2026-09-07 09:45:10
ᠨᠠᠮᠤᠷ᠎ᠤᠨ ᠬᠠᠷᠭᠠᠨ᠎ᠠ ᠵᠢ ᠬᠠᠳᠤᠪᠠᠯ ᠳᠠᠷᠠᠭ᠎ᠠ ᠵᠢᠯ᠎ᠤᠨ ᠤᠷᠭᠤᠴᠠ ᠵᠢ ᠠᠬᠢᠭᠤᠯᠳᠠᠬ᠃ ᠲᠦᠷᠦᠭᠦᠬᠡᠨ ᠰᠤᠷᠪᠤᠯᠵᠢᠯᠠᠭᠴᠢ ᠲᠦᠩᠯᠢᠶᠣᠣ ᠬᠤᠳᠠ᠎ᠶᠢᠨ ᠨᠠᠢ᠍ᠮᠠᠨ ᠬᠣᠰᠢᠭᠤᠨ᠎ᠤ ᠯᠢᠶᠠᠩ ᠪᠠᠩ ᠡᠪᠡᠰᠦᠨ᠎ᠦ ᠦᠢᠯᠡᠰ᠎ᠦᠨ ᠬᠢᠵᠠᠭᠠᠷᠲᠤ ᠺᠣᠮᠫᠠᠨᠢ᠎ᠳᠤ ᠬᠥᠷᠬᠥ ᠳ᠋ᠤ ᠬᠦᠷᠢᠶ᠎ᠡ ᠳᠦᠭᠦᠷᠡᠩ ᠬᠠᠷᠭᠠᠨ᠎ᠠ ᠣᠪᠣᠭᠠᠯᠠᠭᠠᠰᠤᠲᠠᠢ ᠪᠠᠢᠯ᠎ᠠ᠃ ᠲᠣᠮᠣ᠌ ᠮᠠᠰᠢᠨ᠎ᠤ ᠬᠦᠷᠴᠢᠬᠢᠨᠡᠬᠦ ᠳᠠᠭᠤᠨ᠎ᠢ ᠳᠠᠭᠠᠯᠳᠤᠨ᠂ ᠤᠬᠳᠤᠯᠬᠤ᠂ ᠬᠡᠮᠬᠡᠯᠬᠦ᠂ ᠢᠰᠬᠡᠯ ᠪᠤᠷᠳᠤᠭ᠎ᠠ ᠡᠳ᠋ᠰᠢᠭᠥᠯᠬᠥ᠂ ᠪᠣᠭᠣᠳᠠᠯᠯᠠᠵᠤ ᠬᠥᠮᠥᠷᠭᠡᠯᠡᠬᠥ ᠵᠡᠷᠭᠡ ᠡᠯ᠎ᠡ ᠠᠵᠢᠯ ᠤᠨ ᠭᠤᠭᠴᠤᠭ᠎ᠠ ᠥᠨᠳᠥᠷ ᠪᠦᠲᠦᠮᠵᠢᠲᠡᠶ ᠶᠠᠪᠤᠬᠳᠠᠨ᠎ᠠ᠃ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠾᠦᠸᠸ ᠶᠠ ᠮᠢᠨ᠄ 《ᠪᠦᠬᠦᠶ᠋ᠢᠯᠡ ᠦᠢᠯᠡᠳᠪᠦᠷᠢᠯᠡᠯ ᠦᠨ ᠮᠡᠷᠭᠡᠵᠢᠯ ᠦᠨ ᠳᠣᠲᠣᠷ᠎ᠠ ᠨᠡᠢᠯᠡᠮᠡᠯ ᠬᠡᠯᠪᠡᠷᠢ᠎ᠶᠢᠨ ᠠᠮᠢᠳᠤ ᠪᠣᠳᠠᠰ᠎ᠤᠨ ᠢᠰᠬᠡᠭᠥᠷ ᠵᠠᠩᠭᠢᠯᠠᠭ᠎ᠠ ᠶᠢᠨ ᠦᠢᠯᠡᠳᠦᠯ ᠦᠵᠡᠭᠦᠯᠵᠦ᠂ ᠰᠢᠬᠢᠷ᠎ᠤᠨ ᠪᠠᠯ᠂ ᠪᠤᠳᠠᠭᠠᠨ ᠴᠢᠯᠠᠭᠤ᠎ᠶᠢᠨ ᠨᠤᠨᠳᠠᠭ᠂ ᠢᠳᠡᠰᠢᠨ ᠳᠠᠪᠤᠰᠤ ᠵᠡᠷᠭᠡ ᠲᠤᠰᠠᠯᠠᠬᠤ ᠮᠠᠲᠧᠷᠢᠶᠠᠯ᠎ᠢ ᠨᠡᠢᠯᠡᠭᠦᠯᠦᠨ ᠨᠠᠢᠷᠠᠭᠤᠯᠵᠤ᠂ ᠰᠠᠷ᠎ᠠ ᠣᠷᠴᠢᠮ᠎ᠤᠨ ᠠᠶᠠᠨᠳᠠᠭᠠᠨ ᠢᠰᠭᠡᠬᠦ᠎ᠪᠡᠷ ᠳᠠᠮᠵᠢᠭᠠᠳ᠂ ᠴᠢᠨᠠᠷ ᠰᠠᠢᠲᠠᠢ ᠬᠠᠷᠭᠠᠨ᠎ᠠ᠎ᠶᠢᠨ ᠢᠰᠬᠡᠯ ᠪᠣᠷᠳᠣᠭ᠎ᠠ᠎ᠶᠢ ᠦᠢᠯᠡᠳᠪᠦᠷᠢᠯᠡᠵᠦ ᠭᠠᠷᠭᠠᠳᠠᠭ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠤᠭᠰᠠᠨ ᠪᠠᠢᠨ᠎ᠠ᠃
ᠬᠠᠷᠭᠠᠨ᠎ᠠ ᠪᠣᠯ ᠬᠣᠷᠴᠢᠨ ᠤ ᠡᠯᠡᠰᠦᠷᠬᠡᠭ ᠭᠠᠵᠠᠷ᠎ᠤᠨ ᠰᠠᠯᠬᠢ ᠵᠢ ᠬᠠᠯᠬᠠᠯᠠᠨ ᠡᠯᠡᠰᠦ᠎ᠶᠢ ᠲᠣᠭᠲᠠᠪᠤᠷᠢᠵᠢᠭᠤᠯᠬᠤ ᠭᠣᠣᠯ ᠤᠷᠭᠤᠮᠠᠯ ᠪᠣᠯᠣᠨ᠎ᠠ᠂ ᠡᠭᠦᠨ᠎ᠳᠦ ᠨᠠᠢ᠍ᠮᠠᠨ ᠬᠣᠰᠢᠭᠤᠨ᠎ᠤ ᠬᠢᠯᠢ ᠳᠣᠲᠣᠷ᠎ᠠ 78 ᠲᠦᠮᠡᠨ ᠮᠦ᠍ ᠬᠠᠷᠭᠠᠨ᠎ᠠ ᠪᠤᠢ᠃ ᠡᠯᠡᠰᠦ ᠮᠠᠩᠬᠠᠨ᠎ᠤ 《ᠠᠮᠢ ᠠᠬᠤᠢ᠎ᠶᠢᠨ ᠬᠠᠮᠠᠭᠠᠯᠠᠭ᠍ᠴᠢ》 ᠪᠣᠯᠤᠭᠰᠠᠨᠬᠠᠷᠭᠠᠨᠠᠶᠢ ᠲᠣᠭᠲᠠᠮᠠᠯ ᠬᠤᠭᠤᠴᠠᠭᠠᠲᠠᠢᠲᠡᠭᠰᠢᠯᠡᠨ ᠬᠠᠳᠤᠵᠤ ᠤᠷᠭᠤᠯᠲᠠ ᠵᠢ ᠠᠬᠢᠭᠤᠯᠬᠤ ᠨᠢ ᠠᠮᠢ ᠠᠬᠤᠢ᠎ᠶᠢ ᠬᠠᠮᠠᠭᠠᠯᠠᠬᠤ ᠴᠢᠳᠠᠮᠵᠢ᠎ᠶᠢ ᠨᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠬᠤ ᠮᠥᠷᠲᠡᠭᠡᠨ ᠪᠠᠰᠠ ᠠᠰᠢᠬᠯᠠᠵᠤ ᠪᠤᠯᠳᠠᠭ᠃ ᠬᠠᠷᠭᠠᠨ᠎ᠠ ᠳ᠋ᠤ ᠪᠦᠳᠦᠭᠦᠯᠢᠭ ᠤᠭᠤᠷᠠᠭ᠂ ᠪᠦᠳᠦᠭᠦᠯᠢᠭ ᠥᠭᠡᠬᠦ᠂ ᠡᠷᠦᠳᠡᠰᠦ ᠵᠢᠴᠢ ᠣᠯᠠᠨ ᠵᠦᠢᠯ᠎ᠦᠨ ᠸᠢᠲ᠋ᠠᠮᠢᠨ ᠠᠭᠤᠯᠤᠭᠳᠠᠨ᠂ ᠰᠢᠮ᠎ᠡ ᠲᠡᠵᠢᠭᠡᠯ᠎ᠦᠨ ᠥᠷᠲᠡᠭ ᠨᠢ ᠰᠢᠯᠢᠳᠡᠭ ᠲᠡᠵᠢᠭᠡᠯ ᠡᠪᠡᠰᠥ ᠡᠴᠡ ᠳᠤᠳᠠᠭᠤ ᠥᠭᠡᠢ ᠭᠡᠳᠡᠭ ᠪᠣᠯᠪᠠᠴᠤ ᠮᠣᠳᠣᠯᠢᠭ᠋ ᠡᠳ᠋᠎ᠦᠨ ᠡᠵᠡᠯᠡᠬᠦ ᠬᠠᠷᠢᠴᠠᠯ ᠨᠢ ᠥᠨᠳᠥᠷ᠂ ᠮᠠᠯ ᠲᠡᠵᠢᠭᠡᠪᠦᠷᠢ ᠢᠳᠡᠬᠦ᠎ᠳᠦ ᠠᠷᠠᠢ ᠲᠣᠬᠢᠷᠠᠬᠤ ᠦᠭᠡᠢ᠂ ᠡᠳ᠋ᠰᠢᠭᠥᠯᠵᠤ ᠬᠤᠪᠢᠷᠠᠭᠤᠯᠬᠤ᠎ᠳᠤ ᠬᠦᠴᠢᠷ ᠵᠡᠷᠭᠡ ᠪᠣᠭᠣᠮᠢ᠎ᠳᠤ ᠤᠷᠳᠤ ᠬᠤᠭᠤᠴᠠᠭ᠎ᠠ ᠬᠢᠵᠠᠭᠠᠷᠯᠠᠭᠳᠠᠨ᠂ ᠬᠠᠳᠤᠭᠰᠠᠨ ᠬᠠᠷᠭᠠᠨ᠎ᠠ ᠵᠢᠨ ᠶᠡᠬᠡᠩᠬᠢ ᠬᠡᠰᠡᠭ᠎ᠢ ᠨᠢ ᠪᠦᠷᠢᠯᠭᠡᠵᠦ᠂ ᠥᠷᠲᠡᠭ᠎ᠢ ᠨᠢ ᠭᠦᠢᠴᠡᠳ ᠪᠠᠳᠠᠷᠠᠭᠤᠯᠵᠤ ᠴᠢᠳᠠᠬᠤ ᠦᠭᠡᠢ ᠪᠠᠢᠪᠠ᠃
ᠠᠮᠢ ᠠᠬᠤᠢ᠎ᠶᠢᠨ ᠥᠷᠲᠡᠭ᠎ᠢ ᠠᠵᠤ ᠠᠬᠤᠢ᠎ᠶᠢᠨ ᠥᠷᠲᠡᠭ ᠪᠣᠯᠭᠠᠨ ᠬᠤᠪᠢᠷᠠᠭᠤᠯᠬᠤ᠎ᠶᠢᠨ ᠲᠥᠯᠥᠭᠡ᠂ 2021 ᠣᠨ᠎ᠠᠴᠠ ᠨᠠᠭᠠᠰᠢ ᠨᠠᠢ᠍ᠮᠠᠨ ᠬᠣᠰᠢᠭᠤᠨ᠎ᠤ ᠯᠢᠶᠠᠩ ᠪᠠᠩ ᠡᠪᠡᠰᠥᠨᠤ ᠥᠢᠯᠡᠰ 《ᠡᠪᠡᠰᠦ᠎ᠪᠡᠷ ᠠᠮᠤ ᠪᠤᠳᠠᠭ᠎ᠠ᠎ᠶᠢ ᠣᠷᠣᠯᠠᠭᠤᠯᠬᠤ᠂ ᠠᠮᠤ ᠪᠤᠳᠠᠭᠠᠨ᠎ᠤ ᠪᠤᠰᠤ ᠲᠡᠵᠢᠭᠡᠯ ᠪᠣᠷᠳᠣᠭ᠎ᠠ ᠵᠢ ᠡᠭᠥᠳᠬᠥ》 ᠬᠥᠭᠵᠢᠯᠲᠡ᠎ᠶᠢᠨ ᠴᠢᠭᠯᠡᠯ᠎ᠢ ᠲᠣᠭᠲᠠᠭᠠᠵᠤ᠂ ᠬᠠᠷᠠᠮᠥ᠋ᠷᠡᠨ ᠮᠤᠵᠢ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠲᠡᠵᠢᠭᠡᠯ ᠪᠣᠷᠳᠣᠭ᠎ᠠ᠎ᠶᠢᠨ ᠰᠤᠳᠤᠯᠭᠠᠨ᠎ᠤ ᠭᠠᠵᠠᠷ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠬᠠᠮᠢᠶ᠎ᠠ ᠪᠦᠬᠦᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠶᠡᠬᠡ ᠰᠤᠷᠭᠠᠭᠤᠯᠢ᠎ᠲᠠᠢ ᠬᠣᠯᠪᠤᠭᠠᠯᠠᠭᠠᠳ ᠪᠣᠭᠣᠮᠲᠠ ᠰᠢᠪᠲᠤᠯᠬᠤ ᠪᠦᠯᠬᠦᠮ᠎ᠢ ᠵᠣᠬᠢᠶᠠᠨ ᠪᠠᠢᠭᠤᠯᠵᠤ᠂ ᠬᠠᠷᠭᠠᠨ᠎ᠠ᠎ᠶᠢᠨ ᠲᠡᠵᠢᠭᠡᠯ ᠪᠣᠷᠳᠣᠭ᠎ᠠ᠎ᠶᠢ ᠣᠨᠳᠣᠣᠰᠢᠭᠤᠯᠬᠤ ᠭᠣᠣᠯᠯᠠᠬᠤ ᠮᠡᠷᠭᠡᠵᠢᠯ᠎ᠢ ᠬᠠᠨᠳᠤᠯᠭᠠᠲᠠᠢᠰᠢᠪᠲᠤᠯᠥᠨ᠂ ᠪᠤᠳᠠ ᠮᠣᠳᠣᠨ᠎ᠤ ᠲᠦᠷᠦᠯ᠎ᠦᠨ ᠠᠮᠤ ᠪᠤᠳᠠᠭᠠᠨ᠎ᠤ ᠪᠤᠰᠤ ᠡᠬᠢ ᠪᠠᠶᠠᠯᠢᠭ᠋᠎ᠢ ᠡᠬᠢ ᠪᠠᠶᠠᠯᠢᠭ᠍ᠵᠢᠭᠤᠯᠤᠨ ᠠᠰᠢᠭ᠍ᠯᠠᠬᠤ ᠴᠣ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠪᠡ᠃ ᠣᠳᠣᠬᠠᠨ᠎ᠳᠤ᠂ ᠲᠤᠰ ᠠᠵᠤ ᠠᠬᠤᠢᠯᠠᠯ ᠨᠠᠢ᠍ᠮᠠᠨ ᠬᠣᠰᠢᠭᠤᠨ ᠤ ᠳᠠᠴᠢᠨᠲᠠᠯ᠎ᠠ ᠪᠠᠯᠭᠠᠰᠤ᠂ ᠮᠢᠩ ᠷᠧᠨ ᠰᠤᠮᠤ᠂ ᡁᠢ ᠠᠨ ᠪᠠᠯᠭᠠᠰᠤᠨ᠎ᠳᠤ 3 ᠪᠠᠷᠢᠮᠵᠢᠶᠠᠵᠢᠭᠤᠯᠤᠭᠰᠠᠨ ᠪᠤᠷᠳᠤᠭ᠎ᠠ ᠡᠳ᠋ᠰᠢᠭᠥᠯᠬᠥ ᠦᠢᠯᠡᠳᠪᠦᠷᠢ᠎ᠶᠢᠨ ᠲᠠᠰᠤᠭ ᠪᠠᠢᠭᠤᠯᠤᠭᠠᠳ᠂ ᠵᠢᠯ᠎ᠳᠦ 5 ᠲᠦᠮᠡ ᠭᠠᠷᠤᠢ ᠲᠣᠨ ᠬᠠᠷᠭᠠᠨ᠎ᠠ ᠵᠢᠨ ᠰᠢᠷᠢᠰ ᠰᠢᠯᠢᠳᠡᠭ ᠲᠡᠵᠢᠭᠡᠯ ᠡᠪᠡᠰᠦᠨ᠎ᠦ ᠪᠦᠲᠦᠭᠡᠭᠳᠡᠬᠦᠨ᠎ᠢ ᠦᠢᠯᠡᠳᠪᠦᠷᠢᠯᠡᠵᠦ ᠪᠠᠢᠨ᠎ᠠ᠃
ᠡᠨᠡ ᠬᠦ᠌ ᠮᠡᠷᠭᠡᠵᠢᠯ ᠳᠣᠣᠷ᠎ᠠ ᠳᠤᠯᠠᠭᠠᠨ᠎ᠳᠤ ᠥᠨᠳᠥᠷ ᠠᠰᠢᠭ᠍ᠯᠠᠮᠵᠢ᠎ᠲᠠᠢ ᠢᠰᠬᠡᠬᠦ ᠪᠠᠺᠲᠧᠷᠢ ᠵᠢ ᠰᠢᠯᠢᠵᠤ᠂ ᠬᠡᠮᠬᠡᠯᠬᠦ᠂ ᠰᠢᠷᠬᠡᠭᠵᠢᠭᠥᠯᠬᠥ᠂ ᠬᠥᠭᠡᠯᠭᠡᠬᠦ ᠵᠡᠷᠭᠡ ᠮᠡᠷᠭᠡᠵᠢᠯ᠎ᠢᠶᠡᠷ ᠰᠢᠢᠳᠪᠥᠷᠢᠯᠡᠭᠰᠡᠨ ᠬᠠᠷᠭᠠᠨ᠎ᠠ ᠵᠢ ᠢᠰᠬᠡᠭᠡᠳ᠂ ᠮᠣᠳᠣᠯᠢᠭ᠋ ᠡᠳ᠋᠎ᠢ ᠨᠢ ᠨᠤᠮᠤᠬᠠᠳᠬᠠᠨ᠂ ᠡᠴᠦᠰ᠎ᠲᠦ ᠥᠪᠡᠷ᠎ᠦᠨ ᠦᠷᠳᠡᠭ᠎ᠢ ᠡᠵᠡᠮᠳᠡᠵᠦ ᠪᠣᠯᠬᠤ᠂ ᠰᠢᠮ᠎ᠡ ᠲᠡᠵᠢᠭᠡᠯ᠎ᠨᠢ ᠲᠡᠩᠴᠡᠭᠦᠷᠢᠲᠡᠢ ᠰᠢᠯᠢᠳᠡᠭ ᠲᠡᠵᠢᠭᠡᠯ ᠡᠪᠡᠰᠦᠨ᠎ᠦ ᠪᠦᠲᠦᠭᠡᠭᠳᠡᠬᠦᠨ᠎ᠢ ᠦᠢᠯᠡᠳᠪᠦᠷᠢᠯᠡᠵᠤ ᠭᠠᠷᠭᠠᠨ᠎ᠠ᠃ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠠᠮᠢᠲᠠᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ ᠸᠧᠢ ᠮᠠᠨ ᠯᠢᠨ᠄《ᠤᠷᠭᠤᠯᠲᠠ᠎ᠶᠢᠨ ᠬᠤᠭᠤᠴᠠᠭᠠᠨ ᠳ᠋ᠡᠬᠢ ᠬᠠᠷᠭᠠᠨ᠎ᠠ᠎ᠶᠢᠨ ᠪᠦᠳᠦᠭᠦᠯᠢᠭ ᠤᠭᠤᠷᠠᠭ᠎ᠤᠨ ᠠᠭᠤᠯᠤᠭᠳᠠᠴᠠ ᠨᠢ 15% — 18% ᠳ᠋ᠤ ᠬᠦᠷᠴᠦ᠂ ᠰᠢᠮ᠎ᠡ ᠲᠡᠵᠢᠭᠡᠯ ᠨᠢ ᠴᠢᠨᠠᠷ ᠰᠠᠢᠲᠠᠢ ᠴᠠᠷᠭᠠᠰᠤᠨ᠎ᠳᠤ ᠣᠶ᠋ᠢᠷᠠᠳᠤᠳᠠᠬ᠂ ᠢᠰᠬᠡᠵᠦ ᠰᠢᠢᠳᠪᠦᠷᠢᠯᠡᠭᠰᠡᠨ᠎ᠦ ᠳᠠᠷᠠᠭ᠎ᠠ ᠬᠠᠷᠭᠠᠨ᠎ᠠ ᠵᠢᠨ ᠰᠢᠷᠬᠡᠭ ᠨᠢ ᠭᠦᠢᠴᠡᠳ ᠵᠥᠭᠡᠯᠡᠷᠡᠵᠦ᠂ ᠪᠠᠢᠭᠠᠯᠢᠯᠢᠬ ᠢᠰᠬᠦᠯᠡᠩ ᠮᠥᠷᠳᠡᠭᠡᠨ ᠰᠢᠬᠢᠷᠯᠢᠭ ᠠᠮᠳᠠ ᠲᠠᠢ ᠪᠤᠯᠵᠤ᠂ ᠲᠡᠵᠢᠭᠡᠪᠦᠷᠢ ᠵᠢᠨ ᠥᠪᠡᠷ᠎ᠦᠨ ᠥᠷᠲᠡᠭ᠎ᠢ ᠪᠠᠭᠤᠷᠠᠭᠤᠯᠤᠨ᠎ᠠ᠂ ᠡᠨᠡ ᠬᠦ᠌ ᠮᠡᠷᠭᠡᠵᠢᠯ ᠬᠠᠷᠭᠠᠨ᠎ᠠ᠎ᠶᠢ ᠡᠬᠢ ᠪᠠᠶᠠᠯᠢᠭ᠍ᠵᠢᠭᠤᠯᠤᠨ ᠠᠰᠢᠭ᠍ᠯᠠᠬᠤ ᠣᠷᠳᠣ᠌ ᠬᠤᠭᠤᠴᠠᠭᠠᠨ᠎ᠤ ᠪᠣᠭᠣᠮᠢ᠎ᠶᠢ ᠪᠦᠲᠦᠮᠵᠢᠲᠡᠶᠰᠢᠢᠳᠪᠦᠷᠢᠯᠡᠭᠰᠡᠨᠢᠶᠡᠷ ᠪᠠᠷᠠᠬᠤ ᠦᠭᠡᠢ ᠨᠠᠩ ᠴᠤ᠌ ᠥᠪᠥᠷ ᠮᠣᠩᠭᠣᠯ᠎ᠤᠨ ᠠᠮᠤ ᠪᠤᠳᠠᠭᠠᠨ᠎ᠤ ᠪᠤᠰᠤ ᠡᠬᠢ ᠪᠠᠶᠠᠯᠢᠭ᠋᠎ᠤᠨ ᠲᠡᠵᠢᠭᠡᠯ ᠪᠣᠷᠳᠣᠭ᠎ᠠ᠎ᠶᠢᠨ ᠠᠵᠤ ᠦᠢᠯᠡᠰ᠎ᠦᠨ ᠰᠢᠨ᠎ᠡ ᠦᠷᠢᠰᠦᠯᠳᠦᠭᠡᠨ᠎ᠤ ᠵᠠᠮ᠎ᠢ ᠨᠡᠭᠡᠭᠡᠵᠡᠢ》 ᠭᠡᠵᠥ ᠬᠡᠯᠡᠵᠤ ᠪᠠᠢᠯ᠎ᠠ᠃
ᠨᠠᠢ᠍ᠮᠠᠨ ᠬᠣᠰᠢᠭᠤᠨ᠎ᠤ ᠳᠠᠴᠢᠨᠲᠠᠯ᠎ᠠ ᠪᠠᠯᠭᠠᠰᠤᠨ᠎ᠤ ᠰᠢᠶᠠᠨᠹᠧᠩ ᠲᠣᠰᠬᠣᠨ᠎ᠤ ᠥᠪᠥᠷ ᠮᠣᠩᠭᠣᠯ᠎ᠤᠨ ᠡᠷᠡᠭᠥᠯ ᠲᠠᠷᠢᠶᠠᠯᠠᠩ ᠮᠠᠯ ᠠᠵᠤ ᠠᠬᠤᠢ᠎ᠶᠢᠨ ᠬᠢᠵᠠᠭᠠᠷᠲᠤ ᠺᠣᠮᠫᠠᠨᠢ᠎ᠶᠢᠨ ᠲᠡᠵᠢᠭᠡᠪᠦᠷᠢ ᠵᠢᠨ ᠰᠠᠭᠤᠷᠢᠨ᠎ᠳᠤ ᠠᠦ᠋ᠰᠲᠷᠠᠯᠢᠶ᠎ᠠ᠎ᠠᠴᠠ ᠣᠷᠣᠭᠤᠯᠤᠭᠰᠠᠨ ᠵᠢᠦᠧᠠᠨ ᠱᠠᠨ ᠰᠠᠭᠠᠯᠢ᠎ᠶᠢᠨ ᠦᠨᠢᠶ᠎ᠡ᠂ ᠴᠡᠪᠡᠷ ᠡᠭᠦᠯᠳᠡᠷ᠎ᠦᠨ ᠰᠢᠮᠧᠨ᠋ᠲᠠᠷ ᠮᠢᠬᠠᠨ᠎ᠤ ᠦᠬᠡᠷ᠎ᠤᠨ ᠰᠦᠷᠦᠭ ᠲᠠᠷᠭᠤ ᠰᠠᠢᠲᠠᠢ ᠬᠠᠷᠠᠬᠳᠠᠨ᠎ᠠ᠃ ᠠᠷᠠᠴᠢᠯᠠᠭ᠍ᠴᠢ ᠬᠠᠷᠭᠠᠨ᠎ᠠ᠎ᠶᠢᠨ ᠢᠰᠬᠡᠯ ᠪᠤᠷᠳᠤᠭ᠎ᠠ ᠵᠢ ᠪᠤᠰᠤᠳ ᠡᠪᠡᠰᠦ ᠪᠣᠷᠳᠣᠭ᠎ᠠ᠎ᠲᠠᠢ 1᠄ 2 ᠤ᠋ᠨ ᠬᠠᠷᠢᠴᠠᠯ᠎ᠢᠶᠠᠷ ᠮᠠᠰᠢᠨ ᠵᠢᠨᠷ ᠬᠤᠳᠬᠤᠵᠤ ᠨᠠᠢᠷᠠᠭᠤᠯᠤᠭᠠᠳ ᠦᠬᠡᠷ᠎ᠤᠨ ᠰᠦᠷᠦᠭ᠎ᠢ ᠲᠡᠵᠢᠭᠡᠵᠤ ᠪᠠᠢᠪᠠ᠃ 《ᠮᠠᠨ᠎ᠤ ᠮᠠᠯᠵᠢᠯ᠎ᠤᠨ ᠲᠠᠯᠠᠪᠠᠶ 2021 ᠣᠨ᠎ᠠᠴᠠ ᠡᠬᠢᠯᠡᠨ ᠬᠠᠷᠭᠠᠨ᠎ᠠ ᠵᠢᠨ ᠪᠣᠷᠳᠣᠭ᠎ᠠ ᠵᠢ ᠬᠡᠷᠡᠭᠯᠡᠵᠦ ᠡᠬᠢᠯᠡᠵᠡᠢ᠂ ᠤᠨᠴᠠᠭᠠᠢᠯᠠᠨ ᠢᠰᠭᠡᠯ ᠪᠤᠷᠳᠤᠭ᠎ᠠ ᠵᠢ ᠬᠡᠷᠡᠭᠯᠡᠭᠰᠡᠨ᠎ᠤ ᠳᠠᠷᠠᠭ᠎ᠠ ᠦᠬᠡᠷ᠎ᠦᠨ ᠰᠢᠩᠭᠡᠭᠡᠯᠲᠡ ᠨᠢ ᠰᠠᠢᠵᠢᠷᠠᠭᠰᠠᠨ᠂ ᠥᠩᠭᠡᠷᠡᠭᠰᠡᠨ᠎ᠳᠦ ᠦᠬᠡᠷ ᠨᠢᠭᠡᠪᠦᠷᠢ᠎ᠳᠤ ᠡᠳᠦᠷ᠎ᠲᠦ 5 ᠡᠴᠡ 6 ᠵᠢᠩ ᠨᠠᠷᠢᠯᠢᠭ᠋ ᠪᠣᠷᠳᠣᠭ᠎ᠠ ᠢᠳᠡᠭᠥᠯᠵᠤ ᠪᠠᠢᠵᠠᠢ᠂ ᠣᠳᠣ᠌ ᠬᠡᠷᠡᠭᠯᠡᠬᠦ ᠬᠡᠮᠵᠢᠶ᠎ᠡ ᠵᠢ ᠰᠢᠭᠤᠳ ᠬᠠᠭᠠᠰ᠎ᠢᠶᠠᠷ ᠪᠠᠭᠤᠷᠠᠭᠤᠯᠤᠬᠰᠠᠨ ᠴᠦ᠍ ᠦᠬᠡᠷ᠎ᠦᠨ ᠲᠠᠷᠭᠤ ᠬᠦᠴᠦ ᠮᠥᠨᠬᠦ ᠰᠠᠢᠨ ᠪᠠᠢᠵᠤ᠂ ᠲᠡᠵᠢᠭᠡᠪᠦᠷᠢ ᠵᠢᠨ ᠦᠷ᠎ᠡ ᠠᠰᠢᠭ᠋ ᠮᠠᠰᠢ ᠢᠯᠡᠷᠬᠡᠢ ᠳᠡᠭᠡᠭᠰᠢᠯᠡᠵᠠᠢ》 ᠭᠡᠵᠦ ᠠᠵᠤ ᠠᠬᠤᠢᠯᠠᠯ᠎ᠤᠨ ᠶᠡᠷᠦᠩᠬᠡᠢ ᠳᠠᠭᠠᠭᠠᠮᠠᠯ ᠪᠤᠤ ᠳᠡᠮᠥᠷᠡ ᠬᠡᠯᠡᠭᠰᠡᠨ ᠪᠠᠢᠨ᠎ᠠ᠃
ᠬᠠᠷᠭᠠᠨ᠎ᠠ᠎ᠶᠢᠨ ᠪᠣᠷᠳᠣᠭ᠎ᠠ᠎ᠶᠢ ᠤᠨᠳᠤᠤᠰᠢᠭᠤᠯᠬᠤ ᠮᠡᠷᠭᠡᠵᠢᠯ ᠡᠯᠡᠰᠥ ᠮᠠᠩᠬᠠᠨ᠎ᠤ ᠲᠤᠬᠳᠠᠬᠰᠠᠨ ᠬᠤᠭᠤᠴᠠᠭᠠᠨ ᠳ᠋ᠤ ᠬᠠᠳᠤᠬᠤ ᠤᠷᠭᠤᠮᠠᠯ᠎ᠢ 《ᠡᠷᠳᠡᠨᠢ》 ᠪᠣᠯᠭᠠᠨ ᠬᠤᠪᠢᠷᠠᠭᠤᠯᠵᠤ᠂ ᠠᠮᠢ ᠠᠬᠤᠢ᠎ᠶᠢᠨ ᠡᠬᠢ ᠪᠠᠶᠠᠯᠢᠭ᠋ ᠢ ᠠᠵᠤ ᠠᠬᠤᠢ᠎ᠶᠢᠨ ᠦᠷ᠎ᠡ ᠠᠰᠢᠭ᠋ ᠪᠣᠯᠭᠠᠨ ᠬᠤᠪᠢᠷᠠᠭᠤᠯᠵᠠᠢ᠃《ᠲᠠᠷᠠᠭᠠᠴᠢ ᠪᠡᠷ ᠬᠣᠰᠢᠭᠤᠨ᠎ᠤ ᠵᠠᠰᠠᠭ᠎ᠤᠨ ᠣᠷᠳᠣᠨ ᠬᠠᠷᠭᠠᠨ᠎ᠠ᠎ᠶᠢ ᠪᠣᠷᠳᠣᠭ᠎ᠠ ᠪᠣᠯᠭᠠᠨ ᠠᠰᠢᠭ᠍ᠯᠠᠬᠤ ᠶᠢ ᠪᠥᠬᠥ ᠬᠣᠰᠢᠭᠤᠨ᠎ᠤ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠭᠣᠣᠯᠳᠠᠯᠭᠠᠲᠤ ᠢᠨᠵᠧᠨᠧᠷᠢᠩ᠎ᠳᠦ ᠣᠷᠣᠭᠤᠯᠵᠤ᠂ ᠲᠥᠷᠥ᠎ᠶᠢᠨ ᠪᠣᠳᠣᠯᠭ᠎ᠠ᠎ᠪᠠᠷ ᠲᠡᠳᠬᠦᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠥᠴᠥ ᠨᠡᠮᠡᠷᠢᠯᠡᠬᠥ ᠪᠠ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠶᠢ ᠦᠷᠭᠦᠯᠵᠢᠯᠡᠨ ᠴᠢᠩᠭᠠᠳᠬᠠᠵᠤ᠂ 〈ᠠᠮᠢ ᠠᠬᠤᠢ᠎ᠶᠢ ᠰᠡᠷᠭᠦᠭᠡᠬᠦ ︱ ᠡᠬᠢ ᠪᠠᠶᠠᠯᠢᠭ᠋ ᠢ ᠨᠡᠭᠡᠭᠡᠨ ᠬᠥᠭᠵᠢᠭᠦᠯᠬᠦ ︱ ᠲᠡᠵᠢᠭᠡᠯ ᠪᠣᠷᠳᠣᠭ᠎ᠠ᠎ᠶᠢ ᠡᠳ᠋ᠰᠢᠭᠦᠯᠬᠦ ︱ ᠡᠷᠡᠭᠦᠯ᠎ᠢᠶᠡᠷ ᠲᠡᠵᠢᠭᠡᠨ ᠦᠷᠡᠵᠢᠭᠦᠯᠬᠦ〉 ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ ᠵᠢ ᠲᠦᠷᠭᠡᠳᠬᠡᠨ ᠪᠠᠢᠭᠤᠯᠵᠤ᠂ ᠡᠯᠡᠰᠦᠷᠬᠡᠭ ᠭᠠᠵᠠᠷ᠎ᠢ ᠨᠣᠭᠣᠭᠠᠷᠠᠭᠤᠯᠬᠤ᠂ ᠠᠵᠤ ᠦᠢᠯᠡᠰ᠎ᠦᠨ ᠦᠷ᠎ᠡ ᠠᠰᠢᠭ᠋᠎ᠢ ᠳᠡᠭᠡᠭᠰᠢᠯᠡᠭᠥᠯᠬᠥ᠂ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠠᠮᠢ ᠠᠬᠤᠢ ᠠᠵᠤ ᠠᠬᠤᠢ ᠨᠡᠢᠭᠡᠮ ᠵᠡᠷᠭᠡ ᠣᠯᠠᠨ ᠲᠠᠯ᠎ᠠ᠎ᠪᠠᠷ ᠠᠰᠢᠭ᠋ ᠭᠥᠷᠳᠡᠬᠦ ᠬᠠᠷᠠᠯᠲᠠ᠎ᠶᠢ ᠪᠡᠶᠡᠯᠡᠭᠦᠯᠬᠥ ᠪᠡᠷ ᠴᠢᠷᠮᠠᠢᠨ᠎ᠠ》 ᠭᠡᠵᠤ ᠨᠠᠢ᠍ᠮᠠᠨ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠶᠢᠨ ᠳᠠᠷᠤᠭ᠎ᠠ ᠲᠠᠩ ᠭᠦᠸᠧ ᠴᠧᠩ ᠢᠳᠡᠭᠡᠯ ᠳᠠᠢ ᠶᠠᠷᠢᠵᠤ ᠪᠠᠢᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃