2026-09-01 10:00:44
ᠯᠢᠨᠰᠢ ᠰᠢᠶᠠᠨ᠎ᠳᠤ ᠭᠣᠣᠯ ᠳᠠᠭᠠᠵᠤ ᠰᠠᠭᠤᠭᠰᠠᠨ ᠲᠣᠰᠬᠤᠨ᠂ ᠰᠠᠭᠤᠭᠠᠯᠢ ᠡᠷᠦᠭᠡ᠂ ᠭᠤᠤᠯ ᠳᠠᠭᠠᠤ ᠲᠠᠷᠢᠶᠠᠨ ᠭᠠᠵᠠᠷ ᠠᠷᠪᠢᠨ ᠪᠤᠯᠬᠤᠷ ᠦᠶᠡᠷ᠎ᠢ ᠰᠡᠷᠭᠡᠢᠯᠡᠬᠦ ᠹᠷᠤᠨᠲ ᠣᠷᠳᠤ᠂ ᠭᠡᠮ ᠰᠤᠭᠤᠭ᠎ᠤᠨ ᠴᠡᠭ ᠣᠯᠠᠨ ᠪᠠᠢᠳᠠᠭ᠃ ᠣᠯᠠᠨ ᠲᠦᠮᠡᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠯᠢᠨᠰᠢ ᠰᠢᠶᠠᠨ ᠤ᠋ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠨᠠᠮ᠎ᠤᠨ ᠭᠡᠰᠢᠭᠦᠨ ᠺᠠᠳ᠋ᠷᠴᠤᠳ ᠪᠦᠬᠦᠨ ᠵᠢᠡᠷ ᠵᠢᠡᠨ ᠠᠵᠢᠯ᠎ᠤᠨ ᠪᠠᠢᠷᠢ᠎ᠪᠡᠨ ᠪᠠᠲᠤ ᠰᠠᠬᠢᠵᠤ᠂ ᠦᠶᠡᠷ ᠤ᠋ᠨ ᠲᠤᠬᠠᠢ ᠰᠡᠷᠡᠮᠵᠢᠯᠡᠭᠦᠯᠦᠯ ᠢ᠋ ᠰᠣᠨᠣᠰᠤᠮᠠᠭᠴᠠ ᠬᠥᠳᠡᠯᠦᠯᠴᠡᠵᠦ᠂ ᠦᠶᠡᠷ᠎ᠢ ᠰᠡᠷᠭᠡᠢᠯᠡᠬᠦ ᠠᠷᠭ᠎ᠠ ᠬᠡᠮᠵᠢᠶ᠎ᠡ᠎ᠶᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠤᠨ᠂ ᠦᠶᠡᠷ᠎ᠤᠨ ᠬᠤᠭᠤᠴᠠᠭᠠᠨ᠎ᠤ ᠠᠮᠤᠷ ᠲᠦᠪᠰᠢᠨ᠎ᠤ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠪᠠ᠃
ᠯᠢᠨᠰᠢ ᠰᠢᠶᠠᠨ ᠨᠠᠮ ᠵᠠᠰᠠᠭ᠎ᠤᠨ ᠬᠠᠷᠢᠭᠤᠴᠠᠯᠭᠠᠲᠠᠨ ᠭᠡᠰᠡᠭ ᠬᠤᠪᠢᠶᠠᠨ ᠳᠠᠭᠠᠭᠠᠴᠢᠯᠠᠨ ᠬᠠᠷᠢᠭᠤᠴᠠᠬᠤ ᠠᠵᠢᠯ᠎ᠤᠨ ᠲᠣᠭᠲᠠᠴᠠ᠎ᠶᠢ ᠬᠡᠷᠡᠭᠵᠢᠭᠦᠯᠵᠦ᠂ ᠦᠶᠡᠷ᠎ᠢ ᠰᠡᠷᠭᠡᠢᠯᠡᠬᠦ ᠬᠠᠷᠢᠭᠤᠴᠠᠯᠭ᠎ᠠ᠎ᠶᠢᠨ ᠰᠢᠰᠲᠧᠮ ᠢ᠋ ᠨᠠᠷᠢᠯᠢᠬ᠍ᠵᠢᠭᠤᠯᠵᠠᠢ᠃ ᠤᠳᠤᠷᠢᠳᠬᠤ ᠺᠠᠳ᠋ᠷ ᠬᠡᠰᠡᠭ ᠬᠤᠪᠢᠶᠠᠨ ᠠᠵᠢᠯ᠎ᠢ ᠠᠭᠢᠭᠤᠯᠵᠤ᠂ ᠭᠠᠯᠳᠠᠰᠤᠲᠠᠢ ᠭᠣᠣᠯ ᠵᠢᠴᠢ ᠢᠨᠵᠠᠭ᠎ᠠ ᠵᠢᠨ ᠭᠤᠤᠯ ᠤ᠋ᠨ ᠭᠣᠣᠯᠳᠠᠯᠭ᠎ᠠ᠎ᠲᠠᠢ ᠬᠡᠰᠡᠭ᠂ ᠭᠣᠣᠯ ᠳᠠᠭᠠᠤ ᠨᠤᠷᠠᠬᠤ ᠠᠶᠤᠯ ᠲᠠᠢ ᠬᠠᠭᠤᠴᠢᠨ ᠭᠡᠷ ᠪᠠᠢᠰᠢᠩ᠂ ᠬᠤᠲᠤᠭᠤᠷ ᠭᠠᠵᠠᠷ᠂ ᠲᠠᠷᠢᠶᠠᠨ ᠭᠠᠵᠠᠷ᠎ᠤᠨ ᠭᠤᠤ ᠰᠤᠪᠠᠭ ᠵᠡᠷᠬᠡ ᠣᠷᠣᠨ ᠪᠦᠰᠡ᠎ᠶᠢ ᠪᠦᠭᠦᠨ᠎ᠢ ᠳᠠᠭᠠᠭᠠᠴᠢᠯᠠᠨ ᠬᠠᠷᠢᠭᠤᠴᠠᠬᠤ ᠬᠡᠪᠴᠢᠶᠡᠨ᠎ᠳᠤ ᠣᠷᠣᠭᠤᠯᠵᠤ᠂ 24 ᠴᠠᠭ᠎ᠢᠶᠠᠷ ᠵᠢᠵᠢᠭᠦᠷᠯᠡᠨ ᠰᠠᠬᠢᠵᠤ᠂ ᠲᠣᠭᠤᠷᠢᠨ ᠪᠠᠢᠴᠠᠭᠠᠬᠤ᠎ᠶᠢ ᠪᠠᠢᠨᠭᠭᠤᠵᠢᠭᠤᠯᠪᠠ᠃ ᠠᠵᠢᠯᠲᠠᠳ ᠭᠣᠣᠯ᠎ᠤᠨ ᠤᠰᠤᠨ ᠲᠦᠪᠰᠢᠨ᠂ ᠬᠠᠰᠢᠯᠭ᠎ᠠ ᠵᠢᠨ ᠲᠣᠭᠲᠠᠭᠤᠨ ᠪᠠᠢᠬᠤ ᠡᠰᠡᠬᠦ᠂ ᠭᠤᠤ ᠰᠤᠪᠠᠭ ᠤ᠋ᠨ ᠰᠠᠭᠠᠳ ᠦᠭᠡᠢ ᠨᠡᠪᠲᠡᠷᠡᠭᠦ ᠪᠠᠢᠳᠠᠯ᠎ᠢ ᠨᠢᠭ᠍ᠲᠠ ᠠᠩᠬᠠᠷᠴᠤ᠂ ᠵᠢᠭ᠍ᠰᠠᠭᠠᠨ ᠪᠠᠢᠴᠠᠭᠠᠬᠤ ᠪᠡᠷ ᠳᠠᠮᠵᠢᠭᠤᠯᠤᠨ ᠢᠯᠡᠷᠡᠭᠦᠯᠦᠭᠰᠡᠨ ᠰᠢᠪᠠᠷ ᠬᠤᠷᠠᠭᠰᠠᠨ᠂ ᠲᠥᠭᠵᠢᠷᠡᠭᠰᠡᠨ ᠵᠡᠷᠭᠡ ᠠᠰᠠᠭᠤᠳᠠᠯ᠎ᠢ ᠳᠠᠷᠤᠢ ᠳ᠋ᠤᠨᠢ ᠪᠠᠢᠴᠠᠭᠠᠵᠤ ᠳᠠᠷᠤᠢ ᠳ᠋ᠤᠨᠢ ᠴᠡᠭᠴᠡᠯᠡᠨ ᠰᠢᠢᠳᠪᠦᠷᠢᠯᠡᠵᠦ᠂ ᠦᠶᠡᠷ᠎ᠤᠨ ᠬᠤᠭᠤᠴᠠᠭᠠᠨ᠎ᠳᠡᠬᠢ ᠠᠮᠤᠷ ᠲᠦᠪᠰᠢᠨ᠎ᠤ ᠲᠦᠭᠰᠢᠭᠦᠷᠢ᠎ᠶᠢ ᠡᠬᠢ ᠡᠭᠦᠰᠦᠯ᠎ᠡᠴᠡ ᠨᠢ ᠠᠷᠢᠯᠭᠠᠭᠰᠠᠨ ᠪᠠᠢᠨ᠎ᠠ᠃
ᠯᠢᠨᠰᠢ ᠪᠠᠯᠭᠠᠰᠤᠨ᠎ᠤ ᠨᠠᠮ᠎ᠤᠨ ᠬᠣᠷᠢᠶᠠᠨ᠎ᠤ ᠱᠦᠵᠢ ᠵᠠᠩ ᠴᠢᠶᠠᠩ᠄ 《ᠦᠶᠡᠷ᠎ᠤᠨ ᠬᠤᠭᠤᠴᠠᠭᠠᠨ ᠳ᠋ᠤ ᠭᠤᠤᠯ᠎ᠤᠨ ᠤᠷᠤᠰᠬᠠᠯ ᠬᠤᠪᠢᠷᠠᠯᠲᠠ ᠶᠡᠬᠡᠲᠡᠢ ᠤᠴᠢᠷ ᠡᠴᠡ ᠥᠴᠥᠬᠡᠨ ᠴᠦ᠍ ᠴᠠᠯᠠᠭᠠᠢᠳᠠᠵᠤ ᠪᠤᠯᠬᠤ ᠦᠭᠡᠢ᠂ ᠮᠠᠨ᠎ᠤ ᠪᠦᠭᠦ ᠠᠵᠢᠯᠲᠠᠨ ᠡᠮᠦᠨ᠎ᠡ ᠹᠷᠤᠨᠲ᠎ᠲᠤ ᠭᠦᠨᠵᠡᠭᠡᠢᠷᠡᠨ᠂ 24 ᠴᠠᠭ᠎ᠢᠶᠠᠷ ᠵᠢᠵᠢᠭᠦᠷᠯᠡᠨ ᠲᠣᠭᠤᠷᠢᠨ ᠪᠠᠢᠴᠠᠭᠠᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠣᠯᠠᠨ ᠲᠦᠮᠡᠨ᠎ᠤ ᠠᠮᠤᠷ ᠲᠦᠪᠰᠢᠨ᠎ᠢ ᠰᠠᠬᠢᠨ ᠬᠠᠮᠠᠭᠠᠯᠠᠵᠤ ᠪᠤᠢ》 ᠭᠡᠵᠦ ᠰᠤᠷᠪᠤᠯᠵᠢᠯᠠᠭᠴᠢ᠎ᠳᠤ ᠶᠠᠷᠢᠯ᠎ᠠ᠃ ᠲᠡᠷᠡ᠂ ᠪᠦᠭᠦ ᠪᠠᠯᠭᠠᠰᠤ᠎ᠪᠠᠷ᠎ᠢᠶᠠᠨ ᠠᠮᠤᠷ ᠲᠦᠪᠰᠢᠨ᠎ᠤ ᠰᠡᠷᠭᠡᠢᠯᠡᠯᠲᠡ ᠵᠢᠨ ᠱᠤᠭᠤᠮ᠎ᠢ ᠢᠮᠠᠭᠲᠠ ᠴᠢᠩᠭᠠᠳᠬᠠᠵᠤ᠂ ᠦᠶᠡᠷ᠎ᠤᠨ ᠬᠤᠭᠤᠴᠠᠭ᠎ᠠ ᠳᠠᠭᠤᠰᠤᠭ᠎ᠠ ᠦᠭᠡᠢ ᠪᠤᠯ ᠥᠷᠭᠦᠯᠵᠢᠯᠡᠨ ᠵᠢᠵᠢᠭᠦᠷᠯᠡᠨ ᠰᠠᠬᠢᠬᠤ᠎ᠪᠠᠨ ᠪᠠᠷᠢᠮᠲᠠᠯᠠᠨ᠎ᠠ ᠭᠡᠪᠡ᠃ ᠪᠠᠯᠭᠠᠰᠤ ᠲᠣᠰᠬᠤᠨ ᠬᠤᠶᠠᠷ ᠱᠠᠲᠤ ᠪᠡᠷ ᠵᠢᠡᠨ ᠦᠨᠳᠦᠰᠦᠨ ᠱᠠᠲᠤᠨ ᠤ᠋ ᠦᠶᠡᠷ᠎ᠢ ᠰᠡᠷᠭᠡᠢᠯᠡᠬᠦ ᠰᠡᠷᠭᠡᠢᠯᠡᠯᠲᠡ ᠶ᠋ᠢᠨ ᠱᠤᠭᠤᠮ᠎ᠢ ᠪᠠᠢᠭᠤᠯᠵᠤ᠂ ᠡᠯ᠎ᠡ ᠲᠣᠰᠬᠤᠨ᠎ᠤ ᠲᠣᠤᠷᠵᠢᠯ ᠤ᠋ᠨ ᠠᠵᠢᠯᠲᠠᠨ᠂ ᠦᠶᠡᠷ᠎ᠢ ᠰᠡᠷᠭᠡᠢᠯᠡᠬᠦ ᠬᠢᠨᠠᠨ ᠬᠡᠮᠵᠢᠯᠲᠡ ᠶ᠋ᠢᠨ ᠠᠵᠢᠯᠲᠠᠳ 24 ᠴᠠᠭ᠎ᠵᠢᠡᠷ ᠲᠣᠭᠣᠷᠢᠨ ᠪᠠᠢᠴᠠᠭᠠᠬᠤ ᠳᠦᠷᠢᠮ᠎ᠢ ᠨᠠᠢᠳᠠᠪᠤᠷᠢᠵᠢᠭᠤᠯᠵᠤ᠂ ᠪᠣᠷᠣᠭᠠᠨ᠎ᠤ ᠪᠠᠢᠳᠠᠯ᠂ ᠤᠰᠤᠨ᠎ᠤ ᠪᠠᠢᠳᠠᠯ᠂ ᠭᠣᠣᠯ ᠤ᠋ᠨ ᠪᠠᠢᠳᠠᠯ᠎ᠢ ᠴᠠᠭ ᠲᠤᠬᠠᠢ ᠳ᠋ᠤᠨᠢ ᠭᠢᠨᠠᠨ ᠭᠡᠮᠵᠢᠵᠦ᠂ ᠭᠣᠣᠯ᠎ᠤᠨ ᠬᠡᠪᠡᠯᠢ ᠵᠢᠨ ᠠᠮᠠᠷᠬᠠᠨ ᠶᠡᠭᠦᠷᠡᠬᠦ ᠳᠠᠯᠠᠨᠭ᠌ ᠤ᠋ᠨ ᠬᠡᠰᠡᠭ᠂ ᠬᠥᠭᠥᠷᠭᠡᠨ ᠭᠤᠯᠳᠤᠩ᠂ ᠠᠮᠠᠷᠬᠠᠨ ᠤᠰᠤ ᠬᠤᠷᠠᠳᠠᠭ ᠭᠠᠵᠠᠷ ᠵᠡᠷᠭᠡ ᠵᠢ ᠭᠣᠣᠯᠳᠠᠯᠭ᠎ᠠ᠎ᠲᠠᠢ ᠠᠩᠬᠠᠷᠴᠤ᠂ ᠪᠣᠷᠣᠭᠠᠨ ᠲᠠᠢ ᠦᠶᠡᠰ ᠲᠣᠭᠣᠷᠢᠨ ᠪᠠᠢᠴᠠᠭᠠᠬᠤ ᠵᠢ ᠴᠢᠩᠭᠠᠳᠬᠠᠨ᠂ ᠡᠷᠦᠭᠡ ᠳᠠᠷᠠᠭᠠᠯᠠᠨ ᠬᠤᠲᠤᠭᠤᠷ ᠳᠣᠣᠷ᠎ᠠ ᠭᠠᠵᠠᠷ ᠲᠡᠬᠢ ᠰᠠᠭᠤᠭᠠᠯᠢ ᠡᠷᠦᠭᠡ᠂ ᠬᠠᠭᠤᠴᠢᠨ ᠭᠡᠷ ᠪᠠᠢᠰᠢᠩ ᠲᠠᠢ ᠰᠠᠭᠤᠭᠠᠯᠢ ᠡᠷᠦᠭᠡ ᠳ᠋ᠤ ᠬᠦᠷᠴᠦ᠂ ᠭᠡᠮ ᠰᠤᠭᠤᠭ᠎ᠲᠠᠢ ᠴᠡᠭ ᠢ᠋ ᠪᠦᠭᠦ ᠲᠠᠯ᠎ᠠ᠎ᠪᠠᠷ ᠵᠢᠭ᠍ᠰᠠᠭᠠᠨ ᠪᠠᠢᠴᠠᠭᠠᠵᠠᠢ᠃ ᠡᠭᠦᠨ᠎ᠤ ᠬᠠᠮᠲᠤ᠂ ᠭᠣᠣᠯ᠎ᠤᠨ ᠬᠡᠪᠡᠯᠢ ᠵᠢ ᠬᠡᠰᠡᠭ ᠬᠤᠪᠢᠶᠠᠨ ᠰᠠᠬᠢᠨ ᠬᠠᠮᠠᠭᠠᠯᠠᠵᠤ᠂ ᠲᠤᠰᠬᠠᠢ ᠭᠦᠮᠦᠨ ᠵᠢᠵᠢᠭᠦᠷᠯᠡᠨ ᠰᠠᠬᠢᠬᠤ ᠳᠦᠷᠢᠮ᠎ᠢ ᠨᠠᠢᠳᠠᠪᠤᠷᠢᠵᠢᠭᠤᠯᠵᠤ᠂ ᠭᠣᠣᠯ᠎ᠤᠨ ᠬᠡᠪᠡᠯᠢ ᠳ᠋ᠡᠬᠢ ᠭᠦᠪᠦᠮᠡᠯ ᠪᠣᠳᠠᠰ᠂ ᠭᠤᠤᠯ ᠤ᠋ᠨ ᠬᠡᠪᠡᠯᠢ ᠳ᠋ᠤ ᠬᠤᠷᠠᠭᠰᠠᠨ ᠡᠯᠳᠡᠪ ᠪᠣᠳᠠᠰ᠎ᠢ ᠴᠠᠭ ᠲᠤᠬᠠᠢ ᠳ᠋ᠤᠨᠢ ᠴᠡᠪᠡᠷᠯᠡᠵᠦ᠂ ᠭᠤᠤ ᠰᠤᠪᠠᠭ᠎ᠢ ᠨᠠᠪᠲᠠᠷᠡᠭᠦᠯᠦᠨ᠂ ᠦᠶᠡᠷ ᠤ᠋ᠨ ᠤᠷᠤᠰᠬᠠᠯ ᠤ᠋ᠨ ᠰᠠᠭᠠᠳ ᠦᠭᠡᠢ ᠨᠡᠪᠲᠡᠷᠡᠬᠦ᠎ᠶᠢ ᠪᠦᠭᠦ ᠬᠦᠴᠦᠨᠢᠶᠠᠷᠪᠠᠲᠤᠯᠠᠪᠠ᠃ ᠦᠶᠡᠷ᠎ᠤᠨ ᠬᠤᠭᠤᠴᠠᠭᠠᠨ᠎ᠳᠡᠬᠢ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠤᠰᠤᠨ᠎ᠳ᠋ᠤ ᠤᠷᠤᠬᠤ᠂ ᠭᠣᠣᠯ᠎ᠤᠨ ᠬᠥᠪᠡᠭᠡ ᠪᠡᠷ ᠰᠡᠯᠡᠭᠦᠴᠡᠨ ᠲᠣᠭᠣᠷᠢᠬᠤ ᠵᠡᠷᠭᠡ ᠠᠶᠤᠯ ᠲᠠᠢ ᠦᠢᠯᠡ ᠠᠵᠢᠯᠯᠠᠭ᠎ᠠ᠎ᠶᠢ ᠡᠷᠡᠰ ᠬᠣᠷᠢᠭ᠍ᠯᠠᠭᠰᠠᠨ ᠪᠠᠢᠨ᠎ᠠ᠃
ᠪᠣᠷᠣᠭᠠᠨ᠎ᠤ ᠪᠠᠢᠳᠠᠯ᠎ᠢ ᠤᠷᠢᠳᠴᠢᠯᠠᠨ ᠰᠡᠷᠡᠮᠵᠢᠯᠡᠭᠦᠯᠭᠦ᠂ ᠬᠠᠰᠢᠯᠭ᠎ᠠ ᠵᠢᠨ ᠠᠮᠤᠷ ᠲᠥᠪᠰᠢᠨ ᠢ᠋ ᠪᠠᠲᠤᠯᠠᠬᠤ᠂ ᠣᠯᠠᠨ ᠲᠦᠮᠡᠨ᠎ᠢ ᠰᠢᠯᠵᠢᠭᠦᠯᠬᠦ᠂ ᠡᠳ᠋ ᠪᠣᠳᠠᠰ᠎ᠢ ᠲᠣᠬᠢᠷᠠᠭᠤᠯᠬᠤ ᠵᠡᠷᠭᠡ ᠪᠦᠭᠦ ᠶᠠᠪᠤᠴᠠ᠎ᠶᠢᠨ ᠲᠣᠭᠣᠷᠢᠨ᠎ᠳᠤ᠂ ᠯᠢᠨᠰᠢ ᠰᠢᠶᠠᠨ ᠦᠶᠡᠷ᠎ᠢ ᠰᠡᠷᠭᠡᠢᠯᠡᠨ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶᠢ ᠣᠯᠠᠨᠲᠠ ᠥᠷᠨᠢᠭᠦᠯᠵᠦ᠂ ᠪᠠᠯᠭᠠᠰᠤ ᠲᠣᠰᠬᠤᠨ ᠤ᠋ ᠠᠵᠢᠯᠲᠠᠨ᠎ᠤ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ᠂ ᠬᠠᠮᠵᠢᠯᠴᠠᠨ ᠠᠵᠢᠯᠯᠠᠬᠤ ᠴᠢᠳᠠᠪᠤᠷᠢ᠎ᠶᠢ ᠪᠦᠲᠦᠮᠵᠢᠲᠡᠢ ᠳᠡᠭᠡᠭᠰᠢᠯᠡᠭᠦᠯᠪᠡ᠃
ᠣᠳᠣᠬᠠᠨ᠎ᠳᠤ᠂ ᠯᠢᠨᠰᠢ ᠰᠢᠶᠠᠨ ᠤ᠋ ᠺᠠᠳ᠋ᠷᠴᠤᠳ ᠬᠡᠰᠡᠭ ᠬᠤᠪᠢᠶᠠᠨ ᠳᠠᠭᠠᠭᠠᠴᠢᠯᠠᠨ ᠬᠠᠷᠢᠭᠤᠴᠠᠬᠤ᠂ ᠭᠣᠣᠯ᠎ᠤᠨ ᠬᠡᠪᠡᠯᠢ ᠪᠡᠷ ᠲᠤᠰᠬᠠᠢ ᠬᠥᠮᠥᠨ ᠵᠢᠵᠢᠭᠦᠷᠯᠡᠨ ᠪᠠᠢᠴᠠᠭᠠᠬᠤ᠂ ᠲᠤᠤᠷᠵᠢᠯ ᠤ᠋ᠨ ᠠᠵᠢᠯᠲᠠᠨ ᠰᠦᠨᠢᠵᠢᠨ ᠲᠣᠭᠣᠷᠢᠨ ᠰᠡᠷᠭᠡᠢᠯᠡᠬᠦ᠂ ᠭᠡᠮ ᠰᠤᠭᠤᠭ᠎ᠢ ᠠᠷᠢᠯᠭᠠᠬᠤ ᠦᠶᠡᠷ᠎ᠢ ᠰᠡᠷᠭᠡᠢᠯᠡᠬᠦ ᠠᠵᠢᠯ᠎ᠤᠨ ᠪᠠᠢᠷᠢᠰᠢᠯ᠎ᠢ ᠪᠠᠢᠭᠤᠯᠵᠤ᠂ ᠪᠦᠭᠦ ᠠᠵᠢᠯᠲᠠᠳ ᠦᠶᠡᠷ᠎ᠢ ᠰᠡᠷᠭᠡᠢᠯᠡᠬᠦ ᠡᠮᠦᠨ᠎ᠡ ᠹᠷᠤᠨᠲ᠎ᠢ ᠪᠠᠲᠤ ᠰᠠᠬᠢᠵᠤ᠂ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠴᠢᠩᠭ᠎ᠠ ᠨᠠᠷᠢᠯᠢᠭ᠋ ᠨᠠᠢᠳᠠᠪᠤᠷᠢᠵᠢᠭᠤᠯᠵᠤ᠂ ᠬᠠᠷᠢᠶ᠎ᠠ ᠭᠠᠵᠠᠷ ᠤ᠋ᠨ ᠵᠢᠡᠨ ᠣᠯᠠᠨ ᠲᠦᠮᠡᠨ᠎ᠤ ᠦᠶᠡᠷ᠎ᠤ᠋ᠨ ᠬᠤᠭᠤᠴᠠᠭ᠎ᠠ ᠵᠢ ᠠᠮᠤᠷ ᠲᠥᠪᠰᠢᠨ ᠵᠢᠡᠷ ᠥᠩᠭᠡᠷᠡᠭᠦᠯᠬᠦ᠎ᠶᠢ ᠪᠦᠭᠦ ᠬᠦᠴᠦᠨᠢᠶᠠᠷᠪᠠᠲᠤᠯᠠᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃