ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-09-04 10:40:10

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

ᠠᠷᠠᠳ ᠤ᠋ᠨ ᠠᠮᠢᠳᠤᠷᠠᠯ ᠤ᠋ᠨ ᠪᠣᠳᠠᠲᠤ ᠦᠷ᠎ᠡ ᠪᠦᠲᠦᠮᠵᠢ ᠵᠢ ᠠᠩᠬᠠᠷᠴᠤ 《ᠳᠤᠯᠠᠭᠠᠨ ᠬᠣᠲᠠ ᠶ᠋ᠢᠨ ᠬᠠᠯᠠᠮᠰᠢᠯ ᠮᠡᠳᠡᠭᠡ》 ᠬᠣᠲᠠ ᠵᠢᠨ ᠪᠦᠬᠦ ᠲᠠᠯ᠎ᠠ ᠵᠢᠨ ᠵᠠᠰᠠᠯᠳᠠ ᠳ᠋ᠤ ᠬᠦᠴᠦᠨ ᠨᠡᠮᠡᠷᠢᠯᠡᠨ᠎ᠡ

ᠶᠠᠷᠢᠶ᠎ᠠ ᠬᠡᠯᠡᠯᠴᠡᠭᠡᠨ ᠤ᠋ ᠬᠢᠨᠠᠯᠲᠠ ᠲᠠᠯᠪᠢᠬᠤ ᠪᠣᠯ ᠭᠣᠣᠯᠯᠠᠭᠴᠢ ᠵᠠᠭᠤᠴᠢᠯᠠᠭᠤᠷ ᠤ᠋ᠨ ᠦᠨᠳᠦᠰᠦᠨ ᠱᠠᠲᠤᠨ ᠤ᠋ ᠵᠠᠰᠠᠯᠲᠠ ᠳ᠋ᠤ ᠦᠢᠯᠡᠴᠢᠯᠡᠬᠦ᠂ ᠵᠠᠰᠠᠭ ᠤ᠋ᠨ ᠠᠵᠢᠯ ᠤ᠋ᠨ ᠪᠦᠲᠦᠮᠵᠢ ᠵᠢᠨ ᠳᠤᠬᠠᠢ ᠵᠥᠪ ᠦᠵᠡᠯᠲᠡ ᠵᠢ ᠪᠤᠢ ᠪᠣᠯᠭᠠᠨ ᠦᠢᠯᠡᠳᠦᠯᠭᠡᠵᠢᠬᠦᠯᠬᠦ ᠵᠢ ᠬᠥᠲᠥᠯᠥᠨ ᠵᠢᠯᠤᠭᠣᠳᠬᠤ ᠴᠢᠬᠤᠯᠠ ᠭᠠᠷᠳᠠᠴᠠ ᠵᠢᠨ ᠨᠢᠭᠡ ᠪᠣᠯᠬᠤ ᠶᠤᠮ᠃ ᠣᠷᠳᠣᠰ ᠬᠤᠳᠠ ᠵᠢᠨ ᠬᠠᠮ ᠵᠠᠭᠤᠴᠢᠯᠠᠭᠤᠷ ᠤ᠋ᠨ ᠲᠥᠪ ᠬᠠᠮ ᠵᠠᠭᠤᠴᠢᠯᠠᠭᠤᠷ ᠤ᠋ᠨ ᠶᠠᠷᠢᠶ᠎ᠠ ᠬᠡᠯᠡᠯᠴᠡᠭᠡᠨ ᠤ᠋ ᠬᠢᠨᠠᠯᠲᠠ ᠲᠠᠯᠪᠢᠬᠤ ᠳᠡᠯᠭᠡᠴᠡ 《ᠳᠤᠯᠠᠭᠠᠨ ᠬᠣᠲᠠ ᠶ᠋ᠢᠨ ᠬᠠᠯᠠᠮᠰᠢᠯ ᠮᠡᠳᠡᠭᠡ》 ᠶ᠋ᠢ ᠰᠡᠳᠦᠨ ᠡᠷᠬᠢᠯᠡᠵᠦ᠂ 《ᠵᠥᠪ ᠲᠠᠯ᠎ᠠ ᠵᠢᠨ ᠤᠬᠠᠭᠤᠯᠭ᠎ᠠ ᠬᠢᠵᠦ᠂ ᠶᠠᠷᠢᠶ᠎ᠠ ᠬᠡᠯᠡᠯᠴᠡᠭᠡᠨ ᠤ᠋ ᠬᠢᠨᠠᠯᠲᠠ ᠲᠠᠯᠪᠢᠨ᠂ ᠬᠣᠣᠰ ᠴᠢᠭᠯᠡᠯ ᠶ᠋ᠢᠡᠷ ᠬᠦᠴᠦᠯᠡᠬᠦ》 ᠶ᠋ᠢ ᠪᠠᠷᠢᠮᠲᠠᠯᠠᠨ᠂ ᠣᠷᠳᠣᠰ ᠬᠤᠳᠠ ᠵᠢᠨ ᠨᠠᠮ ᠤ᠋ᠨ ᠬᠣᠷᠢᠶ᠎ᠠ ᠂ ᠵᠠᠰᠠᠭ ᠤ᠋ᠨ ᠣᠷᠳᠣᠨ ᠤ᠋ 《ᠳ᠋ᠦᠸᠧ ᠳ᠋ᠦᠸᠧ ᠫᠢᠩ ᠦᠨᠡᠯᠡᠯᠲᠡ ᠶ᠋ᠢᠨ ᠰᠢᠰᠲᠧᠮ + ᠵᠠᠭᠠᠯᠳᠤᠯᠭ᠎ᠠ ᠵᠢ ᠬᠦᠯᠢᠶᠡᠨ ᠠᠪᠤᠮᠠᠭᠴᠠ ᠰᠢᠢᠳᠪᠦᠷᠢᠯᠡᠬᠦ + ᠵᠠᠭᠤᠴᠢᠯᠠᠭᠤᠷ ᠤ᠋ᠨ ᠬᠢᠨᠠᠯᠲᠠ ᠲᠠᠯᠪᠢᠬᠤ 》 ᠵᠡᠷᠭᠡ ᠵᠠᠰᠠᠯᠲᠠ ᠵᠢᠨ ᠵᠠᠭᠪᠤᠷ ᠢ᠋ ᠪᠦᠷᠢᠯᠳᠦᠬᠦᠯᠬᠦ ᠳ᠋ᠤ ᠬᠦᠴᠦ ᠨᠡᠮᠡᠷᠢᠯᠡᠵᠦ᠂ ᠬᠤᠳᠠ ᠵᠢᠨ ᠬᠡᠪᠴᠢᠶᠡᠨ ᠤ᠋ ᠨᠡᠢᠭᠡᠮ ᠤ᠋ᠨ ᠵᠠᠰᠠᠯᠲᠠ ᠵᠢᠨ ᠴᠢᠬᠤᠯᠠ ᠠᠴᠢᠶᠠᠯᠠᠪᠤᠷᠢ ᠪᠣᠯᠤᠭᠰᠠᠨ ᠪᠠᠢᠨ᠎ᠠ᠃

ᠳᠤᠰ ᠳᠡᠯᠭᠡᠴᠡ ᠳᠡᠭᠡᠷ᠎ᠠ ᠱᠠᠲᠤᠨ ᠡᠴᠡ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠵᠤ᠂ ᠪᠦᠷᠢᠨ ᠪᠦᠲᠦᠨ ᠡᠷᠭᠢᠯᠲᠡᠲᠦ ᠬᠢᠨᠠᠯᠲᠠ ᠲᠠᠯᠪᠢᠬᠤ ᠰᠢᠰᠲ᠋ᠧᠮ ᠢ᠋ ᠪᠠᠢᠭᠤᠯᠵᠡᠢ᠃ ᠳᠡᠯᠭᠡᠴᠡ ᠶ᠋ᠢᠨ ᠠᠵᠢᠯᠯᠠᠭᠠᠨ ᠤ᠋ ᠲᠥᠰᠥᠯ ᠢ᠋ ᠣᠷᠳᠣᠰ ᠬᠤᠳᠠ ᠵᠢᠨ ᠨᠠᠮ ᠤ᠋ᠨ ᠬᠣᠷᠢᠶ᠎ᠠ ᠵᠢᠨ ᠪᠠᠢᠩᠭᠤ ᠵᠢᠨ ᠬᠣᠷᠢᠶ᠎ᠠ ᠬᠢᠨᠠᠨ ᠲᠣᠭᠲᠠᠭᠠᠵᠤ᠂ ᠬᠤᠳᠠ ᠵᠢᠨ ᠨᠠᠮ ᠤ᠋ᠨ ᠬᠣᠷᠢᠶ᠎ᠠ ᠵᠢᠨ ᠳᠡᠳ᠋ ᠱᠦᠵᠢ ᠪᠡᠷ ᠲᠦᠷᠦᠭᠦᠯᠡᠭᠦᠯᠦᠭᠰᠡᠨ ᠠᠵᠢᠯ᠎ᠤᠨ ᠤᠳᠤᠷᠢᠳᠬᠤ ᠳᠤᠭᠤᠢᠯᠠᠩ ᠪᠠᠢᠭᠤᠯᠤᠨ᠂ ᠤᠯᠠᠨ ᠰᠠᠯᠠᠭ᠎ᠠ ᠮᠥᠴᠢᠷ ᠬᠠᠮᠵᠢᠯᠴᠠᠨ ᠠᠵᠢᠯᠯᠠᠵᠤ᠂ 12345 ᠬᠠᠯᠠᠮᠰᠢᠯ ᠤᠲᠠᠰᠤᠨ ᠳ᠋ᠤ ᠲᠦᠰᠢᠭᠯᠡᠨ᠂ ᠣᠯᠠᠨ ᠲᠦᠮᠡᠨ ᠤ᠋ ᠳᠠᠬᠢᠨ ᠳᠠᠪᠳᠠᠨ ᠮᠡᠳᠡᠬᠦᠯᠵᠦ ᠪᠠᠢᠭ᠎ᠠ ᠠᠰᠠᠭᠤᠳᠠᠯ ᠢ᠋ ᠴᠤᠭᠯᠠᠭᠤᠯᠤᠨ᠂ ᠠᠰᠠᠭᠤᠳᠠᠯ ᠤ᠋ᠨ ᠰᠦᠪᠡᠭᠴᠢ ᠵᠢᠨ ᠬᠥᠮᠥᠷᠭᠡ ᠪᠠᠢᠭᠤᠯᠤᠭᠠᠳ᠂ 《ᠰᠦᠪᠡᠭᠴᠢ ᠴᠤᠭᠯᠠᠭᠤᠯᠬᠤ ︱ ᠰᠤᠳᠤᠯᠤᠨ ᠮᠠᠭᠠᠳᠯᠠᠵᠤ ᠨᠡᠪᠲᠡᠷᠡᠭᠦᠯᠬᠦ ︱ ᠬᠠᠷᠢᠭᠤ ᠲᠤᠰᠬᠠᠬᠤ ︱ ᠴᠡᠭᠴᠡᠯᠡᠨ ᠰᠠᠢᠵᠢᠷᠠᠭᠤᠯᠬᠤ ︱ ᠦᠷ᠎ᠡ ᠪᠦᠲᠦᠮᠵᠢ ᠵᠢ ᠦᠨᠡᠯᠡᠬᠦ》 ᠪᠥᠬᠥ ᠬᠡᠯᠬᠢᠶᠡᠨ᠎ᠤ ᠪᠦᠷᠢᠨ ᠪᠦᠲᠦᠨ ᠡᠷᠬᠢᠯᠲᠡᠲᠦ ᠬᠢᠨᠠᠯᠳᠠ ᠳᠠᠯᠪᠢᠬᠤ ᠲᠣᠭᠲᠠᠴᠠ ᠵᠢ ᠪᠠᠢᠭᠤᠯᠵᠤ᠂ ᠳᠠᠯᠳᠠᠭᠤᠷ ᠰᠤᠷᠪᠤᠯᠵᠢᠯᠠᠨ ᠪᠠᠢᠴᠠᠭᠠᠬᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤ᠋ᠨ ᠵᠠᠰᠠᠭ ᠤ᠋ᠨ ᠶᠠᠪᠤᠳᠠᠯ ᠢ᠋ ᠠᠰᠠᠭᠤᠬᠤ᠂ ᠮᠥᠷᠳᠡᠨ ᠰᠤᠷᠪᠤᠯᠵᠢᠯᠠᠬᠤ ᠵᠡᠷᠭᠡ ᠠᠷᠭ᠎ᠠ ᠮᠠᠶᠢᠭ᠋ ᠢ᠋ ᠶᠡᠷᠦᠩᠬᠡᠢᠯᠡᠨ ᠬᠡᠷᠡᠭᠯᠡᠵᠦ ᠠᠰᠠᠭᠤᠳᠠᠯ ᠢ᠋ ᠰᠢᠢᠳᠪᠦᠷᠢᠯᠡᠬᠦ ᠵᠢ ᠠᠬᠢᠭᠤᠯᠳᠠᠭ ᠠᠵᠢ᠃

ᠳᠤᠰ ᠳᠡᠯᠭᠡᠴᠡ 《ᠨᠢᠭᠡ ᠭᠠᠵᠠᠷ ᠣᠷᠣᠨ ᠳ᠋ᠤ ᠢᠯᠡᠴᠢᠯᠡᠪᠡᠯ᠂ ᠪᠥᠬᠥ ᠬᠦᠷᠢᠶ᠎ᠡ ᠴᠠᠷᠠᠭᠠᠨ ᠳ᠋ᠤ ᠴᠡᠭᠴᠡᠯᠡᠨ ᠰᠠᠢᠵᠢᠷᠠᠭᠤᠯᠬᠤ》 ᠠᠵᠢᠯ ᠤ᠋ᠨ ᠵᠠᠭᠪᠤᠷ ᠢ᠋ ᠡᠭᠦᠳᠦᠨ ᠬᠡᠷᠡᠭᠵᠢᠭᠦᠯᠵᠦ᠂ ᠵᠠᠰᠠᠭ ᠤ᠋ᠨ ᠠᠵᠢᠯ ᠤ᠋ᠨ ᠪᠦᠳᠦᠮᠵᠢ ᠵᠢᠨ ᠤᠳᠤᠷᠢᠳᠤᠮᠵᠢ ᠵᠢ ᠦᠷᠭᠦᠯᠵᠢᠯᠡᠨ ᠬᠤᠪᠢᠷᠠᠭᠤᠯᠪᠠ᠃ ᠢᠯᠡᠷᠡᠭᠦᠯᠦᠭᠰᠡᠨ ᠨᠡᠢᠲᠡᠮ᠎ᠤᠨ ᠴᠢᠨᠠᠷᠲᠠᠢ ᠠᠰᠠᠭᠤᠳᠠᠯ ᠢ᠋ ᠭᠦᠨᠵᠡᠭᠡᠢ ᠠᠭᠤᠳᠠᠯᠬᠤ ᠵᠢ ᠪᠠᠷᠢᠮᠳᠠᠯᠠᠵᠤ᠂ ᠬᠣᠯᠪᠣᠭᠳᠠᠯ ᠪᠦᠬᠦᠢ ᠬᠣᠰᠢᠭᠤ ᠲᠣᠭᠣᠷᠢᠭ᠋᠂ ᠰᠠᠯᠠᠭ᠎ᠠ ᠮᠥᠴᠢᠷ ᠲᠤ᠌ 《ᠪᠥᠬᠥ ᠬᠦᠷᠢᠶ᠎ᠡ ᠴᠠᠷᠠᠭᠠᠨ ᠳ᠋ᠤ ᠴᠡᠭᠴᠡᠯᠡᠨ ᠰᠠᠢᠵᠢᠷᠠᠭᠤᠯᠬᠤ ᠠᠰᠠᠭᠤᠳᠠᠯ ᠤ᠋ᠨ ᠰᠠᠨᠠᠭᠤᠯᠭ᠎ᠠ ᠵᠢᠨ ᠬᠠᠭᠤᠳᠠᠰᠤ》ᠵᠢ ᠪᠠᠭᠤᠯᠭᠠᠨ᠂ 《ᠢᠯᠡᠴᠢᠯᠡᠪᠡᠯ ᠳᠠᠷᠤᠢ ᠰᠢᠢᠳᠪᠦᠷᠢᠯᠡᠬᠦ 》 ᠵᠢ ᠪᠠᠷᠢᠮᠳᠠᠯᠠᠵᠤ᠂ ᠡᠯ᠎ᠡ ᠱᠠᠲᠤᠨ ᠤ᠋ ᠺᠠᠳ᠋ᠷᠴᠤᠳ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠵᠢᠨ ᠳᠤᠬᠠᠢ ᠦᠵᠡᠯᠲᠡ ᠵᠢ 《ᠣᠬᠣᠷ ᠬᠤᠭᠤᠴᠠᠭᠠᠨ ᠤ᠋ ᠬᠢᠯᠡᠰ ᠴᠡᠭ ᠢ᠋ ᠴᠢᠬᠤᠯᠠᠴᠢᠯᠠᠬᠤ》 ᠡᠴᠡ 《ᠠᠯᠤᠰ ᠬᠡᠲᠦ ᠵᠢᠨ ᠠᠷᠠᠳ ᠤ᠋ᠨ ᠠᠮᠢᠳᠤᠷᠠᠯ ᠢ᠋ ᠴᠢᠬᠤᠯᠠᠴᠢᠯᠠᠬᠤ》 ᠪᠣᠯᠭᠠᠨ ᠬᠤᠪᠢᠷᠠᠭᠤᠯᠬᠤ ᠵᠢ ᠠᠬᠢᠭᠤᠯᠵᠠᠢ᠃

2026 ᠣᠨ ᠤ᠋ 6 ᠰᠠᠷ᠎ᠠ ᠪᠣᠯᠲᠠᠯ᠎ᠠ 《 ᠳᠤᠯᠠᠭᠠᠨ ᠬᠣᠲᠠ ᠶ᠋ᠢᠨ ᠬᠠᠯᠠᠮᠰᠢᠯ ᠮᠡᠳᠡᠭᠡ》 ᠳᠡᠯᠭᠡᠴᠡ ᠨᠡᠶ᠋ᠢᠲᠡ 142 ᠬᠤᠭᠤᠴᠠᠭ᠎ᠠ ᠨᠠᠪᠲᠠᠷᠡᠭᠦᠯᠵᠦ᠂ ᠶᠠᠷᠢᠶ᠎ᠠ ᠬᠡᠯᠡᠯᠴᠡᠭᠡᠨ ᠤ᠋ ᠬᠢᠨᠠᠯᠲᠠ ᠲᠠᠯᠪᠢᠭᠰᠠᠨ ᠮᠡᠳᠡᠭᠡᠯᠡᠯ ᠢ᠋ 52 ᠬᠤᠭᠤᠴᠠᠭ᠎ᠠ ᠨᠡᠪᠲᠡᠷᠡᠬᠦᠯᠦᠨ᠂ ᠮᠡᠳᠡᠭᠡᠯᠡᠵᠦ ᠦᠩᠬᠡᠷᠡᠭᠰᠡᠨ ᠬᠣᠯᠪᠣᠭᠳᠠᠯ ᠪᠦᠬᠦᠢ ᠠᠰᠠᠭᠤᠳᠠᠯ ᠢ᠋ ᠪᠦᠬᠦᠨ ᠢ᠋ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠵᠢ ᠠᠬᠢᠭᠤᠯᠵᠤ᠂ ᠣᠯᠠᠨ ᠮᠡᠳᠡᠭᠡᠯᠡᠯ ᠨᠢ ᠡᠯ᠎ᠡ ᠱᠠᠲᠤᠨ ᠤ᠋ ᠤᠳᠤᠷᠢᠳᠤᠯᠭ᠎ᠠ ᠵᠢᠨ ᠨᠤᠳᠠᠯᠠᠯᠳᠠ ᠶ᠋ᠢᠨ ᠴᠣᠬᠣᠯᠠᠪᠤᠷᠢ ᠵᠢ ᠤᠯᠤᠭᠰᠠᠨ ᠪᠥᠭᠡᠳ ᠵᠠᠰᠠᠭ ᠤ᠋ᠨ ᠣᠷᠳᠣᠨ ᠤ᠋ ᠱᠠᠯᠠᠪᠳᠠᠭᠤᠯᠤᠨ ᠰᠢᠢᠳᠪᠦᠷᠢᠯᠡᠭᠦᠯᠬᠦ ᠵᠦᠢᠯᠡᠰ ᠲᠤ᠌ ᠣᠷᠣᠭᠰᠠᠨ ᠪᠠᠢᠨ᠎ᠠ᠃

ᠲᠤᠰ ᠳᠡᠯᠭᠡᠴᠡ ᠠᠷᠠᠳ ᠤ᠋ᠨ ᠠᠮᠢᠳᠤᠷᠠᠯ ᠤ᠋ᠨ ᠬᠦᠴᠢᠷ ᠠᠰᠠᠭᠤᠳᠠᠯ ᠳ᠋ᠤ ᠴᠢᠭᠯᠡᠭᠦᠯᠦᠨ ᠶᠡᠬᠡ ᠬᠡᠮᠵᠢᠶᠡᠨ ᠤ᠋ ᠲᠡᠦᠬᠡᠨ ᠡᠴᠡ ᠦᠯᠡᠳᠡᠭᠳᠡᠵᠦ ᠢᠷᠡᠭᠰᠡᠨ ᠬᠦᠴᠢᠷ ᠠᠰᠠᠭᠤᠳᠠᠯ ᠢ᠋ ᠰᠢᠢᠳᠪᠦᠷᠢᠯᠡᠵᠡᠢ᠃ ᠳᠤᠬᠠᠢᠯᠠᠪᠠᠯ᠂ ᠳ᠋ᠦᠩᠱᠧᠩ ᠳᠤᠭᠤᠷᠢᠭ ᠤ᠋ᠨ ᠬᠠᠲᠤᠨ ᠭᠣᠣᠯ ᠤ᠋ᠨ ᠤᠰᠤ ᠵᠢ ᠲᠠᠲᠠᠵᠤ ᠤᠰᠤ ᠬᠠᠩᠭᠠᠬᠤ ᠢᠨᠵᠧᠨᠧᠷᠢᠩ ᠢ᠋ ᠨᠠᠢᠳᠠᠪᠤᠷᠢᠵᠢᠭᠤᠯᠬᠤ ᠵᠢ ᠠᠬᠢᠭᠤᠯᠵᠤ᠂ ᠬᠤᠳᠠ ᠶ᠋ᠢᠨ ᠳᠤᠭᠤᠷᠢᠭ ᠲᠤ᠌ ᠤᠰᠤ ᠳᠤᠲᠠᠭᠳᠠᠬᠤ ᠠᠰᠠᠭᠤᠳᠠᠯ ᠢ᠋ ᠲᠤᠢᠯᠪᠤᠷᠢᠲᠠᠢ ᠰᠢᠢᠳᠪᠦᠷᠢᠯᠡᠵᠡᠢ;19 ᠡᠳᠦᠷ ᠲᠤ᠌ ᠷᠦᠩ ᠴᠧᠩ ᠬᠤᠳᠠ ᠡᠴᠡ ᠦᠬᠠᠢ ᠬᠤᠳᠠ ᠬᠦᠷᠬᠦ ᠲᠦᠷᠭᠡᠨ ᠤ᠋ ᠵᠠᠮ ᠤ᠋ᠨ ᠦᠢᠯᠡᠴᠢᠯᠡᠭᠡᠨ ᠤ᠋ ᠲᠣᠭᠣᠷᠢᠭ᠋ ᠤ᠋ᠨ ᠲᠣᠰᠣ᠌ ᠬᠠᠩᠭᠠᠬᠤ ᠠᠰᠠᠭᠤᠳᠠᠯ ᠢ᠋ ᠰᠢᠢᠳᠪᠦᠷᠢᠯᠡᠪᠡ;74 ᠡᠳᠦᠷ ᠲᠤ᠌ ᠳ᠋ᠦᠩᠱᠧᠩ ᠳᠤᠭᠤᠷᠢᠭ ᠡᠴᠡ ᠬᠢᠶ᠎ᠠ ᠪᠠᠭᠰᠢ ᠳᠤᠭᠤᠷᠢᠭ ᠬᠦᠷᠬᠦ ᠵᠠᠮ ᠤ᠋ᠨ ᠪᠦᠬᠦ ᠱᠤᠭᠤᠮ ᠤ᠋ᠨ ᠥᠭᠡᠷᠡᠴᠢᠯᠡᠯᠲᠡ ᠵᠢ ᠱᠠᠯᠠᠪᠳᠠᠨ ᠪᠡᠶᠡᠯᠡᠭᠦᠯᠵᠡᠢ;ᠤᠷᠳᠤᠰ ᠬᠤᠳᠠ ᠶ᠋ᠢᠨ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ ᠵᠢᠨ ᠴᠠᠬᠢᠯᠭᠠᠨ ᠱᠠᠲᠤᠨ᠎ᠤ ᠬᠡᠮ ᠰᠣᠭᠣᠭ ᠢ᠋ ᠴᠡᠭᠴᠡᠯᠡᠨ ᠵᠠᠰᠠᠬᠤ ᠵᠢ ᠱᠠᠯᠠᠪᠳᠠᠭᠤᠯᠬᠤ ᠵᠢᠨ ᠬᠠᠮᠲᠤ ᠪᠥᠬᠥ ᠬᠣᠲᠠ ᠵᠢᠨ ᠴᠠᠬᠢᠯᠭᠠᠨ ᠱᠠᠲᠤᠨ᠎ᠤ ᠠᠮᠤᠷ ᠲᠦᠪᠰᠢᠨ ᠤ᠋ ᠲᠤᠰᠬᠠᠢ ᠠᠵᠢᠯᠯᠠᠭ᠎ᠠ ᠵᠢ ᠳᠠᠢᠴᠢᠯᠠᠭᠰᠠᠨ ᠪᠠᠢᠨ᠎ᠠ;ᠤᠷᠠᠨᠳᠦᠢ᠍ᠰᠢ ᠶ᠋ᠢᠨ ᠠᠭᠤᠯᠠ ᠶ᠋ᠢᠨ ᠴᠢᠮᠡᠭᠡ ᠬᠣᠯᠪᠣᠭ᠎ᠠ ᠵᠢᠨ ᠰᠠᠭᠤᠷᠢ ᠥᠷᠲᠡᠭᠡ ᠪᠠᠢᠭᠤᠯᠬᠤ ᠵᠢ ᠱᠠᠯᠠᠪᠳᠠᠭᠤᠯᠤᠨ ᠠᠬᠢᠭᠤᠯᠵᠤ᠂ ᠪᠦᠬᠦ ᠮᠠᠯᠵᠢᠬᠤ ᠣᠷᠣᠨ᠎ᠳᠤ ᠳᠣᠬᠢᠶ᠎ᠠ ᠪᠦᠷᠬᠦᠬᠦᠯᠦᠨ᠂ ᠰᠤᠷᠭᠠᠭᠤᠯᠢ ᠵᠢᠨ ᠬᠦᠷᠢᠶᠡᠨ ᠤ᠋ ᠠᠮᠤᠷ ᠲᠦᠪᠰᠢᠨ ᠤ᠋ ᠢᠨᠵᠧᠨᠧᠷᠢᠩ ᠵᠡᠷᠭᠡ ᠨᠢᠭᠡ ᠪᠦᠯᠦᠭ ᠠᠷᠠᠳ ᠤ᠋ᠨ ᠠᠮᠢᠳᠤᠷᠠᠯ ᠤ᠋ᠨ ᠲᠥᠷᠥᠯ ᠵᠦᠢᠯ ᠢ᠋ ᠨᠠᠢᠳᠠᠪᠤᠷᠢᠵᠢᠭᠤᠯᠬᠤ ᠵᠢ ᠲᠦᠷᠭᠡᠳᠬᠡᠵᠡᠢ᠃

《ᠳᠤᠯᠠᠭᠠᠨ ᠬᠣᠲᠠ ᠶ᠋ᠢᠨ ᠬᠠᠯᠠᠮᠰᠢᠯ ᠮᠡᠳᠡᠭᠡ》 ᠳᠡᠯᠭᠡᠴᠡ ᠵᠠᠭᠤᠴᠢᠯᠠᠭᠤᠷ ᠤ᠋ᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠲᠦᠷᠦ ᠵᠢᠨ ᠪᠣᠳᠣᠯᠭ᠎ᠠ ᠵᠢ ᠳᠠᠮᠵᠢᠭᠤᠯᠤᠨ᠂ ᠴᠠᠭ ᠦᠶ᠎ᠡ ᠵᠢ ᠲᠡᠮᠳᠡᠭᠯᠡᠵᠤ᠂ ᠵᠠᠰᠠᠯᠲᠠ ᠵᠢ ᠠᠬᠢᠭᠤᠯᠤᠨ᠂ ᠰᠢᠳᠤᠷᠭᠤ ᠶᠣᠰᠣ᠌ ᠵᠢ ᠰᠠᠬᠢᠵᠤ᠂ ᠬᠤᠳᠠ ᠵᠢᠨ ᠱᠠᠲᠤᠨ ᠤ᠋ ᠵᠠᠭᠤᠴᠢᠯᠠᠭᠤᠷ ᠤ᠋ᠨ ᠶᠠᠷᠢᠶ᠎ᠠ ᠬᠡᠯᠡᠯᠴᠡᠭᠡᠨ ᠤ᠋ ᠬᠢᠨᠠᠯᠲᠠ ᠳ᠋ᠤ ᠲᠦᠰᠢᠭᠯᠡᠨ᠂ ᠵᠠᠰᠠᠭ ᠤ᠋ᠨ ᠠᠵᠢᠯ ᠤ᠋ᠨ ᠪᠦᠳᠦᠮᠵᠢ ᠶ᠋ᠢᠨ ᠳᠤᠬᠠᠢ ᠵᠦᠪ ᠦᠵᠡᠯᠳᠡ ᠵᠢ ᠪᠤᠢ ᠪᠤᠯᠭᠠᠨ ᠦᠢᠯᠡᠳᠦᠯᠭᠡᠵᠢᠭᠦᠯᠵᠦ᠂ ᠬᠤᠳᠠ ᠵᠢᠨ ᠴᠢᠳᠠᠮᠠᠭᠠᠢ ᠵᠠᠰᠠᠯᠲᠠ ᠵᠢ ᠬᠠᠷᠠᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面