2026-09-05 12:53:23
ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯ᠎ᠤᠨ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠴᠢᠬᠤᠯᠠ ᠬᠦᠴᠦᠨ ᠵᠦᠢᠯ ᠢ᠋ ᠵᠠᠬ᠎ᠠ ᠳᠡᠯᠭᠡᠭᠦᠷᠴᠢᠯᠡᠨ ᠳᠤᠬᠢᠷᠠᠭᠤᠯᠬᠤ ᠦᠢᠯᠡᠳᠦᠯ ᠴᠢᠳᠠᠮᠵᠢ ᠢᠯᠡᠳᠳᠡ ᠴᠢᠩᠭᠠᠷᠠᠵᠤ᠂ ᠡᠨᠡ ᠵᠢᠯ ᠤ᠋ᠨ ᠲᠦᠷᠦᠭᠦᠦ 7 ᠰᠠᠷ᠎ᠠ ᠳ᠋ᠤ 218.7 ᠳ᠋ᠦᠩᠰᠢᠭᠤᠷ ᠲᠦᠭᠦᠷᠢᠭ ᠤ᠋ᠨ ᠠᠷᠠᠯᠵᠢᠶ᠎ᠠ ᠪᠦᠲᠦᠭᠡᠨ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 66.6% ᠪᠡᠷ ᠨᠡᠮᠡᠭᠳᠡᠵᠤ᠂ ᠶᠡᠷᠦᠩᠬᠡᠢ ᠠᠷᠠᠯᠵᠢᠶ᠎ᠠ ᠪᠦᠲᠦᠭᠰᠡᠨ ᠨᠤᠷᠮ᠎ᠠ ᠨᠢ 82.38% ᠳ᠋ᠤ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠵᠠᠭᠤᠨ ᠤ᠋ ᠬᠠᠷᠢᠴᠠᠯ ᠶ᠋ᠢᠡᠷ 15.33 ᠬᠤᠪᠢ ᠳᠡᠭᠡᠭᠰᠢᠯᠡᠨ᠂ ᠠᠷᠠᠯᠵᠢᠶ᠎ᠠ ᠪᠦᠲᠦᠬᠡᠭᠰᠡᠨ ᠬᠡᠮᠵᠢᠶ᠎ᠠ ᠪᠠ ᠠᠷᠠᠯᠵᠢᠶ᠎ᠠ ᠪᠦᠲᠦᠬᠡᠭᠰᠡᠨ ᠨᠤᠷᠮ᠎ᠠ ᠵᠡᠷᠭᠡ ᠪᠡᠷ ᠳᠡᠭᠡᠭᠰᠢᠯᠡᠬᠦ ᠰᠠᠢᠨ ᠰᠠᠢᠬᠠᠨ ᠪᠠᠢᠳᠠᠯ ᠢᠯᠡᠷᠡᠵᠠᠢ᠃
ᠨᠦᠭᠡᠴᠡ ᠡᠳ᠋ ᠬᠦᠷᠦᠩᠭᠡ ᠶ᠋ᠢ ᠠᠮᠢᠯᠠᠭᠤᠯᠬᠤ ᠲᠠᠯ᠎ᠠ ᠪᠡᠷ᠂ ᠡᠯ᠎ᠠ ᠱᠠᠳᠤᠨ ᠤ᠋ ᠠᠵᠤ ᠠᠬᠤᠢᠯᠠᠯ ᠠᠵᠢᠯ ᠦᠢᠯᠡᠰ ᠤ᠋ᠨ ᠨᠢᠭᠡᠴᠢ ᠶ᠋ᠢᠨ ᠨᠦᠭᠡᠴᠡ ᠡᠳ᠋ ᠬᠦᠷᠦᠩᠭᠡ ᠪᠡᠨ ᠠᠮᠢᠯᠠᠭᠤᠯᠬᠤ ᠬᠡᠷᠡᠭᠴᠡᠭᠡ ᠱᠠᠭᠠᠷᠳᠠᠯᠭ᠎ᠠ ᠶ᠋ᠢ ᠦᠨᠳᠦᠰᠦᠯᠡᠵᠤ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠡᠴᠡ ᠰᠢᠯᠵᠢᠭᠦᠯᠦᠨ ᠦᠭᠬᠦ᠂ ᠳᠦᠷᠢᠶᠡᠰᠦᠯᠡᠬᠦᠯᠬᠦ᠂ ᠪᠠᠢᠯᠳᠤᠬᠤ ᠪᠤᠳᠤᠯᠭ᠎ᠠ ᠶ᠋ᠢᠨ ᠴᠢᠨᠠᠷᠳᠠᠢ ᠪᠡᠯᠡ ᠤᠷᠤᠭᠤᠯᠤᠭᠴᠢ ᠶ᠋ᠢ ᠳᠠᠳᠠᠵᠤ ᠠᠪᠴᠢᠷᠠᠬᠤ᠂ ᠠᠷᠠᠯᠵᠢᠶᠠᠴᠢᠨ ᠤᠷᠢᠬᠤ (ᠪᠡᠯᠡ ᠤᠷᠤᠭᠤᠯᠤᠨ ᠬᠠᠮᠳᠤᠷᠠᠨ ᠠᠵᠢᠯᠯᠠᠬᠤ )᠂ ᠦᠨ᠎ᠠ ᠳᠤᠭᠳᠠᠭᠠᠨ ᠬᠤᠪᠢ ᠤᠷᠤᠬᠤ᠂ ᠡᠳ᠋ ᠬᠦᠷᠦᠩᠭᠡ ᠪᠡᠷ ᠰᠤᠯᠢᠬᠤ᠂ ᠨᠡᠢᠯᠡᠭᠦᠯᠦᠨ ᠠᠪᠴᠤ ᠳᠠᠬᠢᠨ ᠵᠤᠬᠢᠶᠠᠨ ᠪᠠᠢᠭᠤᠯᠤᠯᠴᠠᠬᠤ᠂ 《ᠵᠠᠬ᠎ᠠ ᠳᠡᠯᠭᠡᠭᠦᠷᠴᠢᠯᠡᠨ ᠠᠮᠢᠯᠠᠭᠤᠯᠬᠤ + ᠤᠯᠠᠨ ᠨᠡᠢᠳᠡ ᠶ᠋ᠢᠨ ᠦᠷ᠎ᠠ ᠠᠰᠢᠭ ᠢ᠋ ᠪᠠᠳᠤᠯᠠᠬᠤ 》 ᠬᠤᠯᠢᠮᠠᠭ ᠠᠷᠠᠯᠵᠢᠶ᠎ᠠ᠂ ᠡᠳ᠋ ᠬᠦᠷᠦᠩᠭᠡ ᠡᠬᠢ ᠪᠠᠶᠠᠯᠢᠭ ᠢ᠋ ᠨᠡᠢᠳᠭᠡᠨ ᠠᠰᠢᠭᠯᠠᠯᠳᠠ ᠳ᠋ᠤ ᠤᠷᠤᠭᠤᠯᠬᠤ ᠵᠡᠷᠭᠡ 10 ᠭᠠᠷᠤᠢ ᠵᠦᠢᠯ ᠤ᠋ᠨ ᠠᠮᠢᠯᠠᠭᠤᠯᠬᠤ ᠠᠷᠭ᠎ᠠ ᠬᠡᠯᠪᠡᠷᠢ ᠶ᠋ᠢ ᠪᠦᠷᠢᠯᠳᠦᠬᠦᠯᠵᠤ᠂ ᠲᠤᠬᠠᠢᠯᠠᠭᠰᠠᠨ ᠠᠵᠢᠯᠳᠠᠨ ᠤ᠋ ᠰᠡᠳᠬᠢᠮᠵᠢ ᠶ᠋ᠢ ᠡᠳ᠋ ᠬᠦᠷᠦᠩᠭᠡ ᠶ᠋ᠢ ᠰᠢᠢᠳᠪᠤᠷᠢᠯᠡᠬᠦ ᠡᠴᠡ ᠡᠳ᠋ ᠬᠦᠷᠦᠩᠭᠡ ᠶ᠋ᠢ ᠠᠮᠢᠯᠠᠭᠤᠯᠬᠤ ᠳᠡᠢᠰᠢ ᠬᠤᠪᠢᠷᠠᠭᠤᠯᠬᠤ ᠶ᠋ᠢᠨ ᠬᠠᠮᠳᠤ ᠪᠦᠬᠦ ᠤᠷᠤᠨ ᠤ᠋ ᠨᠢᠭᠡᠳᠦᠯᠳᠠᠢ 《ᠠᠮᠢᠯᠠᠭᠤᠯᠬᠤ ᠪᠡᠷ ᠪᠠᠢᠭ᠎ᠠ ᠲᠦᠷᠦᠯ ᠵᠦᠢᠯ ᠤ᠋ᠨ ᠬᠦᠮᠦᠷᠭᠡ 》 ᠶ᠋ᠢ ᠪᠠᠢᠭᠤᠯᠵᠤ᠂ ᠨᠢᠭᠡ ᠲᠦᠷᠦᠯ ᠵᠦᠢᠯ ᠳ᠋ᠤ ᠨᠢᠭᠡ ᠲᠦᠰᠦᠯ ᠳᠤᠭᠳᠠᠭᠠᠨ᠂ ᠠᠮᠢᠯᠠᠭᠤᠯᠬᠤ ᠶᠤᠰᠤᠳᠠᠢ ᠶ᠋ᠢ ᠨᠢ ᠴᠢᠳᠠᠬᠤ ᠶ᠋ᠢᠨ ᠲᠤᠳᠤᠷ᠎ᠠ ᠠᠮᠢᠯᠠᠭᠤᠯᠬᠤ ᠶ᠋ᠢ ᠠᠬᠢᠭᠤᠯᠪᠠ᠃
ᠴᠢᠨᠠᠷᠯᠢᠭ ᠡᠳ᠋ ᠬᠦᠷᠦᠩᠭᠡ ᠶ᠋ᠢ ᠪᠦᠬᠦ ᠤᠯᠤᠰ ᠲᠤ᠌ ᠠᠷᠠᠯᠵᠢᠶᠠᠯᠠᠬᠤ ᠲᠠᠯ᠎ᠠ ᠪᠡᠷ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠪᠦᠬᠦ ᠤᠯᠤᠰ ᠤ᠋ᠨ ᠨᠢᠭᠡᠳᠦᠯᠳᠠᠢ ᠦᠮᠴᠢᠯᠡᠯ ᠤ᠋ᠨ ᠡᠷᠬᠡ ᠶ᠋ᠢᠨ ᠶᠡᠬᠡ ᠵᠠᠬ᠎ᠠ ᠳᠡᠯᠭᠡᠭᠦᠷ ᠤ᠋ᠨ ᠪᠠᠢᠭᠤᠯᠤᠯᠳᠠ ᠳ᠋ᠤ ᠢᠳᠡᠪᠬᠢᠳᠠᠢ ᠠᠭᠤᠰᠤᠯᠴᠠᠨ᠂ ᠵᠡᠭᠦᠨ ᠬᠤᠢᠳᠤ ᠶ᠋ᠢᠨ 《ᠭᠤᠷᠪᠠᠨ ᠮᠤᠵᠢ ᠨᠢᠭᠡ ᠤᠷᠤᠨ 》᠂ ᠬᠠᠳᠤᠨ ᠭᠤᠤᠯ ᠳᠠᠭᠠᠤ ᠶ᠋ᠢᠨ ᠶᠢᠰᠦᠨ ᠮᠤᠵᠢ ᠤᠷᠤᠨ᠂ ᠶᠡᠬᠡ ᠪᠤᠯᠤᠩ ᠤ᠋ᠨ ᠤᠷᠤᠨ ᠬᠢᠭᠡᠳ ᠵᠡᠭᠦᠨ ᠬᠤᠢᠳᠤ ᠶ᠋ᠢᠨ 《ᠭᠤᠷᠪᠠᠨ ᠮᠤᠵᠢ ᠨᠢᠭᠡ ᠤᠷᠤᠨ 》᠂ ᠬᠦᠬᠡᠮᠦ᠋ᠷᠡᠨ ᠤ᠋ ᠰᠠᠪᠠ ᠭᠠᠵᠠᠷ ᠵᠡᠷᠭᠡ ᠪᠦᠬᠦ ᠤᠯᠤᠰ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠪᠠᠢᠭᠤᠯᠤᠮᠵᠢ ᠶ᠋ᠢᠨ ᠬᠠᠮᠳᠤᠷᠠᠨ ᠠᠵᠢᠯᠯᠠᠬᠤ ᠬᠤᠯᠪᠤᠭ᠎ᠠ ᠳ᠋ᠤ ᠤᠷᠤᠵᠤ᠂ ᠪᠦᠬᠦ ᠤᠯᠤᠰ ᠤ᠋ᠨ ᠦᠮᠴᠢᠯᠡᠯ ᠤ᠋ᠨ ᠡᠷᠬᠡ ᠶ᠋ᠢᠨ ᠠᠵᠢᠯ ᠲᠦᠷᠦᠯ ᠤ᠋ᠨ ᠮᠡᠳᠡᠭᠡ ᠵᠠᠩᠬᠢᠴᠢᠯᠠᠭᠰᠠᠨ ᠶᠡᠷᠦᠩᠬᠡᠢᠯᠡᠭᠰᠡᠨ ᠦᠢᠯᠡᠴᠢᠯᠡᠭᠡᠨ ᠤ᠋ ᠳᠠᠪᠴᠠᠩ ᠪᠤᠯᠤᠨ ᠪᠦᠬᠦ ᠤᠯᠤᠰ ᠢ᠋ ᠬᠤᠯᠪᠤᠭᠰᠠᠨ ᠢᠨᠲᠧᠷ ᠰᠦᠯᠵᠢᠶᠠᠨ ᠤ᠋ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠡᠭᠦᠯᠡᠨ ᠳᠠᠪᠴᠠᠩ ᠳ᠋ᠤ ᠲᠦᠰᠢᠭᠯᠡᠨ᠂ ᠲᠦᠷᠦᠯ ᠵᠦᠢᠯ ᠤ᠋ᠨ ᠮᠡᠳᠡᠭᠡ ᠵᠠᠩᠬᠢ ᠶ᠋ᠢ ᠤᠷᠤᠨ ᠪᠦᠰᠡ ᠠᠯᠤᠰᠯᠠᠨ ᠨᠡᠢᠳᠡᠯᠡᠬᠦ ᠂ ᠪᠡᠯᠡ ᠤᠷᠤᠭᠤᠯᠤᠭᠴᠢ ᠲᠠᠢ ᠤᠷᠤᠨ ᠪᠦᠰᠡ ᠠᠯᠤᠰᠯᠠᠨ ᠵᠤᠯᠭᠠᠯᠴᠠᠬᠤ ᠶ᠋ᠢ ᠠᠬᠢᠭᠤᠯᠵᠤ᠂ 《ᠦᠪᠦᠷ ᠮᠤᠩᠭᠤᠯ ᠤ᠋ᠨ ᠡᠳ᠋ ᠬᠦᠷᠦᠩᠭᠡ ᠶ᠋ᠢ ᠪᠦᠬᠦ ᠤᠯᠤᠰ ᠲᠤ᠌ ᠬᠤᠳᠠᠯᠳᠤᠬᠤ 》 ᠶ᠋ᠢ ᠪᠡᠶᠡᠯᠡᠭᠦᠯᠪᠠ᠃ ᠡᠭᠦᠨ ᠤ᠋ ᠵᠡᠷᠭᠡ ᠪᠡᠷ 《 ᠪᠦᠬᠦᠨ ᠢ᠋ ᠬᠠᠮᠤᠷᠬᠤ + ᠨᠠᠷᠢᠨ ᠤᠨᠤᠴᠠᠳᠠᠢ ᠲᠠᠨᠢᠯᠴᠠᠭᠤᠯᠬᠤ 》 ᠡᠵᠡᠩᠨᠡᠨ ᠪᠤᠷᠤᠯᠠᠭᠤᠯᠬᠤ ᠵᠢᠭᠰᠠᠭᠠᠯ ᠢ᠋ ᠪᠠᠢᠭᠤᠯᠵᠤ᠂ 23 ᠲᠦᠮᠡ ᠭᠠᠷᠤᠢ ᠪᠡᠯᠡ ᠤᠷᠤᠭᠤᠯᠤᠭᠴᠢ ᠪᠦᠬᠦᠢ ᠮᠡᠳᠡᠭᠡ ᠵᠠᠩᠬᠢ ᠶ᠋ᠢᠨ ᠬᠦᠮᠦᠷᠭᠡ ᠪᠤᠯᠤᠨ 300 ᠭᠠᠷᠤᠢ ᠵᠠᠭᠤᠴᠢᠯᠠᠭᠤᠷ ᠤ᠋ᠨ ᠳᠠᠪᠴᠠᠩ ᠳ᠋ᠤ ᠲᠦᠰᠢᠭᠯᠡᠨ ᠤᠷᠤᠨ ᠪᠦᠰᠡ ᠶ᠋ᠢᠨ ᠬᠢᠯᠢ ᠬᠢᠵᠠᠭᠠᠷ ᠢ᠋ ᠳᠠᠪᠠᠵᠤ᠂ ᠪᠡᠯᠡ ᠤᠷᠤᠭᠤᠯᠤᠭᠴᠢ ᠶ᠋ᠢᠨ 《ᠨᠠᠢᠵᠠ ᠶ᠋ᠢᠨ ᠴᠠᠭᠠᠷᠢᠭ 》 ᠵᠢᠡᠨ ᠦᠷᠭᠡᠳᠭᠡᠪᠡ᠃ ᠲᠡᠭᠦᠨᠴᠢᠯᠡᠨ ᠪᠤᠭᠤᠳᠤ ᠶ᠋ᠢᠨ ᠪᠤᠯᠤᠳ ᠲᠡᠮᠦᠷ ᠤ᠋ᠨ ᠪᠦᠯᠦᠭᠯᠡᠯ ᠤ᠋ᠨ 2551 ᠬᠤᠪᠢ ᠬᠡᠷᠡᠭᠯᠡᠭᠡᠨ ᠡᠴᠡ ᠭᠠᠷᠭᠠᠭᠰᠠᠨ ᠡᠳ᠋ ᠬᠦᠷᠦᠩᠭᠡ ᠶ᠋ᠢ ᠪᠦᠭᠡᠮ ᠶ᠋ᠢᠡᠷ ᠨᠢ ᠠᠷᠠᠯᠵᠢᠶᠠᠯᠠᠬᠤ ᠲᠦᠷᠦᠯ ᠵᠦᠢᠯ ᠪᠦᠬᠦ ᠤᠯᠤᠰ ᠤ᠋ᠨ ᠤᠯᠠᠨ ᠡᠳᠡᠭᠡᠳ ᠤ᠋ᠨ ᠠᠩᠬᠠᠷᠤᠯ ᠢ᠋ ᠳᠠᠳᠠᠵᠤ᠂ 9375 ᠡᠭᠡᠯᠵᠢ ᠶ᠋ᠢᠨ ᠦᠨ᠎ᠠ ᠬᠠᠶᠠᠯᠴᠠᠭᠠᠨ ᠶ᠋ᠢᠡᠷ ᠡᠴᠤᠰ ᠲᠡᠭᠡᠨ 6363.8 ᠲᠦᠮᠡᠨ ᠲᠦᠭᠦᠷᠢᠭ ᠤ᠋ᠨ ᠦᠷᠳᠡᠭ ᠨᠡᠮᠡᠭᠳᠡᠯ ᠲᠠᠢ ᠪᠡᠷ ᠠᠷᠠᠯᠵᠢᠶ᠎ᠠ ᠪᠦᠲᠦᠪᠠ; ᠬᠢᠩᠭᠠᠨ ᠠᠢᠮᠠᠭ ᠤ᠋ᠨ ᠨᠢᠭᠡ ᠪᠦᠯᠦᠭ ᠬᠡᠷᠡᠭᠯᠡᠭᠡᠨ ᠡᠴᠡ ᠭᠠᠷᠭᠠᠭᠰᠠᠨ ᠤᠰᠤᠨ ᠬᠡᠮᠵᠢᠭᠦᠷ ᠪᠦᠬᠦ ᠤᠯᠤᠰ ᠤ᠋ᠨ ᠡᠯ᠎ᠠ ᠡᠳᠡᠭᠡᠳ ᠤ᠋ᠨ 1833 ᠡᠭᠡᠯᠵᠢ ᠶ᠋ᠢᠨ ᠦᠨ᠎ᠠ ᠬᠠᠶᠠᠯᠴᠠᠭᠠᠨ ᠶ᠋ᠢᠡᠷ 157% ᠶ᠋ᠢᠨ ᠦᠷᠳᠡᠭ ᠨᠡᠮᠡᠭᠳᠡᠯ ᠲᠠᠢ ᠪᠡᠷ ᠠᠷᠠᠯᠵᠢᠶ᠎ᠠ ᠪᠦᠲᠦᠪᠡ᠃
ᠪᠤᠳᠤᠯᠢᠶᠠᠨ ᠲᠠᠢ ᠡᠳ᠋ ᠬᠦᠷᠦᠩᠭᠡ ᠶ᠋ᠢ ᠠᠮᠢᠯᠠᠭᠤᠯᠬᠤ ᠲᠠᠯ᠎ᠠ ᠪᠡᠷ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠨᠢᠭᠳᠠᠯᠠᠨ ᠪᠤᠳᠤᠬᠤ ᠮᠡᠷᠭᠡᠵᠢᠯᠳᠡᠨ ᠤ᠋ ᠠᠵᠢᠯ ᠤ᠋ᠨ ᠭᠠᠵᠠᠷ᠂ ᠬᠠᠤᠯᠢᠴᠢ ᠶ᠋ᠢᠨ ᠠᠵᠢᠯ ᠤ᠋ᠨ ᠭᠠᠵᠠᠷ᠂ ᠦᠨᠡᠯᠡᠨ ᠵᠢᠱ᠌ᠢᠯᠳᠠ᠂ ᠪᠡᠯᠡ ᠤᠷᠤᠭᠤᠯᠤᠯᠳᠠ᠂ ᠮᠦᠩᠭᠦᠨ ᠭᠦᠢᠯᠭᠡᠭᠡᠨ ᠵᠡᠷᠭᠡ ᠪᠠᠢᠭᠤᠯᠤᠮᠵᠢ ᠶ᠋ᠢ ᠨᠡᠢᠳᠭᠡᠵᠦ᠂ ᠵᠦᠪᠯᠡᠭᠴᠢ ᠡᠴᠡ ᠠᠰᠠᠭᠤᠨ ᠯᠠᠪᠯᠠᠬᠤ᠂ ᠡᠳ᠋ ᠬᠦᠷᠦᠩᠭᠡ ᠶ᠋ᠢᠨ ᠦᠨ᠎ᠠ ᠯᠠᠪᠯᠠᠬᠤ᠂ ᠲᠤᠰᠢᠶᠠᠯ ᠶ᠋ᠢᠡᠨ ᠭᠦᠢᠴᠡᠳᠭᠡᠭᠰᠡᠨ ᠪᠠᠢᠳᠠᠯ ᠤ᠋ᠨ ᠪᠠᠢᠴᠠᠭᠠᠯᠳᠠ ᠬᠢᠬᠦ᠂ ᠲᠦᠰᠦᠯ ᠲᠦᠯᠦᠪᠯᠡᠭᠡ ᠳᠤᠭᠳᠠᠭᠠᠬᠤ᠂ ᠮᠡᠳᠡᠭᠡ ᠵᠠᠩᠬᠢ ᠯᠡᠪᠡᠷᠡᠭᠦᠯᠬᠦ᠂ ᠠᠮᠢᠯᠠᠭᠤᠯᠬᠤ ᠠᠷᠠᠯᠵᠢᠶ᠎ᠠ ᠶ᠋ᠢ ᠪᠦᠲᠦᠭᠡᠬᠦ᠂ ᠮᠦᠩᠭᠦᠨ ᠭᠦᠢᠯᠭᠡᠭᠡᠨ ᠤ᠋ ᠦᠢᠯᠡᠴᠢᠯᠡᠭᠡ ᠬᠠᠩᠭᠠᠬᠤ ᠵᠡᠷᠭᠡ ᠪᠦᠬᠦ ᠶᠠᠪᠤᠴᠠ ᠶ᠋ᠢᠨ ᠨᠢᠭᠡ ᠦᠷᠳᠡᠭᠡᠴᠢᠯᠡᠭᠰᠡᠨ ᠮᠠᠶᠢᠭ ᠤᠨ ᠦᠢᠯᠡᠴᠢᠯᠡᠭᠡ ᠬᠠᠩᠭᠠᠵᠠᠢ᠃ ᠪᠤᠳᠤᠯᠢᠶᠠᠨ ᠳᠠᠢ ᠡᠳ᠋ ᠬᠦᠷᠦᠩᠭᠡ ᠳ᠋ᠤ ᠴᠢᠭᠯᠡᠭᠦᠯᠦᠭᠰᠡᠨ ᠲᠤᠰᠬᠠᠢ ᠮᠡᠷᠭᠡᠵᠢᠯ ᠤ᠋ᠨ ᠪᠦᠯᠬᠦᠮ ᠢ᠋ ᠵᠤᠬᠢᠶᠠᠨ ᠪᠠᠢᠭᠤᠯᠤᠨ ᠨᠦᠬᠦᠴᠡᠯ ᠪᠠᠢᠳᠠᠯ ᠳ᠋ᠤᠨᠢ ᠳᠤᠬᠢᠷᠠᠭᠰᠠᠨ ᠲᠤᠰᠬᠠᠢ ᠲᠦᠰᠦᠯ ᠳᠤᠭᠳᠠᠭᠠᠵᠤ᠂ ᠬᠠᠷᠢᠶ᠎ᠠ ᠨᠠᠷᠠᠨ ᠭᠡᠷᠡᠯᠳᠦ ᠪᠡᠯᠡ ᠤᠷᠤᠭᠤᠯᠤᠯᠳᠠ ᠶ᠋ᠢᠨ ᠺᠤᠮᠫᠠᠨᠢ ᠳ᠋ᠠᠭᠠᠨ ᠲᠦᠰᠢᠭᠯᠡᠨ ᠪᠠᠩᠬᠢ ᠪᠠ ᠰᠠᠭᠤᠷᠢ ᠮᠦᠩᠭᠦᠨ ᠤ᠋ ᠬᠢᠨ ᠲᠠᠢ ᠬᠤᠯᠪᠤᠭᠠᠯᠠᠵᠤ᠂ ᠰᠢᠯᠵᠢᠭᠦᠯᠦᠨ ᠠᠪᠤᠭᠴᠢ ᠲᠠᠯ᠎ᠠ ᠳ᠋ᠤ ᠡᠯᠧᠺᠲᠷᠤᠨ ᠪᠠᠳᠤᠯᠠᠭ᠎ᠠ ᠶ᠋ᠢᠨ ᠪᠢᠴᠢᠭ᠂ ᠨᠡᠢᠯᠡᠭᠦᠯᠦᠨ ᠠᠪᠬᠤ ᠵᠢᠭᠡᠯᠡᠯᠭᠡ᠂ ᠲᠦᠷᠦᠯ ᠵᠦᠢᠯ ᠤ᠋ᠨ ᠪᠡᠯᠡ ᠬᠤᠷᠠᠮᠳᠤᠭᠤᠯᠭ᠎ᠠ ᠵᠡᠷᠭᠡ ᠳᠡᠮᠵᠢᠯᠭᠡ ᠬᠠᠩᠭᠠᠪᠠ᠃ ᠬᠤᠰᠢᠭᠤ ᠰᠢᠶᠠᠨ ᠲᠤᠭᠤᠷᠢᠭ ᠲᠤ᠌ ᠪᠦᠬᠦᠯᠢ ᠴᠤᠭᠴᠠ ᠪᠡᠷ ᠨᠢ ᠨᠠᠢᠳᠠᠬᠤ ᠵᠠᠭᠪᠤᠷ ᠢ᠋ ᠳᠡᠯᠭᠡᠷᠡᠭᠦᠯᠵᠦ᠂ ᠬᠤᠰᠢᠭᠤ ᠰᠢᠶᠠᠨ ᠲᠤᠭᠤᠷᠢᠭ ᠤ᠋ᠨ ᠲᠤᠳᠤᠷᠠᠬᠢ ᠪᠦᠬᠦᠢᠯᠡ ᠨᠦᠭᠡᠴᠡ ᠡᠳ᠋ ᠬᠦᠷᠦᠩᠭᠡ ᠶ᠋ᠢ ᠨᠢᠭᠡᠳᠦᠯᠳᠠᠢ ᠡᠬᠡ ᠳᠠᠩᠰᠠ ᠳ᠋ᠤ ᠤᠷᠤᠭᠤᠯᠤᠨ᠂ ᠨᠢᠭᠡᠳᠦᠯᠳᠠᠢ ᠦᠢᠯᠡᠴᠢᠯᠡᠭᠡ ᠬᠠᠩᠭᠠᠵᠤ᠂ 《ᠵᠠᠰᠠᠭ ᠤ᠋ᠨ ᠤᠷᠳᠤᠨ ᠡᠴᠡ ᠨᠢᠭᠡᠳᠦᠯᠳᠠᠢ ᠲᠦᠯᠦᠪᠵᠢᠭᠦᠯᠬᠦ᠂ ᠵᠠᠬ᠎ᠠ ᠳᠡᠯᠭᠡᠭᠦᠷ ᠤ᠋ᠨ ᠠᠷᠭ᠎ᠠ ᠪᠠᠷᠢᠯ ᠢ᠋ ᠬᠡᠷᠡᠭᠵᠢᠭᠦᠯᠬᠦ᠂ ᠲᠤᠰᠬᠠᠢ ᠮᠡᠷᠭᠡᠵᠢᠯ ᠤ᠋ᠨ ᠦᠢᠯᠡᠴᠢᠯᠡᠭᠡ ᠬᠠᠩᠭᠠᠬᠤ 》 ᠪᠠᠢᠷᠢᠰᠢᠯ ᠢ᠋ ᠪᠦᠷᠢᠯᠳᠦᠭᠦᠯᠦᠨ᠂ ᠠᠮᠢᠯᠠᠭᠤᠯᠬᠤ ᠳ᠋ᠤ ᠪᠡᠷᠬᠡ᠂ ᠠᠪᠬᠤ ᠬᠦᠮᠦᠨ ᠦᠭᠡᠢ ᠪᠠᠢᠭᠰᠠᠨ ᠨᠢᠭᠡ ᠪᠦᠯᠦᠭ ᠪᠤᠳᠤᠯᠢᠶᠠᠨ ᠲᠠᠢ ᠡᠳ᠋ ᠬᠦᠷᠦᠩᠭᠡ ᠶ᠋ᠢ ᠪᠦᠲᠦᠮᠵᠢᠳᠠᠢ ᠠᠮᠢᠯᠠᠭᠤᠯᠤᠭᠰᠠᠨ ᠪᠠᠢᠨ᠎ᠠ᠃
ᠠᠷᠠᠯᠵᠢᠶ᠎ᠠ ᠪᠦᠲᠦᠬᠡᠭᠰᠡᠨ ᠨᠤᠷᠮ᠎ᠠ ᠶ᠋ᠢᠨ ᠳᠡᠭᠡᠭᠰᠢᠯᠡᠯᠳᠡ ᠨᠢ ᠦᠢᠯᠡᠴᠢᠯᠡᠭᠡᠨ ᠤ᠋ ᠰᠢᠨ᠎ᠠ ᠡᠭᠦᠳᠦᠯᠳᠡ ᠳ᠋ᠤ ᠲᠦᠰᠢᠭᠯᠡᠬᠦ ᠲᠡᠳᠦᠢ ᠦᠭᠡᠢ᠂ ᠨᠡᠩ ᠴᠤ᠌ ᠢᠳᠡᠭᠡᠭᠦᠯᠬᠦ ᠬᠦᠴᠦᠨ ᠤ᠋ ᠲᠤᠯᠭᠠᠭᠤᠷᠢᠯᠠᠯ ᠳ᠋ᠤ ᠲᠦᠰᠢᠭᠯᠡᠳᠡᠭ᠃ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ 《ᠳᠦᠷᠢᠮᠵᠢᠭᠦᠨ ᠪᠠᠢᠬᠤ 》 ᠵᠠᠷᠴᠢᠮ ᠢ᠋ ᠢᠮᠠᠭᠳᠠ ᠪᠠᠷᠢᠮᠳᠠᠯᠠᠵᠤ᠂ ᠠᠷᠠᠯᠵᠢᠶᠠᠨ ᠤ᠋ ᠰᠢᠰᠲᠧᠮ ᠨᠢ ᠡᠳ᠋ ᠤ᠋ᠨ ᠵᠠᠰᠠᠭ ᠤ᠋ᠨ ᠶᠠᠮᠤᠨ᠂ ᠲᠦᠷᠤ ᠶ᠋ᠢᠨ ᠶᠠᠪᠤᠳᠠᠯ ᠤ᠋ᠨ ᠬᠤᠷᠢᠶ᠎ᠠ ᠵᠢᠨ ᠤᠯᠤᠰ ᠤ᠋ᠨ ᠦᠮᠴᠢᠯᠡᠯ᠎ᠤᠨ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠤ᠋ᠨ ᠬᠢᠨᠠᠨ ᠰᠢᠯᠭᠠᠬᠤ ᠰᠢᠰᠲᠧᠮ ᠲᠠᠢ ᠰᠢᠭᠤᠳ ᠵᠤᠯᠭᠠᠯᠴᠠᠨ᠂ ᠠᠷᠠᠯᠵᠢᠶᠠᠨ ᠤ᠋ ᠪᠦᠬᠦ ᠶᠠᠪᠤᠴᠠ ᠨᠢ ᠪᠠᠷᠢᠮᠵᠢᠶᠠᠵᠢᠭᠰᠠᠨ᠂ ᠪᠦᠬᠦ ᠶᠠᠪᠤᠴᠠ ᠪᠡᠷ ᠭᠡᠷᠡᠴᠢ ᠪᠠᠷᠢᠮᠳᠠ ᠦᠯᠡᠳᠡᠭᠡᠬᠦ᠂ ᠪᠠᠢᠴᠠᠭᠠᠵᠦ ᠮᠦᠷᠳᠡᠵᠦ ᠪᠤᠯᠬᠤ ᠶ᠋ᠢ ᠪᠡᠶᠡᠯᠡᠭᠦᠯᠵᠦ᠂ ᠳᠤᠭᠳᠠᠴᠠ ᠶ᠋ᠢᠨ ᠬᠤᠪᠢ ᠳ᠋ᠤ ᠡᠳ᠋ ᠬᠦᠷᠦᠩᠭᠡ ᠶ᠋ᠢᠨ ᠭᠡᠭᠡᠭᠳᠡᠯ ᠪᠠ ᠴᠢᠭᠡᠴᠢ ᠵᠠᠰᠠᠭ ᠤ᠋ᠨ ᠲᠦᠭᠰᠢᠭᠦᠷᠢ ᠶ᠋ᠢ ᠡᠷᠡᠰ ᠬᠤᠷᠢᠭᠯᠠᠪᠠ᠃ ᠪᠠᠢᠭᠤᠯᠤᠭᠳᠠᠭᠰᠠᠨ ᠡᠴᠡ ᠨᠠᠭᠠᠰᠢ 《ᠳᠤᠭᠳᠠᠭᠠᠯ ᠡᠴᠡ ᠵᠦᠷᠢᠴᠡᠭᠰᠡᠨ ᠠᠷᠠᠯᠵᠢᠶ᠎ᠠ ᠨᠢᠭᠡ ᠴᠤ᠌ ᠭᠠᠷᠤᠭᠰᠠᠨ ᠦᠭᠡᠢ 》 ᠪᠦᠬᠡᠳ ᠪᠦᠬᠦ ᠤᠯᠤᠰ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠪᠠᠢᠭᠤᠯᠤᠮᠵᠢ ᠶ᠋ᠢᠨ AAA ᠳᠡᠰ ᠤ᠋ᠨ ᠬᠠᠮᠤᠭ ᠤ᠋ᠨ ᠦᠨᠳᠦᠷ ᠢᠳᠡᠭᠡᠮᠵᠢ ᠲᠠᠢ ᠪᠤᠯᠬᠤᠷ ᠤᠯᠠᠮ ᠡᠴᠡ ᠤᠯᠠᠨ ᠵᠠᠬ᠎ᠠ ᠳᠡᠯᠭᠡᠭᠦᠷ ᠤ᠋ᠨ ᠭᠤᠤᠯ ᠴᠤᠭᠴᠠ 《ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠶ᠋ᠢᠡᠷ ᠳᠠᠮᠵᠢᠨ ᠢᠯᠡ ᠲᠤᠳᠤᠷᠬᠠᠢ ᠠᠷᠠᠯᠵᠢᠶ᠎ᠠ ᠦᠷᠨᠢᠭᠦᠯᠬᠦ 》 ᠶ᠋ᠢ ᠰᠤᠩᠭᠤᠬᠤ ᠪᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃