2026-08-30 10:26:43
ᠲᠠᠩᠰᠤᠭ ᠨᠠᠮᠤᠷ ᠤ᠋ᠨ ᠪᠠᠭᠠᠷᠢᠨ ᠨᠤᠲᠤᠭ᠎ᠲᠤ᠌ ᠨᠠᠷᠠᠨ ᠳᠤᠯᠠᠢᠵᠤ ᠡᠪᠡᠰᠦ ᠬᠠᠯᠢᠭᠤᠷᠠᠨ᠂ ᠦᠬᠡᠷ ᠬᠤᠨᠢ ᠰᠦᠷᠦᠭᠯᠡᠨ ᠢᠳᠡᠰᠢᠯᠡᠵᠦ᠂ ᠠᠭᠤᠯᠠ ᠤᠰᠤ᠂ ᠣᠢ ᠮᠤᠳᠤ᠂ ᠡᠯᠡᠰᠦᠷᠬᠡᠭ ᠭᠠᠵᠠᠷ ᠵᠢᠡᠷ ᠪᠦᠷᠢᠯᠳᠦᠭᠰᠡᠨ ᠲᠡᠭᠦᠰ ᠰᠠᠢᠬᠠᠨ ᠦᠵᠡᠮᠵᠢ ᠬᠦᠮᠦᠰ ᠤ᠋ᠨ ᠰᠡᠳᠬᠢᠯ ᠢ᠋ ᠰᠤᠭᠲᠤᠭᠤᠷᠠᠭᠤᠯᠤᠨᠠ᠃ ᠵᠢᠷᠭᠠᠯ᠎ᠤᠨ ᠵᠠᠮ ᠰᠤᠮᠤ᠎ᠶ᠋ᠢᠨ ᠴᠠᠭᠠᠨᠨ᠌ᠤᠰᠤ ᠭᠠᠴᠠᠭ᠎ᠠ᠎ᠶ᠋ᠢᠨ ᠠᠯᠳᠠᠨ ᠤᠨᠠᠭ᠎ᠠ ᠲᠠᠯ᠎ᠠ ᠨᠤᠲᠤᠭ᠎ᠤᠨ ᠠᠷᠠᠳ᠎ᠤᠨ ᠵᠠᠩ ᠦᠢᠯᠡ᠎ᠶ᠋ᠢᠨ ᠵᠢᠭᠤᠯᠴᠢᠯᠠᠯ᠎ᠤᠨ ᠣᠷᠤᠨ᠎ᠳᠤ ᠭᠦᠷᠭᠦ ᠳ᠋ᠤ᠂ ᠢᠰᠡᠭᠡᠢ ᠭᠡᠷ ᠤ᠋ᠨ ᠲᠤᠭᠤᠨᠤ ᠡᠴᠡ ᠤᠲᠤᠭ᠎ᠠ ᠰᠤᠭᠤᠨᠠᠭᠯᠠᠨ᠂ ᠢᠷᠠᠭᠤ ᠴᠡᠭᠡᠯᠬᠡᠨ ᠮᠣᠷᠢᠨ ᠬᠤᠭᠤᠷ᠎ᠤᠨ ᠠᠶᠠᠰ ᠲᠠᠯ᠎ᠠ ᠵᠢᠨ ᠦᠷᠦᠴᠡᠨᠡ ᠴᠤᠤᠷᠢᠶᠠᠲᠤᠨ᠎ᠠ᠃ ᠡᠯ᠎ᠡ ᠭᠠᠵᠠᠷ ᠡᠴᠡ ᠬᠦᠷᠦᠯᠴᠡᠨ ᠢᠷᠡᠭᠰᠡᠨ ᠵᠢᠭᠤᠯᠴᠢᠯᠠᠭᠰᠠᠳ ᠡᠨᠳᠡ ᠲᠠᠯ᠎ᠠ ᠨᠤᠲᠤᠭ᠎ᠤᠨ ᠥᠪᠡᠷᠮᠢᠴᠡ ᠵᠠᠩ ᠦᠢᠯᠡ᠎ᠶ᠋ᠢ ᠪᠡᠶᠡᠴᠢᠯᠡᠨ ᠣᠶ᠋ᠢᠯᠠᠭᠠᠵᠤ᠂ ᠨᠠᠮ ᠰᠡᠯᠡᠭᠦᠬᠡᠨ ᠮᠠᠯᠵᠢᠯ᠎ᠤᠨ ᠲᠠᠯᠠᠪᠠᠢ᠎ᠳᠤ ᠬᠦᠷ ᠬᠥᠭᠵᠢᠶᠡᠨ ᠨᠡᠮᠡᠷᠢᠯᠡᠵᠦ᠂ ᠮᠠᠯᠴᠢᠨ ᠠᠢᠯ ᠤ᠋ᠨ ᠵᠢᠭᠤᠯᠴᠢᠯᠠᠯ ᠨᠢ ᠠᠶᠠᠯᠠᠯ ᠵᠢᠭᠤᠯᠴᠢᠯᠠᠯ ᠤ᠋ᠨ ᠰᠢᠨ᠎ᠡ ᠠᠮᠢᠵᠢᠷᠠᠯ ᠤ᠋ᠨ ᠬᠦᠴᠦᠨ ᠪᠤᠯᠵᠤ᠂ ᠮᠠᠯᠴᠢᠳ᠎ᠤᠨ ᠣᠷᠤᠯᠭ᠎ᠠ ᠵᠢ ᠨᠡᠮᠡᠭᠳᠡᠭᠦᠯᠦᠨ ᠪᠠᠶᠠᠵᠢᠯ ᠤ᠋ᠨ ᠵᠠᠮ ᠢ᠋ ᠨᠢ ᠦᠷᠬᠡᠳᠬᠡᠪᠡ᠃
ᠠᠨᠾᠦ᠋ᠢ ᠮᠤᠵᠢ᠎ᠡᠴᠡ ᠬᠦᠷᠣᠯᠴᠡᠨ ᠢᠷᠡᠭᠰᠡᠨ ᠵᠢᠭᠤᠯᠴᠢᠯᠠᠭᠴᠢ ᠯᠢ ᠠᠨ ᠨᠢᠢ ᠮᠠᠯᠴᠢᠨ ᠪᠦᠰᠡᠭᠦᠢ ᠵᠢᠨ ᠦᠨᠢᠶ᠎ᠠ ᠰᠠᠭᠠᠬᠤ ᠵᠢ ᠪᠡᠶᠡᠴᠢᠯᠡᠨ ᠤᠢᠯᠠᠭᠠᠵᠤ᠂ ᠬᠡᠦᠬᠡᠳ ᠤ᠋ᠳ ᠲᠤᠭᠤᠯ ᠬᠠᠰᠢᠵᠤ ᠲᠤᠭᠯᠠᠯᠳᠤᠨᠠ᠃ 《ᠠᠯᠢ ᠡᠷᠳᠡ ᠡᠴᠡ ᠬᠦᠳᠡᠭᠡ ᠵᠢᠨ ᠠᠮᠢᠳᠤᠷᠠᠯ᠎ᠢ ᠪᠡᠶᠡᠴᠢᠯᠡᠨ ᠤᠢᠯᠠᠭᠠᠬᠤ ᠵᠢ ᠬᠦᠰᠡᠨ ᠮᠥᠷᠦᠭᠡᠳᠴᠦ᠍ ᠪᠠᠢᠭᠰᠠᠨ᠎ᠢᠶᠠᠨ ᠡᠨᠡ ᠤᠳᠠᠭ᠎ᠠ ᠰᠠᠨᠠᠭᠠᠨ ᠳ᠋ᠠᠭᠠᠨ ᠭᠦᠷᠴᠠᠢ᠃ ᠡᠨᠳᠡᠬᠢ ᠦᠵᠡᠮᠵᠢ ᠭᠤᠶᠤ᠂ ᠬᠥᠮᠦᠨ ᠠᠷᠠᠳ ᠨᠢ ᠬᠠᠯᠠᠭᠤᠮᠰᠤᠭ᠂ ᠡᠬᠡᠬᠡ ᠯᠡ ᠭᠡᠷ᠎ᠲᠡᠬᠡᠨ ᠬᠠᠷᠢᠭᠰᠠᠨᠰᠢᠬ ᠰᠠᠨᠠᠭᠳᠠᠭᠤᠯᠤᠨ᠎ᠠ》 ᠬᠡᠵᠤ ᠯᠢ ᠠᠨᠨᠢᠢ ᠵᠢᠨ ᠴᠢᠷᠠᠢ ᠳ᠋ᠤ ᠪᠠᠶᠠᠷ ᠤ᠋ᠨ ᠮᠦᠰᠢᠶᠡᠳᠤ ᠲᠤᠳᠤᠷᠠᠨ᠎ᠠ᠃
ᠰᠣᠶᠤᠯ ᠵᠢᠭᠤᠯᠴᠢᠯᠠᠯ ᠤ᠋ᠨ ᠰᠢᠨ᠎ᠡ ᠡᠵᠡᠩᠨᠡᠯᠲᠡ᠎ᠶ᠋ᠢᠨ ᠬᠡᠯᠪᠡᠷᠢ ᠪᠠᠶ᠋ᠢᠳᠠᠯ᠎ᠢ ᠨᠠᠶ᠋ᠢᠳᠠᠪᠤᠷᠢᠵᠢᠭᠤᠯᠤᠭᠰᠠᠨ ᠨᠢ ᠲᠤᠬᠠᠢ᠎ᠶ᠋ᠢᠨ ᠭᠠᠵᠠᠷ᠎ᠤᠨ ᠮᠠᠯᠴᠢᠳ᠎ᠤᠨ ᠠᠮᠢᠳᠤᠷᠠᠯ ᠤ᠋ᠨ ᠬᠡᠪ ᠵᠠᠭᠪᠤᠷ᠎ᠢ ᠲᠦᠢᠯᠪᠤᠷᠢᠲᠠᠢ ᠬᠤᠪᠢᠷᠠᠭᠤᠯᠪᠠ᠃ 《ᠥᠩᠭᠡᠷᠡᠭᠰᠡᠨ᠎ᠳᠤ ᠵᠥᠪᠬᠡᠨ ᠮᠠᠯ ᠮᠠᠯᠵᠢᠬᠤ ᠳ᠋ᠦ ᠲᠦᠰᠢᠭᠯᠡᠨ ᠠᠮᠢᠳᠤᠷᠠᠵᠤ᠂ ᠣᠷᠤᠯᠭ᠎ᠠ ᠲᠣᠭᠲᠠᠭᠤᠨ ᠦᠬᠡᠢ ᠪᠠᠢᠵᠠᠢ》ᠬᠡᠵᠤ ᠲᠤᠬᠠᠢ᠎ᠶ᠋ᠢᠨ ᠭᠠᠵᠠᠷ᠎ᠤᠨ ᠮᠠᠯᠴᠢᠨ ᠰᠡᠴᠡᠨᠲᠤᠶᠠᠭ᠎ᠠ ᠦᠩᠭᠡᠷᠡᠭᠰᠡᠨ ᠵᠢᠡᠨ ᠡᠷᠬᠢᠴᠡᠭᠦᠯᠭᠦ ᠳ᠋ᠤ ᠮᠠᠰᠢ ᠭᠦᠨ ᠲᠥᠷᠦᠭᠳᠡᠯ᠎ᠲᠠᠢ ᠪᠠᠢᠯ᠎ᠠ᠃ ᠮᠠᠯᠴᠢᠨ ᠠᠢᠯ ᠤ᠋ᠨ ᠵᠢᠭᠤᠯᠴᠢᠯᠡᠯ ᠡᠷᠬᠢᠯᠡᠭᠰᠡᠨ᠎ᠡᠴᠡ ᠨᠠᠭᠠᠰᠢ᠂ ᠲᠡᠳᠡᠨ ᠤ᠋ ᠬᠢᠨ ᠵᠢᠯ ᠪᠦᠷᠢ ᠮᠢᠩᠭ᠎ᠠ ᠭᠠᠷᠤᠢ ᠵᠢᠭᠤᠯᠴᠢᠯᠠᠭᠴᠢ ᠵᠢ ᠭᠥᠯᠢᠶᠡᠨ ᠠᠪᠴᠤ᠌ ᠵᠤᠴᠢᠯᠠᠨ᠂ ᠵᠥᠪᠬᠡᠨ ᠢᠳᠡᠭᠡᠨ ᠤᠮᠳᠠᠭᠠᠨ ᠬᠤᠨᠤᠭ ᠪᠠᠭᠤᠳᠠᠯ ᠤ᠋ᠨ ᠣᠷᠤᠯᠭ᠎ᠠ᠎ᠨᠢ ᠳᠠᠷᠤᠢ ᠬᠡᠳᠦᠨ ᠠᠷᠪᠠᠨ ᠲᠦᠮᠡᠨ ᠲᠥᠭᠦᠷᠢᠭᠲᠤ᠌ ᠬᠦᠷᠴᠦ᠍᠂ ᠲᠡᠬᠡᠷ᠎ᠡ ᠨᠢ ᠴᠠᠭᠠᠨ ᠢᠳᠡᠭᠡᠨ᠂ ᠭᠠᠷ ᠤᠷᠠᠯᠠᠯ᠎ᠤᠨ ᠪᠦᠲᠦᠭᠡᠭᠳᠡᠬᠦᠨ ᠤ᠋ ᠪᠤᠷᠤᠯᠠᠭᠤᠯᠭ᠎ᠠ ᠪᠡᠷ ᠠᠰᠢᠭ ᠣᠷᠤᠯᠭ᠎ᠠ ᠪᠠᠨ ᠶᠡᠬᠡ ᠪᠡᠷ ᠨᠡᠮᠡᠭᠳᠡᠭᠦᠯᠤᠨ᠂ ᠠᠮᠢᠳᠤᠷᠠᠯ᠎ᠤᠨ ᠶᠠᠰᠤ ᠴᠢᠨᠠᠷ ᠨᠢ ᠶᠡᠬᠡᠳᠡ ᠲᠡᠬᠡᠭᠰᠢᠯᠡᠵᠠᠢ᠃ ᠡᠭᠦᠨ᠎ᠤ ᠬᠠᠮᠲᠤ᠌᠂ ᠦᠵᠡᠮᠵᠢ᠎ᠶ᠋ᠢᠨ ᠣᠷᠤᠨ᠎ᠨᠢ ᠲᠤᠬᠠᠢ ᠵᠢᠨ ᠭᠠᠵᠠᠷ᠎ᠤᠨ ᠮᠠᠯᠴᠢᠳ ᠲᠤ᠌ ᠠᠵᠢᠯ ᠤᠯᠭᠤᠵᠤ᠂ ᠴᠠᠭᠠᠨᠨ᠌ᠤᠰᠤ ᠭᠠᠴᠠᠭᠠᠨ᠎ᠤ ᠬᠠᠮᠲᠤ᠎ᠶ᠋ᠢᠨ ᠠᠵᠤ ᠠᠬᠤᠢ ᠳ᠋ᠤ ᠵᠢᠯ ᠪᠦᠷᠢ 10 ᠲᠦᠮᠡᠨ ᠲᠥᠭᠦᠷᠢᠭ᠎ᠡᠴᠡ ᠳᠡᠭᠡᠭᠰᠢᠬᠢ ᠤᠷᠤᠯᠭ᠎ᠠ ᠨᠡᠮᠡᠭᠳᠡᠭᠦᠯᠵᠦ᠍᠂ ᠮᠠᠯᠴᠢᠳ ᠤ᠋ᠨ ᠭᠡᠷ᠎ᠤᠨ ᠵᠢᠡᠨ ᠤᠢᠷᠠᠯᠴᠠᠭ᠎ᠠ ᠤᠷᠤᠯᠭ᠎ᠠ ᠪᠠᠨ ᠨᠡᠮᠡᠭᠳᠡᠭᠦᠯᠭᠦ ᠳ᠋ᠦ ᠨᠦᠭᠦᠴᠡᠯ ᠬᠠᠩᠭᠠᠵᠠᠢ᠃
ᠥᠪᠡᠷᠮᠢᠴᠡ ᠣᠨᠴᠠᠯᠢᠭ᠎ᠲᠠᠢ ᠬᠠᠭᠠᠰ ᠮᠠᠯᠵᠢᠬᠤ ᠬᠠᠭᠠᠰ ᠲᠠᠷᠢᠶᠠᠯᠠᠬᠤ ᠡᠬᠢ ᠪᠠᠶᠠᠯᠢᠭ᠎ᠤᠨ ᠳᠠᠪᠠᠭᠤᠯᠢᠭ ᠲᠠᠭᠠᠨ ᠲᠦᠰᠢᠭᠯᠡᠨ᠂ ᠪᠠᠭᠠᠷᠢᠨ ᠪᠠᠷᠠᠭᠤᠨ ᠬᠤᠰᠢᠭᠤ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠢ᠋ ᠭᠦᠨᠵᠡᠭᠡᠢᠷᠡᠭᠦᠯᠵᠦ᠂ ᠦᠬᠡᠷ ᠬᠤᠨᠢ ᠮᠠᠯᠵᠢᠬᠤ ᠤᠯᠠᠮᠵᠢᠯᠠᠯᠲᠤ᠌ ᠭᠤᠤᠯᠯᠠᠬᠤ ᠠᠵᠤ ᠦᠢᠯᠡᠰ ᠢ᠋ ᠲᠤᠭᠳᠠᠪᠦᠷᠢᠵᠢᠭᠤᠯᠤᠭᠰᠠᠨ ᠰᠠᠭᠤᠷᠢᠨ ᠳᠡᠭᠡᠷ᠎ᠡ ᠲᠠᠯ᠎ᠠ ᠨᠤᠲᠤᠭ᠎ᠤᠨ ᠠᠷᠠᠳ᠎ᠤᠨ ᠵᠠᠩ ᠦᠢᠯᠡ ᠵᠢᠨ ᠰᠣᠶᠤᠯ᠎ᠤᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠳᠡᠭᠡᠳᠦ ᠱᠠᠲᠤᠨ᠎ᠤ ᠲᠤᠰᠭᠠᠢ ᠲᠦᠷᠦᠯ ᠤ᠋ᠨ ᠬᠠᠪᠰᠤᠷᠤᠨ ᠲᠡᠳᠬᠦᠬᠦ᠌ ᠪᠠᠯᠠ ᠮᠥᠩᠭᠦ᠎ᠶ᠋ᠢ ᠢᠳᠡᠪᠬᠢᠲᠡᠢ ᠡᠷᠡᠮᠡᠯᠵᠡᠨ ᠣᠯᠵᠤ᠂ ᠠᠯᠲᠠᠨ ᠤᠨᠠᠭ᠎ᠠ ᠲᠠᠯ᠎ᠠ ᠨᠤᠲᠤᠭ᠎ᠤᠨ ᠠᠷᠠᠳ᠎ᠤᠨ ᠵᠠᠩ ᠦᠢᠯᠡ᠎ᠶ᠋ᠢᠨ ᠵᠢᠭᠤᠯᠴᠢᠯᠠᠯ᠎ᠤᠨ ᠣᠷᠤᠨ᠎ᠢ ᠨᠠᠷᠢᠨ ᠨᠢᠮᠪᠠᠢ ᠲᠦᠰᠦᠪᠯᠡᠨ ᠪᠠᠶ᠋ᠢᠭᠤᠯᠪᠠ᠃ ᠦᠵᠡᠮᠵᠢ᠎ᠶ᠋ᠢᠨ ᠣᠷᠤᠨ᠎ᠨᠢ ᠣᠯᠠᠨ ᠶᠠᠩᠵᠤᠲᠤ ᠪᠠᠶ᠋ᠢᠭᠠᠯᠢ᠎ᠶ᠋ᠢᠨ ᠦᠵᠡᠮᠵᠢ᠎ᠶ᠋ᠢ ᠡᠮᠬᠢᠯᠡᠨ ᠨᠡᠶ᠋ᠢᠯᠡᠭᠦᠯᠵᠦ᠍᠂ ᠠᠷᠠᠳ᠎ᠤᠨ ᠭᠡᠷ ᠤ᠋ᠨ ᠬᠤᠨᠤᠭ ᠪᠠᠭᠤᠴᠠ᠂ ᠢᠳᠡᠭᠡᠨ ᠤᠮᠳᠠᠭᠠᠨ᠂ ᠲᠠᠯ᠎ᠠ ᠨᠤᠲᠤᠭ᠎ᠤᠨ ᠪᠡᠶᠡᠴᠢᠯᠡᠨ ᠤᠢᠯᠠᠭᠠᠯᠳᠠ᠂ ᠰᠡᠯᠡᠭᠦᠴᠡᠯ ᠵᠢᠭᠤᠯᠴᠢᠯᠠᠯ ᠵᠡᠷᠭᠡ ᠵᠢ ᠢᠵᠢ ᠪᠥᠷᠢᠳᠦᠭᠦᠯᠵᠦ᠂ ᠲᠠᠯ᠎ᠠ ᠨᠤᠲᠤᠭ᠎ᠤᠨ ᠥᠩᠭᠡ ᠦᠵᠡᠮᠵᠢ ᠬᠢᠭᠡᠳ ᠠᠷᠠᠳ᠎ᠤᠨ ᠵᠠᠩ ᠦᠢᠯᠡ ᠪᠡᠷ ᠵᠢᠡᠨ ᠬᠠᠯᠠᠮᠰᠢᠯ ᠵᠢᠭᠤᠯᠴᠢᠯᠠᠯ ᠤ᠋ᠨ ᠴᠡᠭ ᠪᠤᠯᠪᠠ᠃
ᠠᠵᠤ ᠦᠢᠯᠡᠰ᠎ᠤᠨ ᠬᠥᠭᠵᠢᠯᠲᠡ ᠨᠢ ᠮᠠᠯᠴᠢᠳ᠎ᠤᠨ ᠤᠷᠤᠯᠭ᠎ᠠ ᠵᠢ ᠨᠡᠮᠡᠭᠳᠡᠭᠦᠯᠦᠭᠰᠡᠨ᠎ᠢᠶᠠᠷ ᠪᠠᠷᠠᠬᠤ ᠦᠭᠡᠢ ᠬᠥᠳᠡᠭᠡ ᠲᠣᠰᠭᠤᠨ᠎ᠤ ᠳᠣᠲᠤᠭᠠᠳᠤ ᠬᠥᠳᠡᠯᠭᠡᠬᠦ᠌ ᠬᠦᠴᠦᠨ᠎ᠢ ᠬᠥᠭᠵᠢᠭᠡᠪᠡ᠃ ᠪᠣᠳᠠᠰ᠎ᠤᠨ ᠪᠤᠰᠤ ᠰᠣᠶᠤᠯ᠎ᠤᠨ ᠥᠪ ᠪᠤᠯᠬᠤ ᠬᠠᠳᠭᠤᠮᠠᠯ᠂ ᠮᠣᠷᠢᠨ ᠬᠤᠭᠤᠷ ᠤ᠋ᠨ ᠲᠤᠭᠯᠠᠯᠲᠠ ᠵᠡᠷᠭᠡ ᠤᠯᠠᠮᠵᠢᠯᠠᠯᠲᠤ᠌ ᠠᠷᠠᠳ᠎ᠤᠨ ᠵᠠᠩ ᠦᠢᠯᠡ᠎ᠶ᠋ᠢᠨ ᠤᠷ᠎ᠠ ᠮᠡᠷᠭᠡᠵᠢᠯ ᠨᠢ ᠰᠣᠶᠤᠯ ᠵᠢᠭᠤᠯᠴᠢᠯᠠᠯ ᠤ᠋ᠨ ᠬᠠᠯᠠᠮᠰᠢᠯ ᠳ᠋ᠤ ᠰᠢᠨ᠎ᠡ ᠠᠮᠢᠯᠠᠯ ᠤ᠋ᠨ ᠬᠦᠴᠦᠨ ᠤᠯᠭᠤᠵᠠᠢ᠃ ᠬᠠᠳᠭᠤᠮᠠᠯᠴᠢᠨ ᠪᠦᠰᠡᠭᠦᠢ ᠬᠠᠰᠭᠡᠷᠡᠯ᠎ᠤᠨ ᠭᠠᠷ ᠤᠷᠠᠯᠠᠯ᠎ᠤᠨ ᠪᠦᠲᠦᠭᠡᠯ᠎ᠨᠢ ᠪᠥᠬᠦ᠌ ᠤᠯᠤᠰ᠎ᠤᠨ ᠡᠯ᠎ᠡ ᠭᠠᠵᠠᠷ᠎ᠲᠤ᠌ ᠪᠣᠷᠤᠯᠠᠭᠤᠯᠤᠭᠳᠠᠵᠤ᠂ ᠤᠨᠴᠠ ᠵᠠᠷᠢᠮ ᠰᠣᠳᠤᠨ ᠪᠦᠲᠦᠭᠡᠯ᠎ᠤᠨ ᠬᠢᠨᠢ ᠬᠤᠳᠠᠯᠳᠤᠬᠤ ᠦᠨᠡᠨ᠎ᠢ ᠮᠢᠩᠭᠠᠨ ᠲᠥᠭᠦᠷᠢᠭ᠎ᠢ ᠲᠠᠪᠠᠵᠠᠢ᠃ ᠠᠬᠠᠮᠠᠳ ᠤᠷᠠᠯᠢᠭᠴᠢᠨ ᠰᠡᠴᠡᠨᠪᠢᠯᠢᠭ ᠲᠠᠢᠰᠠᠨ ᠳ᠋ᠤ ᠭᠠᠷᠴᠤ ᠲᠣᠭᠯᠠᠯᠲᠠ ᠭᠠᠷᠭᠠᠬᠤ ᠪᠠ ᠤᠷ᠎ᠠ ᠮᠡᠷᠭᠡᠵᠢᠯ ᠤ᠋ᠨ ᠪᠤᠯᠪᠠᠰᠤᠷᠠᠯ ᠡᠷᠬᠢᠯᠡᠭᠰᠡᠨ ᠡᠴᠡ ᠣᠷᠤᠯᠭ᠎ᠠ᠎ᠨᠢ ᠥᠩᠭᠡᠷᠡᠭᠰᠡᠨ ᠡᠴᠡ ᠳᠠᠬᠢᠨ᠎ᠢᠶᠠᠷ ᠨᠡᠮᠡᠭᠳᠡᠵᠡᠢ᠃ ᠣᠯᠠᠨ ᠲᠦᠮᠡᠨ᠎ᠤ ᠣᠷᠤᠯᠭ᠎ᠠ᠎ᠶ᠋ᠢᠨ ᠲᠣᠭᠲᠠᠭᠤᠨ᠎ᠢᠶᠠᠷ ᠳᠡᠭᠡᠭᠰᠢᠯᠡᠬᠦ᠎ᠶ᠋ᠢ ᠳᠠᠭᠠᠯᠳᠤᠨ᠂ ᠣᠯᠠᠨ᠎ᠢᠶᠠᠷ᠎ᠢᠶᠠᠨ ᠣᠷᠤᠰᠢᠨ ᠰᠠᠭᠤᠬᠤ ᠣᠷᠴᠢᠨ ᠲᠣᠭᠤᠷᠢᠨ ᠤ᠋ ᠴᠡᠭᠴᠡᠯᠡᠨ ᠵᠠᠰᠠᠯᠲᠠ᠂ ᠨᠤᠲᠤᠭ᠎ᠤᠨ ᠰᠤᠷᠲᠠᠯ᠎ᠤᠨ ᠪᠠᠶ᠋ᠢᠭᠤᠯᠤᠯᠲᠠ ᠪᠠ ᠨᠡᠶ᠋ᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠲᠤ᠌ ᠰᠠᠨᠠᠭᠠᠴᠢᠯᠠᠭ᠎ᠠ᠎ᠡᠴᠡ᠎ᠪᠠᠨ ᠣᠷᠤᠯᠴᠠᠬᠤ ᠪᠤᠯᠵᠤ᠂ ᠬᠥᠳᠡᠭᠡ ᠨᠤᠲᠤᠭ ᠤ᠋ᠨ ᠳᠦᠷᠰᠦ ᠪᠠᠶ᠋ᠢᠳᠠᠯ ᠤᠯᠠᠮ ᠰᠠᠢᠵᠢᠷᠠᠪᠠ᠃
ᠦᠳᠡᠰᠢ᠎ᠶ᠋ᠢᠨ ᠨᠡᠷᠡᠨ ᠪᠠᠷᠠᠭᠤᠨᠰᠢ ᠲᠠᠰᠢᠬᠤ ᠪᠡᠷ᠂ ᠮᠠᠯᠴᠢᠳ ᠬᠤᠭ ᠨᠣᠪᠰᠢ᠎ᠪᠠᠨ ᠴᠡᠪᠡᠷᠯᠡᠵᠦ ᠶᠠᠭᠠᠷᠠᠯᠳᠤᠨ᠎ᠠ᠃ 《ᠪᠢᠳᠡ ᠪᠣᠯᠪᠠᠰᠤᠨ ᠵᠢᠭᠤᠯᠴᠢᠯᠠᠯ᠎ᠢ ᠰᠠᠨᠠᠭᠠᠴᠢᠯᠠᠵᠤ᠂ ᠮᠠᠯᠴᠢᠨ ᠠᠶ᠋ᠢᠯ᠎ᠤᠨ ᠵᠢᠭᠤᠯᠴᠢᠯᠡᠯ᠎ᠢ ᠬᠥᠭᠵᠢᠭᠦᠯᠬᠦ᠎ᠶ᠋ᠢᠨ ᠬᠠᠮᠲᠤ᠌ ᠨᠤᠲᠤᠭ ᠪᠡᠯᠴᠢᠭᠡᠷ᠎ᠢ ᠬᠠᠮᠠᠭᠠᠯᠠᠬᠤ ᠤᠬᠠᠭᠤᠯᠭ᠎ᠠ᠎ᠶ᠋ᠢ ᠴᠢᠩᠭᠠᠳᠭᠠᠨ᠂ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠢᠶᠠᠷᠤᠨ ᠬᠠᠮᠠᠭᠠᠯᠠᠬᠤ ᠡᠷᠴᠢᠮ ᠵᠢᠡᠨ ᠴᠢᠩᠭᠠᠷᠠᠭᠤᠯᠵᠤ᠂ ᠲᠤᠬᠠᠢ᠎ᠶ᠋ᠢᠨ ᠭᠠᠵᠠᠷ᠎ᠤᠨ ᠮᠠᠯᠴᠢᠨ ᠲᠠᠷᠢᠶᠠᠴᠢᠨ ᠪᠣᠯᠤᠨ ᠵᠢᠭᠤᠯᠴᠢᠯᠠᠭᠰᠠᠳ᠎ᠲᠠᠢ ᠭᠠᠷ ᠬᠤᠯᠪᠤᠯᠴᠠᠨ ᠨᠤᠲᠤᠭ ᠪᠡᠯᠴᠢᠭᠡᠷ᠎ᠢ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ᠎ᠢ ᠪᠦᠷᠢᠯᠳᠦᠭᠦᠯᠵᠦ ᠪᠤᠢ》 ᠭᠡᠵᠦ᠍ ᠵᠢᠷᠭᠠᠯ᠎ᠤᠨ ᠵᠠᠮ ᠰᠤᠮᠤ ᠵᠢᠨ ᠰᠤᠮᠤᠨ ᠳᠠᠷᠤᠭ᠎ᠠ ᠾᠧᠦ ᠶᠠᠨ ᠹᠸᠢ ᠬᠡᠯᠡᠪᠡ᠃
ᠪᠠᠭᠠᠷᠢᠨ ᠪᠠᠷᠠᠭᠤᠨ ᠬᠤᠰᠢᠭᠤᠨ᠎ᠤ ᠰᠣᠶᠤᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠳᠠᠷᠤᠭ᠎ᠠ ᠲᠦᠪᠴᠢᠬᠡᠴᠢ ᠰᠤᠷᠪᠤᠯᠵᠢᠯᠠᠭᠴᠢ᠎ᠳᠦ᠄ 《ᠮᠠᠯᠴᠢᠨ ᠠᠶ᠋ᠢᠯ᠎ᠤᠨ ᠵᠢᠭᠤᠯᠴᠢᠯᠡᠯ ᠨᠢ ᠵᠦᠪᠬᠡᠨ ᠵᠢᠭᠤᠯᠴᠢᠯᠠᠯ᠎ᠤᠨ ᠲᠥᠷᠦᠯ ᠵᠦᠢᠯ ᠲᠡᠳᠦᠢ ᠪᠢᠰᠢ᠂ ᠨᠠᠩ᠎ᠴᠤ᠌ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠴᠢᠬᠤᠯᠠ ᠭᠠᠷᠳᠠᠴᠠ ᠪᠣᠯᠤᠨ᠎ᠠ᠃ ᠪᠢᠳᠡ ᠮᠠᠯᠴᠢᠨ ᠲᠠᠷᠢᠶᠠᠴᠢᠨ᠎ᠢ ᠪᠠᠶᠠᠵᠢᠨ ᠴᠢᠨᠡᠭᠡᠯᠢᠭᠵᠢᠭᠦᠯᠬᠦ ᠠᠵᠤ ᠦᠢᠯᠡᠰ᠎ᠢ ᠦᠷᠭᠦᠯᠵᠢᠯᠡᠨ ᠰᠠᠢᠳᠤᠷ ᠬᠢᠵᠦ᠍᠂ ᠰᠠᠭᠤᠷᠢ ᠲᠥᠬᠦᠭᠡᠷᠦᠮᠵᠢ᠎ᠪᠠᠨ ᠲᠠᠰᠤᠷᠠᠯᠲᠠ᠎ᠦᠭᠡᠢ ᠲᠡᠭᠦᠯᠳᠡᠷᠵᠢᠭᠦᠯᠤᠨ᠂ ᠲᠦᠷᠪᠡᠨ ᠤᠯᠠᠷᠢᠯ᠎ᠤᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠍᠂ ᠲᠠᠯ᠎ᠠ ᠨᠤᠲᠤᠭ᠎ᠢ ᠥᠨᠢ ᠡᠭᠦᠷᠢᠳᠡ ᠦᠵᠡᠰᠬᠦᠯᠡᠩᠲᠦ᠍ ᠰᠠᠶ᠋ᠢᠬᠠᠨ ᠪᠠᠢᠯᠭᠠᠨ᠂ ᠮᠠᠯᠴᠢᠳ᠎ᠤᠨ ᠤᠷᠤᠯᠭ᠎ᠠ ᠵᠢ ᠨᠡᠩ ᠲᠣᠭᠲᠠᠭᠤᠨ ᠪᠣᠯᠭᠠᠵᠤ᠂ ᠠᠮᠢᠳᠤᠷᠠᠯ᠎ᠢ ᠨᠢ ᠤᠯᠠᠮ ᠰᠠᠶ᠋ᠢᠵᠢᠷᠠᠭᠤᠯᠤᠨ᠎ᠠ》 ᠭᠡᠵᠤ ᠢᠯᠡᠷᠬᠡᠢᠯᠡᠪᠡ᠃
ᠰᠥᠨᠢ᠎ᠶ᠋ᠢᠨ ᠬᠥᠰᠢᠭᠡ ᠲᠡᠯᠬᠡᠭᠳᠡᠨ᠂ ᠣᠳᠤᠨ ᠮᠡᠴᠢᠳ ᠬᠢᠯᠠᠯᠵᠠᠵᠤ᠂ ᠮᠣᠩᠭᠤᠯ ᠭᠡᠷ᠎ᠡᠴᠡ ᠢᠷᠠᠭᠤ ᠰᠠᠢᠬᠠᠨ ᠤᠶᠠᠩᠭ᠎ᠠ ᠳᠠᠭᠤᠤ ᠲᠤᠭᠤᠯᠳᠠᠨ᠎ᠠ᠃ ᠡᠨᠡ ᠬᠦ᠌ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠲᠠᠯ᠎ᠠ ᠨᠤᠲᠤᠭ᠎ᠲᠤ᠌ ᠤᠯᠠᠮᠵᠢᠯᠠᠯ ᠪᠠ ᠤᠳᠤ ᠦᠶ᠎ᠡ᠎ᠶ᠋ᠢᠨ ᠬᠡᠪ ᠨᠠᠮᠪᠠ ᠠᠭᠤᠰᠤᠯᠴᠠᠵᠤ᠂ ᠠᠮᠢ ᠠᠬᠤᠢ ᠪᠤᠯᠤᠨ ᠠᠵᠤ ᠦᠢᠯᠡᠰ ᠵᠤᠬᠢᠴᠠᠯᠳᠤᠨ᠂ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠦᠵᠡᠰᠬᠦᠯᠡᠩᠲᠦ᠍ ᠰᠠᠶ᠋ᠢᠬᠠᠨ ᠵᠢᠷᠤᠭ ᠠᠯᠭᠤᠷᠬᠠᠨ ᠳᠡᠯᠭᠡᠭᠳᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃