2026-08-29 14:27:45
ᠡᠨᠡ ᠵᠢᠯ᠎ᠡᠴᠡ ᠨᠠᠭᠠᠰᠢ ᠥᠪᠡᠷᠮᠢᠴᠡ ᠪᠠᠢᠭᠠᠯᠢ ᠵᠢᠨ ᠦᠩᠭᠡ ᠦᠵᠡᠮᠵᠢ᠂ ᠤᠨᠴᠠᠯᠢᠭᠲᠤ ᠠᠷᠠᠳ ᠤ᠋ᠨ ᠵᠠᠩ ᠦᠶ᠋ᠯᠡ ᠬᠢᠭᠡᠳ ᠰᠢᠯᠢᠳᠡᠭ ᠰᠠᠢᠨ ᠤᠷᠤᠯᠳᠤᠭᠠᠨ᠎ᠤ ᠡᠬᠢ ᠪᠠᠶᠠᠯᠢᠭ᠋᠎ᠲᠤ ᠲᠦᠰᠢᠭᠯᠡᠵᠤ᠂ ᠬᠡᠰᠢᠭᠲᠡᠨ ᠬᠣᠰᠢᠭᠤ ᠤᠯᠠᠭᠠᠨᠬᠠᠳᠠ ᠬᠣᠲᠠ᠎ᠶᠢᠨ ᠰᠣᠶᠣᠯ ᠵᠢᠭᠤᠯᠴᠢᠯᠠᠯ ᠪᠡᠶ᠎ᠡ ᠵᠢᠨ ᠳᠠᠮᠢᠷ ᠮᠠᠯ ᠠᠵᠦ ᠠᠬᠤᠢ ᠳᠠᠷᠢᠶᠠᠯᠠᠩ ᠬᠤᠳᠠᠯᠳᠤᠭ᠎ᠠ᠎ᠶᠢ ᠠᠭᠤᠰᠤᠯᠴᠠᠭᠤᠯᠤᠨ ᠬᠥᠭᠵᠢᠭᠦᠯᠬᠦ ᠵᠢ ᠬᠦᠲᠦᠯᠦᠨ ᠳᠠᠭᠠᠭᠤᠯᠬᠤ ᠤᠷᠤᠨ ᠤ᠋ ᠪᠦᠲᠦᠭᠡᠨ ᠪᠠᠢᠭᠤᠯᠤᠯᠲᠠ ᠲᠠᠢ ᠨᠢᠭᠲᠠ ᠤᠶᠠᠯᠳᠤᠭᠤᠯᠵᠤ᠂ ᠤᠨᠴᠠᠯᠢᠭᠲᠤ ᠵᠠᠮ ᠤ᠋ᠨ ᠲᠣᠣᠷ᠎ᠢᠶᠠᠷ ᠠᠴᠢᠶᠠᠯᠠᠪᠤᠷᠢ ᠪᠣᠯᠭᠠᠨ᠂ ᠰᠣᠳᠣᠨ ᠤᠷᠤᠯᠳᠤᠭᠠᠨ ᠤ᠋ ᠲᠦᠷᠦᠯ᠎ᠢᠶᠠᠷ ᠬᠥᠳᠡᠯᠭᠡᠭᠦᠷ ᠪᠣᠯᠭᠠᠵᠤ᠂ ᠠᠮᠢ ᠠᠬᠤᠢ ᠵᠢᠨ ᠦᠵᠡᠮᠵᠢ᠎ᠪᠡᠷ ᠬᠢᠯᠠᠰ ᠴᠡᠭ ᠪᠣᠯᠭᠠᠨ᠂ ᠵᠠᠩ ᠦᠶ᠋ᠯᠡ᠎ᠶᠢᠨ ᠨᠠᠢᠷ ᠴᠤᠭᠯᠠᠭᠠᠨ ᠵᠢᠠᠷ ᠭᠣᠣᠯ ᠴᠥᠮ᠎ᠡ ᠪᠣᠯᠭᠠᠵᠤ᠂ ᠣᠯᠠᠨ ᠲᠠᠯ᠎ᠠ ᠡᠴᠡ ᠬᠦᠴᠦᠯᠡᠨ᠂ ᠪᠥᠬᠥ ᠤᠷᠤᠨ ᠪᠦᠰᠡ ᠪᠡᠷ ᠬᠦᠴᠦᠨ ᠴᠢᠳᠠᠪᠬᠢ ᠤᠯᠭᠤᠵᠤ᠂ ᠬᠣᠲᠠ ᠬᠥᠳᠡᠭᠡ᠎ᠶᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠦᠷᠭᠦᠯᠵᠢᠯᠡᠨ ᠬᠥᠭᠵᠢᠭᠡᠵᠦ᠂ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠦᠵᠡᠮᠵᠢ᠎ᠶᠢ ᠵᠢᠷᠤᠭᠯᠠᠵᠤ ᠪᠤᠢ᠃
《ᠵᠠᠮ ᠤ᠋ᠨ ᠲᠣᠣᠷ + ᠰᠣᠶᠣᠯ ᠵᠢᠭᠤᠯᠴᠢᠯᠠᠯ》 ᠳ᠋ᠦ ᠠᠩᠬᠠᠷᠤᠯ᠎ᠢᠶᠠᠨ ᠲᠥᠪᠯᠡᠷᠡᠭᠦᠯᠵᠦ᠂ ᠥᠪᠡᠰᠦᠪᠡᠨ ᠲᠡᠷᠭᠡ ᠵᠢᠯᠤᠭᠤᠳᠤᠨ ᠵᠢᠭᠤᠯᠴᠢᠯᠠᠬᠤ ᠵᠠᠮ ᠱᠤᠭᠤᠮ᠎ᠤᠨ ᠰᠢᠨ᠎ᠡ ᠨᠡᠷ᠎ᠡ᠎ᠶᠢᠨ ᠬᠠᠭᠤᠳᠠᠰᠤ᠎ᠶᠢ ᠴᠤᠭᠴᠠᠯᠠᠪᠠ᠃ ᠬᠡᠰᠢᠭᠲᠡᠨ ᠬᠣᠰᠢᠭᠤ ᠵᠠᠮ ᠬᠠᠷᠢᠯᠴᠠᠭ᠎ᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ᠋ ᠭᠦᠨᠵᠡᠭᠡᠢ ᠰᠦᠪᠡᠭᠴᠢᠯᠡᠵᠦ᠂ ᠣᠨᠴᠠᠯᠢᠭ᠍ᠲᠤ ᠵᠢᠭᠤᠯᠴᠢᠯᠠᠯ᠎ᠤᠨ ᠵᠠᠰᠠᠮᠠᠯ ᠵᠠᠮ᠎ᠤᠨ ᠰᠢᠰᠲᠧᠮ᠎ᠢ ᠪᠠᠢᠭᠤᠯᠵᠤ᠂ ᠵᠠᠮ ᠬᠠᠷᠢᠯᠴᠠᠭᠠᠨ᠎ᠤ ᠵᠠᠮ ᠱᠤᠭᠤᠮ᠎ᠢ ᠦᠵᠡᠮᠵᠢ᠎ᠶᠢᠨ ᠬᠣᠩᠭᠢᠯ᠂ ᠵᠢᠭᠤᠯᠴᠢᠯᠠᠯ ᠤ᠋ᠨ ᠬᠠᠯᠠᠮᠰᠢᠯ ᠴᠡᠭ ᠪᠤᠯᠭᠠᠵᠤ᠂ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠦᠷᠭᠦᠯᠵᠢᠯᠡᠨ ᠪᠠᠶᠠᠯᠢᠭ᠍ᠵᠢᠭᠤᠯᠵᠤ ᠪᠠᠢᠨ᠎ᠠ᠃ 6 ᠰᠠᠷ᠎ᠠ᠎ᠳᠤ᠂ ᠬᠥᠮᠥᠰ᠎ᠦᠨ ᠠᠩᠬᠠᠷᠤᠯ᠎ᠢ ᠶᠡᠬᠡᠳᠡ ᠲᠠᠲᠠᠭᠰᠠᠨ ᠳᠠᠯᠠᠢᠨᠠᠭᠤᠷ — ᠠᠰᠬᠠᠳᠤ ᠬᠦᠷᠬᠦ ᠱᠤᠭᠤᠮ ᠤ᠋ᠨ 《ᠬᠦᠭᠵᠢᠮᠳᠦ ᠵᠠᠰᠠᠮᠠᠯ ᠵᠠᠮ》 ᠵᠢᠩᠬᠢᠨᠢ᠎ᠪᠡᠷ ᠲᠡᠷᠭᠡ ᠨᠡᠪᠲᠡᠷᠡᠪᠡ᠃ ᠪᠥᠬᠥ ᠤᠯᠤᠰ᠎ᠤᠨ ᠬᠠᠮᠤᠭ᠎ᠤᠨ ᠭᠣᠶᠣ᠌ ᠥᠪᠡᠰᠦᠪᠡᠨ ᠲᠡᠷᠭᠡ ᠵᠢᠯᠤᠭᠣᠳᠤᠨ ᠵᠢᠭᠤᠯᠴᠢᠯᠠᠬᠤ ᠰᠣᠳᠣᠨ ᠵᠠᠮ᠎ᠤᠨ ᠥᠪᠡᠷᠮᠢᠴᠡ ᠣᠨᠴᠠᠯᠢᠭ᠋ ᠪᠦᠬᠦᠢ ᠲᠠᠰ ᠳᠡᠪᠰᠢᠭᠰᠡᠨ ᠡᠵᠡᠩᠨᠡᠯᠲᠡ᠎ᠶᠢᠨ ᠬᠡᠯᠪᠡᠷᠢ ᠪᠠᠢᠳᠠᠯ ᠪᠣᠯᠤᠭᠰᠠᠨ᠎ᠤ ᠬᠤᠪᠢ᠎ᠳᠤ᠂ ᠲᠣᠰ ᠵᠠᠮ᠎ᠤᠨ ᠬᠡᠰᠡᠭ ᠤ᠋ᠨ 800 ᠮᠧᠲᠷ ᠵᠠᠮ᠎ᠤᠨ ᠭᠠᠳᠠᠷᠭᠤ᠎ᠶᠢ ᠦᠡᠭᠭᠡᠯᠡᠵᠤ᠂ 12366 ᠵᠤᠷᠪᠤᠰ ᠳᠠᠭᠤᠨ ᠭᠠᠷᠭᠠᠬᠤ ᠬᠤᠪᠢᠯ ᠵᠢᠡᠷ ᠲᠡᠷᠭᠡ ᠤᠨᠤᠭ᠎ᠠ ᠵᠢᠭᠳᠡ ᠬᠤᠷᠳᠤᠴᠠ ᠪᠡᠷ ᠳᠠᠷᠤᠵᠤ ᠦᠩᠭᠡᠷᠡᠬᠦ ᠦᠶᠡᠰ ᠬᠦᠭᠵᠢᠮ ᠤ᠋ᠨ ᠳᠠᠭᠤᠨ ᠰᠤᠨᠤᠰᠲᠠᠵᠤ᠂ ᠬᠠᠷᠠᠭ᠎ᠠ ᠰᠤᠨᠤᠷ ᠢ᠋ ᠪᠠᠶᠠᠰᠬᠠᠭᠰᠠᠨ ᠥᠪᠡᠰᠦᠪᠡᠨ ᠲᠡᠷᠭᠡ ᠵᠢᠯᠤᠭᠣᠳᠤᠨ ᠵᠢᠭᠤᠯᠴᠢᠯᠠᠬᠤ ᠪᠡᠶᠡᠴᠢᠯᠡᠨ ᠣᠢᠯᠠᠭᠠᠯᠲᠠ ᠵᠢᠨ ᠠᠬᠤᠢ ᠦᠵᠡᠭᠳᠡᠯ ᠢ᠋ ᠴᠤᠭᠴᠠᠯᠠᠵᠤ᠂ 《ᠵᠠᠮ ᠱᠤᠭᠤᠮ ᠵᠢᠡᠷ ᠠᠶᠠᠨᠴᠢᠨ᠎ᠢ ᠲᠠᠲᠠᠬᠤ᠂ ᠰᠣᠶᠣᠯ ᠵᠢᠭᠤᠯᠴᠢᠯᠠᠯ᠎ᠢᠶᠠᠷ ᠠᠶᠠᠨᠴᠢᠨ ᠢ᠋ ᠦᠯᠡᠳᠡᠭᠡᠬᠦ᠂ ᠬᠤᠳᠠᠯᠳᠤᠭ᠎ᠠ ᠪᠡᠷ ᠣᠷᠣᠯᠭ᠎ᠠ᠎ᠶᠢ ᠨᠡᠮᠡᠭᠳᠡᠭᠦᠯᠬᠦ 》 ᠠᠭᠤᠰᠤᠯᠴᠠᠯ ᠬᠦᠭᠵᠢᠯᠲᠡ ᠵᠢᠨ ᠪᠢᠲᠡᠭᠦᠦ ᠴᠠᠭᠠᠷᠢᠭ᠋᠎ᠢ ᠪᠦᠷᠢᠯᠳᠦᠭᠦᠯᠪᠡ᠃
《ᠪᠡᠶ᠎ᠡ᠎ᠶᠢᠨ ᠲᠠᠮᠢᠷ + ᠡᠵᠡᠩᠨᠡᠯᠲᠡ᠎ᠶᠢᠨ ᠬᠡᠯᠪᠡᠷᠢ ᠪᠠᠢᠳᠠᠯ》 ᠳ᠋ᠦ ᠠᠩᠬᠠᠷᠤᠯ᠎ᠢᠶᠠᠨ ᠲᠥᠪᠯᠡᠷᠡᠭᠦᠯᠵᠦ᠂ ᠪᠥᠬᠥ ᠣᠷᠣᠨ ᠪᠦᠰᠡ᠎ᠶᠢᠨ ᠬᠡᠷᠡᠭᠯᠡᠭᠡᠨ᠎ᠦ ᠰᠢᠨ᠎ᠡ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠬᠡᠰᠢᠭᠲᠡᠨ ᠬᠣᠰᠢᠭᠤ ᠪᠡᠶ᠎ᠡ᠎ᠶᠢᠨ ᠲᠠᠮᠢᠷ ᠵᠢᠭᠤᠯᠴᠢᠯᠠᠯ᠎ᠢ ᠠᠭᠤᠰᠤᠯᠴᠠᠭᠤᠯᠬᠤ ᠵᠠᠭᠪᠤᠷ᠎ᠢ ᠦᠷᠭᠦᠯᠵᠢᠯᠡᠨ ᠭᠦᠨᠵᠡᠭᠡᠢᠷᠡᠭᠦᠯᠵᠦ᠂ ᠡᠯ᠎ᠡ ᠲᠥᠷᠥᠯ᠎ᠦᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠢ ᠪᠠᠢᠩᠭᠤᠵᠢᠭᠤᠯᠤᠨ ᠥᠷᠨᠢᠭᠦᠯᠵᠦ᠂ ᠲᠤᠰᠬᠠᠢ ᠮᠡᠷᠭᠡᠵᠢᠯ᠎ᠦᠨ ᠤᠷᠤᠯᠳᠤᠭᠠᠨ ᠵᠢᠠᠷ ᠪᠥᠬᠥ ᠣᠷᠣᠨ ᠪᠦᠰᠡ᠎ᠶᠢᠨ ᠬᠡᠷᠡᠭᠯᠡᠭᠡ᠎ᠶᠢ ᠲᠠᠰ ᠳᠡᠪᠰᠢᠭᠦᠯᠬᠦ᠎ᠶᠢ ᠳᠠᠶ᠋ᠢᠴᠢᠯᠠᠪᠠ᠃ 6 ᠰᠠᠷ᠎ᠠ ᠳ᠋ᠦ᠂ 2026 ᠣᠨ᠎ᠤ ᠪᠥᠬᠥ ᠤᠯᠤᠰ᠎ᠤᠨ ᠥᠳᠥᠨ ᠪᠥᠮᠪᠥᠭᠡ᠎ᠶᠢᠨ ᠺᠯᠦ᠋ᠪ᠎ᠦᠨ ᠤᠷᠢᠯᠭ᠎ᠠ᠎ᠶᠢᠨ ᠤᠷᠤᠯᠳᠤᠭᠠᠨ ᠬᠥᠷ ᠬᠥᠭᠵᠢᠶᠡᠨᠲᠡᠢ ᠶᠠᠪᠤᠭᠳᠠᠵᠤ᠂ ᠪᠥᠬᠥ ᠤᠯᠤᠰ᠎ᠤᠨ 20 ᠭᠠᠷᠤᠢ ᠮᠤᠵᠢ ᠬᠣᠲᠠ᠎ᠶᠢᠨ 252 ᠤᠷᠤᠯᠳᠤᠭᠠᠨ᠎ᠳᠤ ᠣᠷᠣᠯᠴᠠᠬᠤ ᠡᠩᠨᠡᠭᠡ᠎ᠶᠢᠨ 900 ᠰᠢᠬᠠᠮ ᠥᠳᠥᠨ ᠪᠥᠮᠪᠥᠭᠡ ᠵᠢᠨ ᠲᠠᠮᠢᠷᠴᠢᠨ ᠲᠠᠯ᠎ᠠ ᠨᠤᠲᠤᠭ ᠲᠤ᠌ ᠬᠤᠷᠠᠨ ᠴᠤᠭᠯᠠᠷᠠᠪᠠ᠃ ᠤᠷᠤᠯᠳᠤᠭᠠᠨ ᠨᠢ 《ᠪᠡᠶ᠎ᠡ᠎ᠶᠢᠨ ᠲᠠᠮᠢᠷ + ᠰᠣᠶᠣᠯ ᠵᠢᠭᠤᠯᠴᠢᠯᠠᠯ》 ᠢ᠋ ᠠᠭᠤᠰᠤᠯᠴᠠᠭᠤᠯᠤᠨ ᠬᠥᠭᠵᠢᠭᠦᠯᠬᠦ ᠣᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠤᠷᠤᠯᠳᠤᠭᠠᠨ᠎ᠳᠤ ᠣᠷᠣᠯᠴᠠᠭᠰᠠᠨ ᠪᠣᠶ ᠪᠦᠬᠦᠢ ᠲᠠᠮᠢᠷᠴᠢᠳ ᠴᠥᠮ ᠬᠡᠰᠢᠭᠲᠡᠨ ᠬᠣᠰᠢᠭᠤᠨ᠎ᠤ ᠲᠤᠯᠤᠭᠠᠨ ᠶᠡᠬᠡ ᠦᠵᠡᠮᠵᠢ᠎ᠶᠢᠨ ᠣᠷᠣᠨ ᠵᠢᠡᠷ ᠪᠢᠯᠸᠲ ᠦᠭᠡᠢ ᠪᠡᠷ ᠲᠤᠭᠤᠷᠢᠨ ᠵᠢᠭᠤᠯᠴᠢᠯᠠᠬᠤ ᠡᠷᠬᠡ ᠠᠰᠢᠭ᠋᠎ᠢ ᠭᠥᠷᠳᠡᠪᠡ᠃ ᠤᠷᠤᠯᠳᠤᠭᠠᠨ᠎ᠤ ᠬᠤᠭᠤᠴᠠᠭᠠᠨ ᠳ᠋ᠤ᠂ 3000 ᠭᠠᠷᠤᠢ ᠵᠢᠭᠤᠯᠴᠢᠯᠠᠭᠴᠢ᠎ᠵᠢ ᠬᠦᠯᠢᠶᠡᠨ ᠠᠪᠴᠤ᠌᠂ 400 ᠭᠠᠷᠤᠢ ᠲᠦᠮᠡᠨ ᠲᠥᠭᠥᠷᠢᠭ᠎ᠦᠨ ᠶᠡᠷᠦᠩᠬᠡᠢᠯᠡᠭᠰᠡᠨ ᠣᠷᠣᠯᠭ᠎ᠠ ᠵᠢ ᠡᠭᠦᠳᠦᠭᠰᠡᠨ ᠪᠠᠢᠨ᠎ᠠ᠃
《ᠠᠮᠢ ᠠᠬᠤᠢ + ᠰᠣᠶᠣᠯ ᠵᠢᠭᠤᠯᠴᠢᠯᠠᠯ》 ᠳ᠋ᠦ ᠠᠩᠬᠠᠷᠤᠯ᠎ᠢᠶᠠᠨ ᠲᠥᠪᠯᠡᠷᠡᠭᠦᠯᠵᠦ᠂ ᠪᠠᠢᠭᠠᠯᠢ᠎ᠶᠢᠨ ᠡᠷᠡᠭᠦᠯᠵᠢᠯ ᠰᠤᠪᠢᠯᠠᠯᠲᠠ᠎ᠶᠢᠨ ᠰᠢᠨ᠎ᠡ ᠠᠬᠤᠢ ᠪᠠᠢᠳᠠᠯ᠎ᠢ ᠪᠤᠢ ᠪᠤᠯᠭᠠᠪᠠ᠃ 2026 ᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠳᠠᠯᠠᠢᠨᠠᠭᠤᠷ᠎ᠤᠨ ᠢᠯᠠᠭᠠᠨᠠ ᠵᠢᠭᠠᠰᠤ ᠵᠢᠨ ᠭᠡᠳᠡᠷᠭᠦ ᠨᠡᠭᠦᠳᠡᠯ᠎ᠦᠨ ᠤᠯᠠᠷᠢᠯ ᠤ᠋ᠨ ᠠᠵᠢᠯᠯᠠᠭ᠎ᠠ ᠨᠢ 《5•1》 ᠤ᠋ ᠠᠮᠠᠷᠠᠯᠲᠠ᠎ᠶᠢᠨ ᠬᠤᠭᠤᠴᠠᠭ᠎ᠠ ᠲᠠᠢ ᠵᠠᠯᠭᠠᠯᠳᠤᠵᠤ᠂ ᠦᠵᠡᠮᠵᠢ᠎ᠶᠢᠨ ᠤᠷᠤᠨ ᠨᠢ ᠰᠠᠭᠤᠷᠢ ᠲᠥᠬᠦᠭᠡᠷᠦᠮᠵᠢ ᠵᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠪᠠᠶᠡᠴᠢᠯᠡᠨ ᠣᠢᠯᠠᠭᠠᠯᠲᠠ ᠵᠢ ᠴᠢᠨᠠᠭᠰᠢᠲᠠ ᠰᠢᠯᠢᠳᠡᠭᠵᠢᠭᠦᠯᠪᠡ᠃ ᠡᠭᠦᠨ᠎ᠦ ᠬᠠᠮᠲᠤ᠂ ᠲᠠᠯ᠎ᠠ ᠨᠤᠲᠤᠭ᠎ᠤᠨ ᠣᠨᠴᠠᠯᠢᠭ᠍ᠲᠤ ᠠᠮᠲᠠᠲᠤ ᠢᠳᠡᠭᠡᠨ᠎ᠢ ᠠᠮᠳᠠᠷᠬᠠᠬᠤ ᠠᠵᠢᠯᠯᠠᠭ᠎ᠠ ᠵᠢ ᠳᠤᠬᠢᠷᠠᠭᠤᠯᠵᠤ᠂ 《ᠦᠵᠡᠮᠵᠢ ᠰᠣᠨᠢᠷᠬᠠᠬᠤ᠂ ᠰᠡᠯᠡᠭᠦᠴᠡᠨ ᠨᠠᠭᠠᠳᠬᠤ᠂ ᠠᠮᠲᠠᠲᠤ ᠢᠳᠡᠭᠡᠨ ᠢᠳᠡᠬᠦ》 ᠵᠢ ᠨᠢᠭᠡ ᠴᠣᠭᠴᠠᠵᠢᠭᠤᠯᠤᠭ᠍ᠰᠠᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠪᠤᠢ ᠪᠤᠯᠭᠠᠵᠤ᠂ ᠵᠢᠭᠤᠯᠴᠢᠯᠠᠭᠰᠠᠳ ᠲᠤ᠌ ᠪᠠᠢᠭᠠᠯᠢ᠎ᠶᠢᠨ ᠭᠤᠸ᠎ᠠ ᠰᠠᠢᠬᠠᠨ᠎ᠢ ᠣᠢᠷ᠎ᠠ ᠵᠠᠢ᠎ᠡᠴᠡ ᠮᠡᠳᠡᠷᠡᠭᠦᠯᠵᠦ᠂ ᠲᠠᠯ᠎ᠠ ᠨᠤᠲᠤᠭ᠎ᠤᠨ ᠵᠠᠩ ᠦᠶ᠋ᠯᠡ ᠵᠢ ᠭᠦᠨᠵᠡᠭᠡᠢ ᠣᠢᠯᠠᠭᠠᠭᠤᠯᠪᠠ᠃
《ᠠᠷᠠᠳ᠎ᠤᠨ ᠵᠠᠩ ᠦᠶ᠋ᠯᠡ + IP》 ᠳ᠋ᠦ ᠠᠩᠬᠠᠷᠤᠯ᠎ᠢᠶᠠᠨ ᠲᠥᠪᠯᠡᠷᠡᠭᠦᠯᠵᠦ᠂ ᠲᠠᠯ᠎ᠠ ᠨᠤᠲᠤᠭ᠎ᠤᠨ ᠰᠣᠶᠣᠯ᠎ᠤᠨ ᠰᠢᠨ᠎ᠡ ᠫᠠᠢᠰᠠ᠎ᠶᠢ ᠭᠡᠷᠡᠯᠲᠦᠭᠦᠯᠪᠡ᠃ 2026 ᠤᠨ ᠤ᠋ ᠬᠡᠰᠢᠭᠲᠡᠨ᠎ᠦ ᠲᠠᠯ᠎ᠠ ᠨᠤᠲᠤᠭ᠎ᠤᠨ ᠵᠢᠭᠤᠯᠴᠢᠯᠠᠯ᠎ᠤᠨ ᠨᠠᠭᠠᠳᠤᠮ᠎ᠢ ᠳᠠᠯᠠᠢᠨᠠᠭᠤᠷ ᠪᠠᠯᠭᠠᠰᠤᠨ᠎ᠳᠤ ᠶᠠᠪᠤᠭᠳᠠᠭᠤᠯᠵᠤ᠂ ᠦᠪᠡᠳᠡᠭᠰᠢ ᠴᠤᠭᠯᠠᠭᠠᠨ ᠨᠢ ᠤᠯᠠᠮᠵᠢᠯᠠᠯᠲᠤ ᠤᠷᠤᠯᠳᠤᠭᠠᠨ᠂ ᠠᠷᠠᠳ᠎ᠤᠨ ᠵᠠᠩ ᠦᠶ᠋ᠯᠡ᠎ᠶᠢᠨ ᠦᠵᠡᠭᠦᠯᠭᠡ᠂ ᠠᠷᠠᠯᠵᠢᠶ᠎ᠠ ᠬᠤᠳᠠᠯᠳᠤᠭ᠎ᠠ ᠳᠡᠯᠭᠡᠨ ᠪᠣᠷᠤᠯᠠᠭᠤᠯᠭ᠎ᠠ᠂ ᠰᠣᠶᠣᠯ ᠵᠢᠭᠤᠯᠴᠢᠯᠠᠯ᠎ᠢ ᠪᠡᠶᠡᠴᠢᠯᠡᠨ ᠣᠢᠯᠠᠭᠠᠬᠤ᠎ᠶᠢ ᠨᠢᠭᠡ ᠴᠣᠭᠴᠠᠵᠢᠭᠤᠯᠵᠤ᠂ ᠲᠠᠯ᠎ᠠ ᠨᠤᠲᠤᠭ᠎ᠤᠨ ᠵᠠᠩ ᠦᠶ᠋ᠯᠡ ᠰᠣᠶᠣᠯ᠎ᠤᠨ ᠷᠢᠳᠢ ᠰᠢᠳᠢ᠎ᠶᠢ ᠪᠥᠬᠥ ᠲᠠᠯ᠎ᠠ᠎ᠪᠠᠷ ᠳᠡᠯᠭᠡᠨ ᠦᠵᠡᠭᠦᠯᠪᠡ᠃ ᠪᠥᠬᠡ ᠪᠠᠷᠢᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ᠂ ᠮᠣᠩᠭᠣᠯ ᠰᠢᠲᠠᠷ᠎ᠠ ᠵᠡᠷᠭᠡ ᠤᠯᠠᠮᠵᠢᠯᠠᠯᠲᠤ ᠤᠷᠤᠯᠳᠤᠭᠠᠨ᠎ᠤ ᠲᠥᠷᠥᠯ ᠵᠦᠢᠯ ᠨᠢ ᠬᠦᠮᠦᠰ ᠤ᠋ᠨ ᠠᠩᠬᠠᠷᠤᠯ᠎ᠢ ᠲᠠᠲᠠᠵᠤ᠂ ᠡᠭᠦᠨ ᠡᠴᠡ ᠭᠠᠳᠠᠨ᠎ᠠ ᠪᠠᠰᠠ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠣᠨᠴᠠᠯᠢᠭ᠍ᠲᠤ ᠦᠵᠡᠭᠦᠯᠭᠡ᠎ᠶᠢᠨ ᠲᠣᠭᠣᠷᠢᠭ᠋ ᠲᠤᠬᠢᠷᠠᠭᠤᠯᠵᠤ᠂ ᠤᠯᠠᠮᠵᠢᠯᠠᠯᠲᠤ ᠭᠠᠷ ᠤᠷᠠᠯᠠᠯ᠂ ᠬᠠᠭᠤᠴᠢᠨ ᠡᠳ᠋ ᠪᠤᠳᠠᠰ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠠᠯ᠎ᠠ ᠨᠤᠲᠤᠭ᠎ᠤᠨ ᠪᠠᠢᠭᠠᠯᠢᠯᠢᠭ᠋ ᠦᠬᠡᠷ ᠬᠣᠨᠢᠨ ᠮᠢᠬ᠎ᠠ᠂ ᠣᠨᠴᠠᠯᠢᠭ᠍ᠲᠤ ᠴᠠᠭᠠᠨ ᠢᠳᠡᠭᠡᠨ ᠵᠡᠷᠭᠡ ᠮᠠᠯ ᠤ᠋ᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠥᠪᠯᠡᠷᠡᠭᠦᠯᠦᠨ ᠳᠡᠯᠭᠡᠨ ᠪᠣᠷᠣᠯᠠᠭᠤᠯᠵᠤ᠂ ᠦᠢᠯᠡᠳᠪᠦᠷᠢᠯᠡᠯ ᠪᠣᠷᠤᠯᠠᠭᠤᠯᠭ᠎ᠠ ᠵᠢ ᠵᠣᠯᠭᠠᠯᠴᠠᠭᠤᠯᠬᠤ ᠵᠠᠮ᠎ᠢ ᠨᠠᠪᠲᠠᠷᠡᠭᠦᠯᠵᠡᠢ᠃ ᠠᠵᠢᠯᠯᠠᠭ᠎ᠠ ᠪᠡᠷ ᠵᠠᠭᠤᠴᠢᠯᠠᠭᠤᠷ ᠪᠣᠯᠭᠠᠵᠤ᠂ ᠰᠣᠶᠣᠯ᠎ᠤᠨ ᠰᠤᠳᠠᠰᠤ᠎ᠶᠢ ᠠᠵᠤ ᠦᠢᠯᠡᠰ᠎ᠲᠠᠢ ᠨᠢᠭᠡ ᠴᠣᠭᠴᠠᠵᠢᠭᠤᠯᠤᠨ ᠠᠭᠤᠰᠤᠯᠴᠠᠭᠤᠯᠤᠨ ᠬᠥᠭᠵᠢᠭᠦᠯᠵᠦ᠂ ᠣᠷᠣᠨ ᠨᠤᠲᠤᠭ᠎ᠤᠨ ᠵᠠᠩ ᠦᠶ᠋ᠯᠡ᠎ᠶᠢᠨ IP ᠶ᠋ᠢ ᠠᠮᠢᠳᠤᠯᠢᠭ᠋ ᠪᠣᠯᠭᠠᠵᠤ᠂ ᠰᠢᠨ᠎ᠡ ᠠᠮᠢᠵᠢᠷᠠᠯ᠎ᠤᠨ ᠬᠦᠴᠦᠨ ᠤᠯᠭᠤᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃