ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-08-25 10:13:37

ᠵᠣᠬᠢᠶᠠᠭ᠍ᠴᠢ᠄ ​ ᠲᠡᠭᠦᠰᠪᠢᠯᠢᠭ ᠣᠩᠱᠢᠭ᠍ᠰᠠᠨ ᠣᠳᠠᠭ᠎ᠠ᠄ 3

ᠨᠠᠮᠤᠷ᠎ᠤ᠋ᠨ ᠡᠬᠢᠨ᠎ᠤ ᠤᠷᠠᠳ᠎ᠤ᠋ᠨ ᠲᠠᠯ᠎ᠠ ᠨᠤᠲᠤᠭ᠎ᠲᠤ᠌ ᠦᠬᠡᠷ ᠬᠣᠨᠢ ᠲᠠᠷᠬᠠᠨ ᠪᠡᠯᠴᠢᠵᠦ ᠲᠠᠪᠠᠳᠠᠢ ᠢᠳᠡᠰᠢᠯᠡᠨ᠂ ᠥᠩᠭᠡᠷᠡᠭᠰᠡᠨ᠎ᠤ ᠮᠠᠯ ᠰᠦᠷᠦᠭ ᠭᠡᠳᠦᠷᠡᠲᠡᠯ᠎ᠡ ᠮᠠᠯᠵᠢᠭᠰᠠᠨ ᠪᠠᠢᠳᠠᠯ ᠦᠵᠡᠭᠳᠡᠬᠦ᠎ᠪᠡᠨ ᠪᠣᠯᠢᠪᠠ᠃

ᠪᠠᠶᠠᠨᠨᠠᠭᠤᠷ ᠬᠣᠲᠠ᠎ᠶ᠋ᠢᠨ ᠤᠷᠠᠳ᠎ᠤ᠋ᠨ ᠳᠤᠮᠳᠠᠳᠤ ᠬᠤᠰᠢᠭᠤᠨ᠎ᠤ᠋ ᠭᠠᠭᠴᠠᠮᠣᠳᠣ ᠪᠠᠯᠭᠠᠰᠤ᠎ᠶ᠋ᠢᠨ ᠬᠥᠭᠵᠢᠯᠲᠦ ᠭᠠᠴᠠᠭ᠎ᠠ᠎ᠳ᠋ᠤ᠌᠂ ᠵᠢᠭᠤᠯᠴᠢᠳ ᠪᠦᠯᠦᠭ ᠪᠦᠯᠦᠭ᠎ᠢᠶᠡᠷ᠎ᠢᠶᠡᠨ ᠬᠦᠷᠦᠯᠴᠡᠨ ᠢᠷᠡᠵᠦ᠂ ᠰᠢᠷᠭ᠎ᠠ ᠮᠣᠷᠢᠨ᠎ᠤ᠋ ᠭᠡᠷ ᠪᠦᠯᠢ᠎ᠶ᠋ᠢᠨ ᠠᠮᠢ ᠠᠬᠤᠢ᠎ᠶ᠋ᠢᠨ ᠮᠠᠯᠵᠢᠯ᠎ᠤ᠋ᠨ ᠲᠠᠯᠠᠪᠠᠢ᠎ᠶ᠋ᠢᠨ ᠬᠠᠷᠢᠭᠤᠴᠠᠯᠭᠠᠲᠠᠨ ᠪᠠᠶᠠᠨᠭᠤᠤᠯ᠎ᠢ᠋ ᠳᠠᠭᠠᠨ ᠮᠠᠯᠵᠢᠯ᠎ᠤ᠋ᠨ ᠲᠠᠯᠠᠪᠠᠢ᠎ᠶ᠋ᠢᠨ ᠭᠡᠷ ᠪᠦᠯᠢ᠎ᠶ᠋ᠢᠨ ᠮᠦᠽᠧᠢ᠎ᠶ᠋ᠢ ᠰᠤᠨᠢᠷᠬᠠᠨ᠎ᠠ᠃ ᠮᠦᠽᠧᠢ᠎ᠳ᠋ᠦ᠍ ᠳᠡᠯᠭᠡᠨ ᠦᠵᠡᠭᠦᠯᠵᠦ ᠪᠠᠢᠭ᠎ᠠ ᠮᠣᠷᠢᠨ᠎ᠤ ᠪᠦᠷᠢᠨ ᠡᠳ᠋ᠯᠡᠯ ᠪᠣᠯᠤᠨ ᠵᠢᠷᠤᠭ ᠳᠦᠷᠰᠦ ᠪᠦᠬᠦᠢ ᠦᠵᠡᠮᠦᠷᠢ᠎ᠨᠦ᠍ᠭᠦᠳ ᠨᠢ ᠮᠤᠷᠢ ᠬᠢᠬᠡᠳ ᠮᠠᠯᠴᠢᠨ ᠎ᠤ ᠰᠠᠯᠵᠤ ᠴᠢᠳᠠᠰᠢ ᠦᠭᠡᠢ ᠬᠤᠪᠢ ᠲᠠᠪᠢᠯᠠᠩ᠎ᠢ᠋ ᠬᠦᠤᠷᠨᠢᠨ᠎ᠠ᠃ ᠠᠳᠤᠭᠤᠨ᠎ᠤ ᠬᠠᠰᠢᠶᠠᠨ᠎ᠳᠤ ᠨᠢ ᠤᠨᠠᠭ᠎ᠠ ᠪᠡᠨ ᠳᠠᠭᠠᠭᠤᠯᠤᠭᠰᠠᠨ ᠢᠵᠢᠯᠬᠡᠨ ᠵᠢᠰᠦᠮ᠎ᠲᠡᠢ ᠰᠢᠷᠭ᠎ᠠ ᠠᠳᠤᠭᠤᠳ ᠬᠠᠷᠠᠭᠳᠠᠵᠤ᠂ ᠵᠢᠭᠤᠯᠴᠢᠳ ᠭᠠᠷ ᠤᠳᠠᠰᠤ ᠪᠠᠨ ᠭᠠᠷᠭᠠᠨ ᠵᠢᠷᠤᠭ ᠲᠠᠷᠤᠬᠤ ᠪᠤᠶᠤ ᠲᠦᠷᠰᠦ ᠰᠢᠩᠭᠡᠭᠡᠨ ᠲᠤᠷᠠᠰᠬᠠᠯ ᠦᠯᠡᠳᠡᠭᠡᠨ᠎ᠡ᠃

︽ᠥᠩᠭᠡᠷᠡᠭᠰᠡᠨ᠎ᠳ᠋ᠦ᠍ ᠪᠢᠳᠡ ᠲᠣᠭ᠎ᠠ ᠬᠡᠮᠵᠢᠶᠡᠨ᠎ᠦ᠌ ᠨᠡᠮᠡᠭᠳᠡᠯ᠎ᠢ ᠯᠡ ᠪᠣᠳᠣᠭᠠᠳ᠂ ᠭᠡᠮᠵᠢᠶᠠᠨ᠎ᠳᠤᠨᠢ ᠲᠤᠭᠢᠷᠠᠭᠤᠯᠵᠤ ᠵᠤᠬᠢᠴᠠᠭᠤᠯᠬᠤ᠎ᠵᠢ ᠮᠡᠳᠡᠬᠦ ᠦᠭᠡᠢ᠂ ᠮᠠᠯ᠎ᠰᠦᠷᠦᠭ ᠤ᠋ᠨ ᠴᠢᠨᠠᠷ᠎ᠢ᠋ ᠣᠮᠲᠣᠭᠠᠢᠯᠠᠭᠰᠠᠨ᠎ᠠ᠋ᠴᠠ ᠭᠡᠳᠦᠷᠡᠲᠡᠯ᠎ᠡ ᠮᠠᠯᠵᠢᠵᠤ ᠪᠡᠯᠴᠢᠭᠡᠷ᠎ᠢ ᠮᠠᠭᠤᠳᠠᠭᠤᠯᠤᠭᠰᠠᠨ ᠪᠠᠢᠨ᠎ᠠ᠃ ᠣᠢᠷ᠎ᠠ᠎ᠶ᠋ᠢᠨ ᠬᠡᠳᠦᠨ ᠵᠢᠯ᠎ᠳ᠋ᠦ᠍᠂ ᠪᠢᠳᠡ ᠮᠠᠯ ᠰᠦᠷᠦᠭ᠎ᠦ᠋ᠨ ᠲᠣᠭ᠎ᠠ ᠲᠣᠯᠣᠭᠠᠢ᠎ᠶ᠋ᠢ ᠴᠥᠭᠡᠳᠬᠡᠵᠦ᠂ ᠰᠢᠷᠭ᠎ᠠ ᠮᠣᠷᠢᠨ᠎ᠤ᠋ ᠣᠨᠴᠠᠯᠢᠭᠲᠤ ᠮᠠᠯ ᠠᠵᠤ ᠠᠬᠤᠢ᠎ᠶ᠋ᠢᠨ ᠠᠵᠤ ᠦᠢᠯᠡᠰ᠎ᠢ᠋ ᠰᠣᠶᠣᠯ ᠵᠤᠭᠠᠴᠠᠯ᠎ᠲᠠᠢ ᠠᠭᠤᠰᠤᠯᠴᠠᠭᠤᠯᠵᠤ᠂︿ᠮᠠᠯ᠎ᠢ᠋ᠶ᠋ᠠᠨ ᠴᠥᠭᠡᠳᠬᠡᠭᠰᠡᠨ ᠴᠤ᠌ ᠣᠷᠣᠯᠭ᠎ᠠ ᠨᠡᠮᠡᠭᠳᠡᠬᠦᠯᠬᠦ﹀ᠰᠢᠨ᠎ᠡ ᠵᠠᠮ᠎ᠢ᠋ ᠨᠡᠭᠡᠭᠡᠭᠰᠡᠨ ᠪᠠᠢᠨ᠎ᠠ᠃ ᠵᠢᠭᠤᠯᠴᠢᠯᠠᠯ᠎ᠤ᠋ᠨ ᠬᠥᠭᠵᠢᠶᠡᠨᠲᠡᠢ ᠤᠯᠠᠷᠢᠯ᠎ᠳ᠋ᠤ᠌᠂ ᠬᠣᠶᠠᠷᠬᠠᠨ ᠰᠠᠷ᠎ᠠ᠎ᠲᠤᠳᠤᠷ᠎ᠠ 10 ᠲᠦᠮᠡᠨ ᠲᠥᠭᠥᠷᠢᠭ᠎ᠡᠴᠡ ᠳᠡᠭᠡᠭᠰᠢ ᠤᠷᠤᠯᠭ᠎ᠠ ᠣᠯᠤᠨ᠎ᠠ》 ᠭᠡᠮᠡᠨ ᠪᠠᠶᠠᠨᠭᠤᠤᠯ ᠶᠠᠷᠢᠨ᠎ᠠ᠃

ᠪᠦᠬᠦ ᠣᠷᠣᠨ᠎ᠤ᠋ ᠨᠤᠲᠤᠭ ᠪᠡᠯᠴᠢᠭᠡᠷ᠎ᠦ᠋ᠨ ᠭᠡᠳᠦᠷᠡᠳᠡᠯ᠎ᠡ ᠮᠠᠯᠵᠢᠭᠰᠠᠨ ᠠᠰᠠᠭᠤᠳᠠᠯ᠎ᠢ᠋ ᠰᠢᠢᠳᠪᠦᠷᠢᠯᠡᠬᠦ ᠲᠤᠷᠰᠢᠯᠲᠠ᠎ᠶ᠋ᠢᠨ ᠬᠣᠰᠢᠭᠤ ᠰᠢᠶᠠᠨ ᠪᠣᠯᠤᠭᠰᠠᠨ᠎ᠤ᠋ ᠬᠤᠪᠢ᠎ᠳ᠋ᠤ᠌᠂ ᠤᠷᠠᠳ᠎ᠤ᠋ᠨ ᠳᠤᠮᠳᠠᠳᠤ ᠬᠣᠰᠢᠭᠤ 《ᠪᠡᠯᠴᠢᠭᠡᠷᠯᠡᠭᠦᠯᠬᠦ᠎ᠶ᠋ᠢ ᠴᠠᠭᠠᠵᠠᠯᠠᠵᠤ ᠮᠠᠯᠵᠢᠬᠤ᠎ᠶ᠋ᠢ ᠦᠯᠦ ᠴᠠᠭᠠᠵᠠᠯᠠᠬᠤ᠂ ᠮᠠᠯ᠎ᠢ ᠴᠥᠭᠡᠳᠬᠡᠵᠦ ᠤᠷᠤᠯᠭ᠎ᠠ᠎ᠵᠢ ᠪᠠᠭᠠᠰᠬᠠᠬᠤ ᠥᠬᠡᠢ》 ᠬᠥᠭᠵᠢᠯᠲᠡ᠎ᠶ᠋ᠢᠨ ᠰᠡᠳᠬᠢᠴᠡ᠎ᠶ᠋ᠢ ᠪᠠᠷᠢᠮᠲᠠᠯᠠᠨ᠂ ᠬᠦᠢᠲᠡᠨ ᠤᠯᠠᠷᠢᠯ᠎ᠳᠦ ᠣᠳᠣ ᠦᠶ᠎ᠡ᠎ᠶ᠋ᠢᠨ ᠨᠡᠭᠦᠳᠡᠯ ᠮᠠᠯᠵᠢᠯ᠎ᠤ᠋ᠨ ᠣᠨᠳᠣᠣ ᠭᠠᠵᠠᠷ ᠬᠠᠰᠢᠶᠠᠯᠠᠨ ᠲᠡᠵᠢᠭᠡᠬᠦ᠂ ᠡᠷᠦᠬᠡ ᠬᠣᠯᠪᠣᠭᠠᠯᠠᠨ ᠡᠵᠡᠩᠨᠡᠬᠦ ᠣᠶᠤᠨᠲᠤ ᠮᠠᠯᠵᠢᠯ᠎ᠤ᠋ᠨ ᠲᠠᠯᠠᠪᠠᠢ᠂ ᠤᠯᠠᠷᠢᠯ᠎ᠤ᠋ᠨ ᠴᠢᠨᠠᠷᠲᠠᠢ ᠨᠤᠲᠤᠭ ᠪᠡᠯᠴᠢᠭᠡᠷ᠎ᠦ᠋ᠨ ᠮᠠᠯ ᠠᠵᠤ ᠠᠬᠤᠢ ᠵᠡᠷᠭᠡ 《ᠭᠤᠷᠪᠠᠨ ᠵᠦᠢᠯ᠎ᠦ᠋ᠨ ᠵᠠᠭᠪᠤᠷ》 ᠢ᠋ ᠰᠦᠪᠡᠭᠴᠢᠯᠡᠨ ᠪᠦᠷᠢᠯᠳᠦᠭᠦᠯᠵᠦ᠂ ᠲᠤᠬᠠᠢ᠎ᠶ᠋ᠢᠨ ᠭᠠᠵᠠᠷ ᠲᠤᠨᠢ ᠬᠠᠰᠢᠶᠠᠯᠠᠨ ᠲᠡᠵᠢᠭᠡᠬᠦ ᠪᠠ ᠲᠤᠬᠠᠢ᠎ᠶ᠋ᠢᠨ ᠭᠠᠵᠠᠷ ᠲᠤᠨᠢ ᠨᠠᠢᠳᠠᠨ ᠲᠡᠵᠢᠭᠡᠯᠭᠡᠬᠦ᠂ ᠣᠨᠳᠣᠣ ᠭᠠᠵᠠᠷ᠎ᠲᠤ᠌ ᠬᠠᠰᠢᠶᠠᠯᠠᠨ ᠲᠡᠵᠢᠭᠡᠬᠦ᠂ ᠬᠥᠮᠦᠨ᠎ᠦ᠌ ᠬᠦᠴᠦ᠎ᠪᠡᠷ ᠡᠪᠡᠰᠦ ᠲᠠᠷᠢᠬᠤ ᠪᠠ ᠡᠰᠢ ᠰᠦᠷᠡᠯ᠎ᠢ᠋ ᠠᠰᠢᠭᠯᠠᠬᠤ᠂ ᠲᠡᠵᠢᠭᠡᠯ ᠡᠪᠡᠰᠦ᠎ᠶ᠋ᠢ ᠬᠠᠳᠠᠭᠠᠯᠠᠨ ᠲᠡᠭᠡᠭᠡᠪᠦᠷᠢᠯᠡᠬᠦ᠂ ᠰᠠᠢᠨ ᠡᠭᠦᠯᠳᠡᠷ᠎ᠢ᠋ ᠳᠡᠭᠡᠭᠰᠢᠯᠡᠭᠦᠯᠬᠦ ᠪᠠ ᠨᠠᠷᠢᠯᠢᠭ ᠡᠳ᠋ᠰᠢᠭᠦᠯᠬᠦ᠂ ᠨᠡᠷᠡᠲᠦ ᠲᠡᠮᠳᠡᠭᠲᠦ᠎ᠶ᠋ᠢ ᠡᠵᠡᠩᠨᠡᠨ ᠪᠣᠷᠣᠯᠠᠭᠤᠯᠬᠤ ᠪᠠ ᠨᠡᠢᠭᠡᠮᠴᠢᠯᠡᠭᠰᠡᠨ ᠦᠢᠯᠡᠴᠢᠯᠡᠭᠡ ᠵᠡᠷᠭᠡ 《ᠠᠷᠪᠠᠨ ᠵᠦᠢᠯ᠎ᠦ᠋ᠨ ᠠᠷᠭ᠎ᠠ》ᠪᠡᠷ ᠲᠠᠮᠵᠢᠭᠤᠯᠤᠨ᠂ ᠴᠥᠭᠡᠨ ᠮᠠᠯᠵᠢᠵᠤ ᠨᠠᠷᠢᠯᠢᠭ ᠮᠠᠯᠵᠢᠬᠤ᠎ᠶ᠋ᠢ ᠬᠡᠷᠡᠭᠵᠢᠭᠦᠯᠵᠦ᠂ ᠮᠠᠯ ᠪᠡᠯᠴᠢᠭᠡᠷ᠎ᠢ᠋ ᠲᠡᠩᠴᠡᠭᠦᠷᠢᠲᠡᠢ ᠬᠥᠭᠵᠢᠭᠦᠯᠪᠡ᠃

ᠣᠳᠣᠬᠠᠨ᠎ᠳ᠋ᠤ᠌᠂ ᠪᠡᠯᠴᠢᠭᠡᠷᠯᠡᠭᠦᠯᠬᠦ᠎ᠶ᠋ᠢ ᠴᠠᠭᠠᠵᠠᠯᠠᠨ ᠪᠡᠯᠴᠢᠭᠡᠷ᠎ᠢ ᠰᠡᠷᠭᠦᠭᠡᠬᠦ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ ᠦᠷ᠎ᠡ ᠪᠦᠲᠦᠮᠵᠢ ᠣᠯᠬᠤ᠎ᠶ᠋ᠢ ᠳᠠᠭᠠᠯᠳᠤᠨ᠂ ᠤᠷᠠᠳ᠎ᠤ᠋ᠨ ᠲᠠᠯ᠎ᠠ ᠨᠤᠲᠤᠭ᠎ᠤ᠋ᠨ ᠠᠮᠢ ᠠᠬᠤᠢ ᠦᠷᠭᠦᠯᠵᠢᠯᠡᠨ ᠰᠠᠢᠵᠢᠷᠠᠵᠠᠢ᠃ ᠴᠥᠭᠡᠨ ᠪᠤᠰᠤ ᠮᠠᠯᠴᠢᠳ ᠠᠮᠢ ᠠᠬᠤᠢ᠎ᠶ᠋ᠢᠨ ᠡᠬᠢ ᠪᠠᠶᠠᠯᠢᠭ᠎ᠲᠠᠭᠠᠨ ᠲᠦᠰᠢᠭᠯᠡᠨ ᠮᠠᠯᠴᠢᠨ ᠠᠢᠯ᠎ᠤ᠋ᠨ ᠵᠤᠭᠠᠴᠠᠯ᠂ ᠠᠷᠠᠳ᠎ᠤ᠋ᠨ ᠵᠠᠩ ᠦᠢᠯᠡ᠎ᠵᠢ ᠪᠡᠶᠡᠴᠢᠯᠡᠨ ᠤᠢᠯᠠᠭᠠᠭᠤᠯᠬᠤ ᠵᠡᠷᠭᠡ ᠰᠢᠨ᠎ᠡ ᠦᠢᠯᠡᠰ᠎ᠢ᠋ ᠬᠥᠭᠵᠢᠭᠦᠯᠦᠨ᠎ᠡ᠃ ᠡᠭᠦᠨ᠎ᠳ᠋ᠦ᠍᠂ ᠪᠠᠶᠠᠨᠭᠤᠤᠯ᠎ᠦ᠋ᠨ ᠰᠢᠷᠭ᠎ᠠ ᠮᠤᠷᠢᠨ᠎ᠤ ᠭᠡᠷ ᠪᠦᠯᠢ᠎ᠶᠢᠨ ᠠᠮᠢ ᠠᠬᠤᠢ᠎ᠶ᠋ᠢᠨ ᠮᠠᠯᠵᠢᠯ᠎ᠤ᠋ᠨ ᠲᠠᠯᠠᠪᠠᠢ ᠪᠣᠯ 《ᠤᠯᠠᠷᠢᠯ᠎ᠤ᠋ᠨ ᠴᠢᠨᠠᠷᠲᠠᠢ ᠲᠠᠯ᠎ᠠ ᠨᠤᠲᠤᠭ᠎ᠤ᠋ᠨ ᠮᠠᠯ ᠠᠵᠤ ᠠᠬᠤᠢ》 ᠶ᠋ᠢᠨ ᠬᠤᠷᠢᠶᠠᠩᠭᠤᠢ ᠳᠦᠷᠢ ᠪᠣᠯᠤᠨ᠎ᠠ᠃ ᠮᠠᠯᠵᠢᠯ᠎ᠤ᠋ᠨ ᠲᠠᠯᠠᠪᠠᠢ ᠨᠢ ᠮᠠᠯ᠎ᠤ᠋ᠨ ᠲᠣᠭ᠎ᠠ ᠲᠣᠯᠣᠭᠠᠢ᠎ᠶ᠋ᠢ ᠴᠢᠩᠭ᠎ᠠ ᠬᠢᠨᠠᠨ ᠲᠣᠭᠲᠠᠭᠠᠬᠤ᠎ᠶ᠋ᠢ ᠬᠡᠷᠡᠭᠵᠢᠭᠦᠯᠵᠦ᠂ ᠤᠯᠠᠷᠢᠯ ᠬᠤᠪᠢᠶᠠᠨ ᠰᠡᠯᠭᠦᠨ ᠮᠠᠯᠵᠢᠬᠤ ᠪᠠ ᠲᠠᠷᠢᠮᠠᠯ ᠲᠡᠵᠢᠭᠡᠯ ᠡᠪᠡᠰᠦᠨ᠎ᠦ᠌ ᠰᠠᠭᠤᠷᠢᠨ ᠭᠠᠵᠠᠷ᠎ᠢ᠋ᠶ᠋ᠠᠷ ᠲᠡᠵᠢᠭᠡᠯ ᠡᠪᠡᠰᠦᠨ᠎ᠦ᠌ ᠳᠤᠲᠠᠭᠳᠠᠯ᠎ᠢ᠋ ᠨᠥᠬᠥᠪᠥᠷᠢᠯᠡᠵᠦ᠂ ᠰᠣᠬᠣᠷ ᠪᠠᠯᠠᠢ᠎ᠪᠠᠷ ᠥᠷᠭᠡᠳᠬᠡᠬᠦ᠎ᠡᠴᠡ ᠠᠶᠠᠷᠯᠠᠵᠠᠢ᠃ ᠡᠭᠦᠨ᠎ᠦ᠌ ᠬᠠᠮᠲᠤ ᠣᠨᠴᠠᠯᠢᠭᠲᠤ ᠠᠳᠤᠭᠤᠨ᠎ᠤ᠋ ᠡᠬᠢ ᠪᠠᠶᠠᠯᠢᠭ᠎ᠲᠤ᠌ ᠲᠦᠰᠢᠭᠯᠡᠨ᠂ ᠰᠣᠶᠣᠯ ᠵᠢᠭᠤᠯᠴᠢᠯᠠᠯ᠎ᠤ᠋ᠨ ᠠᠵᠤ ᠦᠢᠯᠡᠰ᠎ᠢ᠋ ᠥᠷᠭᠡᠳᠬᠡᠨ᠂ ᠠᠮᠢ ᠠᠬᠤᠢ᠎ᠶ᠋ᠢ ᠬᠠᠮᠠᠭᠠᠯᠠᠬᠤ ᠪᠠ ᠣᠨᠴᠠᠯᠢᠭᠲᠤ ᠠᠵᠤ ᠦᠢᠯᠡᠰ᠎ᠢ᠋ ᠵᠣᠬᠢᠴᠠᠩᠭᠤᠢ᠎ᠪᠠᠷ ᠬᠥᠭᠵᠢᠭᠦᠯᠪᠡ᠃

ᠬᠤᠯᠤᠰᠤᠲᠠᠢ ᠰᠤᠮᠤ᠎ᠶ᠋ᠢᠨ ᠣᠩᠭᠣᠨ ᠭᠠᠴᠠᠭᠠᠨ᠎ᠤ᠋ ᠮᠠᠯᠴᠢᠨ ᠮᠡᠷᠭᠡᠨ᠎ᠤ ᠬᠢᠨ ᠪᠣᠯ《ᠡᠷᠦᠬᠡ ᠬᠣᠯᠪᠣᠭᠠᠯᠠᠨ ᠡᠵᠡᠩᠨᠡᠬᠦ ᠣᠶᠤᠨᠲᠤ ᠮᠠᠯᠵᠢᠯ᠎ᠤ᠋ᠨ ᠲᠠᠯᠠᠪᠠᠢ》 ᠶ᠋ᠢᠨ ᠦᠯᠢᠭᠡᠷ ᠵᠢᠱ᠌ᠢᠶ᠎ᠡ ᠪᠣᠯᠬᠤ ᠶᠤᠮ᠃ ᠪᠡᠯᠴᠢᠭᠡᠷ᠎ᠦ᠋ᠨ ᠮᠠᠭᠤᠳᠠᠯ ᠪᠠ ᠲᠡᠵᠢᠭᠡᠨ ᠦᠷᠡᠵᠢᠭᠦᠯᠬᠦ ᠥᠪᠡᠷ᠎ᠦ᠋ᠨ ᠥᠷᠲᠡᠭ᠎ᠦ᠋ᠨ ᠳᠡᠭᠡᠭᠰᠢᠯᠡᠯᠲᠡ᠎ᠶ᠋ᠢᠨ ᠥᠷᠢᠰᠦᠯᠳᠦᠭᠡᠨ᠎ᠦ᠌ ᠡᠮᠦᠨ᠎ᠡ᠂ ᠮᠡᠷᠭᠡᠨ ᠮᠠᠯ ᠪᠡᠯᠴᠢᠭᠡᠷ᠎ᠦ᠋ᠨ ᠲᠡᠩᠴᠡᠭᠦᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠢ ᠴᠤᠤᠷᠢᠶᠠᠲᠤᠨ ᠳᠠᠭᠠᠵᠤ᠂ ᠪᠡᠯᠴᠢᠭᠡᠷ᠎ᠢ᠋ ᠲᠤᠤᠷᠯᠠᠬᠤ᠂ ᠮᠠᠯ᠎ᠤᠨ ᠲᠤᠭ᠎ᠠ᠎ᠶ᠋ᠢ ᠴᠦᠬᠡᠷᠡᠬᠦᠯᠬᠦ ᠵᠢᠨ ᠎ᠬᠠᠮᠲᠤ ᠣᠶᠤᠨᠲᠤ ᠮᠠᠯᠵᠢᠯ᠎ᠤᠨ ᠰᠢᠰᠲ᠋ᠧᠮ᠎ᠢ᠋ ᠣᠷᠣᠭᠤᠯᠤᠨ ᠠᠪᠴᠢᠷᠠᠵᠤ᠂ ᠬᠠᠭᠠᠰ ᠬᠠᠰᠢᠶᠠᠯᠠᠨ ᠬᠠᠭᠠᠰ ᠮᠠᠯᠵᠢᠬᠤ ᠰᠢᠨᠵᠢᠯᠡᠬᠦ ᠤᠬᠠᠭᠠᠨᠴᠢ᠎ᠪᠠᠷ ᠲᠡᠵᠢᠭᠡᠨ ᠦᠷᠡᠵᠢᠭᠦᠯᠬᠦ᠎ᠶ᠋ᠢ ᠬᠡᠷᠡᠭᠵᠢᠭᠦᠯᠪᠡ᠃ ᠡᠨᠡ ᠨᠢ ᠪᠠᠢᠭᠠᠯᠢ᠎ᠶ᠋ᠢᠨ ᠪᠡᠯᠴᠢᠭᠡᠷ᠎ᠢ᠋ ᠬᠡᠲᠦᠷᠡᠲᠡᠯ᠎ᠡ ᠠᠰᠢᠭᠯᠠᠬᠤ ᠡᠴᠡ ᠵᠠᠢᠯᠡᠰᠬᠢᠭᠰᠠᠨ᠎ᠢᠶᠡᠷ ᠦᠯᠦ ᠪᠠᠷᠠᠨ᠂ ᠪᠠᠰᠠ ᠣᠶᠤᠨᠴᠢ ᠲᠥᠬᠥᠭᠡᠷᠦᠮᠵᠢ ᠪᠡᠷ ᠲᠠᠮᠵᠢᠭᠤᠯᠤᠨ ᠮᠠᠯ ᠰᠦᠷᠦᠭ᠎ᠢᠶᠡᠨ ᠨᠠᠷᠢᠯᠢᠭ ᠬᠠᠮᠢᠶᠠᠷᠬᠤ᠎ᠵᠢ ᠪᠡᠶᠡᠯᠡᠭᠦᠯᠵᠦ᠂ ᠲᠡᠵᠢᠭᠡᠯ ᠪᠣᠷᠳᠣᠭ᠎ᠠ᠎ᠶ᠋ᠢᠨ ᠠᠰᠢᠭᠯᠠᠮᠵᠢ᠎ᠶ᠋ᠢ ᠮᠡᠳᠡᠭᠳᠡᠮ᠎ᠡ ᠳᠡᠭᠡᠭᠰᠢᠯᠡᠭᠦᠯᠵᠡᠢ᠃ ᠲᠤᠭ᠎ᠠ ᠬᠡᠮᠵᠢᠶ᠎ᠡ᠎ᠶ᠋ᠢ ᠨᠢ ᠪᠠᠭᠠᠰᠬᠠᠵᠤ ᠴᠢᠨᠠᠷ᠎ᠢ᠋ ᠨᠢ ᠳᠡᠭᠡᠭᠰᠢᠯᠡᠭᠦᠯᠬᠦ᠎ᠶ᠋ᠢᠨ ᠬᠠᠮᠲᠤ᠂ ᠠᠮᠢ ᠠᠬᠤᠢ᠎ᠶ᠋ᠢᠨ ᠰᠡᠷᠭᠦᠭᠡᠯᠲᠡ ᠬᠢᠭᠡᠳ ᠲᠡᠵᠢᠭᠡᠨ ᠦᠷᠡᠵᠢᠭᠦᠯᠬᠦ ᠣᠷᠣᠯᠭ᠎ᠠ᠎ᠶ᠋ᠢ ᠨᠡᠮᠡᠭᠳᠡᠭᠦᠯᠬᠦ᠎ᠶ᠋ᠢ ᠬᠠᠮᠲᠤ᠎ᠳ᠋ᠤᠨᠢ ᠬᠠᠷᠠᠭᠠᠯᠵᠠᠵᠤ᠂ ᠥᠪᠡᠷ᠎ᠦ᠋ᠨ ᠨᠤᠲᠤᠭ ᠪᠡᠯᠴᠢᠭᠡᠷ᠎ᠦ᠋ᠨ ᠠᠮᠢ ᠠᠬᠤᠢ᠎ᠶ᠋ᠢᠨ ᠣᠷᠴᠢᠨ ᠲᠣᠭᠣᠷᠢᠨ ᠨᠢ ᠢᠯᠡᠳᠲᠡ ᠰᠠᠢᠵᠢᠷᠠᠪᠠ᠃

ᠮᠡᠷᠭᠡᠨ᠎ᠤ ᠬᠢᠨ 880 ᠲᠡᠭᠰᠢ ᠲᠦᠷᠪᠡᠯᠵᠢᠨ ᠮᠧᠲ᠋ᠷ᠎ᠤᠨ ᠣᠶᠤᠨᠲᠤ ᠬᠠᠰᠢᠶ᠎ᠠ ᠰᠠᠷᠠᠪᠴᠢ᠎ᠲᠠᠢ ᠪᠠᠢᠵᠤ᠂ ᠠᠦ᠋ᠲ᠋ᠤ᠋ ᠪᠡᠷ ᠪᠤᠷᠳᠤᠭ᠎ᠠ ᠦᠭᠬᠦ᠂ ᠤᠰᠤᠯᠠᠬᠤ᠂ ᠰᠢᠩᠭᠡᠭ ᠴᠡᠪᠡᠷᠯᠡᠬᠦ ᠪᠣᠯᠤᠨ ᠣᠶᠤᠨᠴᠢ᠎ᠪᠠᠷ ᠳᠤᠯᠠᠭᠠᠨ ᠬᠠᠳᠠᠭᠠᠯᠠᠬᠤ ᠵᠡᠷᠭᠡ ᠴᠢᠳᠠᠪᠬᠢ᠎ᠲᠠᠢ᠃ ᠡᠭᠦᠨ᠎ᠡᠴᠡ ᠭᠠᠳᠠᠨ᠎ᠠ᠂ ᠠᠦ᠋ᠲ᠋ᠣ᠋ ᠪᠡᠷ ᠪᠤᠷᠳᠤᠭ᠎ᠠ ᠵᠢᠭᠤᠷᠠᠬᠤ ᠲᠥᠬᠥᠭᠡᠷᠦᠮᠵᠢ᠂ ᠴᠠᠬᠢᠯᠭᠠᠨ ᠬᠥᠳᠡᠯᠭᠡᠭᠦᠷᠲᠦ ᠪᠤᠷᠳᠤᠭ᠎ᠠ ᠵᠦᠭᠡᠭᠡᠪᠦᠷᠢᠯᠡᠬᠦ ᠮᠠᠰᠢᠨ ᠵᠢᠴᠢ ᠣᠶᠤᠨᠴᠢ ᠲᠡᠵᠢᠭᠡᠨ ᠦᠷᠡᠵᠢᠭᠦᠯᠬᠦ᠎ᠶ᠋ᠢ ᠬᠠᠮᠢᠶᠠᠷᠬᠤ ᠰᠢᠰᠲ᠋ᠧᠮ᠎ᠢ᠋ ᠢᠵᠢ ᠪᠦᠷᠢᠳᠦᠭᠦᠯᠦᠨ᠂ ᠮᠠᠯ᠎ᠤᠨ ᠬᠡᠭᠡᠯᠲᠦᠭᠦᠯᠭᠡ᠂ ᠳᠦᠯᠵᠢᠯᠳᠡ᠂ ᠡᠷᠡᠭᠦᠯ ᠴᠢᠭᠢᠷᠠᠭ᠂ ᠬᠤᠳᠠᠯᠳᠤᠭ᠎ᠠ ᠵᠡᠷᠭᠡ ᠪᠦᠬᠦ ᠶᠠᠪᠤᠴᠠ᠎ᠶ᠋ᠢᠨ ᠲᠣᠭ᠎ᠠ ᠪᠠᠷᠢᠮᠲᠠ᠎ᠶ᠋ᠢ ᠮᠥᠷᠳᠡᠨ ᠨᠡᠬᠡᠮᠵᠢᠯᠡᠬᠦ᠎ᠶ᠋ᠢ ᠪᠡᠶᠡᠯᠡᠭᠦᠯᠵᠦ᠂ ᠭᠠᠷ ᠤᠲᠠᠰᠤᠨ᠎ᠤ᠋ APP ᠪᠡᠷ ᠳᠠᠮᠵᠢᠨ ᠨᠠᠷᠢᠯᠢᠭ ᠣᠶᠤᠨᠲᠤ ᠬᠠᠮᠢᠶᠠᠷᠤᠨ ᠡᠵᠡᠮᠰᠢᠬᠦ᠎ᠵᠢ ᠪᠡᠶᠡᠯᠡᠭᠦᠯᠵᠦ ᠪᠤᠯᠤᠨ᠎ᠠ ᠃

《ᠣᠶᠤᠨᠴᠢ ᠮᠠᠯᠵᠢᠯ᠎ᠤ᠋ᠨ ᠲᠠᠯᠠᠪᠠᠢ ᠨᠢ ᠬᠥᠮᠦᠨ᠎ᠦ᠌ ᠬᠦᠴᠦ᠎ᠵᠢ ᠠᠷᠪᠢᠯᠠᠵᠤ᠂ ᠲᠦᠯᠯᠡᠬᠦ ᠨᠣᠷᠮ᠎ᠠ ᠪᠠ ᠲᠡᠵᠢᠭᠡᠯ ᠪᠣᠷᠳᠣᠭ᠎ᠠ᠎ᠶ᠋ᠢᠨ ᠠᠰᠢᠭᠯᠠᠮᠵᠢ᠎ᠶ᠋ᠢ ᠳᠡᠭᠡᠭᠰᠢᠯᠡᠭᠦᠯᠵᠦ᠂ ᠡᠨᠡ ᠬᠦ᠌ ᠬᠠᠭᠠᠰ ᠬᠠᠰᠢᠶᠠᠯᠠᠨ ᠬᠠᠭᠠᠰ ᠮᠠᠯᠵᠢᠬᠤ ᠠᠷᠭ᠎ᠠ ᠬᠡᠯᠪᠡᠷᠢ ᠨᠢ ᠮᠠᠯ ᠪᠡᠯᠴᠢᠭᠡᠷ᠎ᠦ᠋ᠨ ᠲᠡᠩᠴᠡᠭᠦᠷᠢ᠎ᠶ᠋ᠢ ᠦᠨᠡᠨ ᠬᠦ᠌ ᠠᠬᠢᠭᠤᠯᠤᠭᠰᠠᠨ ᠪᠠᠢᠨ᠎ᠠ᠃ ᠲᠠᠬᠢᠪᠠᠯ᠂ ᠨᠠᠷᠢᠯᠢᠭ ᠠᠷᠠᠴᠢᠯᠠᠨ ᠲᠡᠵᠢᠭᠡᠬᠦ ᠨᠢ ᠢᠰᠢᠭᠡ ᠬᠤᠷᠠᠭ᠎ᠠ᠎ᠶ᠋ᠢᠨ ᠪᠤᠷᠤᠯᠠᠭᠤᠯᠬᠤ ᠦᠶᠡᠯᠡᠯ᠎ᠢ᠋ ᠪᠣᠭᠣᠨᠢᠰᠬᠠᠵᠤ᠂ ᠡᠨᠡ ᠵᠢᠯ ᠨᠢᠭᠡᠨᠲᠡ 400 ᠢᠯᠡᠬᠦᠦ ᠪᠣᠷᠣᠯᠠᠭᠤᠯᠵᠤ᠂ ᠵᠢᠱ᠌ᠢᠯᠲᠡ᠎ᠪᠡᠷ ᠪᠦᠬᠦ ᠵᠢᠯ᠎ᠦ᠋ᠨ ᠪᠣᠷᠣᠯᠠᠭᠤᠯᠭ᠎ᠠ᠎ᠶ᠋ᠢᠨ ᠬᠡᠮᠵᠢᠶ᠎ᠡ 600 ᠡᠴᠡ ᠳᠡᠭᠡᠭᠰᠢ ᠬᠦᠷᠴᠦ᠂ ᠦᠷ᠎ᠡ ᠠᠰᠢᠭ ᠨᠢ ᠮᠠᠰᠢ ᠰᠠᠢᠨ ᠪᠠᠢᠨ᠎ᠠ》 ᠭᠡᠵᠦ ᠮᠡᠷᠭᠡᠨ ᠬᠡᠯᠡᠨ᠎ᠡ᠃

ᠣᠢᠷ᠎ᠠ᠎ᠶ᠋ᠢᠨ ᠵᠢᠯ᠎ᠳ᠋ᠦ᠍᠂ ᠰᠢᠰᠲ᠋ᠧᠮ᠎ᠲᠡᠢ ᠵᠠᠰᠠᠯᠲᠠ ᠪᠡᠷ ᠲᠠᠮᠵᠢᠨ ᠪᠠᠶᠠᠨᠨᠠᠭᠤᠷ ᠬᠣᠲᠠ᠎ᠶ᠋ᠢᠨ ᠲᠠᠯ᠎ᠠ ᠨᠤᠲᠤᠭ᠎ᠤ᠋ᠨ ᠮᠠᠯ ᠪᠡᠯᠴᠢᠭᠡᠷ᠎ᠦ᠋ᠨ ᠲᠡᠩᠴᠡᠭᠦᠷᠢ᠎ᠶ᠋ᠢᠨ ᠵᠢᠭᠠᠯᠲᠠ ᠲᠣᠭ᠎ᠠ 86.1% ᠡᠴᠡ 10% ᠤ᠋ ᠳᠣᠲᠣᠷ᠎ᠠ ᠪᠣᠯᠤᠨ ᠳᠣᠷᠣᠭᠰᠢᠯᠠᠵᠤ᠂ 4 ᠮᠠᠯᠵᠢᠬᠤ ᠬᠣᠰᠢᠭᠤ ᠰᠢᠶᠠᠨ᠎ᠤ᠋ 18 ᠰᠤᠮᠤ ᠪᠠᠷᠢᠮᠵᠢᠶᠠᠵᠢᠭᠰᠠᠨ ᠪᠢᠲᠡᠭᠦᠦ ᠴᠠᠭᠠᠷᠢᠭ᠎ᠤ᠋ᠨ ᠬᠠᠮᠢᠶᠠᠷᠤᠯᠲᠠ ᠡᠵᠡᠮᠰᠢᠯ᠎ᠢ ᠪᠦᠬᠦᠨ᠎ᠢ᠋ ᠪᠦᠷᠬᠦᠭᠦᠯᠵᠡᠢ᠃ ᠨᠤᠲᠤᠭ ᠪᠡᠯᠴᠢᠭᠡᠷ᠎ᠦ᠋ᠨ ᠳᠠᠭᠠᠭᠠᠴᠠ ᠮᠠᠭᠤᠳᠠᠵᠤ ᠪᠠᠢᠭ᠎ᠠ ᠪᠠᠢᠳᠠᠯ᠎ᠢ᠋ ᠦᠨᠳᠦᠰᠦᠨ᠎ᠡᠴᠡ ᠨᠢ ᠬᠤᠪᠢᠷᠠᠭᠤᠯᠵᠤ᠂ ᠮᠠᠯ᠎ᠤᠨ ᠳᠤᠭ᠎ᠠ ᠵᠢ ᠴᠦᠬᠡᠷᠡᠬᠦᠯᠵᠦ᠂ ᠨᠣᠭᠣᠭᠠᠷᠠᠭᠤᠯᠤᠯᠲᠠ᠎ᠵᠢ ᠨᠡᠮᠡᠭᠳᠡᠭᠦᠯᠦᠨ᠂ ᠣᠷᠣᠯᠭ᠎ᠠ᠎ᠵᠢ ᠨᠡᠮᠡᠭᠳᠡᠭᠦᠯᠦᠭᠰᠡᠨ ᠵᠣᠬᠢᠴᠠᠩᠭᠤᠢ ᠬᠥᠭᠵᠢᠯᠲᠡ᠎ᠶ᠋ᠢᠨ ᠵᠠᠮ᠎ᠢ᠋ ᠨᠡᠭᠡᠭᠡᠭᠰᠡᠨ ᠪᠠᠢᠨ᠎ᠠ᠃ 《ᠪᠥᠬᠥ ᠬᠣᠲᠠ᠎ᠶ᠋ᠢᠨ ᠲᠠᠯ᠎ᠠ ᠨᠤᠲᠤᠭ᠎ᠤ᠋ᠨ ᠶᠡᠷᠦᠩᠬᠡᠢᠯᠡᠭᠰᠡᠨ ᠤᠷᠭᠤᠮᠠᠯ᠎ᠤ᠋ᠨ ᠬᠤᠴᠢᠯᠭ᠎ᠠ᠎ᠶ᠋ᠢᠨ ᠪᠦᠷᠬᠦᠴᠡ᠂ ᠤᠷᠭᠤᠮᠠᠯ᠎ᠤ᠋ᠨ ᠬᠤᠴᠢᠯᠭ᠎ᠠ᠎ᠶ᠋ᠢᠨ ᠥᠨᠳᠥᠷᠴᠡ ᠵᠢᠴᠢ ᠡᠪᠡᠰᠦᠨ᠎ᠦ᠌ ᠭᠠᠷᠤᠯᠲᠠ ᠴᠥᠮ ᠢᠯᠡᠳᠲᠡ ᠳᠡᠭᠡᠭᠰᠢᠯᠡᠵᠦ᠂ ᠲᠠᠯ᠎ᠠ ᠨᠤᠲᠤᠭ᠎ᠤ᠋ᠨ ᠠᠮᠢ ᠠᠬᠤᠢ᠎ᠶ᠋ᠢᠨ ᠬᠠᠮᠠᠭᠠᠯᠠᠯᠲᠠ ᠠᠩᠬ᠎ᠠ ᠠᠯᠬᠤᠮ ᠦᠷ᠎ᠡ ᠪᠦᠲᠦᠮᠵᠢ ᠣᠯᠪᠠ᠃ ᠳᠠᠷᠠᠭᠠᠴᠢ᠎ᠶ᠋ᠢᠨ ᠠᠯᠬᠤᠮ᠎ᠳ᠋ᠤ᠌ ᠪᠢᠳᠡ ᠵᠠᠰᠠᠯᠲᠠ᠎ᠶ᠋ᠢᠨ ᠦᠷ᠎ᠡ ᠪᠦᠲᠦᠭᠡᠯ᠎ᠢ᠋ᠶ᠋ᠡᠨ ᠦᠷᠭᠦᠯᠵᠢᠯᠡᠨ ᠪᠡᠬᠢᠵᠢᠭᠦᠯᠵᠦ᠂ ᠨᠤᠲᠤᠭ ᠪᠡᠯᠴᠢᠭᠡᠷ᠎ᠦ᠋ᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠠᠵᠢᠯ᠎ᠢ᠋ ᠰᠢᠨ᠎ᠡ ᠳᠡᠭᠲᠡᠷ᠎ᠲᠦ᠍ ᠭᠠᠷᠭᠠᠬᠤ᠎ᠶ᠋ᠢ ᠠᠬᠢᠭᠤᠯᠬᠤ ᠪᠤᠯᠤᠨ᠎ᠠ》 ᠭᠡᠵᠦ ᠪᠠᠶᠠᠨᠨᠠᠭᠤᠷ ᠬᠣᠲᠠ᠎ᠶ᠋ᠢᠨ ᠣᠢ ᠰᠢᠭᠤᠢ ᠨᠤᠲᠤᠭ ᠪᠡᠯᠴᠢᠭᠡᠷ᠎ᠦ᠋ᠨ ᠲᠣᠪᠴᠢᠶᠠᠨ᠎ᠤ᠋ ᠨᠤᠲᠤᠭ ᠪᠡᠯᠴᠢᠭᠡᠷ᠎ᠦ᠋ᠨ ᠬᠢᠨᠠᠨ ᠬᠠᠮᠢᠶᠠᠷᠤᠯᠲᠠ᠎ᠶ᠋ᠢᠨ ᠰᠠᠯᠠᠭᠠᠨ᠎ᠤ᠋ ᠬᠠᠷᠢᠭᠤᠴᠠᠯᠭᠠᠲᠠᠨ ᠯᠢᠦ ᠴᠢᠤᠸᠠᠨ ᠢᠯᠡᠳᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面