2026-09-08 11:19:35
《 ᠳᠥᠷᠪᠡᠨ ᠬᠠᠮᠳᠤ ᠪᠠᠷ ᠤᠷᠤᠯᠴᠠᠬᠤ 》 ᠲᠣᠭᠲᠠᠴᠠ ᠪᠠᠷ ᠮᠠᠯᠴᠢᠨ ᠲᠠᠷᠢᠶᠠᠴᠢᠨ ᠳ᠋ᠤ ᠠᠱᠢᠭ ᠭᠦᠷᠲᠡᠭᠡᠨ᠎ᠡ
ᠨᠠᠮᠤᠷ᠎ᠤᠨ ᠡᠬᠢᠨ ᠤ ᠦᠶ᠎ᠡ᠎ᠪᠠᠷ᠂ ᠰᠤᠷᠪᠤᠯᠵᠢᠯᠠᠭᠴᠢ ᠤᠯᠠᠭᠠᠨᠬᠠᠳᠠ ᠬᠤᠲᠠ ᠶ᠋ᠢᠨ ᠪᠠᠭᠠᠷᠢᠨ ᠪᠠᠷᠠᠭᠤᠨ ᠬᠤᠰᠢᠭᠤᠨ᠎ᠤ ᠪᠣᠷᠤᠡᠤᠰᠤ ᠪᠠᠯᠭᠠᠰᠤᠨ ᠤ ᠰᠠᠢᠡᠡᠤᠰᠤ ᠭᠠᠴᠠᠭ᠎ᠠ ᠳᠤ ᠬᠦᠷᠬᠦ ᠪᠠᠷ᠂ ᠲᠠᠷᠢᠶᠠᠨ ᠭᠠᠵᠠᠷ ᠵᠠᠯᠭᠠᠯᠳᠤᠵᠤ᠂ ᠮᠠᠰᠢᠨ᠎ᠢᠶᠠᠷ ᠲᠠᠷᠢᠶᠠᠯᠠᠬᠤ ᠬᠠᠳᠠᠭᠤᠷᠠᠭᠤᠯᠤᠭᠰᠠᠨ ᠵᠠᠮ ᠳᠥᠷᠪᠡᠨ ᠵᠦᠭ ᠨᠠᠢ᠍ᠮᠠᠨ ᠵᠣᠪᠬᠢᠰᠲᠤ᠌ ᠨᠡᠪᠲᠡᠷᠡᠵᠦ᠍᠂ ᠲᠠᠷᠢᠶᠠᠨ ᠭᠠᠵᠠᠷ ᠡᠮᠬᠢ ᠵᠢᠷᠤᠮ᠎ᠲᠠᠢ᠂ ᠲᠠᠷᠢᠮᠠᠯ ᠤᠷᠭᠤᠴᠠ ᠰᠠᠶ᠋ᠢᠳᠠᠢ ᠪᠠᠶ᠋ᠢᠵᠤ᠂ ᠤᠳᠤ ᠦᠶ᠎ᠡ᠎ᠶ᠋ᠢᠨ ᠲᠠᠷᠢᠶᠠᠯᠠᠩ᠎ᠤᠨ ᠡᠯᠪᠡᠭ ᠬᠤᠷᠢᠶᠠᠯᠲᠠ ᠵᠢᠨ ᠪᠠᠶ᠋ᠢᠳᠠᠯ ᠢᠯᠡᠷᠡᠨ᠎ᠡ᠃
《ᠡᠨᠡ ᠬᠡᠰᠡᠭ ᠲᠠᠷᠢᠶᠠᠨ ᠭᠠᠵᠠᠷ ᠢ᠋ ᠪᠦᠲᠦᠭᠡᠨ ᠪᠠᠶ᠋ᠢᠭᠤᠯᠬᠤ ᠦᠶ᠎ᠡ᠎ᠳᠤ᠂ ᠪᠢ ᠲᠠᠷᠢᠶᠠᠴᠢᠨ ᠠᠶ᠋ᠢᠯ ᠤᠨ ᠪᠣᠷᠳᠤᠭᠤᠷᠢ ᠰᠢᠯᠵᠢᠭᠦᠯᠦᠨ ᠲᠡᠭᠡᠭᠡᠪᠦᠷᠢᠯᠡᠵᠦ ᠰᠠᠴᠤᠬᠤ᠂ ᠭᠠᠵᠠᠷ ᠰᠢᠷᠤᠢ᠎ᠶ᠋ᠢ ᠭᠦᠨ ᠤᠷᠪᠠᠭᠤᠯᠵᠤ ᠲᠠᠷᠢᠬᠤ ᠵᠡᠷᠭᠡ ᠠᠵᠢᠯ᠎ᠳᠤ ᠣᠷᠤᠯᠴᠠᠵᠤ᠂ 1.42 ᠲᠦᠮᠡᠨ ᠲᠥᠭᠦᠷᠢᠭ ᠣᠯᠵᠠᠢ᠃ᠤᠳᠤ ᠥᠨᠳᠦᠷ ᠪᠠᠷᠢᠮᠵᠢᠶᠠᠲᠤ᠌ ᠲᠠᠷᠢᠶᠠᠨ ᠭᠠᠵᠠᠷ ᠪᠠᠶ᠋ᠢᠭᠤᠯᠤᠭᠰᠠᠨ ᠡᠴᠡ ᠲᠠᠷᠢᠶ᠎ᠠ ᠲᠠᠷᠢᠬᠤ ᠳ᠋ᠤ ᠰᠠᠨᠠᠭ᠎ᠠ ᠠᠮᠤᠷ ᠪᠦᠬᠡᠳ ᠬᠦᠴᠦᠨ ᠳ᠋ᠤ ᠠᠷᠪᠢᠳᠠᠢ᠂ ᠠᠮᠤ ᠪᠤᠳᠠᠭᠠᠨ᠎ᠤ ᠤᠨᠠᠯᠲᠠᠴᠤ᠌ ᠳᠠᠭᠠᠯᠳᠤᠨ ᠨᠡᠮᠡᠭᠳᠡᠵᠤ᠂ ᠠᠮᠢᠳᠤᠷᠠᠯ ᠶᠠᠪᠤᠬᠤ ᠳᠤᠲᠤᠮ ᠰᠠᠢᠵᠢᠷᠠᠵᠤ ᠪᠠᠢᠨ᠎ᠠ 》 ᠭᠡᠵᠦ᠍ ᠰᠠᠶ᠋ᠢᠬᠤᠰᠤ ᠭᠠᠴᠠᠭᠠᠨ᠎ᠤ ᠮᠠᠯᠴᠢᠨ ᠣᠷᠭᠢᠯ ᠪᠠᠶᠠᠷᠳᠠᠢ ᠶᠡᠷᠢᠨ᠎ᠠ᠃ 2025 ᠣᠨ᠎ᠳᠤ᠂ ᠰᠠᠶ᠋ᠢᠬᠤᠰᠤ ᠭᠠᠴᠠᠭ᠎ᠠ᠎ᠳᠤ 4687 ᠮᠦ᠍ ᠥᠨᠳᠦᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠶ᠋ᠢᠨ ᠲᠥᠷᠦᠯ ᠵᠦᠢᠯ᠎ᠢ ᠬᠡᠷᠡᠭᠵᠢᠭᠦᠯᠵᠦ᠍᠂ ᠲᠠᠷᠢᠶᠠᠴᠢᠨ ᠠᠶ᠋ᠢᠯ᠎ᠤᠨ ᠪᠣᠷᠳᠤᠭᠤᠷᠢ ᠰᠢᠯᠵᠢᠭᠦᠯᠦᠨ ᠲᠡᠭᠡᠭᠡᠪᠦᠷᠢᠯᠡᠬᠦ᠂ ᠭᠠᠵᠠᠷ ᠰᠢᠷᠤᠢ᠎ᠶ᠋ᠢ ᠭᠦᠨ ᠤᠷᠪᠠᠭᠤᠯᠵᠤ ᠡᠷᠭᠢᠯᠳᠦᠭᠦᠯᠦᠨ ᠲᠠᠷᠢᠬᠤ ᠵᠡᠷᠭᠡ ᠳᠥᠭᠦᠮᠬᠡᠨ ᠢᠨᠵᠧᠨᠧᠷᠢᠩ᠎ᠢ ᠲᠣᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠶ᠋ᠢᠭᠤᠯᠤᠯᠲᠠ᠎ᠳᠤ ᠲᠤᠰᠢᠶᠠᠨ ᠦᠭᠴᠦ᠂ ᠠᠵᠢᠯᠤᠯᠭᠤᠯᠳᠠ ᠪᠠᠷ ᠲᠡᠳᠬᠦᠮᠵᠢ᠎ᠶ᠋ᠢ ᠣᠷᠤᠯᠠᠭᠤᠯᠬᠤ ᠵᠠᠭᠪᠤᠷ᠎ᠢᠶᠠᠷ ᠳᠠᠮᠵᠢᠨ ᠲᠤᠰ ᠭᠠᠵᠠᠷ᠎ᠤᠨ 61 ᠮᠠᠯᠴᠢᠨ ᠲᠠᠷᠢᠶᠠᠴᠢᠨ ᠣᠶ᠋ᠢᠷ᠎ᠠ ᠬᠠᠪᠢ᠎ᠳᠠᠭᠠᠨ ᠬᠥᠯᠦᠰᠦᠨ ᠠᠵᠢᠯ ᠬᠢᠵᠦ᠍ ᠂ ᠠᠵᠢᠯ ᠤᠯᠭᠤᠯᠳᠠ ᠪᠠᠷ ᠲᠡᠳᠬᠦᠮᠵᠢ᠎ᠶ᠋ᠢ ᠣᠷᠤᠯᠠᠭᠤᠯᠬᠤ ᠪᠡᠯᠡ ᠮᠥᠩᠭᠦ᠎ᠶ᠋ᠢ 89.06 ᠲᠦᠮᠡᠨ ᠲᠥᠭᠦᠷᠢᠭ ᠨᠠᠶ᠋ᠢᠳᠠᠪᠤᠷᠢᠵᠢᠭᠤᠯᠪᠠ᠃
ᠲᠠᠷᠢᠶᠠᠨ ᠭᠠᠵᠠᠷ ᠪᠣᠯ ᠠᠮᠤ ᠪᠤᠳᠠᠭᠠᠨ᠎ᠤ ᠦᠢᠯᠡᠳᠪᠦᠷᠢᠯᠡᠯ᠎ᠦᠨ ᠰᠠᠭᠤᠷᠢ᠂ ᠲᠠᠷᠢᠶᠠᠴᠢᠳ ᠪᠣᠯ ᠲᠠᠷᠢᠶᠠᠨ ᠭᠠᠵᠠᠷ ᠤᠨ ᠪᠦᠲᠦᠭᠡᠨ ᠪᠠᠢᠭᠤᠯᠤᠯᠲᠠ᠎ᠶ᠋ᠢᠨ ᠭᠤᠤᠯ ᠡᠵᠡᠨ ᠮᠥᠨ᠃ ᠣᠶ᠋ᠢᠷ᠎ᠠ᠎ᠶ᠋ᠢᠨ ᠵᠢᠯ᠎ᠳᠤ᠂ ᠤᠯᠠᠭᠠᠨᠬᠠᠳᠠ ᠬᠤᠲᠠ ᠥᠨᠳᠦᠷ ᠪᠠᠷᠢᠮᠵᠢᠶᠠᠲᠤ᠌ ᠲᠠᠷᠢᠶᠠᠨ ᠭᠠᠵᠠᠷ ᠤᠨ ᠪᠦᠲᠦᠭᠡᠨ ᠪᠠᠶ᠋ᠢᠭᠤᠯᠤᠯᠲᠠ᠎ᠶ᠋ᠢ ᠶᠡᠬᠡ ᠪᠡᠷ ᠠᠬᠢᠭᠤᠯᠵᠤ᠂ ᠨᠡᠶ᠋ᠢᠲᠡ 962.6 ᠲᠦᠮᠡᠨ ᠮᠥ᠍ ᠪᠠᠶ᠋ᠢᠭᠤᠯᠵᠤ᠂ ᠦᠨᠳᠦᠰᠦᠨ ᠲᠠᠷᠢᠶᠠᠨ ᠭᠠᠵᠠᠷ᠎ᠤᠨ ᠲᠠᠯᠠᠪᠠᠢ᠎ᠶ᠋ᠢᠨ 41%᠎ᠶ᠋ᠢ ᠡᠵᠡᠯᠡᠪᠡ᠃ ᠡᠭᠦᠨ᠎ᠳᠤ᠂ 2019 ᠣᠨ᠎ᠡᠴᠡ ᠨᠠᠭᠠᠰᠢ ᠥᠨᠳᠦᠷ ᠪᠠᠷᠢᠮᠵᠢᠶᠠᠲᠤ᠌ ᠲᠠᠷᠢᠶᠠᠨ ᠭᠠᠵᠠᠷ᠎ᠢ 671.2 ᠲᠦᠮᠡᠨ ᠮᠥ᠍ ᠪᠠᠶ᠋ᠢᠭᠤᠯᠵᠤ᠂ ᠪᠥᠲᠦᠭᠡᠨ ᠪᠠᠶ᠋ᠢᠭᠤᠯᠤᠯᠲᠠ᠎ᠶ᠋ᠢᠨ ᠬᠡᠪᠴᠢᠶ᠎ᠡ᠎ᠨᠢ ᠪᠥᠬᠦ᠌ ᠣᠷᠤᠨ᠎ᠤ ᠬᠤᠶᠠᠳᠤᠭᠠᠷ᠎ᠲᠤ᠌ ᠣᠷᠤᠵᠠᠢ᠃
ᠨᠢᠳᠦᠨ ᠳ᠋ᠤ ᠦᠵᠡᠭᠳᠡᠮ᠎ᠡ ᠪᠦᠲᠦᠭᠡᠨ ᠪᠠᠶ᠋ᠢᠭᠤᠯᠤᠯᠲᠠ᠎ᠶ᠋ᠢᠨ ᠦᠷ᠎ᠡ ᠪᠦᠲᠦᠮᠵᠢ᠎ᠨᠢ ᠤᠯᠠᠭᠠᠨᠬᠠᠳᠠ ᠬᠤᠲᠠ᠎ᠶ᠋ᠢᠨ ᠰᠢᠨ᠎ᠡ᠎ᠶ᠋ᠢ ᠡᠭᠦᠳᠦᠨ ᠬᠡᠷᠡᠭᠵᠢᠭᠦᠯᠦᠭᠰᠡᠨ 《ᠳᠥᠷᠪᠡᠨ ᠬᠠᠮᠲᠤ ᠪᠠᠷ ᠤᠷᠤᠯᠴᠠᠬᠤ 》 ᠲᠣᠭᠲᠠᠴᠠ᠎ᠶ᠋ᠢᠨ ᠦᠷ᠎ᠡ ᠪᠦᠲᠦᠮᠵᠢ ᠡᠴᠡ ᠪᠣᠯᠤᠭᠰᠠᠨ᠎ᠶᠤᠮ᠃ ᠤᠯᠠᠭᠠᠨᠬᠠᠳᠠ ᠬᠤᠲᠠ ᠥᠨᠳᠦᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠶ᠋ᠢᠨ ᠶᠠᠪᠤᠴᠠ᠎ᠳᠤ᠂《ᠵᠠᠰᠠᠭ᠎ᠤᠨ ᠣᠷᠳᠤᠨ ᠳᠠᠭᠠᠭᠠᠴᠢᠯᠠᠨ ᠭᠦᠢᠴᠡᠳᠬᠡᠵᠦ᠍᠂ ᠣᠯᠠᠨ ᠲᠦᠮᠡᠨ ᠬᠦᠨᠳᠡᠯᠡᠨ ᠡᠴᠡ ᠬᠠᠷᠠᠬᠤ 》 ᠤᠯᠠᠮᠵᠢᠯᠠᠯᠲᠤ᠌ ᠵᠠᠭᠪᠤᠷ ᠢ᠋ ᠦᠭᠡᠷᠡᠴᠢᠯᠡᠵᠤ᠂ ᠲᠠᠷᠢᠶᠠᠴᠢᠳ ᠬᠠᠨᠤᠮᠵᠢᠲᠠᠢ ᠪᠠᠶ᠋ᠢᠬᠤ᠎ᠪᠠᠷ ᠭᠤᠤᠯ ᠪᠠᠷᠢᠮᠵᠢᠶ᠎ᠠ ᠪᠣᠯᠭᠠᠵᠤ᠂ ᠲᠥᠯᠦᠪᠵᠢᠭᠦᠯᠭᠡ᠎ᠶ᠋ᠢ ᠬᠠᠮᠲᠤ ᠪᠠᠷ ᠵᠥᠪᠯᠡᠬᠦ᠂ ᠪᠦᠲᠦᠭᠡᠨ ᠪᠠᠶ᠋ᠢᠭᠤᠯᠤᠯᠲᠠ᠎ᠶ᠋ᠢ ᠬᠠᠮᠲᠤ ᠪᠠᠷ ᠪᠠᠶ᠋ᠢᠭᠤᠯᠬᠤ᠂ ᠦᠷ᠎ᠡ ᠪᠦᠲᠦᠮᠵᠢ᠎ᠶ᠋ᠢ ᠬᠠᠮᠲᠤ ᠪᠠᠷ ᠦᠨᠡᠯᠡᠬᠦ᠂ ᠲᠥᠬᠦᠭᠡᠷᠦᠮᠵᠢ᠎ᠶ᠋ᠢ ᠬᠠᠮᠲᠤ ᠪᠠᠷ ᠬᠠᠮᠠᠭᠠᠯᠠᠬᠤ 《ᠳᠥᠷᠪᠡᠨ ᠬᠠᠮᠲᠤ᠎ᠪᠠᠷ ᠤᠷᠤᠯᠴᠠᠬᠤ 》 ᠲᠣᠭᠲᠠᠴᠠ᠎ᠶ᠋ᠢ ᠪᠠᠶ᠋ᠢᠭᠤᠯᠵᠤ᠂ ᠮᠠᠯᠴᠢᠨ ᠲᠠᠷᠢᠶᠠᠴᠢᠳ ᠢ᠋ 《ᠬᠦᠨᠳᠡᠯᠡᠨ ᠤ᠋ ᠬᠦᠮᠦᠨ》 ᠡᠴᠡ 《ᠡᠵᠡᠨ ᠬᠥᠮᠦᠨ 》 ᠪᠣᠯᠭᠠᠵᠤ᠂ ᠬᠡᠰᠡᠭ ᠪᠦᠷᠢ ᠰᠠᠶ᠋ᠢᠨ ᠲᠠᠷᠢᠶᠠᠨ ᠭᠠᠵᠠᠷ ᠢ᠋ ᠴᠥᠮ ᠠᠷᠠᠳ᠎ᠤᠨ ᠰᠡᠳᠬᠢᠯ᠎ᠳᠤ ᠨᠡᠶ᠋ᠢᠴᠡᠭᠦᠯᠵᠦ᠍᠂ ᠲᠠᠷᠢᠶᠠᠯᠠᠩ᠎ᠤᠨ ᠪᠠᠶ᠋ᠢᠳᠠᠯ᠎ᠳᠤ ᠨᠡᠶ᠋ᠢᠴᠡᠭᠦᠯᠵᠦ᠍᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠪᠤᠯᠭᠠᠪᠠ᠃
《ᠵᠠᠰᠠᠭ᠎ᠤᠨ ᠣᠷᠳᠤᠨ ᠡᠴᠡ ᠵᠤᠬᠢᠴᠠᠭᠤᠯᠬᠤ 》 ᠶ᠋ᠢ 《ᠣᠯᠠᠨ ᠲᠦᠮᠡᠨ ᠡᠴᠡ ᠳᠤᠬᠢᠷᠠᠭᠤᠯᠬᠤ 》 ᠪᠣᠯᠭᠠᠨ ᠬᠤᠪᠢᠷᠠᠭᠤᠯᠵᠤ᠂ ᠲᠠᠷᠢᠶᠠᠨ ᠭᠠᠵᠠᠷ᠎ᠤᠨ ᠲᠥᠯᠦᠪᠵᠢᠭᠦᠯᠭᠡ᠎ᠶ᠋ᠢ ᠬᠠᠯᠠᠭᠤᠨ ᠳᠤᠯᠠᠭᠠᠨ ᠠᠭᠤᠷ ᠠᠮᠢᠰᠬᠤᠯ ᠲᠠᠢ ᠪᠤᠯᠭᠠᠵᠠᠢ᠃ ᠤᠯᠠᠭᠠᠨᠬᠠᠳᠠ ᠬᠤᠲᠠ 《ᠲᠠᠷᠢᠶᠠᠴᠢᠳ᠎ᠤᠨ ᠪᠦᠬᠦ᠌ ᠶᠠᠪᠤᠴᠠ᠎ᠶ᠋ᠢ ᠬᠥᠲᠦᠯᠦᠨ ᠵᠢᠯᠤᠭᠤᠳᠴᠤ᠌ ᠥᠨᠳᠦᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠶ᠋ᠢᠨ ᠠᠵᠢᠯ᠎ᠳᠤ ᠣᠷᠤᠯᠴᠠᠭᠤᠯᠬᠤ ᠲᠤᠬᠠᠢ ᠮᠡᠳᠡᠭᠳᠡᠯ 》 ᠢ᠋ ᠨᠡᠶ᠋ᠢᠲᠡᠯᠡᠵᠦ᠍᠂ ᠳᠦᠷᠢᠮ᠎ᠤᠨ ᠲᠠᠯ᠎ᠠ᠎ᠪᠠᠷ ᠤᠯᠠᠨ ᠲᠦᠮᠡᠨ᠎ᠤ ᠲᠦᠷᠦᠯ ᠵᠦᠢᠯ᠎ᠤᠨ ᠪᠦᠲᠦᠭᠡᠨ ᠪᠠᠶ᠋ᠢᠭᠤᠯᠤᠯᠲᠠ᠎ᠳᠠᠬᠢ ᠪᠠᠶ᠋ᠢᠳᠠᠯ᠎ᠢ ᠮᠡᠳᠡᠬᠦ᠌ ᠡᠷᠬᠡ᠂ ᠣᠷᠤᠯᠴᠠᠬᠤ ᠡᠷᠬᠡ᠂ ᠰᠢᠢᠳᠪᠦᠷᠢᠲᠦ᠍ ᠪᠣᠳᠤᠯᠭ᠎ᠠ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠎ᠶ᠋ᠢ ᠪᠠᠲᠤᠯᠠᠵᠤ᠂ ᠲᠣᠰᠭᠤᠨ᠎ᠤ ᠠᠷᠠᠳ᠎ᠤᠨ ᠲᠥᠯᠦᠭᠡᠯᠡᠭᠴᠢᠳ᠎ᠤᠨ ᠶᠡᠭᠡ ᠬᠤᠷᠠᠯ᠂ 《ᠨᠢᠭᠡ ᠶᠠᠪᠤᠳᠠᠯ ᠢ ᠨᠢᠭᠡ ᠵᠥᠪᠯᠡᠬᠦ᠌ 》 ᠬᠡᠷᠡᠭ ᠵᠥᠪᠯᠡᠬᠦ᠌ ᠲᠠᠪᠴᠠᠩ᠎ᠳᠤ ᠲᠦᠰᠢᠭᠯᠡᠨ᠂ ᠲᠠᠷᠢᠶᠠᠨ ᠭᠠᠵᠠᠷ᠎ᠤᠨ ᠦᠨᠡᠨ ᠪᠣᠳᠠᠲᠠᠢ ᠬᠦᠰᠡᠯ ᠱᠠᠭᠠᠷᠳᠠᠯᠭ᠎ᠠ᠎ᠶ᠋ᠢ ᠲᠦᠷᠦᠯ ᠵᠦᠢᠯ᠎ᠤᠨ ᠵᠢᠷᠤᠭ ᠲᠥᠯᠦᠪᠯᠡᠭᠡ᠎ᠶ᠋ᠢᠨ ᠨᠢᠭᠡᠳᠦᠭᠡᠷ ᠦᠨᠳᠦᠰᠦᠯᠡᠯ ᠪᠣᠯᠭᠠᠵᠠᠢ᠃
ᠶᠤᠸᠠᠨ ᠪᠦᠦ ᠱᠠᠨ ᠲᠣᠭᠤᠷᠢᠭ᠎ᠤᠨ ᠪᠠᠭ᠎ᠠ ᠲᠠᠪᠤᠨᠭᠡᠷ ᠰᠢᠶᠠᠡᠭ ᠤ᠋ᠨ ᠰᠢᠶᠸ ᠵᠢᠶᠠ ᠶᠢᠡᠭᠽᠢ ᠲᠣᠰᠭᠤᠨ᠎ᠤ ᠲᠠᠷᠢᠶᠠᠨ ᠭᠠᠵᠠᠷ ᠢ ᠥᠭᠡᠷᠡᠴᠢᠯᠡᠬᠦ᠌ ᠲᠦᠷᠦᠯ ᠵᠦᠢᠯ᠎ᠤᠨ ᠳᠤᠮᠳᠠ᠂ ᠲᠣᠰᠭᠤᠨ᠎ᠤ ᠠᠷᠠᠳ᠎ᠤᠨ ᠲᠥᠯᠦᠭᠡᠯᠡᠭᠴᠢ ᠡᠴᠡ ᠵᠢᠷᠤᠭ ᠲᠥᠯᠦᠪᠯᠡᠭᠡ᠎ᠶ᠋ᠢ ᠬᠢᠨᠠᠨ ᠪᠠᠶ᠋ᠢᠴᠠᠭᠠᠬᠤ ᠬᠤᠷᠠᠯ ᠳᠡᠭᠡᠷ᠎ᠡ᠄《ᠤᠤᠯ᠎ᠤᠨ ᠤᠰᠤᠯᠠᠯᠲᠠ᠎ᠶ᠋ᠢᠨ ᠬᠠᠮᠢᠶᠠᠷᠤᠯᠲᠠ᠎ᠶ᠋ᠢᠨ ᠬᠤᠭᠤᠯᠠᠢ ᠳᠤᠤᠷ ᠲᠤ᠌ ᠬᠤᠪᠢᠶᠠᠷᠢ ᠳᠤᠭᠤᠷᠢᠭ ᠤ᠋ᠨ ᠨᠡᠭᠡᠯᠡᠬᠡᠢ ᠲᠠᠢ ᠬᠤᠳᠳᠤᠭ ᠪᠠᠶ᠋ᠢᠬᠤ᠎ᠦᠭᠡᠢ᠂ ᠭᠠᠭᠴᠠ ᠲᠠᠯ᠎ᠠ᠎ᠶ᠋ᠢᠨ ᠲᠥᠬᠦᠭᠡᠷᠦᠮᠵᠢ ᠡᠪᠳᠡᠷᠡᠪᠡᠯ ᠪᠦᠬᠦ᠌ ᠱᠤᠭᠤᠮ ᠤ᠋ᠨ ᠤᠰᠤᠨ ᠤ᠋ ᠬᠠᠡᠭᠭᠠᠯᠭ᠎ᠠ ᠲᠠᠰᠤᠷᠠᠨ᠎ᠠ᠂ ᠨᠡᠬᠡᠯᠡᠬᠡᠢ ᠲᠠᠢ ᠬᠤᠳᠳᠤᠭ ᠨᠡᠮᠡᠭᠳᠡᠭᠦᠯᠬᠦ᠌ ᠴᠢᠬᠤᠯᠠᠳᠠᠢ 》 ᠬᠡᠵᠦ ᠰᠠᠨᠠᠭᠤᠯᠭ᠎ᠠ ᠳᠤᠷᠠᠳᠬᠤ ᠳ᠋ᠤ᠂ ᠵᠢᠷᠤᠭ ᠲᠥᠯᠦᠪᠯᠡᠭᠡ᠎ᠶ᠋ᠢᠨ ᠨᠢᠭᠡᠴᠢ ᠡᠴᠡ ᠲᠣᠰᠭᠤᠨ᠎ᠤ ᠠᠷᠠᠳ᠎ᠤᠨ ᠰᠠᠨᠠᠭᠤᠯᠭ᠎ᠠ᠎ᠶ᠋ᠢ ᠰᠤᠨᠤᠰᠴᠤ᠂ ᠰᠢᠨ᠎ᠡ᠎ᠪᠠᠷ 6 ᠨᠡᠭᠡᠯᠡᠬᠡᠢ ᠲᠠᠢ ᠬᠤᠳᠳᠤᠭ ᠮᠠᠯᠳᠠᠵᠤ᠂ ᠳᠤᠭᠤᠷᠢᠭ ᠬᠤᠪᠢᠶᠠᠨ ᠤᠰᠤᠯᠠᠬᠤ᠎ᠶ᠋ᠢ ᠪᠡᠶᠡᠯᠡᠭᠦᠯᠵᠦ᠍᠂ ᠲᠣᠰᠭᠤᠨ᠎ᠤ ᠠᠷᠠᠳ᠎ᠤ᠋ᠨ ᠮᠠᠭᠲᠠᠭᠠᠯ ᠰᠠᠶ᠋ᠢᠰᠢᠶᠠᠯ᠎ᠢ ᠤᠯᠪᠠ᠃
ᠣᠯᠠᠨ ᠲᠦᠮᠡᠨ ᠪᠣᠯ ᠪᠥᠲᠦᠭᠡᠨ ᠪᠠᠶ᠋ᠢᠭᠤᠯᠤᠯᠲᠠ ᠡᠴᠡ ᠠᠰᠢᠭ ᠬᠦᠷᠲᠡᠭᠴᠢ ᠪᠣᠯᠬᠤ᠎ᠪᠠᠷ ᠪᠠᠷᠠᠬᠤ ᠥᠬᠡᠢ᠂ ᠨᠠᠩ᠎ᠴᠤ᠌ ᠨᠢᠭᠡᠳᠦᠭᠡᠷ ᠹᠷᠤᠨᠲ᠎ᠤᠨ ᠪᠥᠲᠦᠭᠡᠨ ᠪᠠᠶ᠋ᠢᠭᠤᠯᠤᠭᠴᠢ᠂ ᠶᠠᠰᠤ ᠴᠢᠨᠠᠷ᠎ᠤᠨ ᠬᠢᠨᠠᠯᠲᠠ ᠲᠠᠯᠪᠢᠭᠴᠢ ᠪᠤᠯᠬᠤ ᠶᠤᠮ᠃ ᠤᠯᠠᠭᠠᠨᠬᠠᠳᠠ ᠬᠤᠲᠠ ᠠᠵᠢᠯ ᠤᠯᠭᠤᠯᠳᠠ ᠪᠠᠷ ᠲᠡᠳᠬᠦᠮᠵᠢ᠎ᠶ᠋ᠢ ᠣᠷᠤᠯᠠᠭᠤᠯᠬᠤ᠂ ᠠᠷᠠᠳ᠎ᠤᠨ ᠳᠤᠮᠳᠠᠬᠢ ᠬᠢᠨᠠᠨ ᠬᠠᠮᠢᠶᠠᠷᠤᠯᠲᠠ᠎ᠶ᠋ᠢᠨ ᠬᠤᠤᠰ ᠬᠤᠯᠪᠤᠭᠠᠯᠠᠨ ᠬᠥᠳᠡᠯᠦᠯᠴᠡᠬᠦ᠌ ᠵᠠᠭᠪᠤᠷ᠎ᠢ ᠰᠢᠨ᠎ᠡ᠎ᠪᠠᠷ ᠡᠭᠦᠳᠦᠨ ᠬᠡᠷᠡᠭᠵᠢᠭᠦᠯᠵᠦ᠍᠂ ᠮᠠᠯᠴᠢᠨ ᠲᠠᠷᠢᠶᠠᠴᠢᠳ᠎ᠢ ᠣᠷᠤᠯᠴᠠᠭᠤᠯᠬᠤ ᠳᠤᠮᠳᠠ ᠪᠣᠳᠠᠲᠤ᠌ ᠠᠰᠢᠭ ᠬᠦᠷᠲᠡᠭᠡᠨ᠂ ᠬᠢᠨᠠᠯᠲᠠ ᠲᠠᠯᠪᠢᠬᠤ ᠳᠤᠮᠳᠠ ᠬᠠᠷᠢᠭᠤᠴᠠᠯᠭ᠎ᠠ ᠡᠭᠦᠷᠭᠡᠯᠡᠭᠦᠯᠪᠡ᠃ 2024 ᠣᠨ ᠡᠴᠡ ᠨᠠᠭᠠᠰᠢ᠂ ᠪᠦᠬᠦ᠌ ᠬᠤᠳᠠ᠎ᠶ᠋ᠢᠨ᠎ᠬᠢᠨ ᠠᠵᠢᠯ ᠤᠯᠭᠤᠯᠳᠠ ᠪᠠᠷ ᠲᠡᠳᠬᠦᠮᠵᠢ᠎ᠶ᠋ᠢ ᠣᠷᠤᠯᠠᠭᠤᠯᠬᠤ ᠪᠡᠯᠡ ᠮᠥᠩᠭᠦ᠎ᠶ᠋ᠢ ᠨᠡᠶ᠋ᠢᠳᠡ 7.27 ᠳ᠋ᠦᠩᠰᠢᠭᠤᠷ ᠲᠥᠭᠦᠷᠢᠭ ᠨᠠᠶ᠋ᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠦᠴᠦ᠍ ᠶᠠᠪᠤᠭᠰᠠᠳ᠎ᠢ 69 ᠲᠦᠮᠡᠨ ᠬᠥᠮᠦᠨ ᠤᠳᠠᠭ᠎ᠠ ᠲᠠᠶ᠋ᠢᠴᠢᠯᠠᠵᠦ᠍᠂ 《ᠭᠡᠷ ᠤᠨ ᠡᠭᠦᠳᠡᠨ᠎ᠳᠡᠭᠡᠨ ᠠᠵᠢᠯ ᠣᠯᠵᠤ᠂ ᠲᠠᠷᠢᠶ᠎ᠠ ᠲᠠᠷᠢᠵᠤ ᠬᠥᠯᠦᠰᠦᠨ ᠠᠵᠢᠯ ᠬᠢᠬᠦ᠎ᠶ᠋ᠢ ᠴᠥᠮ ᠰᠠᠭᠠᠲᠠᠭᠠᠬᠤ᠎ᠦᠭᠡᠢ 》 ᠪᠠᠶ᠋ᠢᠬᠤ᠎ᠶ᠋ᠢ ᠪᠡᠶᠡᠯᠡᠭᠦᠯᠦᠭᠰᠡᠨ ᠪᠠᠢᠨ᠎ᠠ᠃
ᠡᠭᠦᠨ᠎ᠤ ᠬᠠᠮᠲᠤ᠌᠂ ᠪᠠᠷᠢᠯᠭ᠎ᠠ᠎ᠶ᠋ᠢᠨ ᠶᠠᠰᠤ ᠴᠢᠨᠠᠷ᠎ᠤᠨ ᠰᠡᠷᠭᠡᠶ᠋ᠢᠯᠡᠯᠲᠡ᠎ᠶ᠋ᠢᠨ ᠱᠤᠭᠤᠮ᠎ᠢ ᠪᠠᠲᠤ ᠴᠣᠭᠴᠠᠯᠠᠵᠤ᠂ ᠡᠯ᠎ᠡ ᠲᠣᠰᠭᠤᠨ ᠠᠬᠠᠮᠠᠳ ᠨᠠᠮ᠎ᠤᠨ ᠭᠡᠰᠢᠭᠦᠨ᠂ ᠲᠠᠷᠢᠮᠠᠯ᠎ᠤᠨ ᠴᠢᠳᠠᠪᠤᠷᠢᠲᠠᠨ᠎ᠢ ᠰᠣᠩᠭᠤᠨ ᠭᠠᠷᠭᠠᠵᠤ 《ᠠᠷᠠᠳ᠎ᠤᠨ ᠳᠤᠮᠳᠠᠬᠢ ᠬᠢᠨᠠᠨ ᠬᠠᠮᠢᠶᠠᠷᠬᠤ ᠪᠦᠯᠬᠦᠮ》 ᠢ᠋ ᠪᠠᠶ᠋ᠢᠭᠤᠯᠵᠤ᠂ ᠲᠤᠰᠭᠠᠢ ᠮᠡᠷᠭᠡᠵᠢᠯ᠎ᠤᠨ ᠬᠢᠨᠠᠨ ᠬᠠᠮᠢᠶᠠᠷᠬᠤ ᠠᠵᠢᠯᠲᠠᠨ᠎ᠲᠠᠢ ᠬᠠᠮᠵᠢᠯᠴᠠᠨ ᠡᠭᠦᠷᠭᠡ ᠲᠤᠰᠢᠶᠠᠯ᠎ᠢᠶᠠᠨ ᠭᠦᠢᠴᠡᠳᠬᠡᠵᠦ ᠪᠤᠢ᠃ ᠠᠷᠤ ᠬᠤᠷᠴᠢᠨ ᠬᠤᠰᠢᠭᠤᠨ᠎ᠤ ᠪᠠᠯᠴᠢᠷᠤᠳ ᠰᠤᠮᠤ᠎ᠶ᠋ᠢᠨ ᠰᠢᠨ ᠹᠠ ᠲᠣᠰᠭᠤᠨ ᠥᠨᠳᠦᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠲᠥᠷᠦᠯ ᠵᠦᠢᠯ᠎ᠤᠨ ᠪᠥᠲᠦᠭᠡᠨ ᠪᠠᠶ᠋ᠢᠭᠤᠯᠤᠯᠲᠠ᠎ᠳᠤ᠂ ᠲᠣᠰᠭᠤᠨ᠎ᠤ ᠱᠠᠲᠤᠨ᠎ᠤ ᠬᠢᠨᠠᠯᠲᠠ ᠲᠠᠯᠪᠢᠭᠴᠢ ᠡᠴᠡ ᠬᠤᠭᠤᠯᠠᠢ ᠳᠤᠤᠷ ᠢ᠋ ᠨᠡᠭᠡᠭᠡᠨ ᠮᠠᠯᠲᠠᠬᠤ᠂ ᠪᠤᠴᠠᠭᠠᠨ ᠪᠥᠭᠯᠡᠬᠦ᠌ ᠵᠡᠷᠭᠡ ᠵᠠᠩᠭᠢᠯᠠᠭ᠎ᠠ᠎ᠶ᠋ᠢᠨ ᠠᠵᠢᠯ᠎ᠤᠨ ᠳᠠᠷᠠᠭᠠᠯᠠᠯ᠎ᠢ ᠴᠢᠩᠭ᠎ᠠ ᠠᠩᠬᠠᠷᠴᠤ᠌᠂ ᠶᠠᠰᠤ ᠴᠢᠨᠠᠷ᠎ᠤᠨ ᠬᠡᠮᠰᠤᠭᠤᠭ ᠢ᠋ ᠴᠠᠭ ᠲᠤᠬᠠᠢᠳᠤᠨᠢ ᠵᠢᠭᠰᠠᠭᠠᠨ ᠪᠠᠶ᠋ᠢᠴᠠᠭᠠᠵᠤ᠂ ᠲᠠᠷᠢᠶᠠᠨ ᠭᠠᠵᠠᠷ᠎ᠤᠨ ᠲᠦᠬᠦᠭᠡᠷᠦᠮᠵᠢ᠎ᠶ᠋ᠢ ᠲᠠᠷᠢᠶᠠᠯᠠᠬᠤ ᠪᠣᠳᠠᠲᠤ᠌ ᠪᠠᠶ᠋ᠢᠳᠠᠯ᠎ᠲᠠᠢ ᠨᠠᠩ ᠨᠡᠶ᠋ᠢᠴᠡᠭᠦᠯᠪᠡ᠃
ᠲᠥᠷᠦᠯ ᠵᠦᠢᠯ᠎ᠢ ᠰᠠᠶ᠋ᠢᠨ ᠪᠠᠶ᠋ᠢᠭᠤᠯᠤᠭᠰᠠᠨ ᠡᠰᠡᠬᠦ ᠳ᠋ᠤ ᠣᠯᠠᠨ ᠲᠦᠮᠡᠨ ᠬᠠᠮᠤᠭ ᠡᠴᠡ ᠢᠯᠡᠬᠦᠦ ᠦᠬᠡ ᠬᠡᠯᠡᠬᠦ ᠡᠷᠬᠡ ᠲᠠᠢ᠃ ᠤᠯᠠᠭᠠᠨᠬᠠᠳᠠ ᠬᠤᠲᠠ 《ᠰᠢᠯᠭᠠᠨ ᠠᠪᠬᠤ᠎ᠳᠤ ᠵᠠᠪᠠᠯ ᠭᠠᠷᠤᠨ ᠦᠰᠦᠭ ᠵᠢᠷᠤᠬᠤ᠂ ᠬᠦᠰᠡᠯ ᠱᠠᠭᠠᠷᠳᠠᠯᠭᠠᠪᠦᠬᠦᠨ ᠳ᠋ᠤ ᠬᠠᠷᠢᠭᠤ ᠳᠤᠰᠬᠠᠯ ᠦᠭᠬᠦ᠂ ᠦᠨᠡᠨ ᠬᠦ᠌ ᠴᠡᠭᠴᠡᠯᠡᠨ ᠰᠠᠶ᠋ᠢᠵᠢᠷᠠᠭᠤᠯᠬᠤ 》 ᠪᠢᠲᠡᠭᠦᠮᠵᠢᠲᠦ ᠦᠨᠡᠯᠡᠯᠲᠡ᠎ᠶ᠋ᠢᠨ ᠰᠢᠰᠲᠧᠮ᠎ᠢ ᠪᠠᠶ᠋ᠢᠭᠤᠯᠵᠤ᠂ ᠣᠯᠠᠨ ᠲᠦᠮᠡᠨ᠎ᠤ ᠬᠠᠨᠤᠮᠵᠢ᠎ᠶ᠋ᠢᠨ ᠬᠡᠮᠵᠢᠶ᠎ᠡ᠎ᠶ᠋ᠢ ᠠᠵᠢᠯ᠎ᠤᠨ ᠦᠷ᠎ᠡ ᠪᠦᠲᠦᠮᠵᠢ᠎ᠶ᠋ᠢ ᠰᠢᠯᠭᠠᠬᠤ ᠭᠤᠤᠯ ᠪᠠᠷᠢᠮᠵᠢᠶ᠎ᠠ ᠪᠣᠯᠭᠠᠪᠠ᠃ ᠲᠠᠷᠢᠶᠠᠨ ᠭᠠᠵᠠᠷ᠎ᠤᠨ ᠵᠠᠮ᠂ ᠤᠰᠤᠯᠠᠯᠳᠠ ᠪᠠ ᠤᠰᠤ ᠵᠠᠯᠠᠬᠤ ᠲᠦᠬᠦᠬᠡᠷᠦᠮᠵᠢ᠂ ᠲᠠᠷᠢᠶᠠᠨ ᠭᠠᠵᠠᠷ᠎ᠢ ᠲᠡᠭᠰᠢᠯᠡᠬᠦ ᠬᠡᠮᠵᠢᠶ᠎ᠡ ᠵᠡᠷᠭᠡ ᠵᠠᠩᠭᠢᠯᠠᠭ᠎ᠠ᠎ᠶ᠋ᠢᠨ ᠭᠦᠢᠴᠡᠳᠬᠡᠯ ᠲᠤᠭᠠᠳᠤ ᠴᠢᠭᠯᠡᠭᠦᠯᠦᠨ᠂ ᠣᠯᠠᠨ ᠲᠦᠮᠡᠨ᠎ᠤ ᠲᠥᠯᠦᠭᠡᠯᠡᠭᠴᠢ ᠪᠥᠬᠦ᠌ ᠶᠠᠪᠤᠴᠠ᠎ᠶ᠋ᠢ ᠬᠢᠨᠠᠨ ᠰᠢᠯᠭᠠᠵᠤ᠂ ᠦᠨᠡᠨ ᠪᠣᠳᠠᠲᠠᠢ᠎ᠪᠠᠷ ᠬᠤᠪᠢ ᠥᠭᠴᠦ᠍᠂ ᠬᠢᠷᠢ ᠲᠡᠩᠴᠡᠭᠰᠡᠨ ᠥᠬᠡᠢ ᠪᠠᠷᠢᠯᠭ᠎ᠠ᠎ᠶ᠋ᠢ ᠴᠥᠮ ᠬᠤᠭᠤᠴᠠᠭ᠎ᠠ ᠲᠣᠭᠲᠠᠭᠠᠨ ᠪᠤᠴᠠᠭᠠᠨ ᠠᠵᠢᠯᠯᠠᠭᠤᠯᠪᠠ᠃ ᠡᠭᠦᠨ᠎ᠤ ᠬᠠᠮᠲᠤ᠌᠂ ᠬᠤᠲᠠ᠂ ᠰᠢᠶᠠᠨ ᠬᠤᠶᠠᠷ ᠱᠠᠲᠤᠨ᠎ᠤ ᠺᠠᠳ᠋ᠷᠴᠤᠳ᠎ᠢ ᠪᠠᠶ᠋ᠢᠩᠭᠤᠵᠢᠭᠤᠯᠤᠨ ᠲᠠᠷᠢᠶᠠᠨ ᠭᠠᠵᠠᠷ᠎ᠲᠤ᠌ ᠪᠠᠭᠤᠯᠭᠠᠵᠤ ᠪᠦᠬᠦᠨ᠎ᠢ ᠪᠦᠷᠬᠦᠬᠦᠯᠦᠭᠰᠡᠨ ᠶᠡᠭᠡ ᠰᠤᠷᠪᠤᠯᠵᠢᠯᠠᠯ ᠥᠷᠨᠢᠭᠦᠯᠵᠦ᠍᠂ ᠲᠠᠷᠢᠶᠠᠯᠠᠬᠤ ᠬᠦᠴᠢᠷ ᠠᠰᠠᠭᠤᠳᠠᠯ᠎ᠢ ᠣᠨᠤᠪᠴᠢᠲᠠᠢ ᠰᠢᠢᠳᠪᠦᠷᠢᠯᠡᠪᠡ᠃ ᠣᠳᠤᠬᠠᠨ᠎ᠳᠤ᠂ ᠪᠥᠬᠦ᠌ ᠬᠤᠲᠠ᠎ᠳᠤ ᠲᠠᠷᠢᠶᠠᠨ ᠭᠠᠵᠠᠷ᠎ᠤᠨ ᠪᠥᠲᠦᠭᠡᠨ ᠪᠠᠶ᠋ᠢᠭᠤᠯᠤᠯᠲᠠ᠎ᠶ᠋ᠢᠨ ᠡᠯ᠎ᠡ ᠲᠥᠷᠦᠯ᠎ᠤᠨ ᠠᠰᠠᠭᠤᠳᠠᠯ᠎ᠢ ᠨᠡᠶ᠋ᠢᠲᠡ 1301 ᠡᠮᠬᠢᠯᠡᠵᠦ᠂ 1271 ᠴᠡᠭᠴᠡᠯᠡᠨ ᠰᠠᠶ᠋ᠢᠵᠢᠷᠠᠭᠤᠯᠬᠤ᠎ᠶ᠋ᠢ ᠪᠡᠶᠡᠯᠡᠭᠦᠯᠵᠦ᠍᠂ ᠴᠡᠭᠴᠡᠯᠡᠨ ᠰᠠᠶ᠋ᠢᠵᠢᠷᠠᠭᠤᠯᠤᠭᠰᠠᠨ ᠨᠣᠷᠮ᠎ᠠ᠎ᠨᠢ 97.7% ᠪᠣᠯᠵᠠᠢ᠃
ᠭᠤᠷᠪᠠᠨ ᠬᠤᠪᠢ ᠵᠢᠨ ᠪᠠᠢᠭᠤᠯᠤᠯᠳᠠ᠂ ᠳᠤᠯᠤᠭᠠᠨ ᠬᠤᠪᠢ ᠵᠢᠨ ᠬᠠᠮᠢᠶᠠᠷᠤᠯᠳᠠ᠃《ᠪᠠᠢᠭᠤᠯᠤᠯᠳᠠ ᠵᠢ ᠴᠢᠬᠤᠯᠠᠴᠢᠯᠠᠵᠦ ᠬᠠᠮᠢᠶᠠᠷᠤᠯᠳᠠ ᠵᠢ ᠬᠦᠡᠭᠭᠡᠪᠴᠢᠯᠡᠬᠦ 》 ᠠᠰᠠᠭᠤᠳᠠᠯ᠎ᠢ ᠡᠷᠡᠰ ᠬᠤᠷᠢᠭᠯᠠᠬᠤ᠎ᠶ᠋ᠢᠨ ᠲᠥᠯᠦᠭᠡ᠂ ᠤᠯᠠᠭᠠᠨᠬᠠᠳᠠ ᠬᠤᠲᠠ ᠲᠠᠷᠢᠶᠠᠨ ᠭᠠᠵᠠᠷ᠎ᠤᠨ ᠣᠷᠳᠤ ᠬᠤᠭᠤᠴᠠᠭᠠᠨ᠎ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ᠎ᠶ᠋ᠢ ᠪᠦᠷᠢᠨᠰᠢᠭᠦᠯᠵᠦ᠍᠂ ᠡᠳ᠋ ᠬᠥᠷᠦᠩᠭᠡ᠎ᠶ᠋ᠢᠨ ᠡᠷᠬᠡ᠎ᠶ᠋ᠢ ᠨᠤᠲᠠᠯᠠᠨ ᠲᠣᠭᠲᠠᠭᠠᠬᠤ᠂ ᠲᠤᠰᠭᠠᠢ ᠬᠥᠮᠦᠨ ᠬᠠᠮᠢᠶᠠᠷᠤᠨ ᠬᠠᠮᠠᠭᠠᠯᠠᠬᠤ᠂ ᠣᠯᠠᠨ ᠡᠰᠢᠵᠢᠯ᠎ᠢᠶᠠᠷ ᠪᠠᠯᠠ ᠴᠤᠭᠯᠠᠭᠤᠯᠬᠤ᠎ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ᠎ᠢ ᠰᠠᠶ᠋ᠢᠨ ᠲᠠᠷᠢᠶᠠᠨ ᠭᠠᠵᠠᠷ᠎ᠤᠨ ᠬᠠᠮᠢᠶᠠᠷᠤᠨ ᠬᠠᠮᠠᠭᠠᠯᠠᠯᠲᠠ᠎ᠵᠢᠨ 《ᠭᠡᠷ ᠤᠨ ᠡᠵᠡᠨ》 ᠪᠣᠯᠭᠠᠪᠠ᠃ ᠯᠢᠨᠰᠢ ᠰᠢᠶᠠᠨ᠎ᠳᠤ᠂ 7 ᠵᠠᠰᠠᠭ ᠵᠠᠬᠢᠷᠭᠠᠨ᠎ᠤ ᠲᠣᠰᠭᠤᠨ᠎ᠤ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ᠎ᠶ᠋ᠢᠨ ᠨᠠᠶ᠋ᠢᠳᠠᠪᠤᠷᠢᠵᠢᠭᠤᠯᠤᠯᠲᠠ᠎ᠶ᠋ᠢ ᠪᠦᠬᠦᠨ᠎ᠢ ᠬᠠᠮᠤᠷᠴᠤ᠌᠂ ᠲᠠᠷᠢᠶᠠᠨ ᠭᠠᠵᠠᠷ᠎ᠤᠨ ᠲᠥᠬᠦᠭᠡᠷᠦᠮᠵᠢ᠎ᠶ᠋ᠢᠨ ᠪᠡᠶ᠎ᠡ᠎ᠪᠠᠨ ᠳᠠᠭᠠᠭᠠᠵᠤ ᠰᠡᠯᠪᠢᠨ ᠵᠠᠰᠠᠬᠤ ᠨᠤᠷᠮ᠎ᠠ᠎ᠶ᠋ᠢ 85% ᠡᠴᠡ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠍᠂ ᠲᠥᠬᠦᠭᠡᠷᠦᠮᠵᠢ᠎ᠶ᠋ᠢᠨ ᠪᠦᠷᠢᠨ ᠭᠦᠢᠴᠡᠳ ᠪᠠᠶ᠋ᠢᠬᠤ ᠨᠤᠷᠮ᠎ᠠ᠎ᠶ᠋ᠢ 95%᠎ᠠᠴᠠ ᠳᠡᠭᠡᠭᠰᠢ ᠲᠣᠭᠲᠠᠭᠤᠨ᠎ᠢᠶᠠᠷ ᠪᠠᠲᠤᠯᠠᠪᠠ᠃
ᠣᠶ᠋ᠢᠯᠠᠭᠠᠭᠰᠠᠨ᠎ᠢᠶᠠᠷ᠂ 2019 ᠣᠨ ᠡᠴᠡ ᠨᠠᠭᠠᠰᠢ᠂ ᠤᠯᠠᠭᠠᠨᠬᠠᠳᠠ ᠬᠤᠲᠠ ᠥᠨᠳᠦᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠬᠠᠮᠢᠶᠠᠷᠤᠯᠲᠠ ᠬᠠᠮᠠᠭᠠᠯᠠᠯᠲᠠ᠎ᠶ᠋ᠢᠨ ᠪᠠᠯᠠ ᠮᠥᠩᠭᠦ᠎ᠶ᠋ᠢ ᠨᠡᠶ᠋ᠢᠲᠡ 1138.5 ᠲᠦᠮᠡᠨ ᠲᠥᠭᠦᠷᠢᠭ ᠨᠠᠶ᠋ᠢᠳᠠᠪᠤᠷᠢᠵᠢᠭᠤᠯᠤᠭᠰᠠᠨ ᠪᠥᠭᠡᠳ 《ᠠᠰᠢᠭ ᠬᠦᠷᠲᠡᠭᠴᠢ ᠵᠦᠢ ᠵᠣᠬᠢᠰᠲᠠᠢ ᠰᠦᠢᠳᠭᠡᠯ ᠲᠤᠰᠢᠶᠠᠬᠤ + ᠬᠠᠮᠲᠤ᠎ᠶ᠋ᠢᠨ ᠠᠵᠤ ᠠᠬᠤᠢ᠎ᠶ᠋ᠢᠨ ᠨᠥᠬᠦᠪᠦᠷᠢ + ᠨᠡᠶ᠋ᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠬᠤ 》 ᠣᠯᠠᠨ ᠡᠰᠢᠲᠦ᠍ ᠣᠷᠤᠭᠤᠯᠤᠯᠲᠠ᠎ᠶ᠋ᠢᠨ ᠲᠣᠭᠲᠠᠴᠠ᠎ᠶ᠋ᠢ ᠪᠠᠶ᠋ᠢᠭᠤᠯᠵᠤ᠂ ᠵᠠᠰᠠᠭ᠎ᠤᠨ ᠣᠷᠳᠤᠨ ᠭᠤᠤᠯᠯᠠᠨ ᠵᠢᠯᠤᠭᠤᠳᠬᠤ᠂ ᠣᠯᠠᠨ ᠲᠠᠯ᠎ᠠ᠎ᠪᠠᠷ ᠬᠠᠮᠲᠤ ᠪᠠᠷ ᠡᠭᠦᠷᠭᠡᠯᠡᠬᠦ᠌ ᠵᠠᠷᠤᠳᠠᠯ᠎ᠤᠨ ᠪᠠᠲᠤᠯᠠᠭ᠎ᠠ᠎ᠶ᠋ᠢᠨ ᠰᠢᠰᠲᠧᠮ ᠢ᠋ ᠪᠦᠷᠢᠯᠳᠦᠭᠦᠯᠵᠡᠢ ᠃
ᠬᠠᠮᠲᠤ ᠪᠠᠷ ᠵᠥᠪᠳᠡᠯᠴᠡᠬᠦ᠂ ᠬᠠᠮᠲᠤ ᠪᠠᠷ ᠪᠠᠶ᠋ᠢᠭᠤᠯᠬᠤ ᠡᠴᠡ ᠬᠠᠮᠲᠤ ᠪᠠᠷ ᠦᠨᠡᠯᠡᠬᠦ᠌᠂ ᠬᠠᠮᠳᠤ ᠪᠠᠷ ᠬᠠᠮᠠᠭᠠᠯᠠᠬᠤ ᠬᠦᠷᠲᠡᠯ᠎ᠡ᠂ ᠤᠯᠠᠭᠠᠨᠬᠠᠳᠠ ᠬᠤᠲᠠ ᠪᠦᠬᠦ᠌ ᠶᠠᠪᠤᠴᠠ ᠳ᠋ᠤ ᠣᠯᠠᠨ ᠲᠦᠮᠡᠨ ᠤᠷᠤᠯᠴᠠᠬᠤ ᠲᠣᠭᠲᠠᠴᠠ᠎ᠪᠠᠷ ᠥᠨᠳᠦᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠶ᠋ᠢᠨ ᠠᠮᠢᠵᠢᠷᠠᠯ ᠤᠨ ᠬᠦᠴᠦᠨ᠎ᠢ ᠬᠥᠭᠵᠢᠭᠡᠵᠦ᠍᠂ ᠥᠩ ᠰᠢᠮᠡᠯᠢᠭ ᠰᠠᠢᠨ ᠲᠠᠷᠢᠶ᠎ᠠ ᠪᠠᠷ ᠬᠥᠳᠡᠭᠡ ᠲᠣᠰᠭᠤᠨ ᠢ ᠬᠥᠭᠵᠢᠭᠦᠯᠦᠨ ᠮᠠᠨᠳᠤᠭᠤᠯᠬᠤ᠎ᠳᠤ ᠦᠷᠭᠦᠯᠵᠢᠯᠡᠨ ᠬᠦᠴᠦᠨ ᠣᠯᠭᠤᠵᠤ᠂ ᠲᠦᠭ ᠲᠦᠮᠡᠨ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠵᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃