ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-09-09 09:32:27

ᠵᠣᠬᠢᠶᠠᠭ᠍ᠴᠢ᠄ ᠬᠤᠸᠠᠩ ᠹᠦ᠋ ᠮᠧᠶ ᠰᠢᠶᠠᠨ ᠭᠦᠸᠧ ᠴᠢ ᠨᠠᠨ ᠣᠩᠱᠢᠭ᠍ᠰᠠᠨ ᠣᠳᠠᠭ᠎ᠠ᠄ 3

ᠴᠠᠭᠠᠷᠠᠭᠰᠠᠨ ᠮᠡᠷᠭᠡᠵᠢᠯ ᠢ᠋ ᠡᠵᠡᠮᠰᠢᠭᠰᠡᠨ ᠪᠤᠯᠪᠠᠴᠤ ᠡᠷᠬᠡ ᠰᠦᠷᠲᠦ᠍ ᠭᠡᠷᠡᠴᠢᠯᠡᠯ ᠳᠤᠲᠠᠮᠠᠭ᠎ᠡᠴᠡ ᠪᠣᠯᠵᠣ ᠠᠵᠢᠯ ᠡᠷᠢᠬᠦ᠌ ᠳ᠋ᠡᠭᠡᠨ ᠢᠳᠡᠭᠡᠯ ᠦᠭᠡᠢ ᠪᠠᠢᠳᠠᠭ᠂ ᠡᠨᠡ ᠪᠣᠯ ᠦᠶ ᠣᠯᠠᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠤᠯᠬᠤ᠎ᠶᠢ ᠭᠠᠴᠢᠭᠳᠠᠭᠤᠯᠵᠤ ᠪᠠᠶ᠋ᠢᠭᠰᠠᠨ ᠨᠡᠶ᠋ᠢᠳᠡᠮ᠎ᠦᠨ ᠬᠦᠴᠢᠷ ᠠᠰᠠᠭᠤᠳᠠᠯ ᠪᠣᠯᠤᠨ᠎ᠠ᠃

ᠤᠯᠠᠭᠠᠨᠴᠠᠪ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠮᠠᠰᠢᠨ ᠴᠠᠬᠢᠯᠭᠠᠨ᠎ᠤ ᠮᠡᠷᠭᠡᠵᠢᠯ᠎ᠦᠨ ᠰᠠᠯᠪᠤᠷᠢ᠎ᠶᠢᠨ ᠲᠡᠭᠦᠰᠬᠦ᠌ ᠰᠣᠷᠣᠭᠴᠢ ᠸᠠᠩ ᠯᠸᠢ ᠲᠡᠭᠦᠰᠬᠦ᠌᠎ᠡᠴᠡ᠎ᠪᠡᠨ ᠡᠮᠦᠨ᠎ᠡ ᠴᠦ᠍ ᠡᠶ᠋ᠢᠮᠦᠷᠬᠦᠤ ᠵᠣᠪᠠᠨᠢᠯ᠎ᠲᠠᠢ ᠪᠠᠢᠵᠠᠢ᠃ ᠭᠡᠲᠡᠯ᠎ᠡ᠂ ᠰᠤᠷᠭᠠᠭᠤᠯᠢ᠎ᠶᠢᠨ 17 ᠲᠤᠰᠬᠠᠶ ᠮᠡᠷᠭᠡᠵᠢᠯ ᠨᠢ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠵᠡᠷᠭᠡ ᠳᠡᠰ᠎ᠤᠨ ᠬᠢᠨᠠᠨ ᠲᠣᠭᠲᠠᠭᠠᠯᠲᠠ᠎ᠵᠢ ᠦᠨᠭᠭᠡᠷᠡᠬᠦᠯᠦᠭᠰᠡᠨ ᠢ᠋ ᠰᠤᠨᠤᠰᠤᠭᠠᠳ ᠲᠡᠬᠦᠨ ᠤ᠋ ᠰᠡᠳᠬᠢᠯ ᠰᠠᠨᠠᠭ᠎ᠠ ᠨᠢ ᠠᠭᠤᠵᠢᠷᠠᠭᠠᠳ ᠶᠠᠪᠤᠴᠢᠬᠠᠯ᠎ᠠ! ᠸᠠᠩ ᠯᠸᠢ᠄ 《ᠰᠤᠷᠭᠠᠭᠤᠯᠢ᠎ᠳᠤ ᠪᠠᠶ᠋ᠢᠬᠤ ᠬᠤᠭᠤᠴᠠᠭᠠᠨ᠎ᠳᠠᠭᠠᠨ ᠪᠢ ᠳᠡᠭᠡᠳᠦ ᠵᠡᠷᠭᠡ᠎ᠶᠢᠨ ᠠᠵᠢᠯᠴᠢᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢ ᠬᠢᠨᠠᠨ ᠲᠣᠭᠲᠠᠭᠠᠬᠤ ᠰᠢᠯᠭᠠᠯᠲᠠ᠎ᠳᠤ ᠨᠡᠷ᠎ᠡ ᠮᠡᠳᠡᠭᠦᠯᠵᠦ᠍ ᠣᠷᠣᠯᠴᠠᠵᠠᠢ᠂ ᠣᠲᠣ ᠦᠨᠡᠮᠯᠡᠯ ᠵᠢᠡᠨ ᠨᠢᠭᠡᠨᠳᠠ ᠤᠯᠵᠤ᠂ ᠲᠡᠭᠦᠰᠬᠦ᠌ ᠦᠨᠡᠮᠯᠡᠯ ᠪᠠ ᠳᠡᠭᠡᠳᠦ ᠵᠡᠷᠭᠡ᠎ᠶᠢᠨ ᠴᠠᠬᠢᠯᠭᠠᠨ ᠎ᠤ ᠠᠵᠢᠯᠴᠢᠨ᠎ᠤ ᠦᠨᠡᠮᠯᠡᠯ᠎ᠵᠢᠡᠨ ᠠᠪᠴᠤ᠂ ᠲᠤᠬᠠᠶ᠎ᠶᠢᠨ ᠭᠠᠵᠠᠷ᠎ᠤᠨ ᠪᠤᠳᠤᠯᠳᠠ ᠵᠢᠨ ᠬᠦᠴᠤᠨ ᠤ᠋ ᠠᠵᠤ ᠠᠬᠤᠶ᠋ᠢᠯᠠᠯ ᠤ᠋ᠨ ᠠᠵᠢᠯᠳᠠᠨ ᠤᠷᠢᠬᠤ ᠰᠢᠯᠭᠠᠯᠳᠠ ᠳ᠋ᠤ ᠤᠷᠤᠯᠴᠠᠬᠤ ᠳ᠋ᠠᠭᠠᠨ ᠢᠲᠡᠭᠡᠯ ᠲᠡᠭᠦᠯᠳᠡᠷ ᠪᠠᠶ᠋ᠢᠨ᠎ᠠ》 ᠭᠡᠵᠤ ᠬᠡᠯᠡᠵᠦ ᠪᠠᠢᠯ᠎ᠠ᠃

ᠸᠠᠩ ᠯᠸᠢ᠎ᠶᠢᠨ ᠢᠲᠡᠭᠡᠯ ᠨᠢ ᠤᠯᠠᠭᠠᠨᠴᠠᠪ ᠬᠣᠲᠠ᠎ᠶᠢᠨ ᠤᠷ᠎ᠠ ᠮᠡᠷᠭᠡᠵᠢᠯ ᠤ᠋ᠨ ᠴᠢᠳᠠᠪᠤᠷᠢᠲᠠᠨ᠎ᠢ ᠬᠥᠮᠦᠵᠢᠭᠦᠯᠬᠦ᠌ ᠠᠮᠢ ᠠᠬᠤᠶ᠎ᠶᠢᠨ ᠲᠠᠯ᠎ᠠ᠎ᠪᠠᠷ ᠬᠢ ᠭᠦᠨᠵᠡᠭᠡᠶ ᠬᠤᠪᠢᠷᠠᠯᠲᠠ᠎ᠶᠢ ᠲᠤᠰᠬᠠᠵᠤ ᠪᠠᠶ᠋ᠢᠨ᠎ᠠ᠃

ᠵᠢᠯ ᠤ᠋ᠨ ᠡᠬᠢᠨ ᠡᠴᠡ ᠨᠠᠭᠠᠰᠢ᠂ ᠤᠯᠠᠭᠠᠨᠴᠠᠪ ᠬᠣᠲᠠ ᠪᠤᠳᠤᠯᠳᠠ ᠵᠢᠨ ᠬᠦᠴᠤᠨ᠂ ᠬᠢᠮᠢ᠎ᠶᠢᠨ ᠠᠵᠤ ᠦᠢᠯᠡᠳᠪᠤᠷᠢ᠂ ᠰᠢᠨ᠎ᠡ ᠡᠨᠧᠷᠭᠢ ᠵᠡᠷᠭᠡ ᠭᠤᠤᠯᠯᠠᠬᠤ ᠠᠵᠤ ᠦᠢᠯᠡᠰ᠎ᠦᠨ ᠬᠥᠭᠵᠢᠯᠲᠡ᠎ᠶᠢᠨ ᠶᠡᠬᠡ ᠬᠠᠨᠳᠤᠰᠢ᠎ᠶᠢ ᠴᠢᠩᠭ᠎ᠠ ᠡᠵᠡᠮᠳᠡᠵᠦ᠍᠂ ᠬᠡᠷᠡᠭᠴᠡᠭᠡ ᠱᠠᠭᠠᠷᠳᠠᠯᠭ᠎ᠠ᠎ᠶᠢ ᠤᠷᠢᠳ᠎ᠢᠶᠠᠷ ᠣᠶ᠋ᠢᠯᠠᠭᠠᠬᠤ᠂ ᠣᠨᠣᠴᠠᠲᠠᠶ ᠪᠣᠯᠪᠠᠰᠤᠷᠠᠯ ᠬᠦᠷᠳᠡᠭᠡᠵᠤ ᠬᠦᠴᠦᠨ ᠣᠯᠭᠣᠬᠤ᠂ ᠵᠡᠷᠭᠡ ᠳᠡᠰ᠎ᠤᠨ ᠦᠨᠡᠯᠡᠯᠲᠡ᠎ᠪᠡᠷ ᠶᠠᠰᠤ ᠴᠢᠨᠠᠷ᠎ᠢ ᠳᠡᠭᠡᠭᠰᠢᠯᠡᠭᠦᠯᠬᠦ᠌᠂ ᠠᠵᠢᠯ ᠣᠯᠭᠣᠯᠲᠠ᠎ᠶᠢᠨ ᠦᠢᠯᠡᠴᠢᠯᠡᠭᠡ᠎ᠪᠡᠷ ᠦᠨᠳᠦᠰᠦᠨ ᠵᠦᠢᠯ᠎ᠢ ᠪᠠᠲᠤᠯᠠᠬᠤ ᠪᠥᠬᠥ᠌ ᠬᠡᠯᠬᠢᠶᠡᠨ᠎ᠦ ᠠᠵᠢᠯ᠎ᠤᠨ ᠰᠡᠳᠬᠢᠴᠡ᠎ᠶᠢ ᠪᠠᠷᠢᠮᠲᠠᠯᠠᠵᠤ᠂ ᠤᠷ᠎ᠠ ᠮᠡᠷᠭᠡᠵᠢᠯ ᠤ᠋ᠨ ᠴᠢᠳᠠᠪᠤᠷᠢᠲᠠᠨ᠎ᠢ ᠮᠡᠷᠭᠡᠵᠢᠯ ᠴᠢᠳᠠᠪᠤᠷᠢ᠎ᠲᠠᠶ᠂ ᠬᠦᠰᠡᠯ ᠡᠷᠡᠮᠡᠯᠵᠡᠯ᠎ᠲᠡᠶ᠂ ᠬᠦᠭᠵᠢᠯᠳᠠ ᠵᠢᠨ ᠢᠷᠡᠭᠡᠳᠤᠢ ᠲᠠᠢ ᠪᠣᠯᠭᠠᠵᠤ᠂ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠌᠂ ᠠᠵᠤ ᠠᠬᠤᠶ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠳᠦ ᠪᠠᠲᠤ᠌ ᠪᠠᠬᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠪᠠ᠃

ᠣᠨᠣᠴᠠᠲᠠᠶ ᠪᠣᠯᠪᠠᠰᠤᠷᠠᠯ ᠬᠦᠷᠳᠡᠭᠡᠬᠦ᠄ ᠬᠡᠷᠡᠭᠴᠡᠭᠡ ᠱᠠᠭᠠᠷᠳᠠᠯᠭ᠎ᠠ᠎ᠶᠢ ᠠᠵᠤ ᠠᠬᠤᠶ᠋ᠢᠯᠠᠯ᠎ᠡᠴᠡ ᠠᠰᠠᠭᠤᠵᠤ᠂ ᠬᠡᠷᠡᠭᠴᠡᠭᠡ᠎ᠳ᠋ᠤᠨᠢ ᠲᠤᠬᠢᠷᠠᠭᠤᠯᠤᠨ ᠪᠤᠯᠪᠠᠰᠤᠷᠠᠯ ᠬᠦᠷᠳᠡᠭᠡᠨ᠎ᠠ

ᠠᠵᠤ ᠦᠢᠯᠡᠰ᠎ᠦᠨ ᠴᠢᠳᠠᠪᠤᠷᠢᠲᠠᠨ᠎ᠤ ᠳᠤᠲᠠᠭᠤᠳᠠᠯ᠎ᠢ ᠲᠣᠳᠣᠷᠬᠠᠶ ᠣᠶ᠋ᠢᠯᠠᠭᠠᠬᠤ᠎ᠶᠢᠨ ᠲᠥᠯᠥᠭᠡ᠂ ᠤᠯᠠᠭᠠᠨᠴᠠᠪ ᠬᠣᠲᠠ᠎ᠶᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠠᠵᠤ ᠦᠢᠯᠡᠳᠪᠤᠷᠢ᠎ᠶᠢᠨ ᠬᠦᠷᠢᠶᠡᠯᠡᠩ ᠲᠣᠭᠣᠷᠢᠭ᠎ᠲᠤ᠌ ᠭᠦᠨᠵᠡᠭᠡᠶ᠋ᠢᠷᠡᠨ᠂ ᠠᠵᠤ ᠠᠬᠤᠶ᠋ᠢᠯᠠᠯ ᠨᠢᠭᠡᠪᠦᠷᠢ ᠵᠢᠨ ᠪᠤᠳᠠᠳᠠᠢ ᠳ᠋ᠦ ᠭᠦᠨᠵᠡᠭᠡᠢᠷᠡᠨ ᠪᠠᠢᠳᠠᠯ᠎ᠢ ᠤᠢᠯᠠᠭᠠᠵᠤ᠂ ᠦᠢᠯᠡᠳᠪᠤᠷᠢ᠎ᠶᠢᠨ ᠲᠠᠰᠤᠭ ᠨᠢᠭᠡᠪᠦᠷᠢ᠎ᠵᠢᠨ ᠪᠣᠳᠠᠲᠤ᠌ ᠪᠠᠶ᠋ᠢᠳᠠᠯ᠎ᠢ ᠲᠣᠳᠣᠷᠬᠠᠶ ᠣᠶ᠋ᠢᠯᠠᠭᠠᠪᠠ᠃ ᠲᠣᠭ᠎ᠠ ᠪᠠᠷᠢᠮᠲᠠ᠎ᠶᠢ ᠠᠵᠢᠯᠯᠠᠭᠤᠯᠵᠤ ᠬᠠᠮᠠᠭᠠᠯᠠᠵᠤ᠂ ᠨᠠᠷᠢᠯᠢᠭ ᠬᠢᠮᠢ᠎ᠶᠢᠨ ᠠᠵᠤ ᠦᠢᠯᠡᠳᠪᠤᠷᠢ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠡᠬᠢ 240 ᠭᠤᠤᠯ ᠠᠵᠢᠯ᠎ᠤᠨ ᠪᠠᠶ᠋ᠢᠷᠢ᠎ᠶᠢᠨ ᠠᠵᠢᠯᠴᠢᠨ ᠬᠡᠷᠡᠭᠯᠡᠬᠦ᠌ ᠪᠠᠷᠢᠮᠵᠢᠶ᠎ᠠ᠎ᠶᠢ ᠨᠢᠭᠡᠳ ᠨᠢᠭᠡ᠎ᠪᠡᠷ ᠲᠣᠳᠣᠷᠬᠠᠶ ᠪᠣᠯᠭᠠᠵᠤ᠂ ᠠᠵᠢᠯ᠎ᠤᠨ ᠪᠠᠶ᠋ᠢᠷᠢᠨ᠎ᠳ᠋ᠠᠭᠠᠨ ᠪᠠᠶ᠋ᠢᠭ᠎ᠠ ᠮᠢᠩᠭ᠎ᠠ ᠭᠠᠷᠤᠶ ᠠᠵᠢᠯᠲᠠᠨ ᠠᠵᠢᠯᠴᠢᠨ᠂ ᠠᠵᠢᠯ ᠬᠦᠯᠢᠶᠡᠵᠦ᠍ ᠪᠠᠶ᠋ᠢᠭ᠎ᠠ ᠣᠯᠠᠨ ᠲᠦᠮᠡᠨ᠎ᠦ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ᠌ ᠬᠡᠷᠡᠭᠴᠡᠭᠡ᠎ᠶᠢ ᠬᠥᠳᠡᠯᠦᠩᠭᠦᠶ᠎ᠪᠡᠷ ᠰᠢᠨᠡᠳᠬᠡᠬᠦ᠌ ᠲᠣᠭ᠎ᠠ ᠪᠠᠷᠢᠮᠲᠠ᠎ᠶᠢᠨ ᠬᠥᠮᠥᠷᠭᠡ᠎ᠳᠦ ᠣᠷᠣᠭᠤᠯᠪᠠ᠃

ᠡᠨᠡ ᠬᠦ᠌ ᠨᠠᠷᠢᠨ ᠪᠣᠳᠠᠲᠠᠶ 《ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ》 ᠳ᠋ᠤ ᠲᠦᠰᠢᠭᠯᠡᠨ᠂ ᠤᠯᠠᠭᠠᠨᠴᠠᠪ ᠬᠣᠲᠠ ᠪᠣᠯᠪᠠᠰᠤᠷᠠᠯ᠎ᠤᠨ ᠠᠩᠭᠢ᠎ᠪᠠᠨ ᠬᠡᠷ᠎ᠦᠨ ᠬᠢᠨᠢ ᠤᠢᠷ᠎ᠠ ᠬᠠᠪᠢ ᠳ᠋ᠤᠨᠢ ᠨᠡᠭᠡᠭᠡᠵᠦ᠍᠂ ᠨᠡᠶ᠋ᠢᠲᠡ 5403 ᠬᠥᠮᠦᠨ ᠤᠳᠠᠭ᠎ᠠ ᠳ᠋ᠤ ᠭᠡᠷᠡᠭᠴᠡᠭᠡ ᠳ᠋ᠤᠨᠢ ᠲᠤᠬᠢᠷᠠᠭᠤᠯᠤᠬᠰᠡᠨ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ᠌ ᠬᠢᠴᠢᠶᠡᠯ ᠣᠷᠣᠪᠠ᠃ ᠡᠭᠦᠨ᠎ᠢᠶᠡᠷ ᠪᠠᠷᠠᠬᠤ ᠥᠬᠡᠶ᠂ ᠪᠥᠬᠥ᠌ ᠬᠣᠲᠠ᠎ᠳᠤ ᠬᠣᠲᠠ᠎ᠶᠢᠨ ᠲᠠᠰ᠎ᠡᠴᠡ ᠳᠡᠭᠡᠭᠰᠢᠬᠢ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠤᠨ ᠲᠦᠷᠦᠯ ᠲᠡᠮᠳᠡᠭ ᠢ᠋ ᠨᠡᠶ᠋ᠢᠲᠡ 15 ᠪᠣᠶ᠋ᠢᠵᠢᠭᠤᠯᠵᠤ᠂ ᠬᠣᠲᠠ᠎ᠶᠢᠨ ᠲᠠᠰ᠎ᠤᠨ 《ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ + ᠬᠥᠳᠡᠯᠮᠦᠷᠢ ᠦᠢᠯᠡᠴᠢᠯᠡᠭᠡ》 ᠵᠢᠨ ᠬᠤᠤᠰ ᠲᠦᠷᠦᠯ ᠲᠡᠮᠳᠡᠭ ᠢ᠋ 10 ᠡᠭᠦᠳᠴᠦ᠍᠂ 2026 ᠣᠨ᠎ᠳᠤ ᠤᠨᠴᠠᠯᠢᠭᠳᠤ ᠲᠦᠷᠦᠯ ᠲᠡᠮᠳᠡᠭ ᠲᠤ᠌ ᠲᠦᠰᠢᠭᠯᠡᠨ 579 ᠬᠥᠮᠦᠨ ᠤᠳᠠᠭ᠎ᠠ ᠲᠤᠰᠬᠠᠶ ᠪᠣᠯᠪᠠᠰᠤᠷᠠᠯ ᠬᠢᠵᠦ᠍᠂ ᠬᠥᠮᠦᠨ ᠪᠠ ᠠᠵᠢᠯ᠎ᠤᠨ ᠪᠠᠶ᠋ᠢᠷᠢ᠎ᠶᠢᠨ ᠵᠣᠬᠢᠴᠠᠯᠳᠤᠬᠤ ᠬᠡᠮᠵᠢᠶ᠎ᠡ᠎ᠶᠢ ᠪᠦᠲᠦᠮᠵᠢᠲᠡᠶ ᠳᠡᠭᠡᠭᠰᠢᠯᠡᠭᠦᠯᠪᠡ᠃

ᠪᠡᠬᠢᠯᠡᠯᠳᠠ ᠵᠢ ᠡᠪᠳᠡᠨ ᠦᠨᠡᠯᠡᠯᠳᠠ ᠬᠢᠬᠦ᠄ ᠪᠡᠬᠢᠯᠡᠯᠳᠠ ᠵᠢ ᠡᠪᠳᠡᠨ ᠴᠢᠳᠠᠪᠤᠷᠢ ᠵᠢ ᠨᠢ ᠦᠵᠡᠵᠤ ᠰᠤᠨᠭᠭᠤᠨ ᠲᠠᠪᠰᠢᠬᠦᠯᠤᠨ᠎ᠠ

ᠤᠯᠠᠭᠠᠨᠴᠠᠪ ᠬᠣᠲᠠ᠎ᠳᠤ᠂ ᠴᠢᠳᠠᠪᠤᠷᠢᠲᠠᠨ᠎ᠢ ᠬᠡᠮᠵᠢᠬᠦ᠌ 《ᠪᠠᠷᠢᠮᠵᠢᠶ᠎ᠠ》 ᠳ᠋ᠤ ᠬᠤᠪᠢᠷᠠᠯᠲᠠ ᠭᠠᠷᠴᠤ᠌᠂ ᠰᠤᠷᠤᠯᠭ᠎ᠠ᠎ᠶᠢᠨ ᠨᠠᠮᠲᠠᠷ ᠪᠣᠯᠤᠨ ᠬᠢᠷᠢ ᠬᠡᠮ᠎ᠦᠨ 《ᠨᠢᠭᠤᠭᠳᠠᠮᠠᠯ ᠪᠡᠬᠢᠯᠡᠯᠳᠠ》 ᠵᠢ ᠪᠦᠲᠦᠮᠵᠢᠲᠡᠶ ᠡᠪᠳᠡᠪᠡ᠃

ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠴᠢᠳᠠᠪᠤᠷᠢᠲᠠᠨ ᠬᠥᠮᠦᠵᠢᠭᠦᠯᠬᠦ᠌ ᠪᠠᠷᠢᠮᠵᠢᠶ᠎ᠠ ᠬᠢᠭᠡᠳ ᠤᠯᠤᠰ᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠠᠷᠢᠮᠵᠢᠶ᠎ᠠ᠎ᠶᠢ 《ᠵᠠᠪᠰᠠᠷ ᠥᠬᠡᠶ ᠵᠣᠯᠭᠠᠭᠤᠯᠬᠤ》 ᠵᠢ ᠪᠡᠶᠡᠯᠡᠭᠦᠯᠪᠡ᠃ ᠤᠯᠠᠭᠠᠨᠴᠠᠪ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠲᠦᠷᠦᠭᠦᠦ ᠪᠦᠯᠦᠭ᠎ᠦᠨ 17 ᠲᠤᠰᠬᠠᠶ ᠮᠡᠷᠭᠡᠵᠢᠯ᠎ᠨᠢ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠵᠡᠷᠭᠡ ᠳᠡᠰ᠎ᠢ ᠬᠢᠨᠠᠨ ᠲᠣᠭᠲᠠᠭᠠᠬᠤ ᠨᠤᠲᠠᠯᠠᠯᠲᠠ᠎ᠶᠢ ᠤᠷᠤᠭᠰᠢᠲᠠᠶ ᠥᠩᠭᠡᠷᠡᠭᠡᠵᠦ᠍᠂ 12 ᠠᠵᠢᠯ ᠮᠡᠷᠭᠡᠵᠢᠯ (ᠠᠵᠢᠯ ᠲᠥᠷᠥᠯ) ᠢ᠋ ᠬᠠᠮᠤᠷᠴᠤ᠌᠂ ᠡᠯᠧᠺᠲ᠋ᠷᠣᠨ ᠮᠡᠳᠡᠭᠡ ᠵᠠᠩᠭᠢ᠂ ᠲᠣᠨᠣᠭ ᠲᠥᠬᠥᠭᠡᠷᠦᠮᠵᠢ ᠦᠢᠯᠡᠳᠬᠦ᠂ ᠰᠢᠨ᠎ᠡ ᠡᠨᠧᠷᠭᠢ ᠵᠡᠷᠭᠡ ᠭᠤᠤᠯᠯᠠᠬᠤ ᠠᠵᠤ ᠦᠢᠯᠡᠰ᠎ᠦᠨ ᠴᠢᠭᠯᠡᠯ᠎ᠲᠡᠶ ᠪᠥᠬᠥ᠌ ᠲᠠᠯ᠎ᠠ᠎ᠪᠠᠷ ᠨᠡᠶ᠋ᠢᠴᠡᠵᠦ᠍᠂ ᠨᠥᠬᠥᠴᠡᠯ᠎ᠳᠦ ᠨᠡᠶ᠋ᠢᠴᠡᠬᠦ᠌ ᠰᠣᠷᠣᠭᠴᠢ᠎ᠳᠤ ᠬᠠᠨᠳᠤᠭᠤᠯᠤᠨ ᠲᠦᠷᠦᠬᠦᠤ ᠪᠦᠯᠦᠭ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠵᠡᠷᠭᠡ ᠳᠡᠰ᠎ᠢ ᠬᠢᠨᠠᠨ ᠲᠣᠭᠲᠠᠭᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠍᠂ ᠨᠡᠶ᠋ᠢᠲᠡ 147 ᠰᠣᠷᠣᠭᠴᠢ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠵᠡᠷᠭᠡ ᠳᠡᠰ᠎ᠤᠨ ᠦᠨᠡᠮᠯᠡᠯ᠎ᠢ ᠤᠷᠤᠭᠰᠢᠲᠠᠶ ᠣᠯᠵᠤ᠂ ᠵᠠᠯᠠᠭᠤ ᠰᠤᠷᠤᠭᠴᠢᠳ᠎ᠤᠨ 《ᠰᠤᠷᠭᠠᠭᠤᠯᠢ᠎ᠶᠢᠨ ᠬᠦᠷᠢᠶᠡᠨ᠎ᠳ᠋ᠡᠬᠢ ᠬᠢᠴᠢᠶᠡᠯ᠎ᠦᠨ ᠲᠠᠩᠬᠢᠮ》 ᠡᠴᠡ 《ᠲᠣᠬᠠᠢ ᠵᠢᠨ ᠭᠠᠵᠠᠷ᠎ᠤᠨ ᠦᠢᠯᠡᠳᠪᠤᠷᠢ᠎ᠶᠢᠨ ᠲᠠᠰᠤᠭ》 ᠬᠦᠷᠲᠡᠯᠡᠬᠢ ᠠᠵᠢᠯ ᠣᠯᠭᠣᠯᠲᠠ᠎ᠶᠢᠨ ᠲᠦᠷᠭᠡᠨ ᠵᠠᠮ᠎ᠢ ᠨᠡᠪᠲᠡᠷᠡᠭᠦᠯᠪᠡ᠃

ᠰᠢᠩ ᠾᠧ ᠰᠢᠶᠠᠨ᠎ᠤ ᠲᠠᠷᠢᠶᠠᠴᠢᠨ ᠵᠠᠩ ᠵᠢᠦᠸᠠᠨ ᠪᠣᠯ ᠡᠨᠡ ᠬᠦ᠌ ᠲᠥᠷᠥ᠎ᠶᠢᠨ ᠪᠣᠳᠣᠯᠭ᠎ᠠ᠎ᠶᠢᠨ ᠠᠰᠢᠭ᠎ᠢ ᠬᠦᠷᠲᠡᠭᠴᠢ ᠮᠥᠨ᠃ ᠥᠩᠭᠡᠷᠡᠭᠰᠡᠨ᠎ᠳᠦ᠂ ᠰᠤᠷᠤᠯᠭ᠎ᠠ᠎ᠶᠢᠨ ᠨᠠᠮᠲᠠᠷ ᠦᠭᠡᠢ᠂ ᠬᠣᠯᠪᠣᠭᠳᠠᠯ ᠪᠦᠬᠦᠢ ᠲᠤᠷᠰᠢᠯᠭ᠎ᠠ᠎ᠪᠠᠷ ᠳᠤᠲᠠᠮᠠᠭ ᠪᠠᠶ᠋ᠢᠭᠰᠠᠨ ᠲᠡᠷᠡ ᠠᠵᠢᠯ ᠡᠷᠢᠬᠦ᠌ ᠵᠠᠮ᠎ᠳᠦ ᠪᠠᠶ᠋ᠢᠨ ᠲᠠᠬᠢᠨ ᠬᠠᠳᠠᠭᠠᠰᠤ ᠮᠥᠷᠭᠥᠵᠦ᠍ ᠪᠠᠶ᠋ᠢᠪᠠ᠃ ᠠᠷᠠᠳ᠎ᠲᠤ᠌ ᠲᠥᠬᠥᠮ ᠦᠵᠡᠭᠦᠯᠬᠦ᠌ ᠤᠷ᠎ᠠ ᠴᠢᠳᠠᠪᠤᠷᠢ᠎ᠶᠢᠨ ᠦᠨᠡᠯᠡᠯᠲᠡ᠎ᠶᠢᠨ ᠰᠢᠨ᠎ᠡ ᠲᠥᠷᠥ᠎ᠶᠢᠨ ᠪᠣᠳᠣᠯᠭ᠎ᠠ᠎ᠶᠢᠨ ᠠᠴᠢ᠎ᠪᠠᠷ᠂ ᠲᠡᠷᠡ ᠰᠦᠢᠳᠭᠡᠯ ᠬᠤᠷᠢᠶᠠᠬᠤ ᠥᠬᠡᠶ᠎ᠪᠡᠷ ᠠᠰᠠᠷᠠᠨ ᠬᠥᠮᠦᠵᠢᠭᠦᠯᠦᠭᠴᠢ᠎ᠶᠢᠨ ᠪᠣᠯᠪᠠᠰᠤᠷᠠᠯ᠎ᠳᠤ ᠣᠷᠣᠯᠴᠠᠭᠰᠠᠨ ᠪᠥᠭᠡᠳ ᠠᠰᠠᠷᠠᠨ ᠬᠥᠮᠦᠵᠢᠭᠦᠯᠦᠭᠴᠢ᠎ᠶᠢᠨ ᠠᠩᠬ᠎ᠠ ᠵᠡᠷᠭᠡ᠎ᠶᠢᠨ ᠠᠵᠢᠯᠴᠢᠨ ᠤ᠋ ᠦᠨᠡᠮᠯᠡᠯ᠎ᠢ᠋ ᠤᠷᠤᠭᠰᠢᠲᠠᠶ ᠰᠢᠯᠭᠠᠨ ᠤᠯᠤᠭᠠᠳ ᠤᠳᠤ ᠲᠤᠬᠠᠶ᠎ᠶᠢᠨ ᠭᠠᠵᠠᠷ᠎ᠤᠨ ᠨᠢᠭᠡᠨ ᠬᠡᠦᠬᠡᠳ᠎ᠦᠨ ᠴᠡᠴᠡᠷᠯᠢᠭ᠎ᠦᠨ ᠲᠤᠰᠬᠠᠶ ᠠᠰᠠᠷᠠᠭᠴᠢ ᠪᠣᠯᠵᠠᠶ᠃

《ᠥᠩᠭᠡᠷᠡᠭᠰᠡᠨ᠎ᠳᠦ ᠶᠡᠷᠦᠨᠢ ᠠᠵᠢᠯ ᠡᠷᠢᠵᠦ᠍ ᠤᠯᠬᠤ ᠦᠭᠡᠢ ᠵᠣᠪᠠᠵᠤ ᠪᠠᠶ᠋ᠢᠭᠰᠠᠨ᠂ ᠤᠳᠤ ᠭᠡᠷ᠎ᠦᠨ᠎ᠢᠶᠡᠨ ᠡᠭᠦᠳᠡᠨ᠎ᠳ᠋ᠦ ᠠᠵᠢᠯ ᠤᠯᠵᠤ᠂ ᠠᠮᠢᠳᠤᠷᠠᠯ ᠡᠳᠦᠷ᠎ᠡᠴᠡ ᠡᠳᠦᠷ ᠰᠠᠶ᠋ᠢᠵᠢᠷᠠᠵᠤ ᠪᠠᠶ᠋ᠢᠨ᠎ᠠ !》 ᠭᠡᠵᠦ᠍ ᠵᠠᠩ ᠵᠢᠤᠸᠠᠨ ᠢᠨᠢᠶᠡᠮᠰᠦᠭᠯᠡᠨ ᠬᠡᠯᠡᠨ᠎ᠡ᠃

ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠄ ᠲᠠᠪᠴᠠᠩ ᠪᠠᠶ᠋ᠢᠭᠤᠯᠵᠤ᠂ ᠬᠦᠮᠦᠵᠢᠨ ᠪᠣᠶ᠋ᠢᠵᠢᠬᠤ ᠬᠦᠴᠦᠨ ᠣᠯᠭᠣᠨ᠎ᠠ

ᠮᠡᠷᠭᠡᠵᠢᠯ ᠪᠠ ᠦᠨᠡᠮᠯᠡᠯ᠎ᠤᠨ ᠰᠠᠭᠤᠷᠢᠨ ᠲᠡᠭᠡᠷ᠎ᠠ ᠪᠠᠰᠠ ᠮᠡᠷᠭᠡᠵᠢᠯ ᠴᠢᠳᠠᠪᠤᠷᠢ ᠪᠠᠨ ᠦᠵᠡᠭᠦᠯᠬᠦ᠌ ᠪᠠ ᠬᠦᠮᠦᠵᠢᠨ ᠪᠣᠶ᠋ᠢᠵᠢᠬᠤ ᠲᠠᠪᠴᠠᠩ ᠪᠠᠢᠬᠤ ᠬᠡᠷᠡᠭᠲᠡᠶ᠃ ᠤᠯᠠᠭᠠᠨᠴᠠᠪ ᠬᠣᠲᠠ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠮᠡᠷᠭᠡᠵᠢᠯ ᠴᠢᠳᠠᠪᠤᠷᠢ ᠪᠠᠨ ᠠᠳᠠᠯᠢᠳᠬᠠᠬᠤ᠂ ᠲᠤᠰᠬᠠᠢ ᠮᠡᠷᠭᠡᠵᠢᠯ ᠤ᠋ᠨ ᠲᠤᠬᠠᠢ ᠰᠠᠨᠠᠯ᠎ᠢᠶᠠᠨ ᠰᠣᠯᠢᠯᠴᠠᠬᠤ᠂ ᠬᠦᠮᠦᠵᠢᠨ ᠪᠣᠶ᠋ᠢᠵᠢᠵᠤ ᠴᠢᠳᠠᠪᠤᠷᠢᠲᠠᠨ ᠪᠣᠯᠬᠤ ᠰᠢᠯᠢᠳᠡᠭ ᠲᠠᠪᠴᠠᠩ᠎ᠢ ᠨᠠᠷᠢᠨ ᠨᠢᠮᠪᠠᠶ ᠪᠠᠶ᠋ᠢᠭᠤᠯᠪᠠ᠃

ᠤᠯᠠᠭᠠᠨᠴᠠᠪ ᠬᠣᠲᠠ᠎ᠶᠢᠨ ᠭᠤᠷᠪᠠᠳᠤᠭᠠᠷ ᠬᠤᠭᠤᠴᠠᠭᠠᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ᠎ᠤ ᠲᠤᠬᠠᠶ᠎ᠶᠢᠨ ᠲᠠᠯᠠᠪᠤᠷ᠎ᠲᠤ᠌᠂ 14 ᠤᠷᠤᠯᠳᠤᠭᠠᠨ᠎ᠤ ᠵᠦᠢᠯ᠎ᠳ᠋ᠤ ᠭᠠᠷᠮᠠᠭᠠᠶ ᠤᠷᠤᠯᠴᠠᠬᠴᠢ ᠬᠤᠷᠠᠨ ᠴᠤᠭᠯᠠᠷᠠᠪᠠ᠃ ᠠᠵᠤ ᠦᠢᠯᠡᠰ᠎ᠦᠨ ᠬᠠᠲᠠᠭᠤ ᠱᠠᠭᠠᠷᠳᠠᠯᠭ᠎ᠠ᠎ᠲᠠᠶ ᠬᠠᠷᠭᠤᠭᠤᠯᠤᠨ ᠨᠠᠷᠢᠯᠢᠭ ᠠᠵᠢᠯᠯᠠᠭᠤᠯᠬᠤ᠎ᠡᠴᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠨᠴᠠᠯᠢᠭ ᠎ᠲᠦ ᠲᠤᠬᠢᠷᠠᠬᠰᠠᠨ ᠤᠷ᠎ᠠ ᠴᠢᠳᠠᠪᠤᠷᠢ ᠬᠦᠷᠲᠡᠯ᠎ᠡ᠂ ᠵᠠᠯᠠᠭᠤ ᠤᠷᠠᠨ ᠳᠠᠷᠬᠠᠳ ᠨᠢᠭᠡ ᠲᠠᠶ᠋ᠢᠰᠠᠨ᠎ᠠ ᠦᠷᠢᠰᠦᠯᠳᠦᠵᠦ᠍᠂ ᠨᠠᠷᠢᠯᠢᠭ ᠣᠨᠣᠪᠴᠢᠲᠠᠢ ᠠᠵᠢᠯᠯᠠᠭ᠎ᠠ ᠨᠢᠭᠡᠪᠦᠷᠢ ᠨᠢ᠂ ᠨᠠᠷᠢᠨ ᠨᠢᠮᠪᠠᠢ ᠠᠵᠢᠯ᠎ᠤᠨ ᠳᠠᠷᠠᠭᠠᠯᠠᠯ ᠪᠦᠷᠢ ᠨᠢ ᠴᠥᠮ ᠰᠢᠨ᠎ᠡ ᠴᠠᠭ ᠦᠶ᠎ᠡ᠎ᠶᠢᠨ ᠤᠷᠠᠨ ᠳᠠᠷᠬᠠᠳ᠎ᠤᠨ ᠨᠢᠭᠲᠠ᠎ᠡᠴᠡ ᠨᠢᠭᠲᠠ ᠪᠠᠶ᠋ᠢᠬᠤ᠎ᠵᠤᠷᠢᠭ ᠰᠠᠨᠠᠭ᠎ᠠ ᠵᠢ ᠬᠠᠷᠠᠭᠤᠯᠵᠤ ᠪᠠᠶ᠋ᠢᠨ᠎ᠠ᠃ ᠲᠣᠨᠣᠭ ᠲᠥᠬᠥᠭᠡᠷᠦᠮᠵᠢ᠎ᠶᠢᠨ ᠴᠡᠭ᠎ᠦᠨ ᠪᠠᠶ᠋ᠢᠴᠠᠭᠠᠯᠲᠠ᠎ᠶᠢᠨ ᠲᠥᠷᠥᠯ ᠵᠦᠢᠯ᠎ᠦᠨ ᠲᠦᠷᠦᠭᠦᠦ ᠭᠤᠷᠪᠠ᠎ᠳᠤ ᠲᠤᠳᠤᠷᠠᠬᠰᠡᠨ ᠵᠠᠯᠠᠭᠤ ᠤᠷᠠᠨ ᠲᠠᠷᠬᠠᠨ ᠰᠢᠤᠢ ᠵᠢᠶᠠ ᠬᠤᠤ ᠪᠥᠬᠥ᠌ ᠬᠣᠲᠠ᠎ᠶᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ᠎ᠤ ᠤᠷ᠎ᠠ ᠴᠢᠳᠠᠪᠤᠷᠢ᠎ᠶᠢᠨ ᠤᠷᠤᠯᠳᠤᠭᠠᠨ᠎ᠳᠤ ᠣᠷᠣᠯᠴᠠᠪᠠ᠃ ᠲᠡᠷᠡ ᠮᠠᠰᠢ ᠤᠯᠠᠨ ᠮᠡᠷᠭᠡᠵᠢᠯ ᠴᠢᠳᠠᠪᠤᠷᠢ᠎ᠲᠠᠶ ᠵᠠᠯᠠᠭᠤᠴᠤᠳ᠎ᠲᠠᠶ ᠠᠳᠠᠯᠢ᠎ᠪᠠᠷ᠂ ᠵᠠᠰᠠᠭ᠎ᠤᠨ ᠣᠷᠳᠣᠨ᠎ᠤ ᠪᠠᠶ᠋ᠢᠭᠤᠯᠤᠭᠰᠠᠨ ᠰᠢᠯᠢᠳᠡᠭ ᠲᠠᠪᠴᠠᠩ᠎ᠢ ᠠᠰᠢᠭᠯᠠᠨ ᠲᠠᠰᠤᠷᠠᠯᠳᠠ ᠦᠭᠡᠢ ᠬᠦᠮᠦᠵᠢᠬᠳᠡᠨ ᠪᠣᠶ᠋ᠢᠵᠢᠵᠤ ᠪᠠᠶ᠋ᠢᠨ᠎ᠠ᠃

ᠪᠦᠷᠢᠳᠬᠡᠯ᠎ᠢ ᠦᠨᠳᠦᠰᠦᠯᠡᠪᠡᠯ᠂ 2026 ᠣᠨ᠎ᠡᠴᠡ ᠨᠠᠭᠠᠰᠢ᠂ ᠤᠯᠠᠭᠠᠨᠴᠠᠪ ᠬᠣᠲᠠ᠎ᠳᠤ ᠤᠷ᠎ᠠ ᠮᠡᠷᠭᠡᠵᠢᠯ᠎ᠦᠨ ᠴᠢᠳᠠᠪᠤᠷᠢᠲᠠᠨ 3467 ᠰᠢᠨ᠎ᠡ᠎ᠪᠡᠷ ᠨᠡᠮᠡᠭᠳᠡᠵᠦ᠍᠂ 1262 ᠳᠡᠭᠡᠳᠦ ᠤᠷ᠎ᠠ ᠮᠡᠷᠭᠡᠵᠢᠯ᠎ᠦᠨ ᠴᠢᠳᠠᠪᠤᠷᠢᠲᠠᠨ ᠰᠢᠨ᠎ᠡ᠎ᠪᠡᠷ ᠨᠡᠮᠡᠭᠳᠡᠵᠦ᠍᠂ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠍᠂ ᠳᠡᠭᠡᠳᠦ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠡᠵᠡᠯᠡᠬᠦ᠌ ᠬᠠᠷᠢᠴᠠᠯ ᠲᠣᠭᠲᠠᠭᠤᠨ᠎ᠢᠶᠠᠷ ᠳᠡᠭᠡᠭᠰᠢᠯᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面