ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-09-04 10:46:48

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠡᠨᠡ ᠵᠢᠯ ᠮᠠᠨ ᠤ᠋ ᠤᠷᠤᠨ ᠬᠦᠴᠦ ᠪᠠᠨ ᠲᠦᠪᠯᠡᠷᠡᠬᠦᠯᠦᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠤᠢᠯᠡᠰ ᠤ᠋ᠨ ᠪᠦᠯᠦᠭᠵᠢᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠳᠡᠰ ᠳᠡᠪᠰᠢᠭᠦᠯᠬᠦ ᠵᠢ ᠠᠬᠢᠭᠤᠯᠵᠤ᠂ ᠤᠯᠤᠰ ᠤ᠋ᠨ ᠳᠡᠰ ᠤ᠋ᠨ ᠬᠦᠳᠡᠬᠡ ᠠᠵᠤ ᠠᠬᠤᠢ ᠵᠢᠨ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠤ᠋ᠨ ᠪᠦᠯᠦᠭᠵᠢᠯ ᠢ᠋ ᠰᠢᠨ᠎ᠡ ᠪᠡᠷ 2 ᠪᠠᠢᠭᠤᠯᠵᠤ᠂ ᠤᠳᠤ ᠶᠡᠷᠦᠡᠭᠬᠡᠢ ᠲᠤᠭ᠎ᠠ ᠨᠢ 12 ᠪᠤᠯᠵᠤ ᠨᠡᠮᠡᠭᠳᠡᠨ ᠪᠦᠬᠦ ᠤᠯᠤᠰ ᠲᠦ᠍ ᠲᠡᠳ᠋ᠯᠡᠵᠤ᠂ ᠪᠦᠬᠦ ᠤᠷᠤᠨ ᠤ᠋ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠰᠢᠨ᠎ᠡ ᠲᠤᠯᠭᠠᠭᠤᠷᠢᠯᠠᠯ᠂ ᠮᠠᠯ ᠠᠵᠤ ᠠᠬᠤᠢ ᠲᠠᠷᠢᠶᠠᠯᠠᠡᠭ ᠤ᠋ᠨ ᠬᠡᠯᠪᠡᠷᠢ ᠵᠢ ᠬᠤᠪᠢᠷᠠᠭᠤᠯᠬᠤ ᠰᠢᠨ᠎ᠡ ᠬᠢᠯᠠᠰ ᠴᠡᠭ ᠪᠠ ᠠᠵᠤ ᠦᠢᠯᠡᠰ ᠢ᠋ ᠠᠭᠤᠰᠤᠯᠴᠠᠭᠤᠯᠤᠨ ᠬᠦᠭᠵᠢᠭᠦᠯᠬᠦ ᠰᠢᠨ᠎ᠡ ᠠᠴᠢᠶᠠᠯᠠᠪᠤᠷᠢ ᠪᠤᠯᠪᠠ᠃

ᠤᠳᠤᠬᠠᠨ ᠳ᠋ᠦ ᠬᠦᠯᠦᠨ ᠪᠤᠢᠷ ᠬᠤᠳᠠ ᠶ᠋ᠢᠨ ᠰᠢᠬᠢᠷ ᠯᠤᠤᠪᠠᠡᠭ ᠶᠠᠭ ᠰᠢᠮ᠎ᠠ ᠢᠳᠡᠬᠡ ᠰᠠᠭᠤᠬᠤ ᠵᠠᠩᠬᠢᠯᠠᠭ᠎ᠠ ᠵᠢᠨ ᠬᠤᠭᠤᠴᠠᠭᠠᠨ ᠳ᠋ᠤ ᠤᠷᠤᠵᠤ᠂ ᠬᠥᠯᠥᠨ ᠪᠣᠶ᠋ᠢᠷ ᠤ᠋ᠨ ᠠᠲᠠᠷ ᠬᠠᠭᠠᠯᠪᠤᠷᠢᠯᠠᠯᠲᠠ ᠶ᠋ᠢᠨ ᠪᠦᠯᠦᠭᠯᠡᠯ ᠤ᠋ᠨ ᠬᠠᠳᠠᠲᠤ᠌ ᠲᠠᠷᠢᠶᠠᠯᠠᠩ ᠮᠠᠯᠵᠢᠯ ᠤ᠋ᠨ ᠲᠠᠯᠠᠪᠠᠶ ᠶ᠋ᠢᠨ ᠶᠢᠰᠦᠳᠦᠭᠡᠷ ᠰᠤᠮᠤ ᠵᠢᠨ ᠲᠦᠮᠡᠨ ᠮᠥ᠍ ᠰᠢᠬᠢᠷ ᠯᠤᠤᠪᠠᠩ ᠤ᠋ᠨ ᠲᠠᠷᠢᠮᠠᠯ ᠤ᠋ᠨ ᠰᠠᠭᠤᠷᠢᠨ ᠳ᠋ᠦ ᠲᠠᠷᠢᠶᠠᠯᠠᠩ ᠤ᠋ᠨ ᠮᠡᠷᠭᠡᠵᠢᠯᠲᠡᠨ ᠵᠢᠯᠣᠭᠣᠴᠢ ᠥᠬᠡᠶ ᠨᠢᠰᠬᠡᠯ ᠶ᠋ᠢᠡᠷ 《ᠨᠢᠭᠡ ᠰᠦᠷᠴᠢᠯᠲᠡ ᠪᠡᠷ ᠤᠯᠠᠨ ᠲᠠᠯ᠎ᠠ ᠵᠢ ᠠᠬᠢᠭᠤᠯᠬᠤ》ᠠᠵᠢᠯ ᠢ᠋ ᠡᠷᠴᠢᠮᠲᠠᠢ ᠦᠷᠨᠢᠬᠦᠯᠵᠤ ᠪᠠᠢᠨ᠎ᠠ᠃ ᠡᠨᠡ ᠵᠢᠯ ᠲᠤᠬᠠᠶ ᠶ᠋ᠢᠨ ᠭᠠᠵᠠᠷ ᠤ᠋ᠨ ᠬᠢᠨ ᠠᠦ᠋ᠲ᠋ᠣ᠋ ᠪᠡᠷ ᠰᠦᠷᠴᠢᠨ ᠤᠰᠤᠯᠠᠬᠤ ᠮᠠᠰᠢᠨ ᠢ᠋ ᠬᠡᠷᠡᠭᠯᠡᠬᠦ ᠪᠠᠨ ᠪᠤᠯᠢᠵᠤ᠂ ᠪᠦᠷ ᠵᠢᠯᠣᠭᠣᠴᠢ ᠥᠬᠡᠶ ᠨᠢᠰᠬᠡᠯ ᠢ᠋ ᠬᠡᠷᠡᠭᠯᠡᠨ᠂ ᠤᠷᠭᠤᠮᠠᠯ ᠤ᠋ᠨ ᠰᠥᠷᠬᠦ᠌ ᠵᠢ ᠡᠰᠡᠷᠭᠦᠴᠡᠬᠦ᠌ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠰᠢᠨᠴᠢᠯᠠᠯᠲᠠ ᠶ᠋ᠢᠨ ᠴᠢᠬᠢ ᠬᠤᠷᠤᠭᠠᠬᠤ ᠨᠤᠷᠮ᠎ᠠ ᠵᠢ ᠪᠠᠭᠠᠰᠬᠠᠪᠠ᠃ ᠵᠢᠱ᠌ᠢᠯᠳᠡ ᠪᠡᠷ᠂ ᠡᠨᠡ ᠵᠢᠯ ᠶᠢᠰᠦᠳᠦᠭᠡᠷ ᠰᠤᠮᠤ ᠵᠢᠨ 2.73 ᠲᠦᠮᠡᠨ ᠮᠦ᠍ ᠰᠢᠬᠢᠷ ᠯᠤᠤᠪᠠᠩ ᠤ᠋ᠨ ᠮᠦ᠍ ᠳᠤᠮᠳᠠᠴᠢ ᠶ᠋ᠢᠨ ᠤᠨᠠᠯᠳᠠ 3 ᠲᠣᠨ ᠣᠷᠴᠢᠮ ᠳ᠋ᠦ ᠬᠦᠷᠬᠦ᠌ ᠪᠣᠯᠤᠨ᠎ᠠ᠃

ᠬᠥᠯᠥᠨ ᠪᠤᠢ᠌ᠷ ᠬᠤᠲᠠ ᠪᠤᠯ ᠮᠠᠨ ᠤ᠋ ᠤᠯᠤᠰ ᠤ᠋ᠨ ᠤᠮᠠᠷᠠᠲᠤ ᠶ᠋ᠢᠨ ᠬᠡᠪᠴᠢᠶ᠎ᠡ ᠪᠡᠷ ᠬᠠᠮᠤᠭ ᠤ᠋ᠨ ᠶᠡᠬᠡ ᠰᠢᠬᠢᠷ ᠯᠤᠤᠪᠠᠡᠭ ᠤ᠋ᠨ ᠲᠠᠷᠢᠮᠠᠯ ᠤ᠋ᠨ ᠰᠠᠭᠤᠷᠢᠨ᠂ ᠤᠯᠤᠰ ᠤ᠋ᠨ ᠴᠢᠬᠤᠯᠠ ᠰᠢᠬᠢᠷ ᠤ᠋ᠨ ᠮᠠᠲᠧᠷᠢᠶᠠᠯ ᠤ᠋ᠨ ᠭᠣᠣᠯ ᠭᠠᠷᠤᠯᠲᠠ ᠶ᠋ᠢᠨ ᠣᠷᠣᠨ ᠪᠠᠢᠵᠤ᠂ ᠰᠢᠬᠢᠷ ᠯᠤᠤᠪᠠᠩ ᠤ᠋ᠨ ᠲᠠᠷᠢᠮᠠᠯ ᠤ᠋ᠨ ᠲᠠᠯᠠᠪᠠᠢ ᠪᠣᠯᠤᠨ ᠭᠠᠷᠤᠯᠲᠠ ᠪᠡᠷ ᠴᠦᠮ ᠪᠦᠬᠦ ᠣᠷᠣᠨ ᠳ᠋ᠦ ᠲᠦᠷᠦᠬᠦᠯᠡᠵᠤ ᠪᠤᠢ᠃ ᠡᠨᠡ ᠵᠢᠯ ᠤ᠋ᠨ 4 ᠰᠠᠷ᠎ᠠ ᠳ᠋ᠦ᠂ ᠬᠥᠳᠡᠭᠡ ᠠᠵᠤ ᠠᠬᠤᠢ ᠬᠥᠳᠡᠭᠡ ᠲᠣᠰᠬᠣᠨ ᠤ᠋ ᠶᠠᠮᠤᠨ ᠡᠴᠡ 《2026 ᠣᠨ ᠤ᠋ ᠬᠥᠳᠡᠭᠡ ᠠᠵᠤ ᠠᠬᠤᠢ ᠶ᠋ᠢᠨ ᠠᠵᠤ ᠦᠢᠯᠡᠰ ᠢ᠋ ᠠᠭᠤᠰᠤᠯᠴᠠᠭᠤᠯᠤᠨ ᠬᠥᠭᠵᠢᠭᠦᠯᠬᠦ᠌ ᠲᠦᠷᠦᠯ ᠵᠦᠢᠯ ᠤ᠋ᠨ ᠪᠠᠶ᠋ᠢᠭᠤᠯᠤᠯᠳᠠ ᠵᠢᠨ ᠨᠡᠷᠡᠰ》 ᠢ᠋ ᠨᠡᠶ᠋ᠢᠲᠡᠯᠡᠵᠦ᠍᠂ ᠬᠥᠯᠥᠨ ᠪᠤᠢ᠌ᠷ ᠬᠤᠳᠠ ᠶ᠋ᠢᠨ ᠮᠡᠳᠡᠭᠦᠯᠦᠭᠰᠡᠨ 《ᠥᠪᠥᠷ ᠮᠣᠩᠭᠣᠯ ᠤ᠋ᠨ ᠰᠢᠬᠢᠷ ᠯᠤᠤᠪᠠᠩ ᠤ᠋ᠨ ᠠᠵᠤ ᠦᠢᠯᠡᠰ ᠤ᠋ᠨ ᠪᠦᠯᠦᠭᠵᠢᠯ》 ᠤ᠋ᠨ ᠲᠦᠷᠦᠯ ᠵᠦᠢᠯ ᠪᠣᠯᠤᠨ ᠠᠯᠠᠱᠠ ᠠᠶ᠋ᠢᠮᠠᠭ᠂ ᠪᠠᠶᠠᠨᠨᠠᠭᠤᠷ ᠬᠤᠳᠠ ᠶ᠋ᠢᠨ ᠬᠠᠮᠲᠤᠷᠠᠨ ᠮᠡᠳᠡᠭᠦᠯᠦᠭᠰᠡᠨ 《ᠥᠪᠥᠷ ᠮᠣᠩᠭᠣᠯ ᠤ᠋ᠨ ᠲᠡᠮᠡᠭᠡᠨ ᠤ᠋ ᠠᠵᠤ ᠦᠢᠯᠡᠰ ᠤ᠋ᠨ ᠪᠦᠯᠦᠭᠵᠢᠯ》 ᠤ᠋ᠨ ᠲᠦᠷᠦᠯ ᠵᠦᠢᠯ ᠨᠢ ᠡᠨᠡ ᠬᠦ᠌ ᠨᠡᠷᠡᠰ ᠲᠦ᠍ ᠰᠣᠩᠭᠣᠭᠳᠠᠪᠠ᠃ ᠲᠦᠷᠦᠯ ᠵᠦᠢᠯ ᠤ᠋ᠨ ᠪᠠᠶ᠋ᠢᠭᠤᠯᠤᠯᠳᠠ ᠳ᠋ᠤ ᠰᠤᠩᠭᠤᠭᠳᠠᠭᠰᠠᠨ ᠤ᠋ ᠲᠠᠷᠠᠭ᠎ᠠ᠂ ᠬᠥᠯᠥᠨ ᠪᠣᠶ᠋ᠢᠷ ᠤ᠋ᠨ ᠠᠲᠠᠷ ᠬᠠᠭᠠᠯᠪᠤᠷᠢᠯᠠᠯᠲᠠ ᠶ᠋ᠢᠨ ᠪᠦᠯᠦᠭᠯᠡᠯ᠎ᠤᠨ ᠬᠢᠨ ᠠᠨ ᠴᠢ ᠱᠧᠩ ᠲᠦᠩ ᠰᠢᠬᠢᠷ ᠤ᠋ᠨ ᠦᠢᠯᠡᠰ ᠤ᠋ᠨ ᠺᠤᠮᠫᠠᠨᠢ ᠲᠠᠢ ᠰᠢᠬᠢᠷ ᠯᠤᠤᠪᠠᠩ ᠳᠠᠷᠢᠬᠤ ᠪᠠ ᠪᠤᠷᠤᠯᠠᠭᠤᠯᠬᠤ ᠳᠤᠮᠳᠠ ᠣᠷᠳᠣ ᠬᠤᠭᠤᠴᠠᠭᠠᠨ ᠤ᠋ ᠵᠥᠪᠯᠡᠯᠴᠡᠭᠡᠷ ᠲᠤᠭᠲᠠᠵᠤ᠂ 《ᠲᠠᠷᠢᠬᠤ — ᠰᠢᠬᠢᠷ ᠪᠤᠯᠪᠠᠰᠤᠷᠠᠭᠤᠯᠬᠤ — ᠢᠰᠭᠡᠭᠦᠷ — ᠤᠷᠭᠠᠨᠢᠭ ᠪᠤᠷᠳᠤᠭᠤᠷ》 ᠤ᠋ᠨ ᠪᠤᠬᠢᠷᠳᠤᠯ ᠦᠭᠡᠢ ᠡᠷᠬᠢᠯᠲᠡᠳᠦ ᠠᠵᠤ ᠦᠢᠯᠡᠰ ᠤ᠋ᠨ ᠬᠡᠯᠬᠢᠶ᠎ᠡ ᠵᠢ ᠤᠯᠠᠮ ᠨᠢᠭᠡ ᠠᠯᠬᠤᠮ ᠲᠡᠬᠦᠯᠳᠡᠷᠵᠢᠬᠦᠯᠪᠡ᠃ ᠤᠢᠯᠠᠭᠠᠭᠰᠠᠨ ᠶ᠋ᠢᠡᠷ᠂ 2029 ᠣᠨ ᠪᠣᠯᠬᠤ ᠳ᠋ᠦ ᠬᠥᠯᠥᠨ ᠪᠣᠶ᠋ᠢᠷ ᠬᠣᠲᠠ ᠰᠢᠬᠢᠷ ᠯᠤᠤᠪᠠᠩ ᠤ᠋ᠨ ᠪᠠᠷᠢᠮᠵᠢᠶᠠᠵᠢᠭᠰᠡᠠ ᠲᠠᠷᠢᠮᠠᠯ ᠤ᠋ᠨ ᠲᠠᠯᠠᠪᠠᠶ ᠵᠢ 45 ᠲᠦᠮᠡᠨ ᠮᠥ᠍ ᠡᠴᠡ ᠳᠡᠭᠡᠭᠰᠢ ᠳ᠋ᠦ ᠲᠣᠭᠲᠠᠪᠤᠷᠢᠵᠢᠭᠤᠯᠤᠨ᠂ ᠶᠡᠷᠤᠩᠬᠡᠢ ᠤᠨᠠᠯᠲᠠ ᠵᠢ 140 ᠲᠦᠮᠡᠨ ᠲᠣᠨ ᠳ᠋ᠦ ᠬᠦᠷᠭᠡᠵᠦ᠍᠂ ᠠᠵᠤ ᠦᠢᠯᠡᠰ ᠤ᠋ᠨ ᠪᠦᠯᠦᠭᠵᠢᠯ ᠵᠢᠡᠷ ᠲᠠᠮᠵᠢᠨ ᠰᠢᠬᠢᠷ ᠯᠤᠤᠪᠠᠩ ᠲᠠᠷᠢᠬᠤ ᠲᠠᠷᠢᠶᠠᠴᠢᠳ ᠤ᠋ᠨ ᠬᠥᠮᠦᠨ ᠳᠤᠮᠳᠠᠴᠢ ᠶ᠋ᠢᠨ ᠡᠵᠡᠮᠳᠡᠵᠦ᠍ ᠪᠣᠯᠬᠤ ᠣᠷᠣᠯᠭ᠎ᠠ ᠵᠢ 3.3 ᠲᠦᠮᠡᠨ ᠲᠥᠭᠥᠷᠢᠭ ᠲᠦ᠍ ᠬᠦᠷᠭᠡᠬᠦ ᠪᠤᠯᠤᠨ᠎ᠠ᠃

ᠣᠳᠣᠬᠠᠨ ᠪᠤᠯᠳᠠᠯ᠎ᠠ ᠮᠠᠨ ᠤ᠋ ᠤᠷᠤᠨ ᠤᠯᠤᠰ ᠤ᠋ᠨ ᠳᠡᠰ ᠤ᠋ᠨ ᠬᠦᠳᠡᠬᠡ ᠠᠵᠤ ᠠᠬᠤᠢ ᠵᠢᠨ 12 ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠤ᠋ᠨ ᠪᠦᠯᠦᠭᠵᠢᠯ ᠳ᠋ᠤ ᠤᠯᠤᠰ ᠤ᠋ᠨ ᠪᠠᠯᠠ ᠮᠥᠩᠭᠥ ᠵᠢ ᠨᠡᠶ᠋ᠢᠲᠡ 23.5 ᠳ᠋ᠦᠩᠰᠢᠭᠤᠷ ᠲᠥᠭᠥᠷᠢᠭ ᠣᠯᠵᠤ᠂ ᠨᠡᠶ᠋ᠢᠭᠡᠮ ᠤ᠋ᠨ ᠬᠥᠷᠥᠩᠭᠡ ᠶ᠋ᠢᠨ ᠪᠠᠯᠠ ᠣᠷᠣᠭᠤᠯᠤᠯᠲᠠ ᠵᠢ 105 ᠳ᠋ᠦᠩᠰᠢᠭᠤᠷ ᠲᠥᠭᠥᠷᠢᠭ ᠳᠠᠶ᠋ᠢᠴᠢᠯᠠᠨ᠂ 81.21 ᠲᠦᠮᠡᠨ ᠡᠷᠦᠬᠡ ᠮᠠᠯᠴᠢᠨ ᠲᠠᠷᠢᠶᠠᠴᠢᠨ ᠢ᠋ ᠳᠠᠶ᠋ᠢᠴᠢᠯᠠᠨ ᠣᠷᠣᠯᠭ᠎ᠠ ᠵᠢ ᠨᠢ 17% ᠡᠴᠡ ᠳᠡᠭᠡᠭᠰᠢ ᠨᠡᠮᠡᠭᠳᠡᠭᠦᠯᠵᠦ᠍᠂ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠦᠢᠯᠡᠳᠬᠦᠨ᠎ᠦ ᠥᠷᠲᠡᠭ ᠨᠢ ᠨᠢᠬᠡᠨᠳᠡ 3000 ᠳ᠋ᠦᠩᠰᠢᠭᠤᠷ ᠲᠥᠭᠥᠷᠢᠭ ᠢ᠋ ᠳᠠᠪᠠᠪᠠ᠃ ᠡᠨᠡ ᠵᠢᠯ ᠮᠠᠨ ᠤ᠋ ᠤᠷᠤᠨ ᠭᠤᠤᠯᠳᠠᠯᠭ᠎ᠠ ᠲᠠᠶ ᠠᠵᠤ ᠦᠢᠯᠡᠰ ᠤ᠋ᠨ ᠬᠡᠯᠬᠢᠶ᠎ᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠨᠢᠭᠡᠨᠲᠡ ᠰᠦ᠋ ᠶ᠋ᠢᠨ ᠦᠢᠯᠡᠰ᠂ ᠡᠷᠳᠡᠨᠢ ᠰᠢᠰᠢ᠂ ᠮᠢᠬᠠᠨ ᠤ᠋ ᠬᠣᠨᠢ ᠵᠡᠷᠭᠡ 3 ᠮᠢᠩᠭᠠᠨ ᠳ᠋ᠦᠩᠰᠢᠭᠤᠷ ᠲᠠᠰ ᠤ᠋ᠨ ᠪᠠ ᠮᠢᠬᠠᠨ ᠤ᠋ ᠦᠬᠡᠷ᠂ ᠲᠡᠵᠢᠭᠡᠯ ᠡᠪᠡᠰᠦ᠂ ᠲᠥᠮᠥᠰᠥ᠍᠂ ᠨᠡᠷᠡᠨ ᠬᠤᠸᠠᠷ ᠵᠡᠷᠭᠡ ᠵᠠᠭᠤᠨ ᠳ᠋ᠦᠩᠰᠢᠭᠤᠷ ᠲᠠᠰ ᠤ᠋ᠨ 10 ᠠᠵᠤ ᠦᠢᠯᠡᠰ ᠢ᠋ ᠴᠤᠭᠴᠠᠯᠠᠪᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面