ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-09-12 13:17:57

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

ᠤᠷᠳᠤᠰ ᠬᠤᠲᠠ ᠵᠢᠨ ᠦᠦᠰᠢᠨ ᠬᠣᠰᠢᠭᠤ ᠨᠢ ᠥᠪᠥᠷ ᠮᠣᠩᠭᠣᠯ ᠱᠠᠨᠰᠢ ᠨᠢᠩᠰᠢᠶᠠ ᠵᠢᠨ ᠠᠭᠤᠯᠵᠠᠷ ᠲᠤ᠌ ᠪᠠᠢᠷᠢᠯᠠᠨ᠂ ᠭᠤᠷᠪᠠᠨ ᠮᠤᠵᠢ ᠤᠷᠤᠨ ᠤ᠋ ᠬᠠᠷᠢᠯᠴᠠᠭ᠎ᠠ ᠶᠠᠪᠤᠯᠴᠠᠭ᠎ᠠ ᠶ᠋ᠢᠨ ᠴᠢᠬᠤᠯᠠ ᠪᠤᠭᠤᠮᠳᠠ ᠪᠤᠯᠬᠤ ᠶᠤᠮ᠃ ᠳᠤᠰ ᠬᠤᠰᠢᠭᠤ ᠡᠨᠡ ᠬᠦ᠌ ᠳᠠᠪᠠᠭᠤᠯᠢᠭ ᠶ᠋ᠢᠡᠨ ᠪᠠᠳᠠᠷᠠᠭᠤᠯᠵᠤ᠂ ᠣᠷᠣᠨ ᠪᠦᠰᠡ ᠠᠯᠤᠰᠯᠠᠭᠰᠠᠨ ᠰᠣᠶᠣᠯ ᠵᠢᠭᠤᠯᠴᠢᠯᠠᠯ ᠤ᠋ᠨ ᠬᠥᠭᠵᠢᠯᠲᠡ᠎ᠵᠢᠨ ᠲᠣᠭᠲᠠᠴᠠ ᠵᠢ ᠭᠦᠨᠵᠡᠭᠡᠢᠷᠡᠭᠦᠯᠦᠨ᠂ ᠮᠤᠵᠢ ᠠᠯᠤᠰᠯᠠᠭᠰᠠᠨ ᠰᠣᠶᠣᠯ ᠵᠢᠭᠤᠯᠴᠢᠯᠠᠯ ᠤ᠋ᠨ ᠲᠠᠨᠢᠯᠴᠠᠭᠤᠯᠭ᠎ᠠ᠂ ᠡᠬᠢ ᠪᠠᠶᠠᠯᠢᠭ᠋ ᠢ᠋ ᠬᠠᠮᠲᠤ ᠪᠠᠷ ᠡᠳ᠋ᠯᠡᠬᠦ᠂ ᠵᠢᠭᠤᠯᠴᠢᠯᠠᠭᠰᠠᠳ ᠤ᠋ᠨ ᠢᠷᠡᠯᠲᠡ ᠵᠢ ᠬᠠᠮᠲᠤ ᠪᠠᠷ ᠡᠳ᠋ᠯᠡᠬᠦ ᠬᠠᠮᠲᠤᠷᠠᠯᠴᠠᠭ᠎ᠠ ᠵᠢ ᠪᠠᠢᠩᠭᠤᠵᠢᠭᠤᠯᠤᠨ ᠥᠷᠨᠢᠭᠦᠯᠵᠦ᠂ ᠣᠷᠣᠨ ᠪᠦᠰᠡ ᠵᠢᠨ ᠰᠣᠶᠣᠯ ᠵᠢᠭᠤᠯᠴᠢᠯᠠᠯ ᠤ᠋ᠨ ᠬᠣᠯᠪᠤᠭᠠᠯᠠᠨ ᠬᠥᠳᠡᠯᠦᠯᠴᠡᠬᠦ ᠬᠥᠭᠵᠢᠯᠲᠡ ᠵᠢᠨ ᠵᠠᠮ ᠢ᠋ ᠨᠡᠪᠲᠡᠷᠡᠭᠦᠯᠵᠦ᠂ ᠤᠷᠤᠨ ᠪᠦᠰᠡ ᠠᠯᠤᠰᠯᠠᠬᠰᠠᠨ ᠰᠤᠶᠤᠯ ᠵᠢᠭᠤᠯᠴᠢᠯᠠᠯ᠎ᠤᠨ ᠬᠦᠭᠵᠢᠯᠲᠡ ᠵᠢ ᠪᠦᠬᠦ ᠬᠦᠴᠦᠨ ᠵᠢᠡᠷ᠎ᠵᠢᠡᠨ ᠠᠬᠢᠭᠤᠯᠵᠤ ᠪᠤᠢ᠃

ᠤᠷᠳᠤᠰ ᠬᠤᠳᠠ ᠶ᠋ᠢᠨ ᠦᠦᠰᠢᠨ ᠬᠤᠰᠢᠭᠤᠨ ᠤ᠋ 2026 ᠤᠨ ᠤ᠋ ᠨᠠᠭᠠᠳᠤᠮ ᠤ᠋ᠨ ᠬᠤᠷᠠᠯ ᠤ᠋ᠨ ᠬᠤᠭᠤᠴᠠᠭᠠᠨ ᠳ᠋ᠤ ᠭᠠᠯᠠᠭᠤᠳᠤ ᠪᠠᠯᠭᠠᠰᠤᠨ ᠤ᠋ ᠰᠠᠭᠠᠯᠢ ᠶ᠋ᠢᠨ ᠵᠢᠵᠢᠭ ᠪᠠᠯᠭᠠᠰᠤᠨ ᠤ᠋ ᠪᠡᠶᠡᠴᠢᠯᠡᠨ ᠤᠢᠯᠠᠭᠠᠬᠤ ᠳᠡᠯᠭᠡᠭᠦᠷ ᠲᠤ᠌ ᠱᠠᠨᠰᠢ ᠮᠤᠵᠢ ᠶ᠋ᠢᠨ ᠳᠡᠮᠡᠭᠡᠳᠦ ᠬᠤᠳᠠ ᠡᠴᠡ ᠢᠷᠡᠭᠰᠡᠨ ᠵᠢᠭᠤᠯᠴᠢᠯᠠᠭᠴᠢ ᠸᠠᠩ ᠠᠪᠤᠭᠠᠢ ᠬᠦᠦ ᠳᠠᠢ ᠪᠡᠨ ᠴᠤᠭ ᠳᠡᠯᠭᠡᠭᠦᠷ ᠤ᠋ᠨ ᠠᠵᠢᠯᠳᠠᠨ ᠤ᠋ ᠳᠠᠭᠠᠭᠤᠯᠭ᠎ᠠ ᠪᠡᠷ ᠦᠷᠦᠮ᠎ᠡ ᠳᠠᠢ ᠪᠤᠤᠪᠤ ᠬᠢᠨ᠎ᠡ᠃

《ᠮᠤᠩᠭᠤᠯ ᠵᠠᠩ ᠦᠢᠯᠡ ᠪᠤᠯᠤᠨ ᠴᠠᠭᠠᠨ ᠢᠳᠡᠭᠡᠨ ᠬᠢᠬᠦ ᠵᠢ ᠪᠡᠶᠡᠴᠢᠯᠡᠨ ᠤᠢᠯᠠᠭᠠᠬᠤ ᠵᠢ ᠮᠠᠰᠢ ᠬᠦᠰᠡᠵᠦ ᠪᠠᠢᠭᠰᠠᠨ᠂ ᠡᠨᠡ ᠤᠳᠠᠭ᠎ᠠ ᠬᠦᠦ ᠳᠠᠢ ᠪᠡᠨ ᠴᠤᠭ ᠢᠷᠡᠭᠡᠳ ᠦᠷᠦᠮ᠎ᠡ ᠳᠠᠢ ᠪᠤᠤᠪᠦ ᠬᠢᠵᠦ ᠦᠵᠡᠯ᠎ᠡ᠃ ᠦᠦᠰᠢᠨ ᠬᠤᠰᠢᠭᠤ ᠳᠡᠮᠡᠭᠡᠳᠦ ᠡᠴᠡ ᠤᠢᠷᠠᠬᠠᠨ ᠪᠤᠯᠬᠤᠷ ᠪᠢᠳᠠ ᠮᠠᠰᠢᠨ ᠶ᠋ᠢᠡᠷ ᠎ᠵᠢᠡᠨ ᠴᠢᠯᠦᠭᠡᠳᠡᠢ ᠠᠶᠠᠯᠠᠬᠤ ᠳ᠋ᠤ ᠮᠠᠰᠢ ᠳᠤᠬᠢᠷᠠᠮᠵᠢᠳᠠᠢ》 ᠭᠡᠵᠦ ᠸᠠᠩ ᠠᠪᠤᠭᠠᠢ ᠪᠠᠶᠠᠷᠯᠠᠨ ᠶᠠᠷᠢᠯ᠎ᠠ᠃

ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠨᠢ ᠳᠦᠷᠢᠮ ᠤ᠋ᠨ ᠪᠠᠲᠤᠯᠠᠭ᠎ᠠ ᠪᠣᠯᠣᠨ ᠲᠦᠷᠦ ᠵᠢᠨ ᠪᠣᠳᠣᠯᠭ᠎ᠠ ᠵᠢᠨ ᠳᠠᠮᠵᠢᠯᠭᠡ ᠡᠴᠡ ᠰᠠᠯᠵᠤ ᠴᠢᠳᠠᠬᠤ ᠦᠭᠡᠢ ᠶᠤᠮ᠃ ᠦᠦᠰᠢᠨ ᠬᠣᠰᠢᠭᠤ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠬᠥᠭᠵᠢᠯᠲᠡ ᠵᠢᠨ ᠲᠦᠷᠦ ᠵᠢᠨ ᠪᠣᠳᠣᠯᠭ᠎ᠠ ᠵᠢᠨ ᠰᠢᠰᠲ᠋ᠧᠮ ᠶ᠋ᠢᠡᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤ᠋ᠨ ᠦᠢᠯᠡᠰ ᠢ᠋ ᠴᠢᠨᠠᠷ ᠰᠠᠢᠲᠠᠢ ᠬᠥᠭᠵᠢᠭᠦᠯᠬᠦ ᠵᠢ ᠬᠡᠷᠡᠭᠵᠢᠭᠦᠯᠬᠦ ᠰᠠᠨᠠᠯ᠂ ᠭᠠᠳᠠᠨᠠᠬᠢ ᠬᠦᠮᠦᠰ ᠤ᠋ᠨ ᠳᠤᠰ ᠬᠣᠰᠢᠭᠤᠨ ᠳ᠋ᠤ ᠢᠷᠡᠵᠦ ᠵᠢᠭᠤᠯᠴᠢᠯᠠᠬᠤ ᠵᠢ ᠵᠣᠷᠢᠭ᠍ᠵᠢᠭᠤᠯᠬᠤ ᠠᠷᠭ᠎ᠠ ᠵᠡᠷᠭᠡ ᠠᠯᠢ ᠤᠯᠠᠨ ᠢᠵᠢ ᠪᠦᠷᠢᠳᠦᠭᠰᠡᠨ ᠠᠷᠭ᠎ᠠ ᠬᠡᠮᠵᠢᠶ᠎ᠡ ᠵᠢ ᠲᠣᠭᠲᠠᠭᠠᠨ᠂ ᠵᠢᠭᠤᠯᠴᠢᠯᠠᠭᠴᠢ ᠶ᠋ᠢᠨ ᠵᠠᠬ᠎ᠠ ᠳᠡᠯᠭᠡᠭᠦᠷ ᠢ᠋ ᠦᠷᠭᠡᠳᠬᠡᠬᠦ᠂ ᠪᠤᠳᠠᠰ ᠤ᠋ᠨ ᠪᠤᠰᠤ ᠰᠤᠶᠤᠯ ᠤ᠋ᠨ ᠦᠪ ᠢ᠋ ᠤᠯᠠᠮᠵᠢᠯᠠᠬᠤ᠂ ᠵᠢᠭᠤᠯᠴᠢᠯᠠᠭᠰᠠᠳ᠎ᠢ ᠨᠡᠮᠡᠭᠳᠡᠬᠦᠯᠬᠦ᠂ ᠠᠷᠠᠳ ᠲᠤ᠌ ᠠᠰᠢᠭ᠋ ᠬᠦᠷᠲᠡᠭᠡᠬᠦ ᠬᠡᠷᠡᠭᠯᠡᠭᠡ ᠵᠡᠷᠭᠡ ᠤᠯᠠᠨ ᠲᠠᠯ᠎ᠠ ᠡᠴᠡ ᠤᠨᠤᠴᠠᠲᠠᠢ ᠬᠦᠴᠦᠯᠡᠵᠡᠢ᠃ ᠳᠤᠬᠠᠢᠯᠠᠪᠠᠯ᠂ ᠲᠣᠰ ᠬᠣᠰᠢᠭᠤᠨ ᠤ᠋ ᠡᠳ᠋ ᠤ᠋ᠨ ᠵᠠᠰᠠᠭ ᠡᠴᠡ ᠰᠣᠶᠣᠯ ᠵᠢᠭᠤᠯᠴᠢᠯᠠᠯ ᠤ᠋ᠨ ᠲᠤᠰᠬᠠᠢ ᠪᠡᠯᠡ ᠣᠷᠣᠭᠤᠯᠤᠯᠲᠠ ᠵᠢ ᠦᠷᠭᠦᠯᠵᠢᠯᠡᠨ ᠪᠠᠲᠤᠯᠠᠵᠤ᠂ ᠪᠦᠯᠬᠦᠮ ᠪᠠᠢᠭᠤᠯᠵᠤ ᠵᠢᠭᠤᠯᠴᠢᠯᠠᠭᠰᠠᠳ᠎ᠢ ᠲᠠᠲᠠᠭᠰᠠᠨ ᠱᠠᠩᠨᠠᠯ᠂ ᠰᠣᠶᠣᠯ ᠵᠢᠭᠤᠯᠴᠢᠯᠠᠯ ᠤ᠋ᠨ ᠰᠢᠭᠤᠳ ᠨᠡᠪᠲᠡᠷᠡᠬᠦ ᠲᠡᠷᠭᠡ ᠵᠢᠨ ᠨᠥᠬᠥᠪᠦᠷᠢ᠂ ᠠᠷᠠᠳ ᠲᠤ᠌ ᠠᠰᠢᠭ᠋ ᠬᠦᠷᠲᠡᠭᠡᠬᠦ ᠵᠢᠭᠤᠯᠴᠢᠯᠠᠯ ᠤ᠋ᠨ ᠠᠵᠢᠯᠯᠠᠭ᠎ᠠ ᠵᠡᠷᠭᠡ ᠪᠣᠳᠠᠲᠠᠢ ᠵᠢ ᠡᠷᠬᠢᠮᠯᠡᠬᠦ ᠠᠷᠭ᠎ᠠ ᠬᠡᠮᠵᠢᠶ᠎ᠡ ᠵᠢ ᠨᠠᠢᠳᠠᠪᠤᠷᠢᠵᠢᠭᠤᠯᠬᠤ ᠪᠡᠷ ᠳᠠᠮᠵᠢᠭᠤᠯᠵᠤ᠂ ᠰᠣᠶᠣᠯ ᠵᠢᠭᠤᠯᠴᠢᠯᠠᠯ ᠤ᠋ᠨ ᠬᠡᠷᠡᠭᠯᠡᠭᠡᠨ ᠤ᠋ ᠵᠠᠬ᠎ᠠ ᠳᠡᠯᠭᠡᠭᠦᠷ ᠢ᠋ ᠦᠷᠭᠦᠯᠵᠢᠯᠡᠨ ᠬᠥᠭᠵᠢᠭᠡᠵᠦ᠂ 《ᠨᠤᠮᠢᠨ ᠨᠤᠭᠤᠭᠠᠨ ᠦᠦᠰᠢᠨ·ᠮᠠᠯᠴᠢᠨ ᠤ᠋ ᠬᠣᠲᠠ》 ᠭᠡᠬᠦ ᠰᠣᠶᠣᠯ ᠵᠢᠭᠤᠯᠴᠢᠯᠠᠯ ᠤ᠋ᠨ ᠲᠥᠷᠥᠯ ᠲᠡᠮᠳᠡᠭ᠎ᠤᠨ ᠨᠥᠯᠥᠭᠡᠯᠡᠬᠦ ᠬᠦᠴᠦᠨ᠂ ᠲᠠᠲᠠᠬᠤ ᠬᠦᠴᠦᠨ ᠢ᠋ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠥ ᠠᠷᠠᠳ ᠶ᠋ᠢᠡᠷ ᠶ᠋ᠢᠡᠨ ᠬᠠᠮᠲᠤ ᠪᠡᠷ ᠡᠳ᠋ᠯᠡᠬᠦ ᠪᠥᠬᠥ ᠬᠦᠷᠢᠶ᠎ᠡ ᠴᠠᠷᠠᠭᠠᠨ ᠤ᠋ ᠵᠢᠭᠤᠯᠴᠢᠯᠠᠯ ᠤ᠋ᠨ ᠬᠥᠭᠵᠢᠯᠲᠡ ᠵᠢᠨ ᠪᠠᠢᠷᠢᠰᠢᠯ ᠢ᠋ ᠪᠣᠢ ᠪᠣᠯᠭᠠᠵᠠᠢ᠃

ᠤᠯᠠᠨ ᠡᠰᠢᠵᠢᠭᠰᠡᠨ ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠭᠡᠯᠪᠡᠷᠢ ᠨᠢ ᠵᠢᠭᠤᠯᠴᠢᠯᠠᠭᠰᠠᠳ ᠢ᠋ ᠳᠠᠳᠠᠨ ᠠᠪᠴᠢᠷᠠᠬᠤ᠂ ᠵᠢᠭᠤᠯᠴᠢᠯᠠᠭᠰᠠᠳ ᠤ᠋ᠨ ᠵᠠᠬ᠎ᠠ ᠳᠡᠯᠭᠡᠭᠦᠷ ᠢ᠋ ᠦᠷᠭᠡᠳᠬᠡᠬᠦ ᠳ᠋ᠤ ᠴᠢᠬᠤᠯᠠ ᠦᠢᠯᠡᠳᠦᠯ ᠦᠵᠡᠬᠦᠯᠳᠡᠭ᠃ ᠳᠤᠰ ᠬᠤᠰᠢᠭᠤ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠬᠦᠷᠢᠶᠡᠯᠡᠩ᠂ ᠬᠥᠳᠡᠭᠡ ᠲᠣᠰᠬᠣᠨ ᠤ᠋ ᠭᠡᠷ ᠪᠠᠭᠤᠳᠠᠯ᠂ ᠬᠡᠭᠡᠷ᠎ᠡ ᠭᠠᠳᠠᠨ᠎ᠠ ᠬᠣᠨᠣᠭᠯᠠᠬᠤ᠂ ᠣᠨᠴᠠᠯᠢᠭ᠍ᠲᠤ ᠠᠮᠲᠠᠲᠤ ᠢᠳᠡᠭᠡᠨ ᠤ᠋ ᠵᠡᠭᠡᠯᠢ ᠲᠣᠭᠣᠷᠢᠭ᠋ ᠵᠡᠷᠭᠡ ᠤᠯᠠᠨ ᠡᠰᠢᠲᠦ ᠡᠵᠡᠩᠨᠡᠯᠲᠡ ᠵᠢᠨ ᠬᠡᠯᠪᠡᠷᠢ ᠵᠢ ᠪᠣᠢᠵᠢᠭᠤᠯᠵᠤ᠂ ᠨᠢᠭᠡ ᠪᠦᠯᠦᠭ ᠣᠷᠣᠨ ᠨᠤᠲᠤᠭᠴᠢᠯᠠᠭᠰᠠᠨ᠂ ᠣᠨᠴᠠᠯᠢᠭ᠍ᠲᠤ ᠰᠣᠶᠣᠯ ᠵᠢᠭᠤᠯᠴᠢᠯᠠᠯ ᠤ᠋ᠨ ᠪᠦᠲᠦᠭᠡᠭᠳᠡᠬᠦᠨ ᠢ᠋ ᠨᠡᠪᠴᠢᠭᠦᠯᠵᠦ᠂ ᠮᠠᠯ ᠠᠵᠤ ᠠᠬᠤᠢ ᠲᠠᠷᠢᠶᠠᠯᠠᠩ᠎ᠤᠨ ᠣᠨᠴᠠ ᠭᠠᠷᠤᠯᠲᠠ ᠪᠠ ᠪᠣᠳᠠᠰ ᠤ᠋ᠨ ᠪᠤᠰᠤ ᠰᠣᠶᠣᠯ ᠢ᠋ ᠵᠢᠭᠤᠯᠴᠢᠯᠠᠯ ᠤ᠋ᠨ ᠬᠡᠷᠡᠭᠯᠡᠭᠡᠨ ᠤ᠋ ᠪᠦᠲᠦᠭᠡᠭᠳᠡᠬᠦᠨ ᠪᠣᠯᠭᠠᠨ ᠬᠤᠪᠢᠷᠠᠭᠤᠯᠵᠥ᠂ ᠰᠣᠶᠣᠯ ᠵᠢᠭᠤᠯᠴᠢᠯᠠᠯ ᠤ᠋ᠨ ᠠᠵᠤ ᠦᠢᠯᠡᠰ ᠪᠣᠯᠣᠨ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ᠂ ᠣᠨᠴᠠᠯᠢᠭ᠍ᠲᠤ ᠠᠵᠤ ᠦᠢᠯᠡᠰ ᠢ᠋ ᠭᠦᠨᠵᠡᠭᠡᠢ ᠬᠣᠯᠪᠣᠯᠳᠤᠭᠤᠯᠬᠤ ᠵᠢ ᠪᠡᠶᠡᠯᠡᠭᠦᠯᠵᠡᠢ᠃ ᠣᠲᠣᠬᠠᠨ ᠪᠣᠯᠲᠠᠯ᠎ᠠ᠂ ᠦᠦᠰᠢᠨ ᠬᠣᠰᠢᠭᠤ A ᠲᠠᠰ ᠤ᠋ᠨ ᠦᠵᠡᠮᠵᠢ ᠵᠢᠨ ᠣᠷᠣᠨ 7᠂ ᠰᠤᠶᠤᠯ ᠵᠢᠭᠤᠯᠴᠢᠯᠠᠯ ᠤ᠋ᠨ ᠬᠠᠮᠢᠶ᠎ᠡ ᠪᠦᠬᠦᠢ ᠠᠵᠢᠯ ᠢ᠋ ᠡᠷᠬᠢᠯᠡᠵᠦ ᠪᠠᠢᠭ᠎ᠠ ᠠᠵᠤ ᠠᠬᠤᠢᠯᠠᠯ 75᠂ ᠬᠦᠳᠡᠭᠡ ᠳᠤᠰᠬᠤᠨ ᠤ᠋ ᠵᠢᠭᠤᠯᠴᠢᠯᠠᠯ ᠢ᠋ ᠡᠷᠬᠢᠯᠡᠵᠦ ᠪᠠᠢᠭ᠎ᠠ ᠡᠷᠦᠬᠡ 36 ᠪᠠᠢᠵᠤ᠂ ᠪᠡᠶᠡᠴᠢᠯᠡᠨ ᠤᠢᠯᠠᠭᠠᠬᠤ ᠵᠢᠭᠤᠯᠴᠢᠯᠠᠯ᠂ ᠰᠤᠷᠴᠤ ᠰᠤᠳᠤᠯᠬᠤ ᠵᠢᠭᠤᠯᠴᠢᠯᠠᠯ᠂ ᠪᠡᠶ᠎ᠡ ᠶ᠋ᠢᠨ ᠳᠠᠮᠢᠷ᠎ᠤᠨ ᠤᠷᠤᠯᠳᠤᠭᠠᠨ᠂ ᠬᠦᠳᠡᠭᠡ ᠳᠤᠰᠬᠤᠨ ᠤ᠋ ᠵᠢᠭᠤᠯᠴᠢᠯᠠᠯ ᠵᠡᠷᠭᠡ ᠤᠯᠠᠨ ᠬᠦᠷᠢᠶ᠎ᠡ ᠴᠠᠷᠠᠭ᠎ᠠ ᠵᠢ ᠠᠭᠤᠰᠤᠯᠴᠠᠭᠤᠯᠤᠭᠰᠠᠨ ᠵᠢᠭᠤᠯᠴᠢᠯᠠᠯ ᠤ᠋ᠨ ᠡᠵᠡᠩᠨᠡᠯᠳᠡ ᠶ᠋ᠢᠨ ᠪᠡᠶᠡᠴᠢ ᠴᠤᠭᠴᠠ ᠵᠢ ᠪᠦᠷᠢᠯᠳᠦᠬᠦᠯᠵᠡᠢ᠃

ᠡᠭᠦᠨ ᠤ᠋ ᠬᠠᠮᠲᠤ᠂ ᠦᠦᠰᠢᠨ ᠬᠤᠰᠢᠭᠤ ᠰᠣᠶᠣᠯ ᠵᠢᠭᠤᠯᠴᠢᠯᠠᠯ ᠤ᠋ᠨ ᠦᠢᠯᠡᠰ ᠤ᠋ᠨ ᠶᠠᠰᠤ ᠴᠢᠨᠠᠷ ᠢ᠋ ᠳᠡᠭᠡᠭᠰᠢᠯᠡᠭᠦᠯᠵᠦ ᠦᠷ᠎ᠡ ᠠᠰᠢᠭ᠋ ᠢ᠋ ᠨᠡᠮᠡᠭᠳᠡᠭᠦᠯᠬᠦ ᠵᠢ ᠴᠢᠬᠤᠯᠠᠴᠢᠯᠠᠵᠦ᠂ ᠰᠣᠶᠣᠯ ᠤ᠋ᠨ ᠪᠠᠭᠤᠷᠢ ᠵᠢ ᠬᠠᠮᠠᠭᠠᠯᠠᠨ ᠠᠰᠢᠭ᠍ᠯᠠᠬᠤ᠂ ᠦᠵᠡᠮᠵᠢ ᠵᠢᠨ ᠣᠷᠣᠨ ᠤ᠋ ᠰᠠᠭᠤᠷᠢ ᠲᠥᠬᠦᠭᠡᠷᠦᠮᠵᠢ ᠪᠠ ᠦᠢᠯᠡᠴᠢᠯᠡᠭᠡ ᠵᠢ ᠰᠢᠯᠢᠳᠡᠭᠵᠢᠬᠦᠯᠬᠦ ᠵᠡᠷᠭᠡ ᠵᠢ ᠴᠢᠩᠭ᠎ᠠ ᠠᠳᠬᠤᠨ᠂ ᠰᠠᠭᠠᠯᠢ ᠶ᠋ᠢᠨ ᠵᠢᠵᠢᠭ ᠪᠠᠯᠭᠠᠰᠤᠨ᠎ᠤ ᠪᠡᠶᠡᠴᠢᠯᠡᠨ ᠤᠢᠯᠠᠭᠠᠬᠤ ᠳᠡᠯᠭᠡᠬᠦᠷ᠂ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠪᠦᠲᠦᠭᠡᠯᠴᠢ ᠰᠡᠳᠭᠢᠮᠵᠢ ᠶ᠋ᠢᠨ ᠠᠵᠤ ᠦᠢᠯᠡᠰ᠎ᠤᠨ ᠬᠦᠷᠢᠶᠡᠯᠡᠩ᠂ ᠵᠢᠷᠤᠭ᠎ᠠ ᠮᠤᠷᠢᠨ ᠤ᠋ ᠰᠤᠶᠤᠯ ᠵᠢᠭᠤᠯᠴᠢᠯᠠᠯ ᠤ᠋ᠨ ᠤᠷᠤᠨ ᠵᠡᠷᠭᠡ ᠤᠯᠠᠨ ᠬᠡᠯᠪᠡᠷᠢ ᠶ᠋ᠢᠨ ᠪᠡᠶᠡᠴᠢᠯᠡᠨ ᠤᠢᠯᠠᠭᠠᠬᠤ ᠳᠦᠷᠦᠯ ᠵᠦᠢᠯ ᠢ᠋ ᠭᠠᠷᠭᠠᠵᠤ᠂ ᠵᠢᠭᠤᠯᠴᠢᠯᠠᠭᠰᠠᠳ ᠲᠤ᠌ ᠠᠷᠠᠳ ᠤ᠋ᠨ ᠵᠠᠩ ᠦᠢᠯᠡ᠂ ᠠᠮᠳᠠᠳᠤ ᠢᠳᠡᠭᠡᠨ ᠵᠡᠷᠭᠡ ᠵᠢ ᠪᠡᠶᠡᠴᠢᠯᠡᠨ ᠤᠢᠯᠠᠭᠠᠭᠤᠯᠵᠤ᠂ ᠰᠡᠯᠡᠬᠦᠨ ᠳᠠᠭᠠᠳᠠᠢ ᠵᠤᠭᠠᠯᠠᠭᠤᠯᠤᠨ᠂ ᠪᠡᠶ᠎ᠡ ᠰᠡᠳᠬᠢᠯ ᠤ᠋ᠨ ᠠᠯᠵᠢᠶᠠᠯ ᠢ᠋ ᠨᠢ ᠳᠠᠢᠯᠬᠤ ᠵᠢ ᠵᠤᠷᠢᠵᠠᠢ᠃ ᠲᠠᠩ ᠴᠤᠯᠭᠤᠢ ᠵᠢᠭᠤᠯᠴᠢᠯᠠᠯ ᠡᠴᠡ ᠵᠠᠢᠯᠠᠰᠬᠢᠬᠦ ᠶ᠋ᠢᠨ ᠳᠦᠯᠦᠭᠡ᠂ ᠬᠠᠭᠤᠴᠢ ᠰᠤᠳᠤᠯᠤᠯ ᠢ᠋ ᠤᠢᠯᠠᠭᠠᠬᠤ᠂ ᠠᠮᠢ ᠠᠬᠤᠢ ᠵᠢᠨ ᠰᠡᠯᠡᠭᠦᠴᠡᠯ ᠵᠢᠭᠤᠯᠴᠢᠯᠠᠯ᠂ ᠬᠤᠪᠢᠰᠬᠠᠯᠲᠤ ᠬᠥᠮᠦᠵᠢᠯ᠂ ᠠᠷᠠᠳ ᠤ᠋ᠨ ᠵᠠᠩ ᠦᠢᠯᠡ ᠵᠢ ᠣᠢᠯᠠᠭᠠᠬᠤ᠂ ᠬᠥᠳᠡᠭᠡ ᠲᠣᠰᠬᠣᠨ ᠤ᠋ ᠠᠮᠠᠷᠠᠯᠲᠠ᠂ ᠪᠡᠶ᠎ᠡ ᠵᠢᠨ ᠲᠠᠮᠢᠷ᠎ᠤᠨ ᠤᠷᠤᠯᠳᠤᠭᠠᠨ ᠵᠡᠷᠭᠡ 6 ᠰᠣᠳᠣᠨ ᠵᠢᠭᠤᠯᠴᠢᠯᠠᠯ ᠤ᠋ᠨ ᠵᠠᠮ ᠭᠠᠷᠭᠠᠨ᠂ ᠵᠢᠭᠤᠯᠴᠢᠯᠠᠯ ᠤ᠋ᠨ ᠶᠠᠰᠤ ᠴᠢᠨᠠᠷ ᠢ᠋ ᠳᠡᠭᠡᠭᠰᠢᠯᠡᠬᠦᠯᠪᠡ᠃

ᠤᠢᠷ᠎ᠠ ᠶ᠋ᠢᠨ ᠵᠢᠯ ᠡᠴᠡ ᠨᠠᠭᠠᠰᠢ᠂ ᠦᠦᠰᠢᠨ ᠬᠣᠰᠢᠭᠤ ᠥᠪᠡᠷᠮᠢᠴᠡ ᠠᠮᠢ ᠠᠬᠤᠢ ᠵᠢᠨ ᠳᠠᠪᠠᠭᠤᠯᠢᠭ᠋᠂ ᠭᠦᠨ ᠵᠤᠵᠠᠭᠠᠨ ᠲᠡᠦᠬᠡ ᠰᠣᠶᠣᠯ ᠪᠣᠯᠣᠨ ᠤᠯᠠᠮᠵᠢᠯᠠᠯᠳᠤ ᠠᠷᠠᠳ ᠤ᠋ᠨ ᠵᠠᠩ ᠦᠢᠯᠡ ᠵᠢᠨ ᠠᠭᠤᠯᠤᠭᠳᠠᠬᠤᠨ ᠳ᠋ᠠᠭᠠᠨ ᠰᠠᠭᠤᠷᠢᠯᠠᠵᠤ᠂ ᠰᠣᠶᠣᠯ ᠶ᠋ᠢᠡᠷ ᠵᠢᠭᠤᠯᠴᠢᠯᠠᠯ ᠢ᠋ ᠱᠤᠭᠤᠬᠤ᠂ ᠵᠢᠭᠤᠯᠴᠢᠯᠠᠯ ᠶ᠋ᠢᠡᠷ ᠰᠣᠶᠣᠯ ᠢ᠋ ᠲᠤᠪᠤᠢ᠍ᠢᠯᠭᠠᠬᠤ ᠵᠢ ᠠᠬᠢᠭᠤᠯᠤᠨ᠂ ᠲᠦᠷᠦ ᠵᠢᠨ ᠪᠣᠳᠣᠯᠭ᠎ᠠ ᠶ᠋ᠢᠨ ᠪᠠᠳᠤᠯᠠᠭ᠎ᠠ ᠵᠢ ᠴᠢᠩᠭᠠᠳᠬᠠᠨ᠂ ᠡᠵᠡᠩᠨᠡᠯᠲᠡ ᠵᠢᠨ ᠬᠡᠯᠪᠡᠷᠢ ᠵᠢᠨ ᠰᠢᠨ᠎ᠡ ᠵᠢ ᠡᠭᠦᠳᠴᠤ᠂ ᠰᠣᠶᠣᠯ᠂ ᠵᠢᠭᠤᠯᠴᠢᠯᠠᠯ᠂ ᠠᠮᠢ ᠠᠬᠤᠢ᠂ ᠪᠡᠶ᠎ᠡ ᠵᠢᠨ ᠲᠠᠮᠢᠷ ᠤ᠋ᠨ ᠭᠦᠨᠵᠡᠭᠡᠢ ᠠᠭᠤᠰᠤᠯᠴᠠᠯ ᠢ᠋ ᠦᠷᠭᠦᠯᠵᠢᠯᠡᠨ ᠠᠬᠢᠭᠤᠯᠵᠤ᠂ ᠪᠦᠬᠦ ᠣᠷᠣᠨ ᠪᠦᠰᠡ ᠵᠢᠨ ᠰᠣᠶᠣᠯ ᠵᠢᠭᠤᠯᠴᠢᠯᠠᠯ ᠤ᠋ᠨ ᠠᠵᠤ ᠦᠢᠯᠡᠰ ᠢ᠋ ᠦᠷᠭᠦᠯᠵᠢᠯᠡᠨ ᠲᠡᠰ ᠳᠡᠪᠰᠢᠭᠦᠯᠵᠦ᠂ ᠴᠢᠨᠠᠷ ᠰᠠᠢᠲᠠᠢ ᠬᠥᠭᠵᠢᠯᠲᠡ ᠳ᠋ᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ᠃ 2025 ᠤᠨ ᠳ᠋ᠤ᠂ ᠡᠯ᠎ᠡ ᠲᠥᠷᠥᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ᠂ ᠤᠷᠤᠯᠳᠤᠭᠠᠨ ᠤ᠋ IP ᠪᠠ ᠮᠤᠵᠢ ᠠᠯᠤᠰᠯᠠᠭᠰᠠᠨ ᠲᠠᠨᠢᠯᠴᠠᠭᠤᠯᠭ᠎ᠠ ᠶ᠋ᠢᠨ ᠠᠵᠢᠯᠯᠠᠭ᠎ᠠ ᠵᠡᠷᠭᠡ ᠳ᠋ᠤ ᠲᠦᠰᠢᠭᠯᠡᠨ᠂ ᠪᠥᠬᠥ ᠬᠣᠰᠢᠭᠤᠨ ᠤ᠋ ᠵᠢᠭᠤᠯᠴᠢᠯᠠᠭᠰᠠᠳ ᠢ᠋ ᠭᠥᠯᠢᠶᠡᠨ ᠵᠤᠴᠢᠯᠠᠭᠰᠠᠨ ᠬᠡᠮᠵᠢᠶ᠎ᠡ 264.92 ᠳᠦᠮᠡᠨ ᠬᠦᠮᠦᠨ ᠤᠳᠠᠭ᠎ᠠ ᠳ᠋ᠤ ᠬᠦᠷᠴᠦ᠂ ᠵᠢᠭᠤᠯᠴᠢᠯᠠᠯ ᠤ᠋ᠨ ᠶᠡᠷᠦᠩᠬᠡᠢ ᠣᠷᠣᠯᠭ᠎ᠠ 38.06 ᠳ᠋ᠦᠩᠰᠢᠭᠤᠷ ᠳᠦᠬᠦᠷᠢᠭ ᠲᠤ᠌ ᠬᠦᠷᠦᠨ᠂ ᠰᠣᠶᠣᠯ ᠵᠢᠭᠤᠯᠴᠢᠯᠠᠯ ᠤ᠋ᠨ ᠠᠵᠤ ᠦᠢᠯᠡᠰ ᠶ᠋ᠢᠡᠷ ᠮᠠᠯᠴᠢᠨ ᠲᠠᠷᠢᠶᠠᠴᠢᠨ ᠤ᠋ ᠣᠷᠣᠯᠭ᠎ᠠ ᠵᠢᠨ ᠨᠡᠮᠡᠭᠳᠡᠯ ᠢ᠋ ᠨᠥᠯᠥᠭᠡᠯᠡᠨ ᠳᠠᠢᠴᠢᠯᠠᠬᠤ᠂ ᠣᠷᠣᠨ ᠨᠤᠲᠤᠭ ᠤ᠋ᠨ ᠬᠡᠷᠡᠭᠯᠡᠭᠡ ᠵᠢ ᠳᠠᠢᠴᠢᠯᠠᠬᠤ ᠵᠢ ᠦᠷᠭᠦᠯᠵᠢᠯᠡᠨ ᠲᠣᠪᠣᠢᠯᠭᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面