2026-08-22 11:44:52
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠡᠡᠭ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ ᠠᠵᠢᠯ ᠢ᠋ ᠡᠷᠴᠢᠮᠲᠠᠢ ᠠᠬᠢᠭᠤᠯᠵᠤ᠂ ᠤᠳᠤ ᠪᠦᠬᠦ ᠤᠷᠤᠨ ᠤ᠋ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠪᠤᠯᠪᠠᠰᠤᠷᠠᠭᠤᠯᠵᠤ ᠤᠨᠳᠤᠤᠰᠢᠭᠤᠯᠬᠤ ᠨᠤᠷᠮ᠎ᠠ 78% ᠪᠤᠯᠲᠠᠯ᠎ᠠ ᠯᠠᠪᠳᠠᠭᠤᠨ ᠶ᠋ᠢᠡᠷ ᠳᠡᠭᠡᠭᠰᠢᠯᠡᠵᠦ᠂ ᠪᠦᠬᠦ ᠤᠯᠤᠰ ᠤ᠋ᠨ ᠳᠤᠮᠳᠠᠴᠢ ᠲᠦᠪᠰᠢᠨ ᠡᠴᠡ ᠵᠠᠭᠤᠨ ᠤ᠋ ᠬᠠᠷᠢᠴᠠᠯ ᠶ᠋ᠢᠡᠷ 3 ᠬᠤᠪᠢ ᠳᠠᠪᠠᠪᠠ᠃
ᠪᠠᠶᠠᠨᠨᠠᠭᠤᠷ ᠬᠤᠲᠠ ᠶ᠋ᠢᠨ ᠳ᠋ᠸᠡᠭᠺᠸᠦ ᠰᠢᠶᠠᠨ ᠤ᠋ ᠯᠦᠡᠭ ᠱᠸᠡᠭ ᠾᠧ ᠪᠠᠯᠭᠠᠰᠤ ᠵᠢᠨ ᠲᠠᠤᠯᠠᠢ ᠲᠤᠰᠬᠤᠨ ᠤ᠋ ᠮᠢᠡᠭᠭᠠᠨ ᠮᠦ᠍ ᠤᠷᠭᠠᠨᠢᠭ ᠲᠦᠪᠡᠳ ᠬᠠᠰᠢ ᠤᠢᠷ᠎ᠡ ᠳ᠋ᠦ ᠪᠦᠷᠢᠮᠦᠰᠦᠨ ᠪᠤᠯᠪᠠᠰᠤᠷᠠᠭᠠᠳ ᠡᠯᠪᠡᠭ ᠬᠤᠷᠢᠶᠠᠯᠲᠠ ᠤᠯᠪᠠ᠃ ᠡᠨᠡ ᠵᠢᠯ ᠲᠤᠬᠠᠢ ᠶ᠋ᠢᠨ ᠭᠠᠵᠠᠷ ᠤ᠋ᠨ ᠷᠦᠨ ᠵᠢᠶᠠ ᠲᠠᠷᠢᠶᠠᠯᠠᠡᠭ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠤᠮᠫᠠᠨᠢ ᠨᠢ ᠲᠠᠷᠢᠶᠠᠨ ᠭᠠᠵᠠᠷ ᠤ᠋ᠨ ᠡᠵᠡᠡᠭᠨᠡᠯᠲᠡ ᠶ᠋ᠢᠨ ᠡᠷᠭᠡ ᠵᠢ ᠨᠢᠭᠡᠲᠦᠯᠲᠡᠢ ᠭᠦᠢᠯᠭᠡᠭᠡᠵᠦ᠂ ᠴᠢᠬᠢ ᠰᠠᠭᠤᠯᠭᠠᠬᠤ ᠡᠴᠡ ᠠᠪᠤᠭᠠᠳ ᠲᠠᠷᠢᠶᠠᠨ ᠭᠠᠵᠠᠷ ᠤ᠋ᠨ ᠬᠠᠮᠢᠶᠠᠷᠤᠯᠲᠠ᠂ ᠮᠠᠰᠢᠨ ᠶ᠋ᠢᠡᠷ ᠲᠡᠭᠦᠵᠦ ᠬᠤᠷᠢᠶᠠᠬᠤ ᠬᠦᠷᠲᠡᠯᠡᠬᠢ ᠪᠦᠬᠦ ᠶᠠᠪᠤᠴᠠ ᠶ᠋ᠢ ᠪᠠᠷᠢᠮᠵᠢᠶᠠᠵᠢᠭᠤᠯᠪᠠ᠃ ᠡᠨᠡ ᠬᠦ᠌ ᠰᠠᠭᠤᠷᠢᠨ ᠲᠠᠬᠡᠷ᠎ᠠ ᠦᠪᠦᠷ ᠮᠤᠡᠭᠭᠤᠯ ᠤ᠋ᠨ ᠵᠦᠡᠭ ᠯᠢᠶᠠᠡᠭ ᠲᠦᠪᠡᠳ ᠬᠠᠰᠢ ᠶ᠋ᠢᠨ ᠪᠦᠲᠦᠭᠡᠭᠳᠡᠭᠦᠨ ᠦᠢᠯᠡᠳᠪᠦᠷᠢᠯᠡᠬᠦ ᠬᠢᠵᠠᠭᠠᠷᠲᠤ ᠺᠤᠮᠫᠠᠨᠢ ᠲᠠᠢ ᠵᠠᠬᠢᠶᠠᠯᠠᠭ᠎ᠠ ᠶ᠋ᠢᠨ ᠬᠡᠷ᠎ᠡ ᠲᠤᠭᠲᠠᠵᠤ᠂ ᠲᠦᠪᠡᠳ ᠬᠠᠰᠢ ᠶ᠋ᠢᠨ ᠮᠦ᠍ ᠨᠢᠭᠡᠴᠢ ᠶ᠋ᠢᠨ ᠦᠢᠯᠡᠳᠬᠦᠨ ᠤ᠋ ᠦᠷᠳᠡᠭ ᠢ᠋ 6200 ᠲᠦᠭᠦᠷᠢᠭ ᠲᠦ᠍ ᠬᠦᠷᠬᠡᠨ᠂ ᠤᠯᠠᠮᠵᠢᠯᠠᠯᠲᠤ ᠦᠢᠯᠡᠳᠪᠤᠷᠢᠯᠡᠯ ᠡᠵᠡᠩᠨᠡᠯᠳᠡ ᠵᠢᠨ ᠠᠷᠭ᠎ᠠ ᠬᠡᠯᠪᠡᠷᠢ ᠲᠠᠢ ᠬᠠᠷᠢᠴᠠᠭᠤᠯᠪᠠᠯ ᠮᠦ᠍ ᠪᠦᠷᠢ ᠡᠴᠡ 1000 ᠲᠦᠭᠦᠷᠢᠭ ᠢᠯᠡᠭᠦᠦ ᠤᠯᠵᠤ ᠪᠤᠢ᠃ ᠲᠤᠰ ᠺᠤᠮᠫᠠᠨᠢ ᠶ᠋ᠢᠨ ᠬᠢᠨ ᠲᠦᠪᠡᠳ ᠬᠠᠰᠢ ᠪᠠᠨ ᠲᠡᠭᠦᠭᠰᠡᠨ ᠤ᠋ ᠳᠠᠷᠠᠭ᠎ᠠ 2 ᠴᠠᠭ ᠤ᠋ᠨ ᠳᠤᠲᠤᠷ᠎ᠠ ᠦᠪᠦᠷ ᠮᠤᠡᠭᠭᠤᠯ ᠤ᠋ᠨ ᠵᠦᠡᠭ ᠯᠢᠶᠠᠡᠭ ᠲᠦᠪᠡᠳ ᠬᠠᠰᠢ ᠶ᠋ᠢᠨ ᠪᠦᠲᠦᠭᠡᠭᠳᠡᠭᠦᠨ ᠦᠢᠯᠡᠳᠪᠦᠷᠢᠯᠡᠬᠦ ᠬᠢᠵᠠᠭᠠᠷᠲᠤ ᠺᠤᠮᠫᠠᠨᠢ ᠶ᠋ᠢᠨ ᠦᠢᠯᠡᠳᠪᠦᠷᠢᠯᠡᠯ ᠤ᠋ᠨ ᠲᠠᠰᠤᠭ ᠲᠦ᠍ ᠬᠦᠷᠭᠡᠵᠦ᠂ ᠤᠬᠢᠶᠠᠵᠤ ᠴᠡᠪᠡᠷᠯᠡᠨ ᠰᠢᠭᠰᠢᠨ ᠰᠤᠡᠭᠭᠤᠬᠤ᠂ ᠬᠡᠮᠬᠡᠯᠵᠤ ᠬᠠᠯᠠᠭᠠᠵᠤ ᠡᠭᠡᠳᠡᠡᠭ ᠬᠢᠬᠦ ᠵᠡᠷᠭᠡ ᠤᠯᠠᠨ ᠠᠯᠬᠤᠮ ᠶ᠋ᠢᠡᠷ ᠳᠠᠮᠵᠢᠨ ᠲᠦᠪᠡᠳ ᠬᠠᠰᠢ ᠶ᠋ᠢᠨ ᠵᠢᠶᠠᠡᠭ ᠪᠤᠯᠭᠠᠨ ᠪᠤᠯᠪᠠᠰᠤᠷᠠᠭᠤᠯᠵᠤ᠂ ᠡᠸᠦ᠋ᠷᠦᠫᠠ ᠲᠢᠪ ᠪᠤᠯᠤᠨ ᠠᠹᠷᠢᠺᠠ ᠲᠢᠪ ᠤ᠋ᠨ ᠬᠡᠰᠡᠭ ᠤᠯᠤᠰ ᠲᠦ᠍ ᠪᠤᠷᠤᠯᠠᠭᠤᠯᠵᠤ ᠪᠠᠢᠨ᠎ᠠ᠃
ᠲᠠᠷᠢᠶᠠᠨ ᠭᠠᠵᠠᠷ ᠡᠴᠡ ᠦᠢᠯᠡᠳᠪᠦᠷᠢ ᠶ᠋ᠢᠨ ᠲᠠᠰᠤᠭ ᠬᠦᠷᠲᠡᠯ᠎ᠡ᠂ ᠳᠠᠬᠢᠭᠠᠳ ᠭᠠᠳᠠᠭᠠᠳᠤ ᠶ᠋ᠢᠨ ᠵᠠᠬ᠎ᠠ ᠳᠡᠯᠭᠡᠭᠦᠷ ᠬᠦᠷᠲᠡᠯ᠎ᠡ᠂ ᠲᠦᠪᠡᠳ ᠬᠠᠰᠢ ᠶ᠋ᠢᠨ ᠠᠵᠤ ᠦᠢᠯᠡᠰ ᠨᠢ ᠲᠠᠷᠢᠶᠠᠴᠢᠳ ᠤ᠋ᠨ ᠤᠷᠤᠯᠭ᠎ᠠ ᠶ᠋ᠢᠨ ᠨᠡᠮᠡᠭᠳᠡᠯ ᠢ᠋ ᠳᠠᠢᠴᠢᠯᠠᠭᠰᠠᠨ ᠶ᠋ᠢᠡᠷ ᠪᠠᠷᠠᠬᠤ ᠦᠭᠡᠢ 《ᠦᠪᠦᠷ ᠮᠤᠡᠭᠭᠤᠯ ᠤ᠋ᠨ ᠦᠨᠦᠷ ᠠᠮᠲᠠ》ᠵᠢ ᠲᠠᠯᠡᠬᠡᠢ ᠶ᠋ᠢᠨ ᠵᠠᠬ᠎ᠠ ᠳᠡᠯᠭᠡᠭᠦᠷ ᠲᠦ᠍ ᠬᠠᠡᠭᠬᠤᠯᠤᠭᠤᠯᠪᠠ᠃ ᠡᠨᠡ ᠵᠢᠯ ᠮᠠᠨ ᠤ᠋ ᠤᠷᠤᠨ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ ᠢᠨᠵᠸᠨ᠋ᠸᠷᠢᠡᠭ ᠢ᠋ ᠭᠦᠨᠵᠡᠭᠡᠢ ᠬᠡᠷᠡᠭᠵᠢᠭᠦᠯᠵᠦ᠂ ᠲᠦᠷᠦᠯ ᠵᠦᠢᠯ ᠢ᠋ ᠨᠠᠢᠳᠠᠪᠤᠷᠢᠵᠢᠭᠤᠯᠬᠤ᠂ ᠠᠵᠤ ᠠᠬᠤᠢᠯᠠᠯ ᠢ᠋ ᠲᠤᠰᠠᠯᠠᠬᠤ ᠦᠢᠯᠡᠴᠢᠯᠡᠭᠡ ᠦᠷᠨᠢᠭᠦᠯᠬᠦ ᠵᠡᠷᠭᠡ ᠡᠯ᠎ᠡ ᠵᠦᠢᠯ ᠤ᠋ᠨ ᠡᠭᠦᠷᠭᠡ ᠵᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠤ᠂ ᠳᠡᠭᠡᠷ᠎ᠡ ᠬᠠᠭᠠᠰ ᠵᠢᠯ ᠳ᠋ᠦ ᠪᠦᠬᠦ ᠤᠷᠤᠨ ᠤ᠋ ᠬᠡᠪᠴᠢᠶᠡᠵᠢᠯ ᠡᠴᠡ ᠳᠡᠭᠡᠭᠰᠢᠬᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠪᠤᠯᠪᠠᠰᠤᠷᠠᠭᠤᠯᠬᠤ ᠠᠵᠤ ᠠᠬᠤᠢᠯᠠᠯ 910 ᠪᠤᠯᠵᠤ ᠨᠡᠮᠡᠭᠳᠡᠨ᠂ ᠡᠵᠡᠡᠭᠨᠡᠯᠲᠡ ᠶ᠋ᠢᠨ ᠤᠷᠤᠯᠭ᠎ᠠ ᠨᠢ 4705 ᠳ᠋ᠦᠩᠰᠢᠭᠤᠷ ᠲᠥᠭᠥᠷᠢᠭ ᠲᠦ᠍ ᠬᠦᠷᠴᠠᠢ᠃
ᠤᠢᠯᠠᠭᠠᠭᠰᠠᠨ ᠵᠢᠡᠷ᠂ ᠮᠠᠨ ᠤ᠋ ᠤᠷᠤᠨ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠦᠢᠯᠡᠳᠬᠦᠨ ᠤ᠋ ᠦᠷᠳᠡᠭ ᠢ᠋ ᠭᠦᠢᠴᠡᠳ ᠢᠯᠡᠷᠡᠭᠦᠯᠬᠦ ᠶ᠋ᠢᠨ ᠲᠦᠯᠦᠭᠡ ᠪᠠᠷᠢᠮᠵᠢᠶᠠᠵᠢᠭᠤᠯᠵᠤ ᠬᠡᠪᠴᠢᠶᠡᠵᠢᠭᠦᠯᠤᠨ ᠪᠤᠯᠪᠠᠰᠤᠷᠠᠭᠤᠯᠬᠤ ᠲᠦᠪᠰᠢᠨ ᠢ᠋ ᠦᠷᠬᠦᠯᠵᠢᠯᠡᠨ ᠳᠡᠭᠡᠭᠰᠢᠯᠡᠭᠦᠯᠵᠦ ᠪᠠᠢᠨ᠎ᠠ᠃ ᠲᠦᠡᠭᠯᠢᠶᠤᠤ ᠬᠤᠲᠠ ᠶ᠋ᠢᠨ ᠺᠠᠢᠯᠦ ᠶ᠋ᠢᠨ ᠠᠮᠢᠳᠤ ᠪᠤᠳᠠᠰ ᠤ᠋ᠨ ᠡᠮ ᠡᠮᠨᠡᠯᠭᠡ ᠶ᠋ᠢᠨ ᠨᠡᠭᠡᠭᠡᠯᠲᠡ ᠶ᠋ᠢᠨ ᠲᠤᠭᠤᠷᠢᠭ ᠤ᠋ᠨ ᠬᠢᠨ ᠡᠷᠳᠡᠨᠢ ᠰᠢᠰᠢ ᠶ᠋ᠢᠨ ᠠᠵᠤ ᠦᠢᠯᠡᠰ ᠤ᠋ᠨ ᠡᠬᠢᠨ ᠤ᠋ ᠦᠢᠯᠡᠳᠬᠦᠨ ᠪᠠ ᠡᠴᠦᠰ ᠤ᠋ᠨ ᠦᠢᠯᠡᠳᠬᠦᠨ ᠤ᠋ ᠠᠵᠤ ᠦᠢᠯᠡᠰ ᠤ᠋ᠨ ᠠᠵᠤ ᠠᠬᠤᠢᠯᠠᠯ ᠤ᠋ᠨ ᠬᠠᠮᠲᠤ ᠪᠡᠷ ᠬᠦᠭᠵᠢᠬᠦ ᠵᠢ ᠠᠬᠢᠭᠤᠯᠵᠤ᠂ ᠤᠳᠤᠬᠠᠨ ᠪᠤᠯᠳᠠᠯ᠎ᠠ ᠨᠢᠭᠡᠨᠲᠡ ᠡᠷᠳᠡᠨᠢ ᠰᠢᠰᠢ ᠶ᠋ᠢᠨ ᠠᠮᠢᠳᠤ ᠪᠤᠳᠠᠰ ᠵᠢᠴᠢ ᠡᠮ ᠡᠮᠨᠡᠯᠭᠡ᠂ ᠬᠢᠮᠢ ᠶ᠋ᠢᠨ ᠠᠵᠤ ᠦᠢᠯᠡᠳᠪᠦᠷᠢ ᠶ᠋ᠢᠨ 30 ᠭᠠᠷᠤᠢ ᠠᠵᠤ ᠠᠬᠤᠢᠯᠠᠯ ᠢ᠋ ᠴᠤᠭᠯᠠᠷᠠᠭᠤᠯᠵᠤ᠂ ᠵᠢᠯ ᠤ᠋ᠨ ᠡᠷᠳᠡᠨᠢ ᠰᠢᠰᠢ ᠵᠢ ᠤᠨᠳᠤᠤᠰᠢᠭᠤᠯᠬᠤ ᠴᠢᠳᠠᠪᠤᠷᠢ ᠨᠢ 200 ᠲᠦᠮᠡᠨ ᠳᠤᠨ ᠢ᠋ ᠳᠠᠪᠠᠨ᠂ ᠦᠢᠯᠡᠳᠬᠦᠨ ᠤ᠋ ᠦᠷᠳᠡᠭ ᠨᠢ 70 ᠳ᠋ᠦ᠋ᠡᠭᠰᠢᠭᠤᠷ ᠲᠦᠭᠦᠷᠢᠭ ᠲᠦ᠍ ᠬᠦᠷᠴᠦ ᠪᠠᠢᠨ᠎ᠠ᠃ ᠤᠢᠷ᠎ᠠ ᠳ᠋ᠦ ᠦᠬᠠᠢ ᠬᠤᠲᠠ ᠶ᠋ᠢᠨ 1.86 ᠲᠦᠮᠡᠨ ᠮᠦ᠍ ᠦᠵᠦᠮ ᠲᠡᠭᠦᠵᠦ ᠬᠤᠷᠢᠶᠠᠬᠤ ᠬᠤᠭᠤᠴᠠᠭᠠᠨ ᠳ᠋ᠦ ᠤᠷᠤᠵᠤ᠂ ᠲᠤᠬᠠᠢ ᠶ᠋ᠢᠨ ᠭᠠᠵᠠᠷ ᠤ᠋ᠨ ᠦᠵᠦᠮ ᠤ᠋ᠨ ᠠᠷᠢᠬᠢ ᠪᠤᠯᠪᠠᠰᠤᠷᠠᠭᠤᠯᠬᠤ 4 ᠠᠵᠤ ᠠᠬᠤᠢᠯᠠᠯ ᠤ᠋ᠨ ᠵᠢᠯ ᠤ᠋ᠨ ᠬᠠᠮᠤᠭ ᠤ᠋ᠨ ᠶᠡᠬᠡ ᠦᠢᠯᠡᠳᠪᠦᠷᠢᠯᠡᠯ ᠤ᠋ᠨ ᠴᠢᠳᠠᠪᠤᠷᠢ ᠨᠢ 1.23 ᠲᠦᠮᠡᠨ ᠳᠤᠨ ᠳ᠋ᠦ ᠬᠦᠷᠴᠦ᠂ ᠪᠦᠬᠦ ᠤᠷᠤᠨ ᠳ᠋ᠦ ᠲᠦᠷᠦᠭᠦᠯᠡᠵᠦ ᠪᠠᠢᠨ᠎ᠠ᠃
ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠨᠢᠭᠡ ᠪᠦᠯᠦᠭ ᠤᠯᠤᠰ ᠤ᠋ᠨ ᠲᠠᠰ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠬᠦᠨ ᠢ᠋ ᠪᠤᠯᠪᠠᠰᠤᠷᠠᠭᠤᠯᠬᠤ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ ᠢ᠋ ᠬᠦᠴᠦᠯᠡᠨ ᠪᠠᠶ᠋ᠢᠭᠤᠯᠵᠤ᠂ ᠣᠨᠴᠠᠯᠢᠭᠢᠶᠠᠷ ᠢᠯᠡ ᠲᠣᠳᠣ᠂ ᠬᠡᠯᠬᠢᠶ᠎ᠡ ᠪᠡᠷ ᠪᠦᠷᠢᠨ ᠲᠡᠭᠦᠯᠳᠡᠷ᠂ ᠥᠷᠢᠰᠥᠯᠳᠦᠬᠦ᠌ ᠬᠦᠴᠦᠨ ᠶ᠋ᠢᠡᠷ ᠪᠠᠳᠤ ᠴᠢᠩᠭ᠎ᠠ ᠣᠲᠣ ᠦᠶ᠎ᠡ ᠶ᠋ᠢᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠬᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠦᠢᠯᠡᠰ ᠤ᠋ᠨ ᠪᠠᠶ᠋ᠢᠷᠢᠰᠢᠯ ᠢ᠋ ᠪᠠᠶ᠋ᠢᠭᠤᠯᠬᠤ ᠳ᠋ᠦ ᠬᠦᠴᠦᠨ ᠨᠡᠮᠡᠷᠢᠯᠡᠬᠦ ᠪᠡᠷ ᠬᠦᠴᠦᠯᠡᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃