2026-09-11 09:36:10
ᠨᠢ᠋ᠮᠠᠨ ᠰᠠᠷ᠎ᠠ ᠵᠢᠨ ᠬᠣᠣᠯᠢᠨ ᠭᠣᠣᠯ᠎ᠤᠨ ᠬᠥᠪᠡᠭᠡᠨ᠎ᠳᠦ᠂ 331 ᠰᠠᠷᠬᠢᠷᠠᠭᠤᠯ ᠰᠡᠯᠬᠢ ᠰᠥᠷᠥᠨ ᠰᠦᠨᠳᠡᠷᠯᠡᠨ᠂ 36 ᠲᠦᠮᠡ ᠭᠠᠷᠤᠢ ᠬᠡᠷᠡᠯᠴᠢ ᠴᠡᠨᠡᠭ ᠦᠨ ᠬᠠᠪᠲᠠᠰᠤ ᠨᠡᠷᠡᠨ ᠦ ᠬᠡᠷᠡᠯ ᠳ᠋ᠤ ᠬᠢᠯᠪᠠᠵᠤ᠂ ᠨᠡᠭᠦᠷᠡᠰᠦᠨ ᠠᠭᠤᠷᠬᠠᠢ ᠶᠢᠨ ᠠᠮᠢ ᠠᠬᠤᠢ᠎ᠶᠢᠨ ᠵᠠᠰᠠᠯᠲᠠ᠎ᠶᠢᠨ ᠣᠷᠣᠨ ᠪᠣᠯᠣᠨ ᠬᠥᠩᠭᠡᠨᠴᠠᠭᠠᠨ ᠤ ᠦᠢᠯᠡᠳᠪᠦᠷᠢ᠎ᠶᠢᠨ ᠪᠤᠬᠢᠷᠳᠤᠯ ᠥᠭᠡᠢ ᠭᠠᠳᠠᠭᠰᠢᠯᠠᠭᠤᠯᠬᠤ ᠲᠥᠬᠦᠭᠡᠷᠦᠮᠵᠢ ᠨᠢ ᠬᠠᠷᠢᠯᠴᠠᠨ ᠵᠤᠬᠢᠴᠠᠯᠳᠤᠨ ᠭᠤᠢᠳᠠ ᠥᠵᠡᠮᠵᠢ ᠪᠤᠯᠵᠤ᠂ ᠤᠯᠠᠮᠵᠢᠯᠠᠯᠲᠤ ᠡᠬᠢ ᠪᠠᠶᠠᠯᠢᠭ᠋᠎ᠤᠨ ᠠᠵᠤ ᠦᠢᠯᠡᠰ᠎ᠦᠨ ᠪᠤᠬᠢᠷᠳᠥᠯ ᠥᠭᠡᠢ ᠳᠡᠢᠰᠢ ᠤᠷᠤᠭᠰᠢᠯᠠᠭᠰᠠᠨ ᠰᠦᠷᠯᠢᠭ ᠰᠠᠢᠬᠠᠨ ᠥᠵᠡᠭᠳᠡᠯ ᠥᠷᠭᠡᠨ ᠠᠭᠤᠳᠠᠮ ᠬᠣᠷᠴᠢᠨ᠎ᠤ ᠲᠠᠯ᠎ᠠ ᠨᠤᠲᠤᠭ᠎ᠲᠤ ᠵᠢᠷᠤᠬ ᠬᠡᠮᠡᠷ ᠳᠡᠯᠭᠡᠭᠳᠡᠨ᠎ᠠ᠃
ᠥᠪᠥᠷ ᠮᠤᠩᠭᠤᠯ ᠤᠨ ᠴᠠᠬᠢᠯᠭᠠᠨ ᠬᠥᠴᠥᠨ ᠤ ᠪᠡᠯᠡ ᠣᠷᠣᠭᠤᠯᠤᠯᠲᠠ᠎ᠶᠢᠨ ᠡᠨᠧᠷᠭᠢ᠎ᠶᠢᠨ ᠬᠤᠪᠢᠴᠠᠭᠠᠳᠥ ᠬᠢᠵᠠᠭᠠᠷᠳᠤ ᠺᠤᠮᠫᠠᠨᠢ ᠵᠢᠨ ᠡᠮᠦᠨ᠎ᠡ ᠵᠠᠳᠠᠭᠠᠢ ᠨᠡᠭᠦᠷᠡᠰᠦᠨ ᠠᠭᠤᠷᠬᠠᠢ᠎ᠳᠤ᠂ ᠨᠣᠭᠣᠭᠠᠨ ᠥᠩᠭᠡ᠎ᠪᠡᠷ ᠬᠦᠷᠢᠶᠡᠯᠡᠭᠳᠡᠭᠰᠡᠨ ᠠᠭᠤᠷᠬᠠᠢ᠎ᠶᠢᠨ ᠨᠦᠬᠡᠨ᠎ᠳᠦ ᠮᠠᠰᠢᠨ᠎ᠤ ᠳᠠᠭᠤᠨ ᠬᠦᠷᠴᠢᠭᠢᠨᠡᠵᠦ᠂ ᠠᠭᠤᠷᠬᠠᠢ᠎ᠶᠢᠨ ᠠᠴᠢᠶᠠᠨ ᠤ ᠮᠠᠰᠢᠨ ᠨᠠᠭᠠᠰᠢ ᠴᠠᠭᠠᠰᠢ ᠰᠦᠯᠵᠢᠯᠳᠦᠨ᠂ ᠪᠠᠴᠢᠮ ᠪᠥᠭᠡᠳ ᠡᠮᠬᠢ ᠵᠢᠷᠤᠮ ᠲᠠᠢ ᠦᠢᠯᠡᠳᠪᠦᠷᠢᠯᠡᠯ ᠦᠨ ᠪᠠᠢᠳᠠᠯ ᠬᠠᠷᠠᠬᠳᠠᠨ᠎ᠠ᠃ ᠡᠮᠦᠨ᠎ᠡ ᠵᠠᠳᠠᠭᠠᠢ ᠨᠡᠭᠦᠷᠡᠰᠦᠨ ᠠᠭᠤᠷᠬᠠᠢ᠎ᠶᠢᠨ ᠳᠠᠷᠤᠭ᠎ᠠ᠂ ᠨᠠᠮ᠎ᠤᠨ ᠬᠣᠷᠢᠶ᠎ᠠ ᠵᠢᠨ ᠳᠡᠳ᠋ ᠱᠦᠵᠢ ᠢᠦᠢ ᠬᠠᠢ ᠯᠢ ᠄ 《ᠡᠮᠦᠨ᠎ᠡ ᠵᠠᠳᠠᠭᠠᠢ ᠨᠡᠭᠦᠷᠡᠰᠦᠨ ᠠᠭᠤᠷᠬᠠᠢ᠎ᠶᠢᠨ ᠵᠢᠯ᠎ᠦᠨ ᠦᠢᠯᠡᠳᠪᠦᠷᠢᠯᠡᠬᠦ ᠴᠢᠳᠠᠪᠤᠷᠢ 2000 ᠲᠦᠮᠡᠨ ᠲᠣᠨ᠎ᠳᠤ ᠬᠦᠷᠴᠦ᠂ ᠵᠡᠭᠦᠨ ᠬᠣᠢᠲᠤ ᠣᠷᠣᠨ᠂ ᠥᠪᠥᠷ ᠮᠣᠩᠭᠣᠯ᠎ᠤᠨ ᠵᠡᠭᠦᠨ ᠬᠡᠰᠡᠭ ᠵᠢᠴᠢ ᠲᠣᠰ ᠣᠷᠣᠨ ᠪᠦᠰᠡ᠎ᠶᠢᠨ ᠴᠠᠬᠢᠯᠭᠠᠨ᠎ᠤ ᠦᠢᠯᠡᠳᠪᠦᠷᠢ᠎ᠶᠢᠨ ᠬᠠᠩᠭᠠᠯᠭ᠎ᠠ᠎ᠶᠢ ᠪᠠᠲᠤᠯᠠᠬᠤ ᠡᠭᠦᠷᠭᠡ᠎ᠶᠢ ᠬᠥᠢᠴᠡᠳᠭᠡᠨ᠂ ᠣᠷᠣᠨ ᠪᠦᠰᠡ᠎ᠶᠢᠨ ᠡᠨᠧᠷᠭᠢ᠎ᠶᠢᠨ ᠬᠠᠩᠭᠠᠯᠭ᠎ᠠ᠎ᠶᠢᠨ ᠠᠮᠢᠨ ᠰᠤᠳᠠᠰᠤ᠎ᠶᠢ ᠪᠠᠲᠤ ᠰᠠᠬᠢᠨ ᠬᠠᠮᠠᠭᠠᠯᠠᠵᠤ ᠪᠤᠢ 》 ᠭᠡᠵᠥ ᠳᠠᠨᠢᠯᠴᠠᠭᠤᠯᠤᠨ᠎ᠠ᠃
ᠪᠥᠬᠥ ᠤᠯᠤᠰ ᠤᠨ ᠲᠠᠪᠤᠨ ᠲᠣᠮᠣ᠌ ᠵᠠᠳᠠᠭᠠᠢ ᠨᠡᠭᠦᠷᠡᠰᠦᠨ ᠠᠭᠤᠷᠬᠠᠢ᠎ᠶᠢᠨ ᠨᠢᠭᠡ ᠪᠣᠯᠤᠭᠰᠠᠨ᠎ᠤ ᠬᠤᠪᠢ᠎ᠳᠤ᠂ ᠬᠣᠥᠯᠢᠨ ᠭᠣᠣᠯ᠎ᠤᠨ ᠵᠠᠳᠠᠭᠠᠢ ᠨᠡᠭᠥᠷᠡᠰᠥᠨ ᠠᠭᠤᠷᠬᠠᠢ ᠨᠢ ᠬᠣᠥᠯᠢᠨ ᠭᠣᠣᠯ᠎ᠤᠨ ᠡᠷᠬᠢᠯᠳᠡᠳᠦ ᠠᠵᠤ ᠠᠬᠤᠢ᠎ᠶᠢᠨ ᠰᠠᠭᠤᠷᠢ ᠪᠤᠯᠬᠤ ᠶᠤᠮ᠃ ᠣᠷᠳᠣ᠌ ᠬᠤᠭᠤᠴᠠᠭᠠᠨ᠎ᠤ ᠲᠤᠷᠰᠢ᠂ ᠵᠠᠳᠠᠭᠠᠢ ᠠᠭᠤᠷᠬᠠᠢ ᠶᠢᠨ ᠴᠢᠯᠠᠭᠤᠯᠢᠬ ᠳᠠᠪᠬᠤᠷᠭ᠎ᠠ ᠵᠢ ᠮᠠᠯᠳᠠᠬᠤ ᠶᠠᠪᠤᠴᠠ᠎ᠳᠤ ᠡᠭᠦᠰᠦᠭᠰᠡᠨ ᠳᠣᠣᠷ᠎ᠠ ᠢᠯᠴᠢ᠎ᠶᠢᠨ ᠬᠡᠮᠵᠢᠭᠳᠡᠯ᠎ᠲᠠᠢ ᠬᠦᠷᠡᠩ ᠨᠡᠭᠦᠷᠡᠰᠦ ᠨᠢ ᠤᠰᠤᠨ᠎ᠳᠤ ᠲᠣᠬᠢᠶᠠᠯᠳᠤᠪᠠᠯ ᠠᠮᠠᠷᠬᠠᠨ ᠰᠠᠷᠨᠢᠵᠤ᠂ ᠠᠮᠠᠷᠬᠠᠨ ᠬᠡᠮᠬᠡᠷᠡᠬᠦ ᠣᠨᠴᠠᠯᠢᠭ᠋᠎ᠠᠴᠠ ᠪᠣᠯᠵᠤ ᠭᠠᠳᠠᠭ᠍ᠰᠢ ᠵᠥᠭᠡᠭᠡᠪᠦᠷᠢᠯᠡᠬᠦ᠎ᠶᠢᠨ ᠠᠷᠭ᠎ᠠ ᠦᠭᠡᠢ ᠪᠠᠢᠵᠤ᠂ ᠨᠢᠭᠡ ᠦᠶ᠎ᠡ ᠠᠵᠢᠯ ᠲᠥᠷᠥᠯ᠎ᠦᠨ ᠬᠢᠨ᠎ᠳᠦ ᠰᠢᠢᠳᠪᠦᠷᠢᠯᠡᠬᠦ᠎ᠳᠦ ᠪᠡᠷᠬᠡᠲᠡᠢ 《ᠠᠮᠢ ᠠᠬᠤᠢ᠎ᠶᠢᠨ ᠬᠠᠶᠠᠬᠳᠠᠮᠠᠯ ᠡᠳ᠋ 》 ᠭᠡᠮᠡᠭᠳᠡᠵᠦ ᠪᠠᠢᠪᠠ᠃ ᠲᠤᠬᠠᠢ᠎ᠶᠢᠨ ᠦᠶ᠎ᠡ᠎ᠳᠦ᠂ ᠬᠣᠣᠯᠢᠨ ᠭᠣᠣᠯ᠎ᠤᠨ ᠨᠡᠭᠦᠷᠡᠰᠦᠨ ᠠᠭᠤᠷᠬᠠᠢ᠎ᠠᠴᠠ ᠵᠢᠯ ᠪᠦᠷᠢ 1000 ᠲᠦᠮᠡᠨ ᠲᠣᠨ ᠳᠣᠣᠷ᠎ᠠ ᠢᠯᠴᠢ᠎ᠶᠢᠨ ᠬᠡᠮᠵᠢᠭᠳᠡᠯ᠎ᠲᠠᠢ ᠬᠦᠷᠡᠩ ᠨᠡᠭᠦᠷᠡᠰᠦ ᠭᠠᠷᠴᠥ᠂ ᠡᠨᠡᠬᠦ ᠲᠤᠮᠤ 《 ᠡᠨᠧᠷᠬᠢ ᠵᠢᠨ ᠬᠠᠳᠠᠭᠠᠯᠠᠬᠳᠠᠴᠠ 》 ᠶ᠋ᠢ ᠲᠤᠬᠠᠢ᠎ᠶᠢᠨ ᠭᠠᠵᠠᠷ ᠲᠤᠨᠢ ᠰᠢᠩᠭᠡᠭᠡᠬᠦ ᠶᠢ ᠪᠠᠴᠢᠮ ᠱᠠᠭᠠᠷᠳᠠᠵᠤ ᠪᠠᠢᠪᠠ᠃ ᠬᠠᠷᠢᠨ ᠲᠤᠬᠠᠢ ᠵᠢᠨ ᠭᠠᠵᠠᠷ᠎ᠲᠦ ᠨᠤᠳᠤᠬᠰᠢᠬᠰᠠᠨ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ ᠤ ᠠᠵᠤ ᠦᠢᠯᠡᠰ ᠨᠢ ᠠᠩᠬ᠎ᠠ ᠠᠯᠬᠤᠮ ᠬᠡᠪᠴᠢᠶᠡᠵᠢᠨ᠂ ᠠᠵᠤ ᠦᠢᠯᠡᠳᠪᠦᠷᠢ᠎ᠳᠦ ᠬᠡᠷᠡᠭᠯᠡᠬᠦ ᠲᠣᠭᠲᠠᠪᠤᠷᠢᠲᠠᠢ ᠴᠠᠬᠢᠯᠭᠠᠨ᠎ᠤ ᠬᠠᠩᠭᠠᠯᠭ᠎ᠠ ᠵᠢᠨ ᠬᠠᠲᠠᠭᠤ ᠱᠠᠭᠠᠷᠳᠠᠯᠭ᠎ᠠ᠎ᠲᠠᠢ ᠪᠣᠯᠵᠤ᠂ ᠡᠢᠨᠬᠦ ᠬᠣᠶᠠᠷ ᠲᠠᠯ᠎ᠠ᠎ᠶᠢᠨ ᠬᠠᠩᠭᠠᠯᠭ᠎ᠠ ᠬᠡᠷᠡᠭᠴᠡᠭᠡᠨ᠎ᠤ ᠠᠶᠠᠨᠳᠠᠭᠠᠨ᠎ᠤ ᠤᠶᠠᠯᠳᠤᠯ ᠨᠢ ᠡᠷᠬᠢᠯᠳᠡᠳᠦ ᠠᠵᠤ ᠠᠬᠤᠢ᠎ᠶᠢ ᠪᠥᠷᠢᠯᠳᠥᠭᠥᠯᠬᠥ ᠰᠡᠳᠬᠢᠮᠵᠢ᠎ᠶᠢᠨ ᠪᠤᠶ ᠪᠣᠯᠬᠤ ᠳ᠋ᠤ ᠪᠠᠳᠤᠯᠠᠭᠠᠳᠥ ᠪᠤᠯᠤᠮᠵᠢ ᠬᠠᠩᠭᠠᠬᠰᠠᠨ ᠪᠠᠢᠨ᠎ᠠ᠃
《ᠨᠡᠭᠦᠷᠡᠰᠦ ᠪᠡᠷ ᠴᠠᠬᠢᠯᠭᠠᠨ ᠭᠠᠷᠭᠠᠬᠤ᠂ ᠴᠠᠬᠢᠯᠭᠠᠨ᠎ᠢᠶᠠᠷ ᠬᠥᠩᠭᠡᠨᠴᠠᠭᠠᠨ ᠡᠳ᠋ᠰᠢᠭᠥᠯᠬᠥ᠂ ᠬᠥᠩᠭᠡᠨᠴᠠᠭᠠᠨ᠎ᠢᠶᠠᠷ ᠴᠠᠬᠢᠯᠭᠠᠨ ᠢ ᠳᠠᠢᠴᠢᠯᠠᠬᠤ᠂ ᠴᠠᠬᠢᠯᠭᠠᠨ᠎ᠢᠶᠠᠷ ᠨᠡᠭᠦᠷᠡᠰᠦ᠎ᠶᠢ ᠠᠬᠢᠭᠤᠯᠬᠤ》 ᠬᠥᠭᠵᠢᠯᠲᠡ᠎ᠶᠢᠨ ᠰᠡᠳᠬᠢᠴᠡ᠎ᠪᠡᠷ᠂ 2012 ᠣᠨ᠎ᠤ 8 ᠰᠠᠷ᠎ᠠ᠎ᠳᠤ᠂ ᠬᠣᠣᠯᠢᠨ ᠭᠣᠣᠯ᠎ᠤᠨ ᠡᠷᠬᠢᠯᠳᠡᠳᠦ ᠠᠵᠤ ᠠᠬᠤᠢ᠎ᠶᠢᠨ ᠵᠢᠱ᠌ᠢᠶ᠎ᠡ ᠦᠵᠡᠭᠦᠯᠬᠦ ᠢᠨᠵᠧᠨᠧᠷᠢᠩ ᠨᠢ ᠵᠢᠩᠬᠢᠨᠢ᠎ᠪᠡᠷ ᠪᠠᠷᠢᠯᠭ᠎ᠠ ᠡᠬᠢᠯᠡᠭᠦᠯᠪᠡ᠃ 2014 ᠣᠨ᠎ᠤ 8 ᠰᠠᠷ᠎ᠠ᠎ᠳᠤ᠂ ᠬᠣᠥᠯᠢᠨ ᠭᠣᠣᠯ᠎ᠤᠨ ᠡᠷᠬᠢᠯᠳᠡᠳᠦ ᠠᠵᠤ ᠠᠬᠤᠢ᠎ᠶᠢᠨ ᠵᠢᠱ᠌ᠢᠶ᠎ᠡ ᠦᠵᠡᠭᠦᠯᠬᠦ ᠲᠥᠷᠥᠯ ᠵᠦᠢᠯ᠎ᠦᠨ ᠲᠦᠷᠦᠭᠦᠸ᠋ ᠭᠤᠷᠪᠠᠨ ᠬᠤᠭᠤᠴᠠᠭᠠᠨ᠎ᠤ 30 ᠲᠦᠮᠡᠨ ᠺᠢᠯᠣᠸᠠᠲ᠎ᠤᠨ ᠰᠠᠯᠬᠢᠨ ᠬᠦᠴᠦᠨ᠎ᠦ ᠴᠠᠬᠢᠯᠭᠠᠨ᠎ᠤ ᠲᠥᠷᠥᠯ ᠵᠦᠢᠯ᠎ᠦᠨ ᠪᠥᠬᠥ ᠪᠠᠭᠲᠠᠭᠠᠮᠵᠢ᠎ᠶᠢ ᠲᠣᠣᠷ᠎ᠲᠤ ᠨᠡᠢᠯᠡᠭᠦᠯᠦᠨ ᠴᠠᠬᠢᠯᠭᠠᠨ ᠭᠠᠷᠭᠠᠵᠤ᠂ ᠬᠣᠥᠯᠢᠨ ᠭᠣᠣᠯ᠎ᠤᠨ ᠡᠷᠬᠢᠯᠳᠡᠳᠦ ᠠᠵᠤ ᠠᠬᠤᠢ᠎ᠶᠢᠨ 《 ᠰᠠᠯᠬᠢ ᠪᠠ ᠢᠯᠴᠢ ᠵᠢ ᠬᠠᠷᠢᠯᠴᠠᠨ ᠨᠥᠬᠥᠪᠦᠷᠢᠯᠡᠬᠦ 》 ᠴᠠᠬᠢᠯᠭᠠᠨ ᠭᠠᠷᠭᠠᠬᠤ ᠪᠠᠢᠷᠢᠰᠢᠯ᠎ᠢ ᠪᠤᠢ ᠪᠤᠯᠭᠠᠨ᠂ ᠪᠣᠬᠢᠷᠲᠤᠯ ᠦᠭᠡᠢ ᠲᠡᠢᠰᠢ ᠬᠡᠯᠪᠡᠷᠢ ᠬᠤᠪᠢᠷᠠᠭᠤᠯᠬᠤ ᠠᠩᠬᠠᠨ᠎ᠤ ᠠᠯᠬᠤᠮ᠎ᠢ ᠵᠢᠩᠬᠢᠨᠢ᠎ᠪᠡᠷ ᠠᠯᠬᠤᠪᠠ᠃ ᠲᠤᠰ ᠵᠢᠯ᠎ᠦᠨ 10 ᠰᠠᠷ᠎ᠠ᠎ᠳᠤ᠂ ᠬᠣᠶᠠᠷ ᠰᠠᠭᠤᠷᠢ 35 ᠲᠦᠮᠡᠨ ᠺᠢᠯᠣᠸᠠᠲ᠎ᠤᠨ ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ ᠵᠠᠯᠭᠠᠭᠠᠪᠡᠷ ᠠᠰᠢᠭ᠍ᠯᠠᠯᠲᠠ᠎ᠳᠤ ᠣᠷᠣᠬᠤ᠎ᠶᠢ ᠳᠠᠭᠠᠯᠳᠤᠨ᠂ ᠬᠣᠣᠯᠢᠨ ᠭᠣᠣᠯ᠎ᠤᠨ ᠡᠷᠬᠢᠯᠳᠡᠳᠦ ᠠᠵᠤ ᠠᠬᠤᠢ᠎ᠶᠢᠨ ᠵᠢᠱ᠌ᠢᠶ᠎ᠡ ᠦᠵᠡᠭᠦᠯᠬᠦ ᠲᠦᠷᠦᠯ ᠵᠦᠢᠯ᠎ᠢ ᠪᠦᠬᠦ ᠲᠠᠯ᠎ᠠ᠎ᠪᠠᠷ ᠪᠠᠢᠭᠤᠯᠵᠤ᠂ ᠠᠰᠢᠭ᠍ᠯᠠᠯᠲᠠ᠎ᠳᠤ ᠣᠷᠣᠭᠤᠯᠤᠬᠰᠠᠨ ᠪᠠᠢᠨ᠎ᠠ᠃
ᠬᠣᠣᠯᠢᠨ ᠭᠣᠣᠯ᠎ᠤᠨ ᠡᠷᠬᠢᠯᠳᠡᠳᠦ ᠠᠵᠤ ᠠᠬᠤᠢ᠎ᠶᠢᠨ ᠴᠠᠬᠢᠯᠭᠠᠨ ᠬᠦᠴᠦᠨ᠎ᠦ ᠬᠢᠨᠠᠨ ᠡᠵᠡᠮᠳᠡᠯ᠎ᠦᠨ ᠵᠢᠯᠤᠭᠣᠳᠬᠤ ᠲᠥᠪ᠎ᠦᠨ ᠶᠡᠬᠡ ᠲᠢᠩᠬᠢᠮ᠎ᠳᠦ ᠣᠷᠣᠬᠤ᠎ᠳᠤ᠂ ᠠᠵᠢᠯᠲᠠᠳ ᠲᠣᠮᠣ᠌ ᠳᠡᠯᠭᠡᠴᠡ ᠶᠢ ᠴᠢᠩᠭ᠎ᠠ ᠠᠵᠢᠭ᠍ᠯᠠᠵᠤ᠂ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠴᠠᠬᠢᠯᠭᠠᠨ ᠬᠦᠴᠦᠨ᠎ᠦ ᠦᠢᠯᠡᠳᠪᠦᠷᠢᠯᠡᠯ᠂ ᠬᠦᠷᠭᠡᠯᠲᠡ᠂ ᠰᠢᠩᠭᠡᠭᠡᠯᠲᠡ᠎ᠳᠦ ᠪᠦᠬᠦ ᠶᠠᠪᠤᠴᠠ᠎ᠶᠢ ᠴᠠᠭ ᠲᠤᠬᠠᠢ ᠳ᠋ᠤᠨᠢ ᠬᠢᠨᠠᠨ ᠡᠵᠡᠮᠳᠡᠵᠤ᠂ ᠤᠨᠤᠴᠠᠳᠠᠢ ᠲᠣᠬᠢᠷᠠᠭᠤᠯᠬᠤ ᠪᠠ ᠬᠠᠮᠢᠶᠠᠷᠤᠯᠲᠠ᠎ᠶᠢ ᠭᠥᠢᠴᠡᠳᠭᠡᠵᠤ ᠪᠠᠢᠯ᠎ᠠ᠃ 《2014 ᠣᠨ᠎ᠳᠤ 30 ᠲᠦᠮᠡᠨ ᠺᠢᠯᠣᠸᠠᠲ᠎ᠤᠨ ᠰᠠᠯᠬᠢᠨ ᠬᠦᠴᠦᠨ᠎ᠦ ᠴᠠᠬᠢᠯᠭᠠᠨ ᠤ ᠲᠥᠷᠥᠯ ᠵᠥᠢᠯ᠎ᠢ ᠴᠠᠬᠢᠯᠭᠠᠨ ᠲᠤᠤᠷ᠎ᠲᠦ ᠵᠠᠯᠭᠠᠵᠤ ᠣᠷᠣᠭᠤᠯᠤᠭᠰᠠᠨ᠎ᠠᠴᠠ ᠣᠳᠤᠬᠠᠨ᠎ᠤ 170 ᠲᠦᠮᠡᠨ ᠺᠢᠯᠣᠸᠠᠲ ᠤᠨ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠵᠢ ᠪᠥᠷᠢᠯᠳᠥᠭᠥᠯᠬᠥ ᠪᠣᠯᠲᠠᠯ᠎ᠠ ᠂ ᠰᠢᠨ᠎ᠡ ᠡᠨᠧᠷᠭᠢ᠎ᠶᠢᠨ ᠴᠠᠬᠢᠯᠭᠠᠨ ᠬᠡᠮᠵᠢᠯᠲᠡ᠎ᠶᠢᠨ ᠥᠪᠡᠷ᠎ᠦᠨ ᠥᠷᠲᠡᠭ ᠨᠢ ᠢᠯᠴᠢ᠎ᠶᠢᠨ ᠴᠠᠬᠢᠯᠭᠠᠨ᠎ᠤ ᠭᠤᠷᠪᠠᠨ᠎ᠤ ᠨᠢᠭᠡ᠎ᠶᠢ ᠯᠡ ᠡᠵᠡᠯᠡᠵᠦ᠂ ᠳᠤᠤᠷ᠎ᠠ ᠥᠷᠳᠡᠭ ᠪᠥᠬᠥᠢ ᠪᠤᠬᠢᠷᠳᠤᠯ ᠥᠭᠡᠢ ᠴᠠᠬᠢᠯᠭᠠᠨ᠎ᠤ ᠵᠠᠯᠭᠠᠯᠳᠠ ᠨᠢ ᠴᠠᠬᠢᠯᠭᠠᠨ᠎ᠤ ᠥᠨ᠎ᠡ ᠵᠢᠨ ᠥᠪᠡᠷ᠎ᠤᠨ ᠥᠷᠳᠡᠭ᠎ᠤᠨ ᠲᠠᠯ᠎ᠠ ᠪᠡᠷ ᠪᠥᠬᠥ ᠤᠯᠤᠰ᠎ᠤᠨ ᠴᠠᠬᠢᠯᠭᠠᠨ ᠵᠠᠳᠠᠯᠤᠯ᠎ᠤᠨ ᠬᠥᠩᠬᠡᠨᠴᠠᠭᠠᠨᠤ ᠠᠵᠢᠯ ᠲᠥᠷᠥᠯ᠎ᠤᠨ ᠬᠢᠨ ᠳ᠋ᠤ ᠬᠤᠰᠢᠭᠤᠷᠠᠵᠤ ᠪᠠᠢᠨ᠎ᠠ 》 ᠭᠡᠵᠦ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠡᠨᠧᠷᠭᠢ᠎ᠶᠢᠨ ᠰᠤᠷᠪᠤᠯᠵᠢ ᠵᠢᠨ ᠬᠤᠪᠢᠴᠠᠭᠠᠳᠥ ᠬᠢᠵᠠᠭᠠᠷᠳᠥ ᠺᠤᠮᠫᠠᠨᠢ ᠵᠢᠨ ᠶᠡᠷᠦᠩᠬᠡᠢ ᠳᠠᠭᠠᠭᠠᠮᠠᠯ᠎ᠤᠨ ᠲᠤᠰᠠᠯᠠᠭ᠍ᠴᠢ᠂ ᠴᠠᠬᠢᠯᠭᠠᠨ ᠬᠦᠴᠦᠨ᠎ᠦ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠤᠤ᠎ᠶᠢᠨ ᠢᠦᠢ ᠳᠠᠨᠢᠯᠴᠠᠭᠤᠯᠤᠨ᠎ᠠ᠃
ᠤᠯᠤᠰ᠎ᠤᠨ《ᠬᠣᠣᠰ ᠨᠡᠭᠦᠷᠡᠰᠦᠲᠥ᠋ᠷᠥᠭᠴᠢ》᠎ᠶ᠋ᠢᠨ ᠬᠠᠷᠠᠯᠲᠠ᠎ᠶᠢ ᠦᠷᠭᠦᠯᠵᠢᠯᠡᠨ ᠠᠬᠢᠭᠤᠯᠬᠤ ᠵᠢᠴᠢ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠠᠵᠢᠯ ᠲᠥᠷᠥᠯ᠎ᠦᠨ ᠪᠣᠬᠢᠷᠲᠤᠯ ᠦᠭᠡᠢ ᠴᠠᠬᠢᠯᠭᠠᠨ᠎ᠢ ᠰᠢᠩᠭᠡᠭᠡᠬᠦ ᠬᠠᠷᠢᠭᠤᠴᠠᠯᠭ᠎ᠠ᠎ᠶᠢᠨ ᠱᠠᠭᠠᠷᠳᠠᠯᠭ᠎ᠠ᠎ᠶ᠋ᠢ ᠪᠣᠳᠠᠲᠠᠢ᠎ᠪᠠᠷ ᠬᠡᠷᠡᠭᠵᠢᠭᠦᠯᠬᠦ᠎ᠶᠢ ᠳᠠᠭᠠᠯᠳᠤᠨ᠂ ᠬᠣᠥᠯᠢᠨ ᠭᠣᠣᠯ᠎ᠤᠨ ᠡᠷᠬᠢᠯᠳᠡᠳᠦ ᠠᠵᠤ ᠠᠬᠤᠢ ᠨᠢ 《ᠳᠣᠣᠷ᠎ᠠ ᠢᠯᠴᠢ᠎ᠶᠢᠨ ᠬᠡᠮᠵᠢᠭᠳᠡᠯ᠎ᠲᠠᠢ ᠨᠡᠭᠦᠷᠡᠰᠦ᠎ᠶᠢ ᠲᠤᠬᠠᠢ᠎ᠶᠢᠨ ᠭᠠᠵᠠᠷ ᠲᠤᠨᠢ ᠤᠨᠳᠤᠤᠰᠢᠭᠤᠯᠬᠤ》᠎ᠳ᠋ᠤ᠌ ᠬᠢᠵᠠᠭᠠᠷᠯᠠᠭᠳᠠᠬᠤ ᠪᠠᠨ ᠪᠤᠯᠢᠵᠤ᠂ ᠬᠠᠷᠢᠨ ᠨᠡᠭᠦᠷᠡᠰᠦᠨ ᠴᠠᠬᠢᠯᠭᠠᠨ ᠬᠢᠭᠡᠳ ᠰᠠᠯᠬᠢᠨ ᠬᠥᠴᠥᠨ᠎ᠤ ᠴᠠᠬᠢᠯᠭᠠᠨ᠂ ᠭᠡᠷᠡᠯᠴᠢ ᠴᠡᠨᠡᠭ ᠵᠡᠷᠭᠡ ᠰᠢᠨ᠎ᠡ ᠡᠨᠧᠷᠭᠢ᠎ᠶᠢ ᠬᠠᠮᠵᠢᠯᠴᠠᠭᠤᠯᠤᠨ ᠭᠦᠨᠵᠡᠭᠡᠢ ᠣᠷᠴᠢᠯᠳᠤᠭᠤᠯᠵᠤ ᠲᠠᠰ ᠳᠡᠪᠰᠢᠭᠦᠯᠥᠨ᠂《ᠨᠡᠭᠦᠷᠡᠰᠦ ᠴᠠᠬᠢᠯᠭᠠᠨ ᠬᠥᠩᠭᠡᠨᠴᠠᠭᠠᠨ 》 ᠢ᠋《ᠪᠣᠬᠢᠷᠲᠤᠯ ᠦᠭᠡᠢ ᠴᠠᠬᠢᠯᠭᠠᠨ ᠬᠥᠩᠭᠡᠨᠴᠠᠭᠠᠨ》 ᠳᠠᠢᠰᠢ ᠥᠨᠳᠥᠷ ᠪᠦᠲᠦᠮᠵᠢᠲᠡᠶ᠎ᠪᠡᠷ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠪᠠ᠃
ᠣᠢᠷ᠎ᠠ᠎ᠶᠢᠨ ᠵᠢᠯ᠎ᠡᠴᠡ ᠨᠠᠭᠠᠰᠢ᠂ ᠬᠣᠣᠯᠢᠨ ᠭᠣᠣᠯ᠎ᠤᠨ ᠡᠷᠬᠢᠯᠳᠡᠳᠦ ᠠᠵᠤ ᠠᠬᠤᠢ᠎ᠶᠢᠨ ᠵᠢᠱ᠌ᠢᠶ᠎ᠡ ᠦᠵᠡᠭᠦᠯᠬᠦ ᠢᠨᠵᠧᠨᠧᠷᠢᠩ ᠨᠢ ᠰᠢᠨ᠎ᠡ ᠡᠨᠧᠷᠭᠢ ᠪᠣᠯᠣᠨ ᠡᠨᠧᠷᠭᠢ ᠠᠴᠢᠶᠠᠯᠠᠬᠤ ᠭᠡᠮᠵᠢᠶ᠎ᠡ ᠪᠡᠷ ᠶᠡᠭᠡ ᠠᠵᠤ ᠦᠢᠯᠡᠰ᠎ᠦ᠋ᠨ ᠠᠭᠤᠰᠤᠯᠴᠠᠯ᠎ᠤᠨ ᠠᠷᠭ᠎ᠠ ᠵᠠᠮ᠎ᠢ ᠦᠷᠭᠦᠯᠵᠢᠯᠡᠨ ᠰᠦᠪᠡᠭᠴᠢᠯᠡᠵᠦ᠂ 《ᠪᠤᠬᠢᠷᠳᠥᠯ ᠥᠭᠡᠢ ᠴᠠᠬᠢᠯᠭᠠᠨ ᠬᠥᠩᠭᠡᠨᠴᠠᠭᠠᠨ 》 ᠢ᠋ ᠪᠣᠬᠢᠷᠲᠤᠯ ᠦᠭᠡᠢ ᠴᠠᠬᠢᠯᠭᠠᠨ ᠬᠦᠴᠦᠨ᠎ᠢ ᠤᠷᠳᠤ ᠬᠤᠭᠤᠴᠠᠭ᠎ᠠ᠎ᠪᠠᠷ ᠬᠠᠳᠠᠭᠠᠯᠠᠬᠤ ᠴᠢᠬᠤᠯᠠ ᠠᠴᠢᠶᠠᠯᠠᠪᠤᠷᠢ ᠪᠣᠯᠭᠠᠨ ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠪᠣᠯᠣᠨ ᠰᠢᠩᠭᠡᠬᠡᠨ ᠠᠪᠬᠤ ᠬᠠᠷᠢᠴᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃ ᠪᠦᠬᠦ ᠤᠯᠤᠰ᠎ᠤᠨ ᠠᠩᠬᠠᠳᠠᠭ᠍ᠴᠢ ᠪᠦᠯᠦᠭ 《ᠪᠤᠬᠢᠷᠳᠤᠯ ᠥᠭᠡᠢ ᠴᠠᠬᠢᠯᠭᠠᠨ ᠬᠥᠩᠭᠡᠨᠴᠠᠭᠠᠨ》᠎ᠤ ᠪᠦᠲᠦᠭᠡᠭᠳᠡᠬᠦᠨ᠎ᠦ ᠭᠡᠷᠡᠴᠢᠯᠡᠯᠲᠡ᠎ᠳᠦ᠂ ᠬᠤᠤᠯᠢᠨ ᠭᠤᠤᠯ ᠨᠡᠭᠥᠷᠡᠰᠥᠨ ᠠᠭᠤᠷᠬᠠᠢ ᠵᠢᠨ ᠬᠣᠩ ᠵᠢᠶᠦ᠋ᠨ ᠬᠥᠩᠭᠡᠨᠴᠠᠭᠠᠨ ᠴᠠᠬᠢᠯᠭᠠᠨ᠎ᠤ ᠺᠣᠮᠫᠠᠨᠢ ᠵᠢᠨ 8.6 ᠲᠦᠮᠡᠨ ᠲᠣᠨ ᠬᠥᠩᠭᠡᠨᠴᠠᠭᠠᠨ ᠲᠡᠪᠬᠡ᠂ 9.9 ᠲᠦᠮᠡᠨ ᠲᠣᠨ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠰᠢᠩᠭᠡᠨᠦ ᠭᠡᠷᠡᠴᠢᠯᠡᠯᠲᠡ᠎ᠶᠢ ᠪᠡᠶᠡᠯᠡᠭᠦᠯᠵᠦ᠂ ᠥᠨᠳᠥᠷ ᠡᠨᠧᠷᠭᠢ᠎ᠶᠢᠨ ᠠᠴᠢᠶᠠᠯᠠᠪᠥᠷᠢᠳᠥ ᠠᠵᠤ ᠦᠢᠯᠡᠰ᠎ᠦᠨ ᠪᠣᠬᠢᠷᠲᠤᠯ ᠦᠭᠡᠢ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠳᠤ ᠤᠷᠢᠳ᠎ᠢᠶᠡᠷ ᠲᠤᠷᠰᠢᠨ ᠬᠡᠷᠡᠭᠵᠢᠭᠦᠯᠵᠦ᠂ ᠤᠯᠠᠮᠵᠢᠯᠠᠯᠲᠤ ᠬᠥᠩᠭᠡᠨᠴᠠᠭᠠᠨ᠎ᠤ ᠠᠵᠤ ᠦᠢᠯᠡᠰ᠎ᠢ ᠪᠣᠬᠢᠷᠲᠤᠯ ᠦᠭᠡᠢ ᠠᠵᠤ ᠦᠢᠯᠡᠰ ᠪᠣᠯᠭᠠᠨ ᠬᠤᠪᠢᠷᠠᠭᠤᠯᠵᠠᠢ᠃ 2026 ᠣᠨ᠎ᠳᠤ᠂ ᠵᠠᠬᠠᠨᠠᠭᠤᠷ᠎ᠤᠨ 35 ᠲᠦᠮᠡᠨ ᠲᠣᠨ ᠪᠤᠬᠢᠷᠳᠤᠯ ᠥᠭᠡᠢ ᠴᠠᠬᠢᠯᠭᠠᠨ ᠬᠥᠩᠭᠡᠨᠴᠠᠭᠠᠨ᠎ᠤ ᠲᠥᠷᠥᠯ ᠵᠦᠢᠯ᠎ᠢ ᠪᠥᠬᠥ ᠪᠠᠭᠲᠠᠭᠠᠮᠵᠢ ᠪᠡᠷ ᠨᠢ ᠠᠰᠢᠭ᠍ᠯᠠᠯᠲᠠ᠎ᠳᠤ ᠣᠷᠣᠭᠤᠯᠵᠤ᠂ ᠬᠣᠥᠯᠢᠨ ᠭᠣᠣᠯ᠎ᠤᠨ ᠡᠷᠬᠢᠯᠳᠡᠳᠦ ᠠᠵᠤ ᠠᠬᠤᠢ᠎ᠶᠢᠨ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠶᠡᠷᠦᠩᠬᠡᠢ ᠦᠢᠯᠡᠳᠪᠦᠷᠢᠯᠡᠬᠦ ᠴᠢᠳᠠᠪᠤᠷᠢ᠎ᠶᠢ 121 ᠲᠦᠮᠡᠨ ᠲᠣᠨ ᠪᠣᠯᠭᠠᠨ ᠳᠡᠭᠡᠭᠰᠢᠯᠡᠭᠦᠯᠬᠦ᠎ᠶᠢ ᠰᠢᠭᠤᠳ ᠠᠬᠢᠭᠤᠯᠥᠨ᠂ ᠲᠥᠷᠥᠯ ᠵᠦᠢᠯ᠎ᠦᠨ ᠵᠢᠯ᠎ᠦᠨ ᠴᠠᠬᠢᠯᠭᠠᠨ ᠬᠡᠷᠡᠭᠯᠡᠬᠦ ᠬᠡᠮᠵᠢᠶ᠎ᠡ ᠨᠢ ᠪᠠᠷᠤᠭ 46.5 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠡᠭᠦᠨ᠎ᠳᠦ ᠪᠤᠬᠢᠷᠳᠤᠯ ᠥᠭᠡᠢ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢᠨ ᠡᠵᠡᠯᠡᠬᠦ ᠬᠠᠷᠢᠴᠠᠯ ᠨᠢ 48.67% ᠳ᠋ᠤ ᠬᠦᠷᠴᠠᠢ᠃ ᠶᠡᠬᠡ ᠬᠡᠮᠵᠢᠶᠡᠨ᠎ᠦ ᠪᠤᠬᠢᠷᠳᠤᠯ ᠥᠭᠡᠢ ᠴᠠᠬᠢᠯᠭᠠᠨ᠎ᠢ ᠲᠣᠭᠲᠠᠭᠤᠨ᠎ᠢᠶᠠᠷ ᠵᠠᠯᠭᠠᠨ ᠣᠷᠣᠭᠤᠯᠤᠬᠰᠠᠨ ᠶᠠᠪᠤᠳᠠᠯ ᠨᠢ ᠤᠯᠠᠮᠵᠢᠯᠠᠯᠲᠤ ᠡᠬᠢ ᠪᠠᠶᠠᠯᠢᠭ᠋ ᠤᠨ ᠬᠡᠯᠪᠡᠷᠢ᠎ᠶᠢᠨ ᠠᠵᠤ ᠦᠢᠯᠡᠰ᠎ᠢ ᠳᠡᠭᠡᠳᠦ ᠦᠵᠦᠭᠦᠷᠴᠢᠯᠡᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠬᠤ᠎ᠳᠤ ᠯᠠᠪᠳᠠᠭᠤᠨ ᠪᠠᠲᠤᠲᠠᠢ ᠰᠠᠭᠤᠷᠢ ᠵᠢ ᠳᠠᠯᠪᠢᠬᠰᠠᠨ ᠪᠠᠢᠨ᠎ᠠ᠃
12 ᠵᠢᠯ᠎ᠦᠨ ᠬᠥᠭᠵᠢᠯᠲᠡ ᠪᠤᠵᠠᠭᠠᠢᠷᠠᠯᠢᠶᠠᠷ ᠳᠡᠮᠵᠢᠨ᠂ ᠬᠣᠣᠯᠢᠨ ᠭᠣᠣᠯ᠎ᠤᠨ ᠣᠷᠴᠢᠯ ᠠᠵᠤ ᠠᠬᠤᠢ ᠡᠳᠦᠭᠡ ᠨᠢᠭᠡᠨᠲᠡ ᠵᠢᠯ᠎ᠳᠦ 900 ᠭᠠᠷᠤᠢ ᠲᠦᠮᠡᠨ ᠲᠣᠨ ᠳᠣᠣᠷ᠎ᠠ ᠢᠯᠴᠢ᠎ᠶᠢᠨ ᠬᠡᠮᠵᠢᠭᠳᠡᠯ᠎ᠲᠠᠢ ᠬᠦᠷᠡᠩ ᠨᠡᠭᠦᠷᠡᠰᠦ᠎ᠶᠢ ᠰᠢᠩᠭᠡᠬᠡᠨ ᠠᠪᠬᠤ 180 ᠲᠦᠮᠡᠨ ᠺᠢᠯᠣᠸᠠᠲ᠎ᠤᠨ ᠥᠪᠡᠷᠲᠡᠭᠡᠨ ᠪᠡᠯᠡᠳᠬᠡᠭᠰᠡᠨ ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ᠂ 170 ᠲᠦᠮᠡᠨ ᠺᠢᠯᠣᠸᠠᠲ᠎ᠤᠨ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠂ 121 ᠲᠦᠮᠡᠨ ᠲᠣᠨ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠬᠠᠮᠤᠷᠤᠭᠰᠠᠨ ᠠᠵᠤ ᠦᠢᠯᠡᠰ᠎ᠦᠨ ᠰᠥᠷᠥᠭᠵᠢᠯᠢ ᠪᠥᠷᠢᠯᠳᠥᠭᠥᠯᠵᠠᠢ᠃ ᠪᠥᠬᠥ ᠤᠯᠤᠰ᠎ᠤᠨ ᠴᠣᠷ᠎ᠤᠨ ᠭᠠᠭᠴᠠ ᠢᠯᠴᠢ᠎ᠶᠢᠨ ᠴᠠᠬᠢᠯᠭᠠᠨ᠂ ᠰᠠᠯᠬᠢᠨ ᠬᠦᠴᠦᠨ᠎ᠦ ᠴᠠᠬᠢᠯᠭᠠᠨ᠂ ᠰᠢᠨ᠎ᠡ ᠬᠡᠯᠪᠡᠷᠢ᠎ᠶᠢᠨ ᠡᠨᠧᠷᠭᠢ ᠬᠠᠳᠠᠭᠠᠯᠠᠬᠤ ᠵᠢᠱ᠌ᠢᠶ᠎ᠡ ᠦᠵᠡᠭᠦᠯᠬᠦ ᠪᠠ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠳᠠᠭᠠᠭᠠᠴᠠ᠎ᠶᠢ ᠵᠡᠷᠭᠡ ᠪᠡᠷ ᠬᠠᠮᠤᠷᠤᠭᠰᠠᠨ᠂ ᠪᠡᠶ᠎ᠡ᠎ᠪᠡᠨ ᠳᠠᠭᠠᠭᠠᠬᠰᠠᠨ ᠠᠵᠢᠯᠯᠠᠬᠤ ᠴᠢᠳᠠᠪᠤᠷᠢ᠎ᠲᠠᠢ᠂ ᠪᠡᠶ᠎ᠡ᠎ᠪᠡᠨ ᠳᠠᠭᠠᠭᠠᠬᠰᠠᠨ ᠲᠣᠬᠢᠷᠠᠭᠤᠯᠬᠤ ᠴᠢᠳᠠᠪᠤᠷᠢ ᠲᠠᠢ ᠠᠵᠤ ᠠᠬᠤᠢᠯᠠᠯ᠎ᠤᠨ ᠣᠶᠤᠨᠴᠢ ᠴᠠᠬᠢᠯᠭᠠᠨ ᠲᠣᠣᠷ ᠢ᠋ ᠵᠡᠷᠭᠡ ᠪᠡᠷ ᠪᠠᠢᠭᠤᠯᠪᠠ᠃ ᠤᠶᠤᠨᠴᠢ ᠴᠠᠬᠢᠯᠭᠠᠨ ᠲᠣᠣᠷ᠎ᠤᠨ ᠴᠡᠪᠡᠷ ᠡᠨᠧᠷᠭᠢ᠎ᠶᠢᠨ ᠰᠤᠷᠪᠤᠯᠵᠢ ᠵᠢ ᠶᠡᠬᠡ ᠬᠠᠷᠢᠴᠠᠯ᠎ᠢᠶᠠᠷ ᠲᠤᠬᠠᠢ᠎ᠶᠢᠨ ᠭᠠᠵᠠᠷ ᠲᠤᠨᠢ ᠰᠢᠩᠭᠡᠬᠡᠨ ᠠᠪᠬᠤ ᠪᠠ ᠥᠨᠳᠥᠷ ᠡᠨᠧᠷᠭᠢ ᠵᠢᠨ ᠠᠴᠢᠶᠠᠯᠠᠪᠥᠷᠢᠳᠥ ᠠᠵᠤ ᠦᠢᠯᠡᠰ᠎ᠦᠨ ᠬᠡᠪᠴᠢᠶᠡᠵᠢᠭᠦᠯᠦᠨ ᠴᠡᠪᠡᠷ ᠡᠨᠧᠷᠭᠢ᠎ᠶᠢᠨ ᠰᠤᠷᠪᠤᠯᠵᠢ᠎ᠶᠢ ᠬᠡᠷᠡᠭᠯᠡᠬᠦ᠎ᠶᠢ ᠠᠮᠵᠢᠯᠲᠠ ᠲᠠᠢ ᠪᠡᠶᠡᠯᠡᠭᠦᠯᠵᠦ᠂ 《ᠨᠡᠭᠦᠷᠡᠰᠦ — ᠰᠢᠨ᠎ᠡ ᠡᠨᠧᠷᠭᠢ — ᠴᠠᠬᠢᠯᠭᠠᠨ — ᠬᠥᠩᠭᠡᠨᠴᠠᠭᠠᠨ》 ᠤ᠋ ᠡᠷᠬᠢᠯᠳᠡᠳᠦ ᠠᠵᠤ ᠠᠬᠤᠢ᠎ᠶᠢᠨ ᠰᠢᠨ᠎ᠡ ᠬᠡᠪ ᠵᠠᠭᠪᠤᠷ᠎ᠢ ᠪᠤᠢ ᠪᠣᠯᠭᠠᠬᠰᠠᠨ ᠪᠠᠢᠨ᠎ᠠ᠃
ᠬᠣᠣᠯᠢᠨ ᠭᠣᠣᠯ᠎ᠤᠨ ᠡᠷᠬᠢᠯᠳᠡᠳᠦ ᠠᠵᠤ ᠠᠬᠤᠢ᠎ᠶᠢᠨ ᠵᠢᠱ᠌ᠢᠶ᠎ᠡ ᠦᠵᠡᠭᠦᠯᠬᠦ ᠢᠨᠵᠧᠨᠧᠷᠢᠩ ᠨᠢ ᠤᠷᠢᠳ ᠬᠣᠵᠢᠳ《ᠳᠤᠮᠳᠠᠳᠤ ᠤᠯᠤᠰ᠎ᠤᠨ ᠴᠠᠬᠢᠯᠭᠠᠨ ᠬᠦᠴᠦᠨ᠎ᠦ ᠴᠢᠨᠠᠷ ᠰᠠᠢᠲᠠᠢ ᠢᠨᠵᠧᠨᠧᠷᠢᠩ ᠦᠨ ᠱᠠᠩᠨᠠᠯ》᠂《ᠤᠯᠤᠰ᠎ᠤᠨ ᠴᠢᠨᠠᠷ ᠰᠠᠢᠲᠠᠢ ᠢᠨᠵᠧᠨᠧᠷᠢᠩ᠎ᠦᠨ ᠱᠠᠩᠨᠠᠯ 》 ᠂ 《ᠤᠯᠤᠰ᠎ᠤᠨ ᠴᠢᠨᠠᠷ ᠰᠠᠢᠲᠠᠢ ᠪᠡᠯᠡ ᠣᠷᠣᠭᠤᠯᠤᠯᠲᠠ ᠶᠢᠨ ᠲᠦᠷᠦᠯ ᠵᠦᠢᠯ ᠦᠨ ᠱᠠᠩᠨᠠᠯ》 ᠵᠡᠷᠭᠡ ᠤᠯᠤᠰ᠎ᠤᠨ ᠲᠡᠰ᠎ᠤᠨ ᠱᠠᠩᠨᠠᠯ ᠪᠣᠯᠣᠨ 19 ᠵᠦᠢᠯ ᠦᠨ ᠮᠤᠵᠢ ᠶᠠᠮᠤᠨ᠎ᠤ ᠲᠡᠰ ᠤᠨ ᠱᠠᠩᠨᠠᠯ᠎ᠢ ᠬᠦᠷᠲᠡᠵᠦ᠂ 2014 ᠣᠨ᠎ᠤ 12 ᠰᠠᠷ᠎ᠠ ᠳᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠦᠳᠦᠭᠦᠪᠴᠢ ᠨᠡᠶ᠋ᠢᠲᠡ᠎ᠶᠢᠨ ᠭᠡᠷ᠎ᠡ ᠶᠢᠨ ᠵᠣᠬᠢᠶᠠᠨ ᠪᠠᠢᠭᠤᠯᠤᠯᠲᠠ᠂ ᠳᠤᠮᠳᠠᠳᠤ ᠤᠯᠤᠰ᠎ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠣᠯᠪᠣᠭ᠎ᠠ᠂ ᠠᠮᠧᠷᠢᠺᠠ ᠶᠢᠨ ᠣᠷᠴᠢᠨ ᠲᠣᠭᠣᠷᠢᠨ᠎ᠤ ᠬᠠᠮᠠᠭᠠᠯᠠᠯᠲᠠ ᠶᠢᠨ ᠨᠡᠢᠭᠡᠮᠯᠢᠭ᠂ ᠳᠤᠮᠳᠠᠳᠤ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠤᠰᠬᠠᠢ ᠵᠥᠪᠯᠡᠯ ᠦᠨ ᠬᠠᠮᠲᠤᠷᠠᠨ ᠣᠯᠭᠣᠭᠰᠠᠨ 《ᠥᠨᠥᠳᠥᠷ ᠦᠨ ᠬᠤᠪᠢᠰᠤᠯᠲᠠᠲᠠᠪᠰᠢᠯᠳᠠᠶᠢᠨ ᠱᠠᠩᠨᠠᠯ》 ᠢ᠋ ᠬᠦᠷᠲᠡᠵᠡᠢ᠃ ᠠᠷᠪᠠ ᠭᠠᠷᠤᠢ ᠵᠢᠯ ᠦᠨ ᠦᠢᠯᠡᠳᠦᠯᠭᠡ᠎ᠶᠢᠨ ᠰᠢᠯᠭᠠᠯᠲᠠ᠎ᠶᠢ ᠥᠩᠭᠡᠷᠡᠭᠡᠭᠰᠡᠨ ᠡᠨᠡ ᠬᠦ᠌ ᠪᠣᠯᠪᠠᠰᠤᠷᠠᠩᠭᠤᠢ ᠵᠠᠭᠪᠤᠷ ᠢ ᠣᠳᠣᠬᠠᠨ᠎ᠳᠤ ᠰᠢᠯᠢ᠎ᠶᠢᠨ ᠭᠣᠣᠯ ᠠᠢᠮᠠᠭ᠎ᠤᠨ ᠪᠠᠶᠠᠨᠬᠤᠧᠠ ᠣᠷᠣᠨ᠎ᠳᠤ ᠠᠮᠵᠢᠯᠲᠠ᠎ᠲᠠᠢ ᠪᠠᠷ ᠬᠠᠭᠤᠯᠪᠤᠷᠢᠯᠠᠨ ᠳᠡᠯᠭᠡᠷᠡᠭᠦᠯᠵᠦ᠂ ᠥᠪᠥᠷ ᠮᠣᠩᠭᠣᠯ᠂ ᠴᠢᠨᠠᠭᠰᠢᠯᠠᠪᠠᠯ ᠪᠥᠬᠥ ᠤᠯᠤᠰ ᠤᠨ ᠡᠬᠢ ᠪᠠᠶᠠᠯᠢᠭ᠋ ᠤᠨ ᠬᠡᠯᠪᠡᠷᠢ᠎ᠶᠢᠨ ᠭᠠᠵᠠᠷ ᠣᠷᠣᠨ ᠤ ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠬᠤ ᠳᠤ ᠨᠠᠢᠳᠠᠪᠤᠷᠢᠵᠢᠭᠤᠯᠵᠤ ᠪᠣᠯᠬᠤ᠂ ᠬᠠᠭᠤᠯᠪᠤᠷᠢᠯᠠᠵᠤ ᠪᠣᠯᠬᠤ ᠰᠢᠨ᠎ᠡ ᠵᠠᠭᠪᠤᠷ᠎ᠢ ᠬᠠᠩᠭᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃