯᠬᠢᠶ᠎ᠡ᠎ᠶᠢ ᠬᠦᠴᠦᠷᠬᠡᠭᠵᠢᠭᠦᠯᠬᠦ ᠲᠥᠷᠥᠯ ᠵᠦᠢᠯ᠎ᠢ ᠵᠠᠯᠭᠠᠭᠤᠯᠤᠨ ᠪᠣᠳᠠᠲᠠᠢᠵᠢᠭᠤᠯᠬᠤ᠎ᠶᠢ ᠠᠬᠢᠭᠤᠯᠤᠨ᠎ᠠ;ᠵᠠᠮ ᠬᠠᠷᠢᠯᠴᠠᠭ᠎ᠠ ᠲᠡᠭᠡᠭᠡᠪᠦᠷᠢ᠎ᠶᠢᠨ ᠣᠶᠤᠨᠴᠢ ᠪᠣᠬᠢᠷᠲᠤᠯ ᠦᠭᠡᠢ ᠬᠡᠯᠪᠡᠷᠢ᠎ᠶᠢᠨ ᠬᠤᠪᠢᠷᠠᠭᠤᠯᠤᠯᠲᠠ᠎ᠶᠢ ᠠᠬᠢᠭᠤᠯᠵᠤ᠂ AGV ᠬᠢᠯᠢ ᠠᠯᠤᠰᠯᠠᠬᠤ ᠵᠢᠯᠣᠭᠣᠴᠢ ᠦᠭᠡᠢ ᠮᠠᠰᠢᠨ ᠲᠡᠷᠭᠡ᠂ ᠬᠣᠣᠰ ᠴᠢᠷᠦᠭᠦᠯ ᠮᠠᠰᠢᠨ ᠲᠡᠷᠭᠡ ᠵᠡᠷᠭᠡ ᠰᠢᠨ᠎ᠡ ᠬᠡᠯᠪᠡᠷᠢ᠎ᠶᠢᠨ ᠲᠡᠭᠡᠭᠡᠪᠦᠷᠢ᠎ᠶᠢᠨ ᠵᠠᠭᠪᠤᠷ᠎ᠢ ᠦᠷᠭᠦᠯᠵᠢᠯᠡᠨ ᠳᠡᠯᠭᠡᠷᠡᠭᠦᠯᠦᠨ᠎ᠡ᠃
ᠰᠦᠷ ᠳᠠᠯᠠᠢᠴᠠᠲᠠᠢ ᠬᠥᠭᠵᠢᠯᠲᠡ᠎ᠶᠢᠨ ᠲᠣᠭ᠎ᠠ ᠪᠠᠷᠢᠮᠲᠠ᠂ ᠨᠠᠷᠢᠨ ᠲᠣᠳᠣᠷᠬᠠᠢ ᠨᠠᠷᠢᠨ ᠣᠨᠣᠪᠴᠢᠲᠠᠢ ᠬᠡᠷᠡᠭᠵᠢᠭᠦᠯᠬᠦ ᠲᠥᠰᠥᠯ ᠨᠢ ᠥᠪᠥᠷ ᠮᠣᠩᠭᠣᠯ᠎ᠤᠨ ᠠᠵᠤ ᠠᠬᠤᠢ᠎ᠶᠢᠨ ᠴᠢᠩᠭ᠎ᠠ ᠬᠦᠴᠦᠲᠡᠢ ᠰᠤᠳᠠᠰᠤ ᠪᠣᠯᠣᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠢᠰᠲᠧᠮ᠎ᠦᠨ ᠬᠤᠪᠢᠰᠤᠯᠲᠠ᠎ᠶᠢᠨ ᠵᠠᠮ᠎ᠢ ᠲᠤᠰᠬᠠᠵᠠᠢ᠃ 9.9% ᠵᠢᠨ ᠨᠡᠮᠡᠭᠳᠡᠯ᠎ᠦᠨ ᠬᠤᠷᠳᠤᠴᠠ᠎ᠪᠠᠷ ᠵᠡᠬᠦᠯᠲᠡ ᠪᠣᠯᠭᠠᠵᠤ᠂ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠢᠰᠲᠧᠮ᠎ᠦᠨ ᠬᠢᠨ ᠬᠠᠩᠭᠠᠯᠭ᠎ᠠ ᠬᠡᠷᠡᠭᠴᠡᠭᠡ ᠬᠠᠮᠵᠢᠯᠴᠠᠭᠰᠠᠨ᠂ ᠣᠯᠠᠨ ᠬᠡᠯᠪᠡᠷᠢ᠎ᠶᠢᠨ ᠬᠠᠮᠲᠤᠷᠠᠭᠰᠠᠨ ᠲᠡᠭᠡᠭᠡᠪᠦᠷᠢ ᠬᠢᠭᠡᠳ ᠣᠶᠤᠨᠴᠢ ᠲᠡᠢᠰᠢ ᠬᠡᠯᠪᠡᠷᠢ᠎ᠪᠡᠨ ᠬᠤᠪᠢᠷᠠᠭᠤᠯᠤᠨ ᠬᠤᠷᠠᠭᠰᠠᠨ ᠰᠢᠨ᠎ᠡ ᠬᠥᠳᠡᠯᠭᠡᠬᠦ ᠡᠨᠧᠷᠭᠢ᠎ᠪᠡᠷ ᠬᠠᠭᠠᠰ ᠵᠢᠯ᠎ᠳ᠋ᠤ ᠡᠯᠪᠡᠭ ᠪᠠᠶᠠᠯᠢᠭ᠋ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠵᠤ᠂ ᠪᠥᠬᠥ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠦᠷᠭᠦᠯᠵᠢᠯᠡᠨ ᠭᠦᠢᠯᠭᠡᠭᠡᠨ᠎ᠦ ᠰᠤᠳᠠᠰᠤ᠎ᠶᠢ ᠨᠠᠪᠲᠠᠷᠡᠭᠦᠯᠵᠦ᠂ ᠤᠳᠠᠭᠠᠨ ᠳᠠᠭᠠᠭᠠᠮᠠᠭᠠᠢ ᠬᠥᠳᠡᠯᠭᠡᠬᠦ ᠡᠨᠧᠷᠭᠢ ᠨᠡᠮᠡᠷᠢᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃