2026-08-24 09:43:45
ᠥᠪᠥᠷ ᠮᠣᠩᠭᠣᠯ ᠪᠣᠯ ᠨᠡᠢᠭᠡᠮ ᠲᠠᠶᠠᠭᠠᠷ ᠲᠦ᠍ ᠮᠡᠳᠡᠷᠡᠭᠳᠡᠭᠰᠡᠨ 《ᠠᠮᠤ ᠶ᠋ᠢᠨ ᠰᠠᠩ》᠂ 《ᠮᠢᠬᠠᠨ ᠤ᠋ ᠬᠥᠮᠥᠷᠭᠡ》᠂ 《ᠰᠦ᠋ ᠶ᠋ᠢᠨ ᠬᠦᠨᠦᠭ》᠂ 《ᠨᠣᠤᠯᠤᠭᠤᠷ ᠤ᠋ᠨ ᠲᠦᠪ》 ᠪᠤᠯᠬᠤ ᠶᠤᠮ᠂ ᠭᠡᠪᠡᠴᠦ᠍ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠭᠡᠬᠦ᠌ ᠡᠨᠡ ᠬᠦ᠌ 《ᠥᠪᠡᠷᠮᠢᠴᠡ ᠣᠨᠴᠠᠯᠢᠭᠳᠤ ᠲᠦᠷᠦᠯ ᠲᠡᠮᠳᠡᠭ》 ᠢ᠋ ᠬᠠᠷᠢᠨ ᠮᠡᠳᠡᠬᠦ ᠬᠦᠮᠤᠨ ᠴᠦᠭᠡᠨ ᠪᠠᠢᠯ᠎ᠠ᠃
ᠥᠪᠥᠷᠮᠣᠩᠭᠣᠯ ᠤ᠋ᠨ ᠢᠳᠡᠰᠢᠨ ᠨᠣᠭᠣᠭ᠎ᠠ ᠶᠠᠭᠠᠬᠢᠭᠠᠳ ᠥᠪᠡᠷᠮᠢᠴᠡ ᠠᠮᠲᠠᠲᠠᠢ ᠪᠠᠶ᠋ᠢᠳᠠᠭ ᠪᠤᠢ ᠭᠡᠵᠦ ᠴᠥᠭᠡᠨ ᠪᠤᠰᠤ ᠬᠥᠮᠦᠨ ᠰᠣᠨᠢᠭᠤᠴᠢᠯᠠᠳᠠᠭ᠃ ᠡᠭᠦᠨ ᠤ᠋ ᠬᠠᠷᠢᠭᠤᠯᠲᠠ ᠨᠢ ᠳᠠᠷᠤᠢ ᠦᠪᠦᠷ ᠮᠤᠨᠭᠭᠤᠯ ᠤ᠋ᠨ ᠰᠠᠯᠬᠢ᠂ ᠨᠠᠷᠠᠨ ᠤ᠋ ᠭᠡᠷᠡᠯ ᠬᠢᠭᠡᠳ ᠳᠤᠯᠠᠭᠠᠨ ᠤ᠋ ᠵᠦᠷᠢᠶ᠎ᠡ ᠳ᠋ᠤ ᠪᠤᠢ᠃ ᠡᠨᠳᠡ ᠲᠠᠷᠢᠮᠠᠯ ᠤᠳᠠᠭᠠᠨ ᠤᠷᠭᠤᠯᠲᠠ ᠶ᠋ᠢᠨ ᠳᠤᠮᠳᠠ ᠰᠢᠮ᠎ᠡ ᠲᠡᠵᠢᠭᠡᠯ ᠬᠤᠷᠠᠮᠳᠤᠭᠤᠯᠵᠤ᠂ ᠦᠨᠦᠷ ᠠᠮᠲᠠ ᠨᠢ ᠰᠠᠢᠬᠠᠨ ᠪᠤᠯᠳᠠᠬ᠃ ᠬᠦᠢᠲᠡᠨ ᠰᠡᠷᠢᠭᠦᠨ ᠠᠭᠤᠷ ᠠᠮᠢᠰᠬᠤᠯ ᠳᠣᠣᠷ᠎ᠠ᠂ ᠪᠦᠬᠦ᠌ ᠵᠢᠯ ᠤ᠋ᠨ ᠡᠪᠡᠳᠴᠢᠨ ᠬᠣᠷᠣᠬᠠᠶ ᠶ᠋ᠢᠨ ᠭᠠᠮᠰᠢᠭ ᠡᠭᠦᠰᠬᠦ᠌ ᠨᠣᠷᠮ᠎ᠠ ᠳᠣᠣᠷ᠎ᠠ᠂ ᠥᠰᠥᠯᠲᠡ ᠶ᠋ᠢᠨ ᠦᠶᠡᠯᠡᠯ ᠲᠣᠬᠢᠷᠠᠮᠵᠢᠲᠠᠶ᠂ ᠲᠠᠷᠢᠮᠠᠯ ᠥᠪᠡᠷ ᠢ᠋ᠶ᠋ᠡᠨ ᠪᠤᠬᠢᠷᠲᠤᠯ ᠦᠭᠡᠢ ᠤᠨᠴᠠᠯᠢᠭ ᠢ᠋ ᠪᠦᠷᠢᠯᠳᠦᠭᠦᠯᠳᠡᠭ᠃
ᠨᠢᠭᠡ ᠪᠦᠯᠦᠭ ᠪᠤᠳᠠᠳᠤ ᠲᠤᠭ᠎ᠠ ᠪᠠᠷᠢᠮᠲᠠ ᠡᠴᠡ ᠪᠢᠳᠡ ᠥᠪᠥᠷ ᠮᠣᠩᠭᠣᠯ ᠳ᠋ᠤ ᠶᠠᠭᠠᠬᠢᠭᠠᠳ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠲᠠᠷᠢᠬᠤ ᠳ᠋ᠤ ᠲᠤᠬᠢᠷᠠᠮᠵᠢᠲᠠᠢ ᠪᠠᠢᠳᠠᠭ ᠢ᠋ ᠤᠢᠯᠠᠭᠠᠵᠤ ᠪᠤᠯᠤᠨ᠎ᠠ᠃
— ᠭᠠᠵᠠᠷ ᠰᠢᠷᠣᠶ ᠶ᠋ᠢᠨ ᠡᠬᠢ ᠪᠠᠶᠠᠯᠢᠭ ᠡᠯᠪᠡᠭ᠃ ᠪᠦᠬᠦ᠌ ᠣᠷᠣᠨ ᠤ᠋ ᠲᠠᠷᠢᠶᠠᠨ ᠭᠠᠵᠠᠷ ᠤ᠋ᠨ ᠲᠠᠯᠠᠪᠠᠶ 1.74 ᠳ᠋ᠦᠩᠰᠢᠭᠤᠷ ᠮᠦ᠍ ᠪᠠᠶ᠋ᠢᠵᠤ᠂ ᠪᠦᠬᠦ᠌ ᠤᠯᠤᠰ ᠤ᠋ᠨ ᠬᠣᠶᠠᠳᠤᠭᠠᠷ ᠲᠦ᠍ ᠵᠢᠬᠰᠠᠵᠤ᠂ ᠬᠥᠮᠦᠨ ᠳᠤᠮᠳᠠᠴᠢ ᠶ᠋ᠢᠨ ᠲᠠᠷᠢᠶᠠᠨ ᠭᠠᠵᠠᠷ ᠤ᠋ᠨ ᠲᠠᠯᠠᠪᠠᠶ ᠪᠦᠬᠦ᠌ ᠤᠯᠤᠰ ᠤ᠋ᠨ ᠳᠤᠮᠳᠠᠴᠢ ᠲᠦᠪᠰᠢᠨ ᠡᠴᠡ ᠬᠣᠯᠠ ᠳᠠᠪᠠᠭᠰᠠᠨ ᠪᠠᠶ᠋ᠢᠨ᠎ᠠ ᠃
— ᠭᠡᠷᠡᠯ ᠢᠯᠴᠢ ᠶ᠋ᠢᠨ ᠡᠬᠢ ᠪᠠᠶᠠᠯᠢᠭ ᠭᠦᠢᠴᠡᠳ᠃ ᠲᠤᠩᠭᠠᠯᠠᠭ ᠡᠳᠦᠷ ᠤ᠋ᠨ ᠡᠵᠡᠯᠡᠬᠦ᠌ ᠬᠠᠷᠢᠴᠠᠯ ᠨᠢ ᠥᠨᠳᠥᠷ᠂ ᠨᠡᠷᠡᠨᠦ ᠲᠤᠰᠤᠯᠲᠠ ᠶ᠋ᠢᠨ ᠴᠠᠭ ᠨᠢ ᠣᠷᠳᠣ᠂ ᠵᠢᠯ ᠳᠤᠮᠳᠠᠴᠢ ᠶ᠋ᠢᠨ ᠨᠡᠷᠡᠨᠦ ᠲᠤᠰᠤᠯᠲᠠ 3000 ᠴᠠᠭ᠂ ᠨᠡᠷᠡᠨᠦ ᠶᠡᠷᠦᠩᠬᠡᠶ ᠰᠠᠴᠤᠷᠠᠯᠲᠠ ᠶ᠋ᠢᠨ ᠬᠡᠮᠵᠢᠶ᠎ᠡ 5600MJ / ᠲᠡᠭᠰᠢ ᠳᠥᠷᠪᠡᠯᠵᠢᠨ ᠮᠧᠲ᠋ᠷ ᠲᠦ᠍ ᠬᠦᠷᠴᠦ᠂ ᠲᠥᠪᠡᠳ ᠬᠠᠰᠢ᠂ ᠯᠠᠵᠤᠤ ᠵᠡᠷᠭᠡ ᠵᠢᠮᠢᠰ ᠨᠣᠭᠣᠭ᠎ᠠ ᠶ᠋ᠢᠨ ᠲᠦᠷᠭᠡᠨ ᠪᠣᠯᠪᠠᠰᠤᠷᠠᠬᠤ ᠳ᠋ᠤ ᠠᠰᠢᠭᠲᠠᠶ ᠪᠠᠶ᠋ᠢᠵᠤ᠂ ᠦᠢᠯᠡᠳᠬᠦᠨᠦ ᠶᠠᠰᠤ ᠴᠢᠨᠠᠷ ᠢ᠋ ᠢᠯᠡᠳᠲᠡ ᠳᠡᠭᠡᠭᠰᠢᠯᠡᠭᠦᠯᠳᠡᠭ᠃
— ᠬᠦᠢᠲᠡᠨ ᠰᠡᠷᠢᠭᠦᠨ ᠠᠭᠤᠷ ᠠᠮᠢᠰᠬᠤᠯ ᠲᠣᠬᠢᠷᠠᠮᠵᠢᠲᠠᠶ᠃ ᠵᠣᠨ ᠤ᠋ ᠤᠯᠠᠷᠢᠯ ᠤ᠋ᠨ ᠳᠤᠮᠳᠠᠴᠢ ᠠᠭᠠᠷ ᠤ᠋ᠨ ᠳᠤᠯᠠᠭᠠᠨ 22°C ᠣᠷᠴᠢᠮ ᠪᠠᠶ᠋ᠢᠵᠤ᠂ ᠡᠪᠡᠳᠴᠢᠨ ᠬᠣᠷᠣᠬᠠᠶ ᠶ᠋ᠢᠨ ᠬᠥᠨᠥᠭᠡᠯ ᠪᠠᠭ᠎ᠠ᠂ ᠡᠮ ᠬᠡᠷᠡᠭᠯᠡᠬᠦ᠌ ᠬᠡᠮᠵᠢᠶ᠎ᠡ ᠳᠤᠤᠷ᠎ᠠ᠂ ᠪᠣᠬᠢᠷᠲᠤᠯ ᠥᠬᠡᠶ ᠣᠷᠭᠠᠨᠢᠭ ᠪᠦᠲᠦᠭᠡᠭᠳᠡᠬᠦᠨ ᠦᠢᠯᠡᠳᠪᠦᠷᠢᠯᠡᠬᠦ ᠪᠠᠶ᠋ᠢᠭᠠᠯᠢ ᠶ᠋ᠢᠨ ᠨᠥᠬᠥᠴᠡᠯ ᠲᠠᠢ ᠪᠠᠶ᠋ᠢᠳᠠᠭ᠃ ᠡᠭᠦᠨᠦ ᠬᠠᠮᠲᠤ᠌ ᠡᠳᠦᠷ ᠰᠥᠨᠢ ᠶ᠋ᠢᠨ ᠳᠤᠮᠳᠠᠴᠢ ᠳᠤᠯᠠᠭᠠᠨ ᠤ᠋ ᠵᠥᠷᠢᠶ᠎ᠡ ᠨᠢ 14°C ᠬᠦᠷᠴᠦ᠍᠂ ᠰᠢᠬᠢᠷ ᠵᠡᠷᠬᠡ ᠵᠢᠨ ᠬᠤᠷᠠᠮᠳᠤᠯ ᠳ᠋ᠤ ᠠᠰᠢᠭᠲᠠᠶ ᠪᠠᠢᠳᠠᠭ᠃
ᠦᠪᠡᠷᠮᠢᠴᠡ ᠡᠬᠢ ᠪᠠᠶᠠᠯᠢᠭ ᠤ᠋ᠨ ᠳᠠᠪᠠᠭᠤᠯᠢᠭ ᠵᠢᠡᠨ ᠬᠡᠷᠬᠢᠨ ᠠᠵᠤ ᠦᠢᠯᠡᠰ ᠤ᠋ᠨ ᠳᠠᠪᠠᠭᠤᠯᠢᠭ ᠪᠣᠯᠭᠠᠨ ᠬᠤᠪᠢᠷᠠᠭᠤᠯᠬᠤ ᠪᠤᠢ? ᠥᠪᠥᠷ ᠮᠣᠩᠭᠣᠯ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠤᠨᠴᠠᠯᠢᠭᠲᠤ᠌ ᠠᠵᠤ ᠦᠢᠯᠡᠰ ᠢ᠋ ᠬᠦᠭᠵᠢᠭᠦᠯᠵᠦ᠂ ᠦᠢᠯᠡᠳᠪᠦᠷᠢᠯᠡᠬᠦ᠂ ᠡᠳ᠋ᠰᠢᠭᠦᠯᠬᠦ᠌᠂ ᠬᠥᠮᠥᠷᠭᠡᠯᠡᠨ ᠬᠠᠳᠠᠭᠠᠯᠠᠬᠤ᠂ ᠲᠦᠷᠦᠯ ᠲᠡᠮᠳᠡᠭ ᠤ᠋ᠨ ᠪᠥᠬᠥ᠌ ᠬᠡᠯᠬᠢᠶ᠎ᠡ ᠵᠢ ᠠᠭᠤᠰᠤᠯᠴᠠᠭᠤᠯᠤᠨ ᠬᠦᠭᠵᠢᠭᠦᠯᠵᠦ᠂ ᠤᠨᠴᠠᠯᠢᠭᠲᠤ᠌ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ᠌ ᠵᠠᠮ ᠢ᠋ᠶ᠋ᠡᠷ ᠵᠠᠮᠨᠠᠪᠠ᠃
ᠨᠠᠮᠤᠷ ᠤ᠋ᠨ ᠠᠭᠤᠷ ᠣᠷᠣᠭᠰᠠᠨ ᠤ᠋ ᠳᠠᠷᠠᠭ᠎ᠠ᠂ ᠤᠯᠠᠭᠠᠨᠴᠠᠪ ᠬᠣᠲᠠ ᠶ᠋ᠢᠨ ᠨᠤᠭᠤᠭᠠᠨ ᠴᠡᠴᠡᠭᠲᠦ ᠨᠤᠭᠤᠭ᠎ᠠ᠂ ᠡᠰᠢᠨ ᠰᠢᠯᠦᠬᠡᠶ ᠨᠣᠭᠣᠭ᠎ᠠ᠂ ᠪᠥᠭᠡᠷᠡᠩᠬᠡᠶ ᠡᠰᠢᠲᠦ ᠨᠣᠭᠣᠭ᠎ᠠ ᠵᠡᠷᠭᠡ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠵᠠᠯᠭᠠᠭ᠎ᠠ ᠪᠡᠷ ᠬᠤᠷᠢᠶᠠᠬᠤ ᠬᠤᠭᠤᠴᠠᠭᠠᠨ ᠳ᠋ᠤ ᠤᠷᠤᠵᠤ᠂ ᠲᠠᠷᠢᠶᠠᠨ ᠭᠠᠵᠠᠷ ᠲᠦ᠍ ᠡᠯᠪᠡᠭ ᠬᠤᠷᠢᠶᠠᠯᠲᠠ ᠶ᠋ᠢᠨ ᠪᠠᠶᠠᠰᠤᠯ ᠪᠢᠯᠬᠠᠨ᠎ᠠ᠃ ᠬᠤᠷᠢᠶᠠᠭᠰᠠᠨ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠵᠢ 《ᠰᠢᠨ᠎ᠡ ᠰᠣᠷᠭᠣᠭ》 ᠢ᠋ᠶ᠋ᠡᠷ ᠨᠢ ᠪᠡᠭᠡᠵᠢᠩ᠂ ᠱᠠᠩᠬᠠᠶ᠂ ᠭᠤᠸᠠᠩᠳᠦ᠋ᠩ ᠵᠡᠷᠭᠡ ᠮᠤᠵᠢ ᠬᠣᠲᠠ ᠳ᠋ᠤ ᠪᠣᠷᠣᠯᠠᠭᠤᠯᠬᠤ ᠡᠴᠡ ᠭᠠᠳᠠᠨ᠎ᠠ᠂ ᠨᠢᠭᠡ ᠬᠡᠰᠡᠭ ᠢ᠋ ᠨᠢ ᠪᠠᠰᠠ ᠪᠣᠯᠪᠠᠰᠤᠷᠠᠭᠤᠯᠤᠭᠠᠳ ᠬᠥᠯᠳᠡᠭᠡᠵᠦ᠍᠂ ᠤᠰᠤ ᠥᠬᠡᠶ᠋ᠢᠳᠡᠭᠦᠯᠦᠭᠰᠡᠨ ᠢᠳᠡᠰᠢᠨ ᠨᠣᠭᠣᠭ᠎ᠠ ᠶ᠋ᠢᠨ ᠪᠦᠲᠦᠭᠡᠭᠳᠡᠬᠦᠨ ᠢ᠋ᠶ᠋ᠡᠷ ᠶᠠᠫᠣᠨ᠂ ᠺᠣᠷᠢᠶᠠ ᠵᠡᠷᠭᠡ ᠭᠠᠳᠠᠭᠠᠳᠤ ᠶ᠋ᠢᠨ ᠵᠠᠬ᠎ᠠ ᠳᠡᠯᠭᠡᠭᠦᠷ ᠲᠦ᠍ ᠪᠣᠷᠣᠯᠠᠭᠤᠯᠬᠤ ᠪᠤᠯᠤᠨ᠎ᠠ᠃
ᠨᠤᠭᠤᠭᠠᠨ ᠴᠡᠴᠡᠭᠲᠦ ᠨᠤᠭᠤᠭ᠎ᠠ ᠪᠣᠯ ᠰᠡᠷᠢᠭᠦᠨ ᠳ᠋ᠤ ᠲᠤᠬᠢᠷᠠᠮᠵᠢᠳᠠᠢ᠂ ᠬᠦᠢᠲᠡᠨ ᠳ᠋ᠤ ᠲᠡᠰᠪᠦᠷᠢᠲᠡᠶ᠂ ᠭᠡᠷᠡᠯ ᠳ᠋ᠤ ᠳᠤᠷᠠᠲᠠᠶ ᠬᠠᠯᠠᠭᠤᠨ ᠡᠴᠡ ᠠᠶᠤᠬᠤ ᠣᠨᠴᠠᠯᠢᠭᠲᠤ᠌ ᠲᠠᠷᠢᠮᠠᠯ ᠶᠤᠮ᠃ 《ᠲᠠᠯ᠎ᠠ ᠨᠤᠲᠤᠭ ᠤ᠋ᠨ ᠵᠤᠰᠠᠯᠠᠩ ᠤ᠋ᠨ ᠲᠥᠪ》 ᠬᠡᠭᠳᠡᠭᠰᠡᠨ ᠤᠯᠠᠭᠠᠨᠴᠠᠪ ᠲᠦ᠍᠂ ᠵᠤᠨ ᠤ᠋ ᠤᠯᠠᠷᠢᠯ ᠶᠡᠷᠦᠩᠬᠡᠢ ᠳ᠋ᠡᠭᠡᠨ ᠰᠡᠷᠢᠭᠦᠨ ᠲᠠᠭᠠᠯᠠᠮᠵᠢᠲᠠᠢ ᠪᠠᠶ᠋ᠢᠵᠤ᠂ ᠨᠤᠭᠤᠭᠠᠨ ᠴᠡᠴᠡᠭᠲᠦ ᠨᠤᠭᠤᠭ᠎ᠠ ᠳ᠋ᠤ ᠲᠣᠬᠢᠷᠠᠮᠵᠢᠲᠠᠢ ᠤᠷᠭᠤᠯᠳᠠ ᠶ᠋ᠢᠨ ᠣᠷᠴᠢᠨ ᠲᠣᠭᠣᠷᠢᠨ ᠢ᠋ ᠪᠦᠷᠢᠯᠳᠦᠭᠦᠯᠵᠦ᠍ ᠥᠭᠴᠡᠢ᠃ 10°C ᠡᠴᠡ ᠳᠡᠭᠡᠭᠰᠢᠬᠢ ᠡᠳᠦᠷ ᠰᠥᠨᠢ ᠶ᠋ᠢᠨ ᠳᠤᠯᠠᠭᠠᠨ ᠤ᠋ ᠵᠥᠷᠢᠶ᠎ᠡ ᠨᠢ ᠴᠡᠴᠡᠭ ᠤ᠋ᠨ ᠪᠥᠮᠪᠥᠭᠡ ᠵᠢ ᠨᠢᠭᠲᠠ ᠮᠥᠷᠲᠡᠭᠡᠨ ᠳᠦᠭᠦᠷᠡᠩ ᠪᠣᠯᠭᠠᠵᠤ᠂ ᠥᠩᠭᠡ ᠵᠢ ᠥᠳᠬᠡᠨ ᠨᠣᠭᠣᠭᠠᠨ᠂ ᠡᠰᠢ ᠵᠢ ᠵᠥᠭᠡᠯᠡᠨ ᠪᠥᠭᠡᠳ ᠠᠮᠲᠠᠲᠠᠶ ᠪᠣᠯᠭᠠᠵᠤ᠂ ᠵᠠᠬ᠎ᠠ ᠳᠡᠯᠭᠡᠭᠦᠷ ᠤ᠋ᠨ ᠬᠦᠷᠢᠶᠡᠯᠡᠯ ᠢ᠋ ᠶᠡᠬᠡᠳᠡ ᠣᠯᠵᠤ ᠪᠠᠶ᠋ᠢᠨ᠎ᠠ᠃
ᠨᠤᠭᠤᠭᠠᠨ ᠴᠡᠴᠡᠭᠲᠦ ᠨᠤᠭᠤᠭ᠎ᠠ ᠶ᠋ᠢᠨ ᠠᠵᠤ ᠦᠢᠯᠡᠰ ᠨᠢ ᠤᠯᠠᠭᠠᠨᠴᠠᠪ ᠤ᠋ᠨ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠣᠨᠴᠠᠯᠢᠭᠲᠤ᠌ ᠳᠠᠪᠠᠭᠤᠯᠢᠬᠲᠤ ᠠᠵᠤ ᠦᠢᠯᠡᠰ ᠪᠣᠯᠵᠣ᠂ ᠣᠷᠣᠨ ᠪᠦᠰᠡ ᠶ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠪᠦᠲᠦᠴᠡ ᠵᠢ ᠪᠠᠶᠠᠯᠢᠭᠵᠢᠭᠤᠯᠤᠭᠰᠠᠨ ᠢ᠋ᠶ᠋ᠡᠷ ᠪᠠᠷᠠᠬᠤ ᠥᠬᠡᠶ ᠨᠠᠩ ᠴᠤ᠌ ᠲᠠᠷᠢᠶᠠᠯᠠᠬᠤ ᠡᠷᠦᠬᠡ ᠶ᠋ᠢᠨ ᠣᠶ᠋ᠢᠷ᠎ᠠ ᠬᠠᠪᠢ ᠳ᠋ᠠᠭᠠᠨ ᠠᠵᠢᠯ ᠤᠯᠬᠤ᠂ ᠣᠷᠣᠯᠭ᠎ᠠ ᠪᠠᠨ ᠲᠣᠭᠲᠠᠭᠤᠨ ᠢ᠋ᠶ᠋ᠡᠷ ᠨᠡᠮᠡᠭᠳᠡᠭᠦᠯᠬᠦ᠌ ᠵᠢ ᠳᠠᠶ᠋ᠢᠴᠢᠯᠠᠬᠤ ᠴᠢᠬᠤᠯᠠ ᠲᠤᠯᠭᠠᠭᠤᠷᠢ ᠪᠣᠯᠤᠭᠰᠠᠨ ᠪᠠᠶ᠋ᠢᠨ᠎ᠠ᠃ ᠭᠤᠤᠯ ᠭᠠᠷᠤᠯᠲᠠ ᠶ᠋ᠢᠨ ᠣᠷᠣᠨ ᠪᠤᠯᠬᠤ ᠵᠦᠸᠧᠽᠢ ᠰᠢᠶᠠᠨ ᠳ᠋ᠤ᠂ ᠨᠤᠭᠤᠭᠠᠨ ᠴᠡᠴᠡᠭᠲᠦ ᠨᠤᠭᠤᠭ᠎ᠠ ᠶ᠋ᠢᠨ ᠠᠵᠤ ᠦᠢᠯᠡᠰ ᠨᠢ ᠨᠢᠭᠡᠨᠲᠡ ᠴᠢᠬᠢ ᠪᠣᠶ᠋ᠢᠵᠢᠭᠤᠯᠬᠤ᠂ ᠴᠢᠬᠢ ᠰᠠᠭᠤᠯᠭᠠᠬᠤ᠂ ᠲᠡᠭᠦᠵᠦ᠍ ᠬᠤᠷᠢᠶᠠᠬᠤ᠂ ᠡᠳ᠋ᠰᠢᠭᠦᠯᠬᠦ᠌᠂ ᠬᠥᠮᠥᠷᠭᠡᠯᠡᠨ ᠬᠠᠳᠠᠭᠠᠯᠠᠬᠤ᠂ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠪᠥᠬᠥ᠌ ᠠᠵᠤ ᠦᠢᠯᠡᠰ ᠤ᠋ᠨ ᠬᠡᠯᠬᠢᠶ᠎ᠡ ᠵᠢ ᠪᠦᠷᠢᠯᠳᠦᠭᠦᠯᠪᠡ᠃
ᠠᠵᠤ ᠦᠢᠯᠡᠰ ᠤ᠋ᠨ ᠬᠡᠪᠴᠢᠶ᠎ᠡ ᠵᠢ ᠦᠷᠭᠦᠯᠵᠢᠯᠡᠨ ᠪᠤᠵᠠᠭᠠᠶ᠋ᠢᠷᠠᠭᠤᠯᠵᠤ ᠬᠦᠴᠦᠷᠬᠡᠭᠵᠢᠭᠦᠯᠦᠭᠰᠡᠨ ᠤ᠋ ᠵᠡᠷᠭᠡ ᠪᠡᠷ ᠲᠦᠷᠦᠯ ᠲᠡᠮᠳᠡᠭ ᠤ᠋ᠨ ᠪᠠᠶ᠋ᠢᠭᠤᠯᠤᠯᠲᠠ ᠵᠢ ᠠᠬᠢᠭᠤᠯᠵᠤ᠂ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠵᠠᠬ᠎ᠠ ᠳᠡᠯᠭᠡᠭᠦᠷ ᠢ᠋ ᠦᠷᠭᠡᠳᠭᠡᠬᠦ ᠳ᠋ᠤ ᠰᠠᠭᠤᠷᠢ ᠵᠢ ᠪᠡᠬᠢᠵᠢᠭᠦᠯᠵᠦ ᠥᠭᠴᠡᠶ᠃ ᠮᠠᠨ ᠤ᠋ ᠣᠷᠣᠨ 《ᠥᠪᠥᠷ ᠮᠣᠩᠭᠣᠯ ᠤ᠋ᠨ ᠢᠳᠡᠰᠢᠨ ᠨᠣᠭᠣᠭ᠎ᠠ》 ᠶ᠋ᠢᠨ ᠣᠷᠣᠨ ᠪᠦᠰᠡ ᠶ᠋ᠢᠨ ᠲᠥᠷᠥᠯ ᠲᠡᠮᠲᠡᠭ ᠢ᠋ᠶ᠋ᠡᠷ ᠭᠤᠤᠯ ᠪᠣᠯᠭᠠᠭᠰᠠᠨ᠂ 《ᠤᠯᠠᠭᠠᠨᠴᠠᠪ ᠤ᠋ᠨ ᠦᠨᠦᠷ ᠠᠮᠲᠠ》᠂ 《ᠴᠡᠯᠡᠭᠡᠷ ᠲᠠᠯ᠎ᠠ ᠶ᠋ᠢᠨ ᠦᠨᠦᠷ ᠠᠮᠲᠠ》᠂ 《ᠬᠢᠨᠭᠭᠠᠨ ᠡᠴᠡ ᠢᠷᠡᠯᠲᠡ ᠲᠡᠢ》 ᠵᠡᠷᠭᠡ ᠣᠷᠣᠨ ᠪᠦᠰᠡ ᠶ᠋ᠢᠨ ᠨᠡᠶ᠋ᠢᠲᠡ ᠶ᠋ᠢᠨ ᠬᠡᠷᠡᠭᠯᠡᠭᠡᠨᠦ ᠲᠦᠷᠦᠯ ᠲᠡᠮᠲᠡᠭ ᠤ᠋ᠨ ᠬᠣᠯᠪᠣᠭᠠᠯᠠᠨ ᠬᠥᠭᠵᠢᠭᠰᠡᠨ ᠲᠦᠷᠦᠯ ᠲᠡᠮᠲᠡᠭ ᠤ᠋ᠨ ᠵᠢᠭᠰᠠᠭᠠᠯ ᠢ᠋ ᠪᠣᠶ ᠪᠣᠯᠭᠠᠪᠠ᠃ ᠡᠭᠦᠨᠦ ᠬᠠᠮᠲᠤ᠌ ᠺᠠᠶ ᠱᠧᠩ ᠬᠤᠤ ᠹᠸᠩ᠂ ᠬᠣᠩ ᠹᠦ᠋ ᠲᠠᠷᠢᠶᠠᠯᠠᠩ ᠦᠢᠯᠡᠰ᠂ ᠠᠯᠲᠠᠨ ᠲᠠᠷᠢᠶᠠᠯᠠᠩ ᠦᠢᠯᠡᠰ ᠵᠡᠷᠭᠡ ᠨᠢᠭᠡ ᠪᠦᠯᠦᠭ ᠳᠠᠭᠠᠭᠤᠯᠤᠭᠴᠢ ᠠᠵᠤ ᠠᠬᠤᠶ᠋ᠢᠯᠠᠯ ᠢ᠋ ᠪᠣᠶ᠋ᠢᠵᠢᠭᠤᠯᠤᠨ ᠪᠤᠵᠠᠭᠠᠶ᠋ᠢᠷᠠᠭᠤᠯᠵᠤ᠂ ᠪᠠᠷᠢᠮᠵᠢᠶᠠᠵᠢᠭᠤᠯᠤᠨ ᠳᠠᠷᠢᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ᠌ ᠳ᠋ᠤ ᠲᠦᠰᠢᠭᠯᠡᠨ᠂ ᠥᠪᠥᠷ ᠮᠣᠩᠭᠣᠯ ᠤ᠋ᠨ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠲᠦᠷᠦᠯ ᠲᠡᠮᠳᠡᠭ ᠢ᠋ ᠦᠷᠭᠦᠯᠵᠢᠯᠡᠨ ᠠᠯᠳᠠᠷᠰᠢᠭᠤᠯᠪᠠ᠃
ᠣᠳᠣᠬᠠᠨ ᠳ᠋ᠤ᠂ ᠮᠠᠨ ᠤ᠋ ᠣᠷᠣᠨ ᠤ᠋ ᠲᠦᠴᠢᠦᠸᠠᠨ ᠤ᠋ ᠪᠣᠷᠣ ᠰᠠᠷᠢᠮᠰᠠᠭ᠂ ᠲᠣᠭᠲᠠᠬᠤ ᠰᠢᠶᠠᠨ ᠤ᠋ ᠪᠸᠢ ᠪᠸᠢ ᠯᠠᠨᠭᠭᠤᠸᠠ᠂ ᠳ᠋ᠦᠩ ᠾᠧ ᠶ᠋ᠢᠨ ᠥᠷᠭᠡᠰᠦᠲᠦ᠍ ᠬᠡᠮᠬᠡ ᠵᠡᠷᠭᠡ 215 ᠢᠳᠡᠰᠢᠨ ᠨᠣᠭᠣᠭ᠎ᠠ ᠶ᠋ᠢᠨ ᠲᠦᠷᠦᠯ ᠤ᠋ᠨ ᠲᠠᠷᠢᠶᠠᠯᠠᠩ ᠤ᠋ᠨ ᠪᠦᠲᠦᠭᠡᠭᠳᠡᠬᠦᠨ ᠪᠦᠬᠦ᠌ ᠤᠯᠤᠰ ᠤ᠋ᠨ ᠨᠡᠷᠡᠳᠦ ᠣᠨᠴᠠᠯᠢᠬᠲᠤ ᠰᠢᠯᠢᠳᠡᠭ ᠰᠢᠨ᠎ᠡ ᠲᠠᠷᠢᠶᠠᠯᠠᠩ ᠤ᠋ᠨ ᠪᠦᠲᠦᠭᠡᠭᠳᠡᠬᠦᠨᠦ ᠨᠡᠷᠡᠰ ᠲᠦ᠍ ᠵᠢᠭᠰᠠᠭᠠᠭᠳᠠᠵᠤ᠂ 349 ᠪᠦᠲᠦᠭᠡᠭᠳᠡᠬᠦᠨ ᠤᠯᠤᠰ ᠤ᠋ᠨ ᠪᠣᠬᠢᠷᠲᠤᠯ ᠦᠭᠡᠢ ᠢᠳᠡᠭᠡᠨᠦ ᠭᠡᠷᠡᠴᠢᠯᠡᠯ ᠢ᠋ ᠤᠯᠪᠠ; ᠤᠯᠠᠭᠠᠨᠬᠠᠳᠠ ᠶ᠋ᠢᠨ ᠲᠥᠪᠡᠳ ᠬᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ᠋ ᠰᠢᠷ᠎ᠠ ᠯᠤᠤᠪᠠᠩ᠂ ᠣᠷᠴᠣᠨ ᠤ᠋ ᠬᠠᠷ᠎ᠠ ᠳᠡᠯᠳᠡᠦ᠂ ᠦᠶᠤᠸᠠᠨ ᠤ᠋ ᠪᠠᠯᠲᠤ᠌ ᠬᠡᠮᠬᠡ ᠵᠡᠷᠭᠡ ᠥᠪᠡᠷᠲᠡᠭᠡᠨ ᠵᠠᠰᠠᠬᠤ ᠣᠷᠣᠨ ᠤ᠋ ᠣᠨᠴᠠᠯᠢᠭᠲᠤ᠌ ᠲᠠᠷᠢᠶᠠᠯᠠᠩ ᠤ᠋ᠨ ᠪᠦᠲᠦᠭᠡᠭᠳᠡᠬᠦᠨᠦ ᠳᠠᠪᠠᠭᠤᠯᠢᠬᠲᠤ ᠣᠷᠣᠨ ᠢ᠋ 7 ᠪᠠᠶ᠋ᠢᠭᠤᠯᠵᠤ᠂ ᠥᠪᠥᠷ ᠮᠣᠩᠭᠣᠯ ᠤ᠋ᠨ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠨᠡᠷ᠎ᠡ ᠠᠯᠳᠠᠷᠰᠢᠯ ᠪᠠ ᠵᠠᠬ᠎ᠠ ᠳᠡᠯᠭᠡᠭᠦᠷ ᠤ᠋ᠨ ᠮᠡᠳᠡᠷᠡᠮᠵᠢ ᠶ᠋ᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃
ᠵᠡᠭᠦᠨᠭᠠᠷ ᠬᠣᠰᠢᠭᠤᠨ ᠤ᠋ ᠰᠢᠷᠠᠯᠵᠢᠲᠠᠢ ᠰᠢᠶᠠᠩ ᠤ᠋ᠨ ᠪᠠᠷᠠᠭᠤᠨ ᠪᠤᠯᠠᠭ ᠲᠣᠰᠬᠣᠨ ᠤ᠋ ᠥᠪᠥᠷ ᠮᠣᠩᠭᠣᠯ ᠤ᠋ᠨ ᠪᠠᠶ ᠬᠥ᠋ ᠶᠤᠸᠠᠨ ᠢᠳᠡᠭᠡᠨᠦ ᠤᠶᠤᠨᠴᠢᠯᠠᠬᠰᠠᠨ ᠴᠡᠪᠡᠷ ᠮᠢᠬ᠎ᠠ ᠴᠡᠪᠡᠷ ᠢᠳᠡᠰᠢᠨ ᠨᠣᠭᠣᠭ᠎ᠠ ᠡᠳ᠋ᠰᠢᠭᠦᠯᠬᠦ᠌ ᠦᠢᠯᠡᠳᠪᠦᠷᠢᠯᠡᠯ ᠤ᠋ᠨ ᠲᠠᠰᠤᠭ ᠲᠦ᠍᠂ ᠢᠳᠡᠰᠢᠨ ᠨᠣᠭᠣᠭ᠎ᠠ ᠨᠢ ᠦᠢᠯᠡᠳᠪᠦᠷᠢᠯᠡᠯ ᠤ᠋ᠨ ᠱᠤᠭᠤᠮ ᠳᠠᠭᠠᠤ ᠤᠬᠢᠶᠠᠵᠤ ᠴᠡᠪᠡᠷᠯᠡᠬᠦ᠌᠂ ᠢᠯᠭᠠᠨ ᠰᠠᠯᠭᠠᠬᠤ᠂ ᠬᠡᠷᠴᠢᠵᠦ᠍ ᠲᠣᠬᠢᠷᠠᠭᠤᠯᠬᠤ᠂ ᠪᠣᠭᠣᠳᠠᠯᠯᠠᠬᠤ ᠪᠥᠬᠥ᠌ ᠶᠠᠪᠤᠴᠠ ᠶ᠋ᠢᠨ ᠠᠦ᠋ᠲ᠋ᠣᠴᠢᠯᠠᠭᠰᠠᠨ ᠠᠵᠢᠯ ᠢ᠋ ᠪᠡᠶᠡᠯᠡᠭᠦᠯᠵᠦ᠍᠂ ᠤᠤᠯ ᠨᠢ ᠰᠢᠨ᠎ᠡ ᠰᠣᠷᠭᠣᠭ ᠢ᠋ ᠪᠠᠲᠤᠯᠠᠬᠤ ᠬᠤᠭᠤᠴᠠᠭ᠎ᠠ ᠨᠢ ᠣᠬᠣᠷ᠂ ᠭᠠᠳᠠᠭᠰᠢ ᠲᠡᠭᠡᠭᠡᠪᠦᠷᠢᠯᠡᠬᠦ᠌ ᠳ᠋ᠤ ᠬᠦᠴᠢᠷᠲᠡᠶ ᠪᠠᠶ᠋ᠢᠭᠰᠠᠨ ᠰᠢᠨ᠎ᠡ ᠰᠣᠷᠭᠣᠭ ᠨᠣᠭᠣᠭ᠎ᠠ ᠵᠢ ᠪᠠᠷᠢᠮᠵᠢᠶᠠᠵᠢᠭᠤᠯᠤᠭᠰᠠᠨ ᠨᠠᠷᠢᠯᠢᠭ ᠡᠳ᠋ᠰᠢᠭᠦᠯᠤᠯᠳᠠ ᠪᠡᠷ ᠳᠡᠮᠵᠢᠨ᠂ ᠬᠡᠪ ᠪᠠᠷᠢᠮᠵᠢᠶ᠎ᠠ ᠨᠢ ᠨᠢᠭᠡᠳᠦᠯᠲᠡᠶ ᠴᠡᠪᠡᠷ ᠨᠣᠭᠣᠭ᠎ᠠ ᠶ᠋ᠢᠨ ᠪᠦᠲᠦᠭᠡᠭᠳᠡᠬᠦᠨ ᠪᠣᠯᠭᠠᠨ ᠬᠤᠪᠢᠷᠠᠭᠤᠯᠪᠠ᠃
3000 ᠲᠦᠮᠡᠨ ᠲᠥᠭᠥᠷᠢᠭ ᠤ᠋ᠨ ᠪᠡᠯᠡ ᠣᠷᠣᠭᠤᠯᠤᠭᠰᠠᠨ ᠡᠨᠡ ᠬᠦ᠌ ᠣᠳᠣᠬᠢᠴᠢᠯᠠᠭᠰᠠᠨ ᠴᠡᠪᠡᠷ ᠨᠣᠭᠣᠭ᠎ᠠ ᠪᠣᠯᠪᠠᠰᠤᠷᠠᠭᠤᠯᠬᠤ ᠦᠢᠯᠡᠳᠪᠦᠷᠢ ᠨᠢ ᠰᠢᠷᠠᠯᠵᠢᠲᠠᠢ ᠰᠢᠶᠠᠩ ᠤ᠋ᠨ 1.5 ᠲᠦᠮᠡᠨ ᠮᠦ᠍ ᠢᠳᠡᠰᠢᠨ ᠨᠣᠭᠣᠭ᠎ᠠ ᠭᠤᠸ᠎ᠠ ᠵᠢᠮᠢᠰ ᠤ᠋ᠨ ᠰᠠᠭᠤᠷᠢᠨ ᠳ᠋ᠤ ᠲᠦᠰᠢᠭᠯᠡᠨ᠂ 10 ᠭᠠᠷᠤᠢ ᠲᠤᠰᠬᠠᠢ ᠦᠢᠯᠡᠳᠪᠦᠷᠢᠯᠡᠯ ᠤ᠋ᠨ ᠱᠤᠭᠤᠮ᠂ ᠬᠦᠢᠲᠡᠨ ᠬᠥᠮᠥᠷᠭᠡ ᠪᠣᠯᠤᠨ ᠪᠦᠬᠦ᠌ ᠶᠠᠪᠤᠴᠠ ᠶ᠋ᠢᠨ ᠲᠣᠭᠠᠴᠢᠯᠠᠭᠰᠠᠨ ᠡᠬᠢ ᠡᠭᠦᠰᠦᠯ ᠢ᠋ ᠮᠦᠷᠳᠡᠬᠦ ᠰᠢᠰᠲ᠋ᠧᠮ ᠢ᠋ ᠲᠥᠬᠥᠷᠵᠢᠭᠦᠯᠵᠦ᠍᠂ ᠵᠢᠯ ᠳ᠋ᠤ 1 ᠲᠦᠮᠡᠨ ᠲᠣᠨ ᠴᠡᠪᠡᠷ ᠨᠣᠭᠣᠭ᠎ᠠ ᠴᠡᠪᠡᠷ ᠮᠢᠬ᠎ᠠ ᠪᠣᠯᠪᠠᠰᠤᠷᠠᠭᠤᠯᠬᠤ ᠪᠣᠯᠤᠨ᠎ᠠ᠃
ᠲᠠᠷᠢᠶᠠᠨ ᠭᠠᠵᠠᠷ ᠳᠤᠯᠠᠭᠠᠨ ᠭᠦᠯᠡᠮᠵᠢ ᠵᠢ ᠪᠦᠬᠦ᠌ ᠤᠯᠤᠰ ᠤ᠋ᠨ ᠵᠠᠬ᠎ᠠ ᠳᠡᠯᠭᠡᠭᠦᠷ ᠲᠠᠢ ᠵᠠᠯᠭᠠᠯᠳᠤᠭᠤᠯᠵᠤ᠂ ᠥᠪᠥᠷ ᠮᠣᠩᠭᠣᠯ 《ᠲᠠᠷᠢᠶᠠᠨ ᠭᠠᠵᠠᠷ ᠡᠴᠡ ᠰᠢᠨ᠎ᠡ ᠰᠣᠷᠭᠣᠭ ᠢ᠋ᠶ᠋ᠡᠷ ᠨᠢ ᠬᠤᠳᠠᠯᠳᠤᠬᠤ》 ᠤᠯᠠᠮᠵᠢᠯᠠᠯᠲᠤ᠌ ᠵᠠᠭᠪᠤᠷ ᠢ᠋ ᠲᠠᠶᠠᠬᠳᠠᠵᠤ᠂ ᠡᠬᠢ ᠪᠠᠶᠠᠯᠢᠭ ᠤ᠋ᠨ ᠳᠠᠪᠠᠭᠤᠯᠢᠭ ᠢ᠋ᠶ᠋ᠡᠨ ᠦᠨᠡᠨ ᠪᠣᠳᠠᠲᠠᠢ ᠠᠵᠤ ᠦᠢᠯᠡᠰ ᠤ᠋ᠨ ᠠᠰᠢᠭ ᠣᠯᠵᠠᠪᠤᠷᠢ ᠪᠣᠯᠭᠠᠨ ᠬᠤᠪᠢᠷᠠᠭᠤᠯᠪᠠ᠃ ᠣᠳᠣᠬᠠᠨ ᠳ᠋ᠤ᠂ ᠥᠪᠥᠷ ᠮᠣᠩᠭᠣᠯ ᠤ᠋ᠨ ᠢᠳᠡᠰᠢᠨ ᠨᠣᠭᠣᠭ᠎ᠠ ᠶ᠋ᠢᠨ ᠪᠦᠲᠦᠭᠡᠭᠳᠡᠬᠦᠨ ᠢ᠋ ᠱᠧᠨᠵᠧᠨᠦ ᠪᠠᠶ ᠭᠦᠸᠧ ᠶᠤᠸᠠᠨ᠂ ᠵᠢᠩ ᠳ᠋ᠦᠩ ᠬᠤᠳᠠᠯᠳᠤᠭᠠᠨ ᠤ᠋ ᠬᠣᠲᠠ᠂ ᠪᠡᠭᠡᠵᠢᠩ ᠤ᠋ᠨ ᠺᠸᠨ ᠳ᠋ᠸ ᠵᠢᠶ᠂ ᠱᠠᠩᠬᠠᠶ ᠶ᠋ᠢᠨ ᠵᠢᠶᠠᠩ ᠴᠢᠶᠣᠤ ᠵᠡᠷᠭᠡ ᠲᠣᠮᠣ ᠬᠡᠯᠪᠡᠷᠢ ᠶ᠋ᠢᠨ ᠬᠤᠳᠠᠯᠳᠤᠭᠠᠨ ᠤ᠋ ᠬᠠᠮ ᠳᠡᠯᠭᠡᠭᠦᠷ᠂ ᠬᠡᠯᠬᠢᠶᠡᠵᠢᠭᠰᠡᠨ ᠳᠡᠯᠭᠡᠭᠦᠷ᠂ ᠪᠥᠭᠡᠮ ᠢ᠋ᠶ᠋ᠡᠷ ᠪᠤᠷᠤᠯᠠᠭᠤᠯᠬᠤ ᠵᠠᠬ᠎ᠠ ᠳᠡᠯᠭᠡᠭᠦᠷ ᠲᠦ᠍ ᠲᠠᠰᠤᠷᠠᠯᠲᠠ ᠦᠭᠡᠢ ᠬᠠᠨᠭᠭᠠᠵᠤ ᠪᠠᠶ᠋ᠢᠬᠤ ᠪᠡᠷ ᠪᠠᠷᠠᠬᠤ ᠥᠬᠡᠶ᠂ ᠪᠠᠰᠠ ᠵᠡᠭᠦᠨ ᠬᠣᠶ᠋ᠢᠲᠤ ᠶ᠋ᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠾᠸᠪᠸᠢ᠂ ᠬᠥᠬᠡᠮᠦ᠋ᠷᠡᠨᠦ ᠭᠤᠷᠪᠠᠯᠵᠢᠨ ᠬᠣᠶ᠋ᠢᠬ᠂ ᠵᠦᠵᠢᠶᠠᠩ ᠮᠥᠷᠡᠨᠦ ᠭᠤᠷᠪᠠᠯᠵᠢᠨ ᠬᠣᠶ᠋ᠢᠭ ᠵᠡᠷᠭᠡ ᠭᠠᠵᠠᠷ ᠣᠷᠣᠨ ᠳ᠋ᠤ ᠪᠤᠷᠤᠯᠠᠭᠤᠯᠵᠤ ᠪᠠᠢᠨ᠎ᠠ᠃
ᠢᠳᠡᠰᠢᠨ ᠨᠣᠭᠣᠭᠠᠨ ᠤ᠋ ᠠᠵᠤ ᠦᠢᠯᠡᠰ ᠤ᠋ᠨ ᠢᠵᠢ ᠪᠦᠷᠢᠳᠦᠭᠦᠯᠬᠦ᠌ ᠲᠥᠬᠥᠭᠡᠷᠦᠮᠵᠢ ᠦᠷᠭᠦᠯᠵᠢᠯᠡᠨ ᠲᠠᠰ ᠳᠡᠪᠰᠢᠵᠦ᠍᠂ ᠪᠥᠬᠥ᠌ ᠤᠯᠤᠰ ᠤ᠋ᠨ ᠲᠣᠮᠣ ᠵᠠᠬ᠎ᠠ ᠳᠡᠯᠭᠡᠭᠦᠷ ᠲᠦ᠍ ᠠᠭᠤᠰᠤᠯᠴᠠᠬᠤ ᠬᠠᠲᠠᠭᠤ ᠲᠣᠨᠣᠭ ᠤ᠋ᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠪᠡ᠃ ᠣᠳᠣᠬᠠᠨ ᠳ᠋ᠤ᠂ ᠪᠦᠬᠦ᠌ ᠣᠷᠣᠨ ᠳ᠋ᠤ ᠬᠦᠢᠲᠡᠨ ᠢ᠋ᠶ᠋ᠡᠷ ᠬᠠᠳᠠᠭᠠᠯᠠᠵᠤ ᠰᠣᠷᠭᠣᠭ ᠪᠠᠶ᠋ᠢᠯᠭᠠᠬᠤ ᠳᠠᠮᠵᠢᠭᠤᠯᠬᠤ ᠬᠥᠮᠥᠷᠭᠡ 248 ᠪᠠᠶ᠋ᠢᠵᠤ᠂ ᠬᠥᠮᠥᠷᠭᠡ ᠶ᠋ᠢᠨ ᠪᠠᠭᠲᠠᠭᠠᠮᠵᠢ 103 ᠲᠦᠮᠡᠨ ᠪᠣᠰᠣᠭ᠎ᠠ ᠳᠥᠷᠪᠡᠯᠵᠢᠨ ᠮᠧᠲᠷ ᠲᠦ᠍ ᠬᠦᠷᠪᠡ᠃ ᠬᠡᠪᠴᠢᠶᠡᠵᠢᠯ ᠡᠴᠡ ᠳᠡᠭᠡᠭᠰᠢᠬᠢ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠡᠳ᠋ᠰᠢᠭᠦᠯᠬᠦ᠌ ᠠᠵᠤ ᠠᠬᠤᠶ᠋ᠢᠯᠠᠯ 45 ᠪᠠᠶ᠋ᠢᠵᠤ᠂ ᠵᠢᠯ ᠤ᠋ᠨ ᠡᠳ᠋ᠰᠢᠭᠦᠯᠬᠦ᠌ ᠴᠢᠳᠠᠪᠤᠷᠢ ᠨᠢ 226 ᠲᠦᠮᠡᠨ ᠲᠣᠨ ᠳ᠋ᠤ ᠬᠦᠷᠴᠡᠢ᠃ ᠥᠪᠡᠷᠲᠡᠭᠡᠨ ᠵᠠᠰᠠᠬᠤ ᠣᠷᠣᠨ ᠤ᠋ ᠳᠣᠲᠣᠷ᠎ᠠ ᠨᠢᠭᠡᠨᠲᠡ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠪᠥᠭᠡᠮ ᠢ᠋ᠶ᠋ᠡᠷ ᠪᠤᠷᠤᠯᠠᠭᠤᠯᠬᠤ ᠵᠠᠬ᠎ᠠ ᠳᠡᠯᠭᠡᠭᠦᠷ ᠢ᠋ 93 ᠪᠠᠶ᠋ᠢᠭᠤᠯᠵᠤ᠂ ᠪᠡᠭᠡᠵᠢᠩ ᠢ᠋ ᠲᠣᠭᠣᠷᠢᠭᠰᠠᠨ ᠢᠳᠡᠰᠢᠨ ᠨᠣᠭᠣᠭ᠎ᠠ ᠶ᠋ᠢᠨ ᠦᠢᠯᠡᠳᠪᠦᠷᠢᠯᠡᠯ ᠤ᠋ᠨ ᠰᠠᠭᠤᠷᠢᠨ ᠢ᠋ 41 ᠪᠣᠶ᠋ᠢᠵᠢᠭᠤᠯᠵᠤ᠂ ᠵᠢᠯ ᠤ᠋ᠨ ᠪᠡᠭᠡᠵᠢᠩ ᠳ᠋ᠤ ᠬᠠᠨᠭᠭᠠᠬᠤ ᠴᠢᠨᠠᠷ ᠰᠠᠶ᠋ᠢᠲᠠᠶ ᠢᠳᠡᠰᠢᠨ ᠨᠣᠭᠣᠭ᠎ᠠ 10 ᠲᠦᠮᠡᠨ ᠲᠣᠨ ᠢ᠋ ᠳᠠᠪᠠᠪᠠ; ᠰᠢᠶᠠᠩᠭᠠᠩ ᠣᠣᠮᠧᠨ ᠳ᠋ᠤ ᠬᠠᠩᠭᠠᠬᠤ ᠢᠳᠡᠰᠢᠨ ᠨᠣᠭᠣᠭ᠎ᠠ ᠶ᠋ᠢᠨ ᠦᠢᠯᠡᠳᠪᠦᠷᠢᠯᠡᠯ ᠤ᠋ᠨ ᠰᠠᠭᠤᠷᠢᠨ ᠢ᠋ 6 ᠪᠠᠶ᠋ᠢᠭᠤᠯᠵᠤ᠂ ᠵᠢᠯ ᠤ᠋ᠨ ᠬᠠᠩᠭᠠᠯᠭ᠎ᠠ ᠶ᠋ᠢᠨ ᠬᠡᠮᠵᠢᠶ᠎ᠡ 6.5 ᠲᠦᠮᠡᠨ ᠲᠣᠨ ᠳ᠋ᠤ ᠬᠦᠷᠪᠡ᠃
ᠨᠠᠩ ᠣᠯᠠᠨ ᠴᠢᠨᠠᠷ ᠰᠠᠶ᠋ᠢᠲᠠᠶ ᠢᠳᠡᠰᠢᠨ ᠨᠣᠭᠣᠭ᠎ᠠ ᠵᠢ ᠪᠥᠬᠥ᠌ ᠤᠯᠤᠰ ᠤ᠋ᠨ ᠠᠷᠠᠳ ᠲᠦᠮᠡᠨᠦ ᠬᠣᠭᠣᠯᠠᠨ ᠰᠢᠷᠡᠭᠡᠨ ᠳ᠋ᠤ ᠬᠦᠷᠭᠡᠬᠦ ᠶ᠋ᠢᠨ ᠲᠥᠯᠥᠭᠡ᠂ ᠡᠨᠡ ᠵᠢᠯ ᠤ᠋ᠨ 4 ᠰᠠᠷ᠎ᠠ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠪᠣᠯᠤᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠳ᠋ ᠤ᠋ᠨ ᠵᠠᠰᠠᠭ ᠤ᠋ᠨ ᠲᠢᠩᠬᠢᠮ ᠬᠠᠮᠲᠤᠷᠠᠨ 《2026 ᠣᠨ ᠳ᠋ᠤ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠰᠠᠭᠤᠷᠢ ᠵᠢ ᠴᠢᠩᠭᠠᠳᠬᠠᠬᠤ ᠢᠨᠵᠧᠨᠧᠷᠢᠩ ᠢ᠋ ᠬᠡᠷᠡᠭᠵᠢᠭᠦᠯᠬᠦ᠌ ᠲᠤᠬᠠᠶ ᠬᠡᠷᠡᠭᠵᠢᠭᠦᠯᠬᠦ᠌ ᠨᠠᠷᠢᠨ ᠲᠦᠷᠢᠮ》 (ᠳᠣᠷᠣᠭᠰᠢ 《ᠬᠡᠷᠡᠭᠵᠢᠭᠦᠯᠬᠦ᠌ ᠨᠠᠷᠢᠨ ᠲᠦᠷᠢᠮ》 ᠭᠡᠵᠦ᠍ ᠳᠦᠭᠦᠮᠴᠢᠯᠡᠨ᠎ᠡ) ᠢ᠋ ᠳᠠᠷᠤᠮᠠᠯᠯᠠᠨ ᠲᠠᠷᠬᠠᠭᠠᠵᠤ᠂ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠰᠠᠭᠤᠷᠢ ᠵᠢ ᠴᠢᠩᠭᠠᠳᠬᠠᠬᠤ ᠢᠨᠵᠧᠨᠧᠷᠢᠩ ᠢ᠋ ᠬᠡᠷᠡᠭᠵᠢᠭᠦᠯᠬᠦ᠌ ᠵᠢ ᠠᠬᠢᠭᠤᠯᠵᠤ᠂ ᠪᠥᠬᠥ᠌ ᠣᠷᠣᠨ ᠤ᠋ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠬᠠᠩᠭᠠᠬᠤ ᠴᠢᠳᠠᠪᠤᠷᠢ ᠵᠢ ᠳᠡᠭᠡᠭᠰᠢᠯᠡᠭᠦᠯᠪᠡ᠃
《ᠬᠡᠷᠡᠭᠵᠢᠭᠦᠯᠬᠦ᠌ ᠨᠠᠷᠢᠨ ᠲᠦᠷᠢᠮ》ᠳ᠋ᠤ ᠲᠥᠷᠥ ᠶ᠋ᠢᠨ ᠪᠣᠳᠣᠯᠭ᠎ᠠ ᠶ᠋ᠢᠨ ᠪᠣᠳᠠᠲᠤ᠌ ᠦᠷ᠎ᠡ ᠪᠦᠳᠤᠮᠵᠢᠳᠤ ᠴᠢᠨᠠᠷ ᠪᠠ ᠲᠦᠭᠡᠮᠡᠯ ᠬᠠᠷᠠᠭᠠᠯᠵᠠᠯ ᠤ᠋ᠨ ᠴᠢᠨᠠᠷ ᠢ᠋ ᠬᠠᠮᠲᠤ ᠳ᠋ᠤᠨᠢ ᠬᠠᠷᠠᠭᠠᠯᠵᠠᠬᠤ ᠵᠠᠷᠴᠢᠮ ᠢ᠋ ᠪᠠᠷᠢᠮᠲᠠᠯᠠᠵᠤ᠂ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠦᠢᠯᠡᠳᠪᠦᠷᠢᠯᠡᠯ ᠤ᠋ᠨ ᠰᠠᠭᠤᠷᠢᠨ᠂ ᠲᠥᠬᠥᠭᠡᠷᠦᠮᠵᠢᠲᠦ ᠳᠤᠯᠠᠭᠠᠨ ᠭᠦᠯᠡᠮᠵᠢ᠂ ᠴᠢᠬᠢ ᠪᠣᠶ᠋ᠢᠵᠢᠭᠤᠯᠬᠤ ᠲᠥᠪ᠂ ᠭᠠᠷᠤᠯᠲᠠ ᠶ᠋ᠢᠨ ᠣᠷᠣᠨ ᠤ᠋ ᠢᠵᠢ ᠪᠥᠷᠢᠳᠦᠭᠦᠯᠬᠦ᠌ ᠦᠢᠯᠡᠴᠢᠯᠡᠭᠡᠨ ᠤ᠋ ᠲᠦᠬᠦᠭᠡᠷᠦᠮᠵᠢ ᠶ᠋ᠢᠨ ᠪᠥᠲᠥᠭᠡᠨ ᠪᠠᠶ᠋ᠢᠭᠤᠯᠤᠯᠲᠠ ᠵᠡᠷᠭᠡ 4 ᠬᠦᠷᠢᠶᠡᠨ ᠳ᠋ᠤ ᠱᠠᠩᠨᠠᠯ ᠨᠥᠬᠥᠪᠥᠷᠢ ᠦᠭᠭᠦ ᠨᠠᠷᠢᠨ ᠲᠦᠷᠢᠮ ᠲᠣᠭᠲᠠᠭᠠᠵᠤ᠂ ᠱᠠᠩᠨᠠᠯ ᠨᠥᠬᠥᠪᠥᠷᠢ ᠥᠭᠬᠦ᠌ ᠡᠲᠡᠭᠡᠳ᠂ ᠱᠠᠩᠨᠠᠯ ᠨᠥᠬᠥᠪᠥᠷᠢ ᠥᠭᠬᠦ᠌ ᠠᠭᠤᠯᠭ᠎ᠠ ᠵᠢᠴᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ᠌ ᠪᠠ ᠬᠢᠨᠠᠨ ᠬᠠᠷᠭᠤᠭᠤᠯᠬᠤ ᠵᠡᠷᠭᠡ ᠬᠠᠮᠢᠶ᠎ᠠ ᠪᠥᠬᠥᠶ ᠵᠦᠢᠯᠡᠰ ᠢ᠋ ᠲᠣᠰ ᠲᠣᠰ ᠲᠣᠳᠣᠷᠬᠠᠶ ᠲᠣᠭᠲᠠᠭᠠᠵᠤ᠂ ᠲᠥᠷᠥ ᠶ᠋ᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠬᠡᠷᠡᠭᠵᠢᠭᠦᠯᠬᠦ᠂ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ᠃
2025 ᠣᠨ ᠳ᠋ᠤ᠂ ᠪᠥᠬᠥ᠌ ᠣᠷᠣᠨ ᠤ᠋ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠳᠠᠷᠢᠬᠤ ᠲᠠᠯᠠᠪᠠᠶ 413.6 ᠲᠦᠮᠡᠨ ᠮᠥ᠍ ᠳ᠋ᠤ ᠬᠦᠷᠴᠦ᠂ ᠭᠠᠷᠤᠯᠲᠠ ᠨᠢ 1591.1 ᠲᠦᠮᠡᠨ ᠲᠣᠨ᠂ ᠦᠢᠯᠡᠳᠬᠦᠨᠦ ᠥᠷᠲᠡᠭ ᠨᠢ 400 ᠳ᠋ᠦᠩᠰᠢᠭᠤᠷ ᠲᠥᠭᠥᠷᠢᠭ ᠲᠦ᠍ ᠬᠦᠷᠴᠡᠶ᠃ ᠵᠡᠭᠦᠨ ᠬᠡᠰᠡᠭ ᠤ᠋ᠨ ᠤᠯᠠᠭᠠᠨᠬᠠᠳᠠ ᠬᠣᠲᠠ᠂ ᠲᠦᠩᠯᠢᠶᠣᠤ ᠬᠣᠲᠠ᠂ ᠳᠤᠮᠳᠠ ᠬᠡᠰᠡᠭ ᠤ᠋ᠨ ᠤᠯᠠᠭᠠᠨᠴᠠᠪ ᠬᠣᠲᠠ᠂ ᠪᠤᠭᠤᠲᠤ᠌ ᠬᠣᠲᠠ ᠂ ᠪᠠᠷᠠᠭᠤᠨ ᠬᠡᠰᠡᠭ ᠤ᠋ᠨ ᠪᠠᠶᠠᠨᠨᠠᠭᠤᠷ ᠬᠣᠲᠠ ᠪᠡᠷ ᠭᠤᠤᠯᠳᠠᠯᠭ᠎ᠠ ᠪᠣᠯᠭᠠᠭᠰᠠᠨ ᠳᠠᠪᠠᠭᠤᠯᠢᠬᠲᠤ ᠦᠢᠯᠡᠳᠪᠦᠷᠢᠯᠡᠯ ᠤ᠋ᠨ ᠪᠠᠶ᠋ᠢᠷᠢᠰᠢᠭᠤᠯᠤᠯᠲᠠ ᠵᠢ ᠪᠣᠶ ᠪᠣᠯᠭᠠᠪᠠ ᠃
2026 ᠣᠨ ᠳ᠋ᠤ᠂ ᠥᠪᠥᠷ ᠮᠣᠩᠭᠣᠯ ᠦᠷᠭᠦᠯᠵᠢᠯᠡᠨ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠠᠵᠤ ᠦᠢᠯᠡᠰ ᠢ᠋ ᠬᠥᠭᠵᠢᠭᠦᠯᠵᠦ᠍᠂ ᠭᠠᠷᠤᠯᠲᠠ ᠵᠢ ᠲᠣᠭᠲᠠᠪᠤᠷᠢᠵᠢᠭᠤᠯᠤᠨ ᠬᠠᠩᠭᠠᠯᠭ᠎ᠠ ᠵᠢ ᠪᠠᠲᠤᠯᠠᠬᠤ᠂ ᠴᠢᠨᠠᠷ ᠰᠠᠶ᠋ᠢᠲᠠᠶ ᠥᠨᠳᠥᠷ ᠪᠦᠲᠦᠮᠵᠢᠲᠡᠶ ᠪᠠᠶ᠋ᠢᠬᠤ ᠪᠡᠷ ᠭᠤᠤᠯ ᠬᠠᠷᠠᠯᠲᠠ ᠪᠣᠯᠭᠠᠵᠤ᠂ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠰᠠᠭᠤᠷᠢ ᠵᠢ ᠪᠡᠬᠢᠵᠢᠭᠦᠯᠬᠦ᠌ ᠢᠨᠵᠧᠨᠧᠷᠢᠩ ᠢ᠋ ᠬᠡᠷᠡᠭᠵᠢᠭᠦᠯᠵᠦ᠍᠂ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ᠌ ᠵᠢ ᠪᠥᠬᠥ᠌ ᠬᠦᠴᠦᠨ ᠢ᠋ᠶ᠋ᠡᠷ ᠠᠬᠢᠭᠤᠯᠵᠤ ᠪᠠᠶ᠋ᠢᠨ᠎ᠠ᠃
《ᠪᠢᠳᠡ ᠨᠢᠭᠡ ᠪᠦᠯᠦᠭ ᠪᠠᠷᠢᠮᠵᠢᠶᠠᠵᠢᠭᠤᠯᠤᠨ ᠳᠠᠷᠢᠬᠤ᠂ ᠵᠠᠬᠢᠶᠠᠯᠠᠭ᠎ᠠ ᠪᠡᠷ ᠦᠢᠯᠡᠳᠪᠦᠷᠢᠯᠡᠬᠦ ᠰᠠᠭᠤᠷᠢᠨ ᠢ᠋ ᠭᠤᠤᠯᠳᠠᠯᠭ᠎ᠠ ᠲᠠᠢ ᠪᠣᠶ᠋ᠢᠵᠢᠭᠤᠯᠤᠨ ᠳᠡᠮᠵᠢᠵᠦ᠍᠂ 〈ᠰᠢᠶᠠᠨᠭᠭᠠᠩ ᠳ᠋ᠤ ᠬᠠᠨᠭᠭᠠᠬᠤ〉 ᠪᠠ 〈ᠤᠮᠠᠷᠠᠲᠤ ᠶ᠋ᠢᠨ ᠨᠣᠭᠣᠭ᠎ᠠ ᠵᠢ ᠡᠮᠦᠨᠡᠰᠢ ᠲᠡᠭᠡᠭᠡᠪᠦᠷᠢᠯᠡᠬᠦ᠌〉 ᠭᠠᠳᠠᠭᠰᠢ ᠭᠠᠷᠭᠠᠬᠤ ᠠᠷᠭ᠎ᠠ ᠵᠠᠮ ᠢ᠋ ᠥᠷᠭᠡᠳᠬᠡᠪᠡ; 17 ᠥᠨᠳᠥᠷ ᠪᠠᠷᠢᠮᠵᠢᠶᠠᠲᠤ᠌ ᠲᠦᠬᠦᠭᠡᠷᠦᠮᠵᠢᠲᠦ ᠬᠦᠷᠢᠶᠡᠯᠡᠩ ᠲᠣᠭᠣᠷᠢᠭ ᠢ᠋ ᠰᠢᠨ᠎ᠡ ᠪᠡᠷ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠵᠤ᠂ ᠪᠦᠬᠦ᠌ ᠣᠷᠣᠨ ᠢ᠋ ᠳᠠᠶ᠋ᠢᠴᠢᠯᠠᠨ 4 ᠲᠦᠮᠡᠨ ᠮᠦ᠍ ᠲᠦᠬᠦᠭᠡᠷᠦᠮᠵᠢ ᠵᠢ ᠰᠢᠨ᠎ᠡ ᠪᠡᠷ ᠪᠠᠶ᠋ᠢᠭᠤᠯᠵᠤ᠂ 6 ᠲᠦᠮᠡᠨ ᠮᠦ᠍ ᠲᠦᠬᠦᠭᠡᠷᠦᠮᠵᠢ ᠵᠢ ᠥᠭᠡᠷᠡᠴᠢᠯᠡᠨ ᠳᠡᠭᠡᠭᠰᠢᠯᠡᠭᠦᠯᠵᠦ᠍᠂ ᠲᠦᠬᠦᠭᠡᠷᠦᠮᠵᠢᠲᠦ ᠢᠳᠡᠰᠢᠨ ᠨᠣᠭᠣᠭ᠎ᠠ ᠬᠢᠭᠡᠳ ᠵᠠᠳᠠᠭᠠᠶ ᠲᠠᠷᠢᠶᠠᠨ ᠭᠠᠵᠠᠷ ᠤ᠋ᠨ ᠢᠳᠡᠰᠢᠨ ᠨᠣᠭᠣᠭ᠎ᠠ ᠶ᠋ᠢᠨ ᠳᠠᠪᠠᠭᠤᠯᠢᠭ ᠢ᠋ᠶ᠋ᠡᠨ ᠬᠠᠷᠢᠯᠴᠠᠨ ᠨᠥᠬᠥᠪᠥᠷᠢᠯᠡᠬᠦ᠌᠂ ᠬᠠᠮᠵᠢᠯᠴᠠᠨ ᠬᠥᠭᠵᠢᠬᠦ᠌ ᠪᠠᠶ᠋ᠢᠷᠢᠰᠢᠯ ᠢ᠋ ᠪᠤᠶ ᠪᠣᠯᠭᠠᠪᠠ᠃ ᠡᠭᠦᠨᠦ ᠬᠠᠮᠲᠤ᠌᠂ 2026 ᠣᠨ ᠳ᠋ᠤ ᠵᠢᠯ ᠤ᠋ᠨ ᠦᠢᠯᠡᠳᠪᠦᠷᠢᠯᠡᠯ ᠤ᠋ᠨ ᠴᠢᠳᠠᠪᠤᠷᠢ ᠨᠢ 5000 ᠲᠦᠮᠡᠨ ᠰᠠᠭᠤᠷᠢ ᠡᠴᠡ ᠳᠡᠭᠡᠭᠰᠢᠬᠢ ᠡᠷᠴᠢᠮᠵᠢᠭᠦᠯᠦᠭᠰᠡᠨ᠂ ᠣᠶᠤᠨᠴᠢᠯᠠᠭᠰᠠᠨ ᠴᠢᠬᠢ ᠪᠣᠶ᠋ᠢᠵᠢᠭᠤᠯᠬᠤ ᠲᠥᠪ ᠢ᠋ ᠰᠢᠨ᠎ᠡ ᠪᠡᠷ 4 ᠪᠠᠶ᠋ᠢᠭᠤᠯᠵᠤ᠂ ᠳᠠᠷᠢᠬᠤ᠂ ᠰᠣᠶᠣᠭᠠᠯᠠᠭᠤᠯᠬᠤ᠂ ᠵᠠᠯᠭᠠᠵᠤ ᠤᠷᠭᠤᠭᠤᠯᠬᠤ ᠵᠡᠷᠭᠡ ᠵᠠᠩᠭᠢᠯᠠᠭ᠎ᠠ ᠶ᠋ᠢᠨ ᠭᠣᠭᠴᠣᠭ᠎ᠠ ᠶ᠋ᠢᠨ ᠪᠥᠬᠥ᠌ ᠶᠠᠪᠤᠴᠠ ᠶ᠋ᠢᠨ ᠠᠦ᠋ᠲ᠋ᠣᠴᠢᠯᠠᠬᠤ ᠠᠵᠢᠯ ᠢ᠋ ᠪᠡᠶᠡᠯᠡᠭᠦᠯᠵᠦ᠍᠂ ᠴᠢᠬᠢ ᠶ᠋ᠢᠨ ᠶᠠᠰᠤ ᠴᠢᠨᠠᠷ ᠪᠠ ᠴᠢᠬᠢ ᠪᠣᠶ᠋ᠢᠵᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠍᠂ ᠪᠥᠬᠥ᠌ ᠣᠷᠣᠨ ᠤ᠋ ᠴᠢᠬᠢ ᠪᠤᠢᠵᠢᠭᠤᠯᠬᠤ ᠴᠢᠳᠠᠪᠤᠷᠢ ᠵᠢ 40 ᠳ᠋ᠦᠩᠰᠢᠭᠤᠷ ᠰᠠᠭᠤᠷᠢ ᠡᠴᠡ ᠳᠡᠭᠡᠭᠰᠢ ᠳ᠋ᠤ ᠲᠣᠭᠲᠠᠪᠤᠷᠢᠵᠢᠭᠤᠯᠵᠤ᠂ ᠴᠢᠬᠢ ᠶ᠋ᠢᠨ ᠬᠠᠩᠭᠠᠯᠭ᠎ᠠ ᠶ᠋ᠢᠨ ᠥᠪᠡᠷ ᠢ᠋ᠪᠡᠨ ᠬᠠᠩᠭᠠᠬᠤ ᠨᠣᠷᠮ᠎ᠠ ᠵᠢ ᠤᠯᠠᠮ ᠴᠢᠨᠠᠬᠰᠢᠲᠠ ᠳᠡᠭᠡᠭᠰᠢᠯᠡᠭᠦᠯᠬᠦ᠌ ᠪᠡᠷ ᠲᠥᠯᠥᠪᠯᠡᠵᠦ᠍ ᠪᠠᠢᠨ᠎ᠠ》 ᠭᠡᠵᠦ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ ᠤ᠋ᠨ ᠡᠷᠬᠢᠯᠡᠭᠴᠢ ᠬ᠍ᠦ᠍ ᠶᠢᠦ ᠯᠢᠨ ᠲᠠᠨᠢᠯᠴᠠᠭᠤᠯᠪᠠ᠃
ᠥᠪᠥᠷ ᠮᠣᠩᠭᠣᠯ ᠶᠠᠭ ᠥᠪᠡᠷᠮᠢᠴᠡ ᠬᠦᠢᠲᠡᠨ ᠰᠡᠷᠢᠭᠦᠨ ᠠᠭᠤᠷ ᠠᠮᠢᠰᠬᠤᠯ ᠤ᠋ᠨ ᠡᠬᠢ ᠪᠠᠶᠠᠯᠢᠭ ᠪᠠ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠪᠠᠶ᠋ᠢᠷᠢᠰᠢᠭᠤᠯᠤᠯᠲᠠ ᠳ᠋ᠠᠭᠠᠨ ᠲᠦᠰᠢᠭᠯᠡᠨ᠂ 《ᠭᠠᠵᠠᠷ ᠰᠢᠷᠣᠶ ᠶ᠋ᠢᠨ ᠠᠮᠢ ᠠᠬᠤᠶ ᠶ᠋ᠢᠨ ᠳᠠᠪᠠᠭᠤᠯᠢᠭ》 ᠢ᠋ ᠦᠷᠭᠦᠯᠵᠢᠯᠡᠨ 《ᠵᠠᠬ᠎ᠠ ᠳᠡᠯᠭᠡᠭᠦᠷ ᠤ᠋ᠨ ᠥᠷᠢᠰᠥᠯᠳᠦᠭᠡᠨᠦ ᠳᠠᠪᠠᠭᠤᠯᠢᠭ》 ᠪᠣᠯᠭᠠᠨ ᠬᠤᠪᠢᠷᠠᠭᠤᠯᠵᠤ᠂ ᠠᠮᠢ ᠠᠬᠤᠶ ᠳ᠋ᠤ ᠰᠠᠭᠤᠷᠢᠯᠠᠨ ᠰᠢᠯᠢᠳᠡᠭ ᠪᠦᠲᠦᠭᠡᠭᠳᠡᠬᠦᠨ ᠦᠢᠯᠡᠳᠪᠦᠷᠢᠯᠡᠵᠦ᠂ ᠠᠵᠤ ᠦᠢᠯᠡᠰ ᠲᠦ᠍ ᠲᠦᠰᠢᠭᠯᠡᠨ ᠠᠷᠠᠳ ᠣᠯᠠᠨ ᠢ᠋ ᠪᠠᠶᠠᠵᠢᠭᠤᠯᠵᠤ᠂ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠠᠵᠤ ᠦᠢᠯᠡᠰ ᠢ᠋ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠭᠦᠷ ᠪᠣᠯᠭᠠᠵᠤ ᠪᠠᠶ᠋ᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃