2026-09-10 09:38:07
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠤᠢᠷ᠎ᠠ ᠳ᠋ᠤ ᠦᠪᠡᠷᠳᠡᠬᠡᠨ ᠵᠠᠰᠠᠬᠤ ᠤᠷᠤᠨ ᠡᠴᠡ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠬᠣᠨ ᠤ᠋ ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ ᠢ᠋ᠢ ᠠᠭᠤᠰᠤᠯᠴᠠᠭᠤᠯᠤᠨ ᠬᠥᠭᠵᠢᠭᠦᠯᠵᠦ᠍ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠬᠡᠷᠡᠭᠵᠢᠭᠦᠯᠬᠦ᠌ ᠲᠥᠰᠦᠯ(2026 — 2028 ᠣᠨ)》 (ᠲᠤᠷᠤᠭᠰᠢ《ᠲᠦᠰᠦᠯ》 ᠬᠡᠵᠤ ᠲᠤᠪᠴᠢᠯᠠᠨ᠎ᠠ) ᠢ᠋ ᠳᠠᠷᠤᠮᠠᠯᠯᠠᠨ ᠲᠠᠷᠬᠠᠭᠠᠪᠠ᠃ ᠡᠨᠡ ᠨᠢ ᠮᠠᠨ ᠤ᠋ ᠤᠷᠤᠨ ᠤ᠋ ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ ᠢ᠋ᠢ ᠠᠭᠤᠰᠤᠯᠴᠠᠭᠤᠯᠤᠨ ᠬᠥᠭᠵᠢᠭᠦᠯᠬᠦ᠌ ᠠᠵᠢᠯ ᠲᠤᠷᠰᠢᠯᠲᠠ ᠢ᠋ᠢᠨ ᠴᠡᠭ ᠡᠴᠡ ᠬᠡᠪᠴᠢᠶᠡᠵᠢᠭᠦᠯᠦᠨ ᠳᠡᠯᠭᠡᠷᠡᠭᠦᠯᠬᠦ᠌ ᠱᠠᠲᠤᠨ ᠳ᠋ᠤ ᠪᠥᠬᠥ᠌ ᠲᠠᠯ᠎ᠠ ᠪᠠᠷ ᠰᠢᠯᠵᠢᠨ ᠤᠷᠤᠭᠰᠠᠨ ᠢ᠋ ᠬᠠᠷᠠᠭᠤᠯᠵᠤ ᠪᠠᠢᠨ᠎ᠠ᠃
ᠮᠠᠨ ᠤ᠋ ᠤᠷᠤᠨ ᠤ᠋ ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ ᠢ᠋ᠢ ᠠᠭᠤᠰᠤᠯᠴᠠᠭᠤᠯᠤᠨ ᠬᠥᠭᠵᠢᠭᠦᠯᠬᠦ᠌ ᠠᠵᠢᠯ ᠨᠡᠯᠢᠶᠡᠳ ᠰᠠᠶ᠋ᠢᠨ ᠦᠷ᠎ᠠ ᠪᠦᠲᠦᠮᠵᠢ ᠤᠯᠵᠤ᠂ ᠡᠨᠡ ᠵᠢᠯ ᠤ᠋ᠨ 6 ᠰᠠᠷ᠎ᠠ ᠢ᠋ᠢᠨ ᠰᠡᠭᠦᠯᠴᠢ ᠪᠣᠯᠲᠠᠯ᠎ᠠ ᠪᠦᠬᠦ ᠤᠷᠤᠨ ᠵᠢᠡᠷ ᠵᠢᠡᠨ ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ ᠢ᠋ᠢ ᠠᠭᠤᠰᠤᠯᠴᠠᠭᠤᠯᠤᠬᠰᠠᠨ ᠵᠠᠮ ᠱᠤᠭᠤᠮ ᠢ᠋ ᠨᠡᠢᠲᠡ 182 ᠵᠤᠷᠪᠤᠰ ᠨᠡᠪᠲᠡᠷᠡᠭᠦᠯᠵᠦ᠍᠂ ᠵᠢᠯ ᠳ᠋ᠤ 900 ᠲᠦᠮᠡᠨ ᠬᠤᠪᠢ ᠲᠦᠷᠭᠡᠨ ᠬᠦᠷᠭᠡᠯᠲᠡ ᠪᠠ ᠰᠢᠤᠳᠠᠨ ᠤ᠋ ᠵᠦᠢᠯ ᠢ᠋ ᠬᠦᠷᠭᠡᠵᠤ ᠪᠤᠢ᠃ 《ᠲᠥᠰᠦᠯ》 ᠳ᠋ᠤ᠂ ᠡᠨᠡ ᠬᠦ᠌ ᠰᠠᠭᠤᠷᠢᠨ ᠳᠡᠭᠡᠷ᠎ᠡ 《ᠭᠠᠵᠠᠷ ᠣᠷᠣᠨ ᠤ᠋ ᠪᠤᠳᠠᠳᠤ ᠪᠠᠶ᠋ᠢᠳᠠᠯ ᠳ᠋ᠤ ᠲᠣᠬᠢᠷᠠᠭᠤᠯᠤᠨ ᠲᠥᠷᠥᠯ ᠬᠤᠪᠢᠶᠠᠨ ᠠᠬᠢᠭᠤᠯᠬᠤ 》 ᠵᠠᠷᠴᠢᠮ ᠶᠣᠰᠣᠭᠠᠷ 《ᠪᠥᠬᠥ᠌ ᠣᠷᠣᠨ ᠪᠦᠰᠡ ᠢ᠋ᠢᠨ ᠨᠡᠶ᠋ᠢᠲᠡ ᠢ᠋ᠢᠨ ᠵᠠᠮ ᠬᠠᠷᠢᠯᠴᠠᠭ᠎ᠠ 》 ᠪᠠ ᠲᠦᠷᠭᠡᠨ ᠬᠦᠷᠭᠡᠯᠲᠡ ᠢ᠋ᠢ ᠭᠠᠴᠠᠭ᠎ᠠ ᠲᠣᠰᠬᠣᠨ ᠳ᠋ᠤ ᠣᠷᠣᠭᠤᠯᠬᠤ ᠢ᠋ᠢ 100% ᠪᠠᠷ ᠪᠦᠷᠬᠦᠭᠦᠯᠦᠭᠰᠡᠨ 17 ᠬᠣᠰᠢᠭᠤ ᠰᠢᠶᠠᠨ ᠤ᠋ ᠲᠣᠭᠲᠠᠭᠤᠨ ᠢ᠋ᠢᠡᠷ ᠠᠵᠢᠯᠯᠠᠬᠤ ᠢ᠋ᠢ ᠪᠠᠲᠤᠯᠠᠵᠤ᠂ 32 ᠭᠣᠣᠯᠳᠠᠯᠭ᠎ᠠ ᠲᠠᠢ ᠬᠣᠰᠢᠭᠤ ᠰᠢᠶᠠᠨ ᠳ᠋ᠤ ᠱᠠᠲᠤᠯᠢᠭ ᠬᠡᠯᠪᠡᠷᠢ ᠪᠡᠷ ᠠᠬᠢᠭᠤᠯᠬᠤ ᠢ᠋ᠢ ᠱᠠᠯᠠᠪᠳᠠᠭᠤᠯᠤᠨ᠎ᠠ᠃ 2028 ᠣᠨ ᠤ᠋ ᠰᠡᠭᠦᠯᠴᠢ ᠪᠤᠯᠲᠠᠯ᠎ᠠ ᠮᠠᠯ ᠠᠵᠤ ᠠᠬᠤᠢ ᠲᠠᠷᠢᠶᠠᠯᠠᠩ ᠳ᠋ᠤ ᠬᠣᠯᠪᠣᠭᠳᠠᠬᠤ 96 ᠬᠤᠰᠢᠭᠤ ᠰᠢᠶᠠᠨ ᠤ᠋ ᠱᠠᠲᠤᠨ ᠤ᠋ ᠵᠠᠰᠠᠭ ᠵᠠᠬᠢᠷᠭᠠᠨ ᠤ᠋ ᠣᠷᠣᠨ ᠪᠤᠯᠤᠨ 40% ᠢ᠋ᠢᠨ ᠪᠠᠢᠭᠤᠯᠤᠮᠵᠢᠲᠤ ᠭᠠᠴᠠᠭ᠎ᠠ ᠲᠣᠰᠬᠣᠨ ᠳ᠋ᠤ ᠴᠦᠮ ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ ᠢ᠋ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ᠋ ᠪᠦᠷᠬᠦᠭᠦᠯᠤᠨᠠ; ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ ᠢ᠋ᠢᠨ ᠠᠭᠤᠰᠤᠯᠴᠠᠯ ᠢ᠋ᠢᠡᠷ ᠳᠡᠮᠵᠢᠨ ᠰᠢᠤᠳᠠᠨ ᠪᠠ ᠲᠦᠷᠭᠡᠨ ᠬᠦᠷᠭᠡᠯᠲᠡ ᠢ᠋ᠢᠨ ᠵᠦᠢᠯᠡᠰ ᠢ᠋ 《ᠨᠠᠭᠠᠳᠤ ᠵᠠᠬ᠎ᠠ ᠳ᠋ᠠᠭᠠᠨ ᠡᠳᠦᠷ ᠪᠦᠷᠢ ᠨᠢᠭᠡ ᠤᠳᠠᠭ᠎ᠠ ᠬᠣᠰᠢᠭᠤ ᠰᠢᠶᠠᠨ ᠡᠴᠡ ᠲᠣᠰᠬᠣᠨ ᠳ᠋ᠤ ᠬᠦᠷᠭᠡᠬᠦ᠌》 ᠦᠢᠯᠡᠴᠢᠯᠡᠭᠡ ᠲᠠᠢ ᠪᠠᠢᠭᠤᠯᠤᠮᠵᠢᠲᠤ ᠭᠠᠴᠠᠭ᠎ᠠ ᠲᠣᠰᠬᠣᠨ ᠤ᠋ ᠪᠦᠷᠬᠦᠴᠡ ᠢ᠋ᠢᠨ ᠨᠣᠷᠮ᠎ᠠ ᠢ᠋ᠢ 16% ᠳ᠋ᠤ ᠬᠦᠷᠭᠡᠨ᠎ᠠ ᠭᠡᠵᠤ ᠳᠤᠷᠠᠳᠴᠠᠢ᠃
《ᠲᠥᠰᠦᠯ》ᠳ᠋ᠤ᠂ ᠵᠠᠩᠭᠢᠯᠠᠭ᠎ᠠ ᠢ᠋ᠢᠨ ᠴᠡᠭ ᠤ᠋ᠨ ᠪᠥᠲᠥᠭᠡᠨ ᠪᠠᠶ᠋ᠢᠭᠤᠯᠤᠯᠲᠠ ᠢ᠋ᠢᠨ ᠲᠠᠯ᠎ᠠ ᠪᠠᠷ ᠣᠲᠣ ᠢ᠋ᠢᠨ ᠪᠠᠶ᠋ᠢᠭ᠎ᠠ ᠲᠠᠯᠠᠪᠤᠷ ᠥᠷᠲᠡᠭᠡᠨ ᠤ᠋ ᠲᠥᠬᠥᠭᠡᠷᠦᠮᠵᠢ ᠢ᠋ᠢ ᠠᠰᠢᠭᠯᠠᠨ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠣᠨ ᠭᠤᠷᠪᠠᠨ ᠱᠠᠲᠤᠨ ᠤ᠋ ᠶᠡᠷᠦᠩᠬᠡᠶ᠋ᠢᠯᠡᠭᠰᠡᠨ ᠦᠢᠯᠡᠴᠢᠯᠡᠭᠡᠨ ᠤ᠋ ᠵᠠᠡᠭᠭᠢᠯᠠᠭᠠ ᠢ᠋ᠢᠨ ᠴᠡᠭ ᠢ᠋ ᠪᠣᠶ ᠪᠣᠯᠭᠠᠨ᠎ᠠ᠃ ᠬᠤᠰᠢᠭᠤ ᠰᠢᠶᠠᠨ ᠤ᠋ ᠱᠠᠲᠤᠨ ᠳ᠋ᠤ ᠮᠠᠰᠢᠨ ᠲᠡᠷᠭᠡᠨ ᠤ᠋ ᠠᠶᠠᠨᠴᠢᠳ ᠤ᠋ᠨ ᠵᠦᠭᠡᠭᠡᠪᠦᠷᠢ ᠢ᠋ᠢᠨ ᠥᠷᠲᠡᠭᠡ᠂ᠲᠦᠷᠭᠡᠨ ᠬᠦᠷᠭᠡᠯᠲᠡ ᠢ᠋ᠢᠨ ᠬᠤᠪᠢᠶᠠᠨ ᠰᠠᠯᠭᠠᠬᠤ ᠲᠥᠪ ᠲᠦ᠍ ᠲᠦᠰᠢᠭᠯᠡᠨ ᠲᠥᠪᠯᠡᠷᠡᠭᠦᠯᠦᠨ ᠬᠠᠮᠲᠤ ᠪᠠᠷ ᠲᠣᠬᠢᠷᠠᠭᠤᠯᠬᠤ ᠬᠡᠯᠪᠡᠷᠢ ᠢ᠋ᠢᠨ ᠶᠡᠷᠦᠩᠬᠡᠶ᠋ᠢᠯᠡᠭᠰᠡᠨ ᠦᠢᠯᠡᠴᠢᠯᠡᠭᠡᠨ ᠤ᠋ ᠲᠥᠪ ᠢ᠋ ᠪᠠᠶ᠋ᠢᠭᠤᠯᠤᠨ᠎ᠠ; ᠰᠤᠮᠤ ᠰᠢᠶᠠᠩ ᠪᠠᠯᠭᠠᠰᠤ ᠢ᠋ᠢᠨ ᠱᠠᠳᠤᠨ ᠳ᠋ᠤ ᠠᠶᠠᠨᠴᠢᠳ ᠤ᠋ᠨ ᠵᠦᠭᠡᠭᠡᠪᠦᠷᠢ ᠢ᠋ᠢᠨ ᠥᠷᠲᠡᠭᠡ᠂ ᠰᠢᠤᠳᠠᠨ ᠤ᠋ ᠶᠠᠪᠤᠳᠠᠯ ᠤ᠋ᠨ ᠰᠠᠯᠪᠤᠷᠢ ᠲᠣᠪᠴᠢᠶ᠎ᠠ ᠵᠡᠷᠭᠡ ᠳ᠋ᠤ ᠲᠦᠰᠢᠭᠯᠡᠨ ᠠᠭᠤᠰᠤᠯᠴᠠᠭᠰᠠᠨ ᠦᠢᠯᠡᠴᠢᠯᠡᠭᠡᠨ ᠤ᠋ ᠥᠷᠲᠡᠭᠡ ᠢ᠋ᠢ ᠪᠠᠶ᠋ᠢᠭᠤᠯᠤᠨ᠎ᠠ; ᠭᠠᠴᠠᠭ᠎ᠠ ᠲᠣᠰᠬᠣᠨ ᠤ᠋ ᠱᠠᠲᠤᠨ ᠳ᠋ᠤ ᠨᠠᠮᠤᠨ ᠭᠡᠰᠢᠭᠦᠨ ᠪᠠ ᠣᠯᠠᠨ ᠲᠦᠮᠡᠨ ᠤ᠋ ᠦᠢᠯᠡᠴᠢᠯᠡᠭᠡᠨ ᠤ᠋ ᠲᠥᠪ᠂ ᠠᠷᠠᠳ ᠲᠤ᠌ ᠲᠥᠬᠥᠮ ᠦᠵᠡᠭᠦᠯᠬᠦ᠌ ᠬᠠᠮ ᠳᠡᠯᠭᠡᠭᠦᠷ ᠲᠦ᠍ ᠲᠦᠰᠢᠭᠯᠡᠨ᠂ 《ᠨᠢᠭᠡ ᠥᠷᠲᠡᠭᠡᠴᠢᠯᠡᠭᠰᠡᠨ ᠬᠡᠯᠪᠡᠷᠢ 》 ᠢ᠋ᠢᠨ ᠦᠢᠯᠡᠴᠢᠯᠡᠭᠡᠨ ᠤ᠋ ᠴᠡᠭ ᠢ᠋ ᠳᠣᠭᠢᠷᠠᠭᠤᠯᠵᠤ᠂ 3 ᠡᠴᠡ ᠳᠡᠭᠡᠭᠰᠢᠬᠢ ᠲᠥᠷᠥᠯ ᠲᠡᠮᠳᠡᠭᠲᠦ ᠲᠦᠷᠭᠡᠨ ᠬᠦᠷᠭᠡᠯᠲᠡ ᠢ᠋ᠢᠨ ᠵᠦᠢᠯᠡᠰ ᠢ᠋ ᠭᠥᠯᠢᠶᠡᠨ ᠠᠪᠴᠤ᠌ ᠳᠡᠶ᠋ᠢᠯᠬᠦ᠌ ᠢ᠋ᠢ ᠦᠨᠡᠨ ᠬᠦ᠌ ᠪᠠᠲᠤᠯᠠᠨ᠎ᠠ ᠭᠡᠵᠤ ᠲᠤᠳᠤᠷᠬᠠᠢᠯᠠᠪᠠ᠃
《ᠲᠥᠰᠦᠯ》 ᠳ᠋ᠤ᠂ ᠡᠵᠡᠩᠨᠡᠯᠲᠡ ᠢ᠋ᠢᠨ ᠵᠠᠭᠪᠤᠷ ᠤ᠋ᠨ ᠲᠠᠯ᠎ᠠ ᠪᠠᠷ ᠲᠣᠰ ᠭᠠᠵᠠᠷ ᠤ᠋ᠨ ᠡᠬᠢ ᠪᠠᠶᠠᠯᠢᠭ ᠢ᠋ ᠨᠡᠢᠳᠭᠡᠬᠦ ᠴᠢᠳᠠᠪᠤᠷᠢ ᠢ᠋ᠢ ᠪᠦᠷᠢᠯᠳᠦᠭᠦᠯᠦᠭᠰᠡᠨ ᠳᠠᠭᠠᠭᠤᠯᠤᠭᠴᠢ ᠪᠡᠶᠡᠴᠢ ᠴᠣᠭᠴᠠ ᠢ᠋ᠢ ᠢᠳᠡᠪᠬᠢᠲᠡᠶ ᠪᠣᠶ᠋ᠢᠵᠢᠭᠤᠯᠵᠤ᠂ ᠬᠠᠮᠲᠤᠷᠠᠨ ᠠᠵᠢᠯᠯᠠᠬᠤ ᠵᠦᠪᠯᠡᠯᠴᠡᠭᠡᠷ ᠲᠣᠭᠲᠠᠬᠤ ᠢ᠋ᠢ ᠵᠣᠷᠢᠭᠵᠢᠭᠤᠯᠤᠨ᠂ ᠠᠰᠢᠭ ᠲᠤᠰᠠ ᠢ᠋ᠢᠨ ᠬᠤᠪᠢᠶᠠᠷᠢᠯᠠᠯᠲᠠ ᠪᠠ ᠡᠷᠬᠡ ᠬᠠᠷᠢᠭᠤᠴᠠᠯᠭ᠎ᠠ ᠢ᠋ᠢᠨ ᠬᠤᠪᠢᠶᠠᠷᠢᠯᠠᠯ ᠢ᠋ ᠲᠤᠳᠤᠷᠬᠠᠢᠯᠠᠨᠠ᠃ ᠲᠣᠨᠣᠭ ᠲᠥᠬᠥᠭᠡᠷᠦᠮᠵᠢ ᠢ᠋ᠢᠨ ᠲᠠᠯ᠎ᠠ ᠪᠠᠷ ᠲᠣᠬᠢᠷᠠᠮᠵᠢᠲᠠᠶ ᠮᠠᠰᠢᠨ ᠲᠡᠷᠭᠡᠨ ᠤ᠋ ᠬᠡᠯᠪᠡᠷᠢ ᠢ᠋ᠢ ᠰᠢᠨᠡᠳᠬᠡᠨ ᠳᠣᠭᠢᠷᠠᠭᠤᠯᠬᠤ ᠢ᠋ᠢ ᠵᠣᠷᠢᠭᠵᠢᠭᠤᠯᠵᠤ᠂ ᠰᠢᠨ᠎ᠡ ᠡᠨᠧᠷᠭᠢ ᠪᠠ ᠬᠦᠢᠲᠡᠨ ᠬᠡᠯᠬᠢᠶᠡᠲᠦ᠍ ᠲᠡᠭᠡᠭᠡᠪᠦᠷᠢ ᠢ᠋ᠢᠨ ᠮᠠᠰᠢᠨ ᠲᠡᠷᠭᠡ ᠢ᠋ᠢ ᠨᠠᠮᠠᠨ ᠳᠣᠭᠢᠷᠠᠭᠤᠯᠵᠤ᠂ ᠪᠣᠶ᠋ᠢᠳᠠ ᠪᠦᠭᠯᠡᠭᠦᠦ ᠭᠠᠵᠠᠷ ᠣᠷᠣᠨ ᠳ᠋ᠤ ᠵᠢᠯᠣᠭᠣᠴᠢ ᠥᠬᠡᠶ ᠲᠡᠷᠭᠡ᠂ᠵᠢᠯᠣᠭᠣᠴᠢ ᠥᠬᠡᠶ ᠨᠢᠰᠬᠡᠯ ᠵᠡᠷᠭᠡ ᠣᠶᠤᠨᠴᠢ ᠲᠥᠬᠥᠭᠡᠷᠦᠮᠵᠢ ᠢ᠋ᠢ ᠳᠡᠯᠭᠡᠷᠡᠭᠦᠯᠦᠨ᠎ᠡ᠃ 2026 ᠣᠨ ᠤ᠋ 9 ᠰᠠᠷ᠎ᠠ ᠢ᠋ᠢᠨ ᠰᠡᠭᠦᠯᠴᠢ ᠡᠴᠡ ᠡᠮᠦᠨ᠎ᠡ ᠥᠷᠲᠡᠭᠡ ᠴᠡᠭ᠂ ᠲᠡᠭᠡᠭᠡᠪᠦᠷᠢ ᠢ᠋ᠢᠨ ᠬᠦᠴᠦᠨ᠂ᠲᠡᠭᠡᠭᠡᠪᠦᠷᠢ ᠢ᠋ᠢᠨ ᠬᠡᠮᠵᠢᠶ᠎ᠡ ᠵᠡᠷᠭᠡ ᠲᠣᠭ᠎ᠠ ᠪᠠᠷᠢᠮᠲᠠ ᠢ᠋ᠢ ᠪᠥᠬᠥ᠌ ᠲᠠᠯ᠎ᠠ ᠪᠠᠷ ᠵᠠᠯᠭᠠᠨ ᠣᠷᠣᠭᠤᠯᠵᠤ᠂ ᠰᠢᠤᠳᠠᠨ ᠪᠠ ᠲᠦᠷᠭᠡᠨ ᠬᠦᠷᠭᠡᠯᠲᠠ ᠢ᠋ᠢᠨ ᠠᠵᠤ ᠠᠬᠤᠶ᠋ᠢᠯᠠᠯ ᠤ᠋ᠨ ᠲᠠᠪᠴᠠᠩ ᠢ᠋ ᠨᠡᠪᠲᠡᠷᠡᠭᠦᠯᠵᠦ᠍᠂ ᠪᠠᠢᠡᠭᠭᠤᠵᠢᠭᠰᠠᠨ ᠬᠢᠨᠠᠨ ᠬᠡᠮᠵᠢᠯᠲᠡ ᠢ᠋ᠢ ᠪᠡᠶᠡᠯᠡᠭᠦᠯᠦᠨ᠎ᠡ᠃ 《ᠲᠥᠰᠦᠯ》 ᠳ᠋ᠤ ᠪᠠᠰᠠ 《ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ + ᠡᠯᠧᠺᠲ᠋ᠷᠣᠨ ᠬᠤᠳᠠᠯᠳᠤᠭᠠᠨ ᠤ᠋ ᠶᠠᠪᠤᠳᠠᠯ》᠂ 《ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ + ᠤᠨᠴᠠᠯᠢᠬᠳᠤ ᠲᠠᠷᠢᠶᠠᠯᠠᠩ 》᠂ 《ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ + ᠠᠮᠢᠳᠤᠷᠠᠯ ᠤ᠋ᠨ ᠦᠢᠯᠡᠴᠢᠯᠡᠬᠡ 》 ᠭᠡᠬᠦ᠌ 3 ᠶᠡᠬᠡ ᠠᠭᠤᠰᠤᠯᠴᠠᠯ ᠤ᠋ᠨ ᠴᠢᠭᠯᠡᠯ ᠢ᠋ ᠥᠷᠭᠡᠳᠬᠡᠵᠦ᠍᠂ ᠬᠥᠳᠡᠭᠡ ᠲᠣᠰᠬᠣᠨ ᠤ᠋ ᠠᠶᠠᠨᠴᠢᠨ ᠤ᠋ ᠵᠦᠭᠡᠭᠡᠪᠦᠷᠢ ᠪᠠ ᠪᠠᠷᠠᠭ᠎ᠠ ᠰᠢᠤᠳᠠᠨ ᠤ᠋ ᠲᠡᠭᠡᠭᠡᠪᠦᠷᠢ ᠢ᠋ᠢᠨ ᠲᠠᠩ ᠴᠤᠯᠭᠤᠶ ᠪᠠᠷᠠᠭᠠᠨ ᠤ᠋ ᠭᠦᠢᠯᠭᠡᠭᠡ ᠢ᠋ᠢᠨ ᠳᠣᠭᠢᠷᠠᠭᠤᠯᠤᠨ ᠬᠦᠷᠭᠡᠯᠲᠠ ᠡᠴᠡ ᠶᠡᠷᠦᠩᠬᠡᠶ᠋ᠢᠯᠡᠭᠰᠡᠨ ᠦᠢᠯᠡᠴᠢᠯᠡᠭᠡᠨ ᠤ᠋ ᠲᠠᠪᠴᠠᠩ ᠳᠠᠢᠰᠢ ᠲᠠᠰ ᠳᠡᠪᠰᠢᠬᠦ᠌ ᠢ᠋ᠢ ᠠᠬᠢᠭᠤᠯᠤᠨ᠎ᠠ ᠭᠡᠵᠦ᠍ ᠳᠤᠷᠠᠳᠴᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃