2026-09-14 09:36:58
9 ᠰᠠᠷ᠎ᠠ᠎ᠶ᠋ᠢᠨ 6᠎ᠦ᠌ ᠡᠳᠦᠷ᠂ ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ᠎ᠤ᠋ᠨ ᠪᠠ ᠢ ᠰᠢᠶᠠᠩ᠎ᠤ᠋ᠨ ᠪᠠ ᠢ ᠲᠣᠰᠬᠣᠨᠳ᠋ᠤ᠌ ᠬᠦᠷᠬᠦ᠎ᠳᠤ᠂ ᠲᠡᠭᠰᠢ ᠲᠠᠷᠳᠠᠩ ᠲᠣᠰᠬᠣᠨ᠎ᠤ᠋ ᠵᠠᠮ ᠠᠢᠯ ᠪᠣᠯᠭᠠᠨᠳ᠋ᠤ᠌ ᠨᠡᠪᠲᠡᠷᠡᠵᠦ᠂ ᠵᠠᠮ᠎ᠤ᠋ᠨ ᠬᠣᠶᠠᠷ ᠵᠠᠬ᠎ᠠ᠎ᠪᠠᠷ ᠵᠢᠮᠢᠰ᠎ᠦ᠋ᠨ ᠮᠣᠳᠣ ᠵᠢᠭᠳᠡᠷᠡᠨ᠂ ᠮᠣᠳᠣ ᠳᠦᠭᠦᠷᠡᠩ ᠵᠢᠮᠢᠰ ᠰᠠᠭᠤᠵᠤ ᠠᠮᠢᠵᠢᠷᠠᠯ᠎ᠤ᠋ᠨ ᠬᠦᠴᠦᠨᠢ᠋ᠶ᠋ᠡᠷ ᠪᠢᠯᠬᠠᠵᠤ ᠪᠠᠢᠨ᠎ᠠ᠃
︽ᠭᠡᠷᠬᠦᠷᠢᠶᠡ ᠪᠠᠨ ᠰᠠᠢᠳᠤᠷ ᠲᠤᠳᠤᠮᠳᠠᠨ ᠬᠦᠷᠢᠶ᠎ᠡ ᠬᠠᠰᠢᠶᠠᠨ ᠤ᠋ ᠠᠵᠤ ᠠᠬᠤᠢ᠎ᠵᠢ ᠬᠦᠭᠵᠢᠭᠦᠯᠵᠦ᠂ ᠭᠠᠳᠠᠭᠰᠢ ᠭᠠᠷᠴᠤ ᠬᠦᠯᠦᠰᠦᠨ ᠠᠵᠢᠯ ᠬᠢᠬᠦ ᠦᠭᠡᠢᠴᠤ ᠴᠢᠨᠡᠭᠡᠯᠢᠭ ᠰᠠᠢᠬᠠᠨ ᠠᠮᠢᠳᠤᠷᠠᠵᠤ ᠪᠤᠯᠤᠨ᠎ᠠ︾ ᠭᠡᠮᠡᠨ ᠪᠠ ᠢ ᠲᠣᠰᠬᠣᠨ᠎ᠤ᠋ ᠠᠷᠠᠳ ᠵᠠᠩ ᠯᠧᠢ ᠬᠦᠷᠢᠶ᠎ᠡ ᠬᠠᠰᠢᠶᠠᠨ ᠤ᠋ ᠠᠵᠤ ᠠᠬᠤᠢ᠎ᠶ᠋ᠢᠨ ᠲᠤᠬᠠᠢ ᠶᠠᠷᠢᠬᠤᠳ᠋ᠤ᠌ ᠮᠠᠰᠢ ᠪᠠᠶᠠᠷᠲᠠᠢ ᠪᠠᠢᠯ᠎ᠠ᠃ ᠲᠡᠳᠡᠨᠦ᠌ ᠬᠢᠨ ᠲᠠᠷᠢᠵᠤ ᠲᠡᠵᠢᠭᠡᠬᠦ᠎ᠵᠢ ᠤᠶᠠᠯᠳᠤᠭᠤᠯᠬᠤ ᠠᠷᠭ᠎ᠠ᠎ᠵᠢ ᠠᠪᠴᠤ ᠵᠢᠯ ᠪᠦᠷᠢ ᠤᠷᠢᠳ ᠬᠣᠵᠢᠳ ᠬᠣᠶᠠᠷ ᠪᠦᠯᠦᠭ ᠮᠢᠬᠠᠨ᠎ᠤ ᠬᠣᠨᠢ ᠲᠡᠵᠢᠭᠡᠵᠦ᠂ ᠵᠢᠯ᠎ᠳ᠋ᠦ᠍ 900 ᠭᠠᠷᠤᠢ ᠬᠣᠨᠢ ᠪᠤᠷᠤᠯᠠᠭᠤᠯᠵᠤ᠂ ᠴᠡᠪᠡᠷ ᠣᠷᠣᠯᠭ᠎ᠠ ᠨᠢ 9 ᠲᠦᠮᠡᠨ ᠲᠥᠭᠥᠷᠢᠭ᠎ᠢ᠋ ᠳᠠᠪᠠᠵᠤ ᠪᠠᠢᠨ᠎ᠠ᠃ ᠬᠣᠨᠢᠨᠤ᠋ ᠬᠤᠷᠭᠤᠯᠢ ᠤᠷᠭᠠᠨᠢᠭ ᠪᠤᠷᠳᠤᠭᠤᠷ ᠪᠤᠯᠭᠠᠨ ᠪᠦᠬᠦᠨ᠎ᠢ᠋ ᠲᠠᠷᠢᠶᠠᠨᠳ᠋ᠤ᠌ ᠣᠷᠣᠭᠤᠯᠤᠨ ᠠᠰᠢᠭᠯᠠᠵᠤ ᠲᠠᠷᠢᠶᠠᠯᠠᠩ ᠮᠠᠯ ᠠᠵᠤ ᠠᠬᠤᠢ᠎ᠶ᠋ᠢ ᠬᠠᠷᠢᠯᠴᠠᠨ ᠨᠥᠬᠥᠪᠥᠷᠢᠯᠡᠭᠦᠯᠵᠦ᠂ ᠲᠠᠷᠢᠮᠠᠯ ᠲᠡᠵᠢᠭᠡᠪᠦᠷᠢ᠎ᠶ᠋ᠢᠨ ᠥᠪᠡᠷ᠎ᠦ᠋ᠨ ᠥᠷᠲᠡᠭ᠎ᠢ᠋ ᠪᠦᠲᠦᠮᠵᠢᠲᠡᠢ᠎ᠪᠡᠷ ᠪᠠᠭᠤᠷᠠᠭᠤᠯᠵᠠᠢ᠃ ᠭᠡᠷ᠎ᠤᠨ ᠬᠦᠷᠢᠶ᠎ᠡ ᠨᠢ ᠴᠦ᠍ ᠭᠦᠢᠴᠡᠳ ᠠᠰᠢᠭᠯᠠᠭᠳᠠᠵᠤ᠂ ᠬᠦᠷᠢᠶᠠᠨ ᠭᠠᠳᠠᠨ᠎ᠠ ᠪᠠᠨ ᠵᠢᠮᠢᠰ᠎ᠦ᠋ᠨ ᠮᠣᠳᠣ ᠳᠠᠷᠢᠵᠤ᠂ ᠬᠦᠷᠢᠶᠡᠨ ᠳᠣᠲᠣᠷ᠎ᠠ᠎ᠪᠠᠨ ᠢᠳᠡᠰᠢᠨ ᠨᠣᠭᠣᠭᠠᠨ᠎ᠤ ᠬᠠᠰᠢᠶ᠎ᠠ ᠭᠠᠷᠭᠠᠵᠤ᠂ ᠵᠤᠨ ᠨᠠᠮᠤᠷ᠎ᠤ᠋ᠨ ᠤᠯᠠᠷᠢᠯᠳ᠋ᠤ᠌ ᠢᠳᠡᠰᠢᠨ ᠨᠣᠭᠣᠭ᠎ᠠ᠎ᠪᠠᠨ ᠦᠨᠳᠦᠰᠦᠨ᠎ᠳᠡᠭᠡᠨ ᠥᠪᠡᠷᠢ᠋ᠶ᠋ᠡᠨ ᠬᠠᠩᠭᠠᠳᠠᠭ᠃ ᠡᠭᠦᠨ᠎ᠡᠴᠡ ᠭᠠᠳᠠᠨ᠎ᠠ᠂ ᠲᠡᠷᠡ ᠪᠠᠰᠠ 50 ᠲᠠᠬᠢᠶ᠎ᠠ ᠲᠡᠵᠢᠭᠡᠵᠦ᠂ ᠨᠢᠭᠡ ᠲᠠᠬᠢᠶ᠎ᠠ ᠵᠢ 150 ᠲᠥᠭᠥᠷᠢᠭ ᠣᠷᠴᠢᠮ ᠬᠤᠳᠠᠯᠳᠤᠵᠤ ᠪᠠᠢᠨ᠎ᠠ᠃ ᠨᠢᠭᠡᠨ ᠵᠢᠵᠢᠬᠬᠡᠨ ᠬᠦᠷᠢᠶ᠎ᠡ ᠬᠠᠰᠢᠶ᠎ᠠ ᠡᠴᠨ ᠣᠷᠣᠯᠭ᠎ᠠ᠎ᠪᠠᠨ ᠨᠡᠮᠡᠭᠳᠡᠭᠦᠯᠵᠦ᠂ ᠵᠣᠯ ᠵᠢᠷᠭᠠᠯ᠎ᠲᠠᠢ ᠪᠠᠢᠯ᠎ᠠ᠃
ᠵᠠᠩ ᠯᠧᠢ᠎ᠶ᠋ᠢᠨ ᠪᠠᠶᠠᠰᠤᠯ ᠵᠢᠷᠭᠠᠯ ᠲᠠᠢ ᠠᠮᠢᠳᠤᠷᠠᠯ ᠨᠢ ᠶᠠᠭ ᠪᠠ ᠢ ᠲᠣᠰᠬᠣᠨ᠎ᠤ᠋ ᠠᠵᠤ ᠦᠢᠯᠡᠰ᠎ᠦ᠋ᠨ ᠥᠷᠨᠢᠯᠲᠡ᠎ᠶ᠋ᠢᠨ ᠬᠤᠷᠢᠶᠠᠩᠭᠤᠢ ᠵᠢᠷᠤᠬᠯᠠᠯ ᠪᠣᠯᠤᠨ᠎ᠠ᠃ ᠨᠠᠮ᠎ᠤ᠋ᠨ ᠪᠠᠢᠭᠤᠯᠤᠯᠲᠠ᠎ᠪᠠᠷ ᠵᠢᠯᠣᠭᠣᠳᠤᠮᠵᠢ ᠪᠣᠯᠭᠠᠨ᠂ ᠪᠠ ᠢ ᠲᠣᠰᠬᠣᠨ ᠨᠢ ᠭᠡᠷ ᠪᠦᠯᠢ᠎ᠶᠢᠨ ᠲᠠᠷᠢᠮᠠᠯ ᠲᠡᠵᠢᠭᠡᠪᠦᠷᠢ᠎ᠶ᠋ᠢ ᠲᠣᠰᠬᠣᠨ᠎ᠤ᠋ ᠠᠷᠠᠳ᠎ᠤ᠋ᠨ ᠣᠷᠣᠯᠭ᠎ᠠ᠎ᠶ᠋ᠢ ᠨᠡᠮᠡᠭᠳᠡᠭᠦᠯᠬᠦ ᠴᠢᠬᠤᠯᠠ ᠠᠵᠤ ᠦᠢᠯᠡᠰ ᠪᠣᠯᠭᠠᠵᠤ᠂ ᠲᠠᠷᠢᠶᠠᠴᠢᠨ ᠡᠷᠦᠬᠡ᠎ᠶ᠋ᠢ ᠵᠣᠷᠢᠭᠵᠢᠭᠤᠯᠤᠨ ᠪᠠᠭ᠎ᠠ ᠬᠡᠯᠪᠡᠷᠢ᠎ᠶ᠋ᠢᠨ ᠦᠬᠡᠷ ᠬᠣᠨᠢ ᠪᠠ ᠭᠡᠷ᠎ᠦ᠋ᠨ ᠵᠢᠭᠦᠷᠲᠡᠨᠢ᠋ ᠲᠡᠵᠢᠭᠡᠨ ᠦᠷᠡᠵᠢᠭᠦᠯᠬᠦ᠎ᠶᠢ ᠠᠬᠢᠭᠤᠯᠵᠤ᠂ ᠭᠡᠷ᠎ᠦᠨ᠎ᠢᠶᠡᠨ ᠤᠢᠷᠠᠯᠴᠠᠭ᠎ᠠ ᠦᠢᠯᠡᠰ ᠪᠤᠰᠬᠠᠵᠤ᠂ ᠬᠣᠯᠠ ᠶᠠᠪᠤᠵᠤ ᠬᠦᠯᠦᠰᠦᠨ ᠠᠵᠢᠯ ᠬᠢᠬᠦ ᠬᠡᠷᠡᠭ ᠦᠭᠡᠢ ᠪᠤᠯᠭᠠᠪᠠ᠃
︽ᠡᠨᠡ ᠵᠢᠯ᠎ᠤᠨ 8 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠦᠬᠦ ᠲᠣᠰᠬᠣᠨ ᠨᠡᠢᠲᠡ 11.5 ᠲᠦᠮᠡᠨ ᠮᠢᠬᠠᠨ᠎ᠤ ᠬᠤᠨᠢ᠂ 300 ᠭᠠᠷᠤᠢ ᠦᠬᠡᠷ᠂ 2500 ᠭᠠᠷᠤᠢ ᠭᠠᠬᠠᠢ᠂ 1 ᠲᠦᠮᠡ ᠭᠠᠷᠤᠢ ᠲᠠᠬᠢᠶ᠎ᠠ ᠲᠡᠵᠢᠭᠡᠵᠦ ᠪᠠᠢᠪᠠ︾ ᠭᠡᠵᠦ ᠪᠠ ᠢ ᠲᠣᠰᠬᠣᠨ᠎ᠤ᠋ ᠨᠠᠮ᠎ᠤ᠋ᠨ ᠡᠭᠦᠷ᠎ᠦ᠋ᠨ ᠱᠦᠵᠢ ᠳᠠᠩ ᠵᠠᠨ ᠵᠢᠶᠠᠩ ᠲᠠᠨᠢᠯᠴᠠᠭᠤᠯᠤᠨ᠎ᠠ᠃
ᠭᠡᠷ᠎ᠤᠨ ᠬᠦᠷᠢᠶ᠎ᠡ ᠬᠠᠰᠢᠶ᠎ᠠ ᠨᠢ ᠲᠣᠮᠣ ᠪᠢᠰᠢ ᠪᠣᠯᠪᠠᠴᠤ ᠲᠠᠷᠢᠶᠠᠴᠢᠨ ᠠᠢᠯ᠎ᠤ᠋ᠨ ᠭᠡᠷ᠎ᠤᠨ ᠬᠠᠶᠠᠭᠠᠨ᠎ᠳᠡᠬᠢ 《ᠡᠷᠳᠡᠨᠢ ᠵᠢᠨ ᠰᠠᠩ》 ᠪᠤᠯᠵᠥ ᠪᠤᠢ᠃ ᠣᠢᠷ᠎ᠠ᠎ᠶ᠋ᠢᠨ ᠵᠢᠯ᠎ᠡᠴᠡ᠂ ᠯᠢᠨ ᠾᠧ ᠲᠣᠭᠣᠷᠢᠭ ᠨᠠᠮ᠎ᠤ᠋ᠨ ᠪᠠᠢᠭᠤᠯᠤᠯᠲᠠ᠎ᠪᠠᠷ ᠬᠥᠲᠥᠯ᠎ᠤᠨ ᠳᠠᠭᠠᠭᠤᠯᠬᠤ᠎ᠶ᠋ᠢ ᠪᠠᠷᠢᠮᠲᠠᠯᠠᠨ᠂ ᠬᠥᠳᠡᠭᠡ ᠲᠣᠰᠬᠣᠨ᠎ᠤ᠋ ᠰᠤᠯᠠ ᠲᠠᠯᠪᠢᠬᠳᠠᠵᠤ ᠪᠠᠢᠭ᠎ᠠ ᠬᠦᠷᠢᠶ᠎ᠡ ᠬᠠᠰᠢᠶ᠎ᠠ᠎ᠶ᠋ᠢ ᠲᠠᠰᠤᠷᠠᠯᠲᠠ ᠦᠭᠡᠢ ᠠᠮᠢᠳᠤᠯᠢᠭᠵᠢᠭᠤᠯᠵᠤ᠂ ᠭᠡᠷ ᠪᠦᠯᠢ᠎ᠶᠢᠨ ᠲᠠᠷᠢᠵᠤ ᠲᠡᠵᠢᠬᠡᠬᠦ ᠦᠢᠯᠡᠰ᠎ᠢ᠋ ᠶᠡᠬᠡ ᠪᠡᠷ ᠪᠣᠢᠵᠢᠭᠤᠯᠵᠤ᠂ ᠰᠤᠯᠠ ᠲᠠᠯᠪᠢᠬᠳᠠᠵᠤ ᠪᠠᠢᠭ᠎ᠠ ᠬᠤᠭᠤᠰᠤᠨ ᠭᠠᠵᠠᠷ᠎ᠢ᠋ ᠣᠷᠣᠯᠭ᠎ᠠ᠎ᠪᠠᠨ ᠨᠡᠮᠡᠭᠳᠡᠭᠦᠯᠬᠦ ᠬᠥᠷᠥᠰᠥ ᠪᠣᠯᠭᠠᠨ ᠬᠤᠪᠢᠷᠠᠭᠤᠯᠪᠠ᠃ ᠲᠠᠷᠢᠶᠠᠴᠢᠨ ᠠᠢᠯ᠎ᠤ᠋ᠨ ᠵᠢᠵᠢᠭ ᠬᠦᠷᠢᠶ᠎ᠡ ᠨᠢ ᠲᠣᠰᠬᠣᠨᠢ᠋ ᠭᠣᠶᠣᠵᠢᠭᠤᠯᠤᠭᠰᠠᠨᠢ᠋ᠶ᠋ᠠᠷ ᠪᠠᠷᠠᠬᠤ ᠦᠭᠡᠢ ᠪᠠᠰᠠ ᠲᠣᠰᠬᠣᠨ᠎ᠤ᠋ ᠠᠷᠠᠳ᠎ᠤ᠋ᠨ ᠵᠤᠭᠤᠰᠤᠨ᠎ᠤ ᠴᠦᠩᠬᠦ᠎ᠵᠢ ᠲᠦᠭᠦᠷᠭᠡᠵᠦ᠂ ᠬᠥᠳᠡᠭᠡ ᠲᠣᠰᠬᠣᠨᠢ᠋ ᠬᠥᠭᠵᠢᠭᠦᠯᠦᠨ ᠮᠠᠨᠳᠤᠭᠤᠯᠬᠤᠳ᠋ᠤ᠌ ᠲᠠᠰᠤᠷᠠᠰᠢ ᠦᠭᠡᠢ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠪᠡ᠃
ᠡᠳᠦᠭᠡ᠂ ᠬᠦᠷᠢᠶ᠎ᠠ ᠬᠠᠰᠢᠶᠠᠨ ᠤ᠋ ᠠᠵᠤ ᠠᠬᠤᠢ ᠨᠢ ᠨᠢᠭᠡᠨᠲᠡ ᠯᠢᠨ ᠾᠧ ᠲᠤᠭᠤᠷᠢᠭ᠎ᠲᠤ ᠥᠷᠭᠡᠨ᠎ᠢᠶᠡᠷ ᠳᠡᠯᠭᠡᠷᠡᠵᠡᠢ᠃ ᠱᠤᠸᠠᠩ ᠾᠧ ᠪᠠᠯᠭᠠᠰᠤᠨ᠎ᠤ᠋ ᠶᠤᠸᠠᠢ᠎ᠶ᠋ᠢᠨ ᠲᠣᠰᠬᠣᠨ᠎ᠤ᠋ ᠵᠠᠩ ᠼᠦᠢ ᠯᠠᠨᠤ᠋ ᠭᠡᠷ᠎ᠤᠨ ᠬᠦᠷᠢᠶᠡᠨ ᠳᠣᠲᠣᠷ᠎ᠠ ᠲᠠᠬᠢᠶ᠎ᠠ ᠨᠤᠭᠤᠰᠤ ᠭᠠᠭᠠᠯᠠᠨ ᠬᠣᠨᠢ ᠬᠤᠷᠠᠭ᠎ᠠ ᠮᠠᠢᠯᠠᠵᠤ᠂ ᠭᠠᠬᠠᠢ᠎ᠶ᠋ᠢᠨ ᠬᠠᠰᠢᠶᠠᠨ᠎ᠳᠤᠨᠢ ᠲᠠᠷᠭᠤᠨ ᠭᠠᠬᠠᠢ ᠲᠦᠭᠦᠷᠡᠩ ᠪᠠᠢᠵᠤ᠂ ᠦᠨᠡᠨ ᠪᠣᠳᠠᠲᠠᠢ ᠠᠰᠢᠭ ᠣᠷᠣᠯᠭ᠎ᠠ ᠠᠭᠤᠯᠤᠭᠳᠠᠨ᠎ᠠ᠃ ᠵᠠᠩ ᠼᠦᠢ ᠯᠠᠨ ᠬᠦᠷᠢᠶ᠎ᠠ ᠬᠠᠰᠢᠶ᠎ᠠ ᠳ᠋ᠠᠭᠠᠨ ᠲᠦᠰᠢᠭᠯᠡᠨ ᠣᠯᠠᠨ ᠡᠰᠢᠲᠦ ᠲᠤᠰᠠᠯᠠᠬᠤ ᠠᠵᠤ ᠠᠬᠤᠢ᠎ᠶ᠋ᠢ ᠬᠥᠭᠵᠢᠭᠦᠯᠵᠦ᠂ ᠡᠨᠡ ᠵᠢᠯ ᠨᠡᠢᠲᠡ 120 ᠭᠠᠷᠤᠢ ᠲᠠᠬᠢᠶ᠎ᠠ ᠲᠡᠵᠢᠭᠡᠨ᠂ ᠪᠠᠰᠠ 2 ᠭᠠᠬᠠᠢ᠂ 20 ᠭᠠᠷᠤᠢ ᠬᠣᠨᠢ ᠲᠡᠵᠢᠭᠡᠨ ᠠᠷᠠᠴᠢᠯᠠᠵᠤ᠂ ᠵᠢᠱ᠌ᠢᠯᠲᠡ ᠪᠡᠷ 3 ᠲᠦᠮᠡ ᠭᠠᠷᠤᠢ ᠲᠥᠭᠥᠷᠢᠭ᠎ᠦ᠋ᠨ ᠣᠷᠣᠯᠭ᠎ᠠ ᠡᠬᠦᠳᠬᠦ ᠪᠣᠯᠤᠨ᠎ᠠ᠃
︽ᠮᠠᠨ᠎ᠤ᠋ ᠭᠡᠷ᠎ᠦ᠋ᠨ ᠵᠢᠵᠢᠭ ᠨᠣᠭᠣᠭᠠᠨ᠎ᠤ ᠬᠠᠰᠢᠶ᠎ᠠ᠎ᠵᠢ ᠬᠠᠷ᠎ᠠ ᠳ᠋ᠠ᠂ ᠴᠢᠨᠵᠦᠦ᠂ ᠪᠤᠷᠴᠠᠭ᠂ ᠡᠷᠳᠡᠨᠢ ᠰᠢᠰᠢ ᠪᠦᠷ ᠪᠠᠢᠨ᠎ᠠ᠂ ᠵᠢᠭᠠᠬᠠᠨ᠎ᠴᠤ ᠲᠠᠷᠢᠶᠠᠨ᠎ᠤ ᠡᠮ ᠣᠷᠣᠭᠤᠯᠤᠭᠰᠠᠨ ᠦᠭᠡᠢ᠂ ᠰᠢᠭᠤᠳ ᠲᠠᠰᠤᠳᠠᠵᠤ ᠠᠪᠤᠭᠠᠳ ᠢᠳᠡᠵᠦ ᠪᠤᠯᠤᠨ᠎ᠠ᠂ ᠡᠳᠦᠷ ᠲᠤᠲᠤᠮ᠎ᠤ᠋ᠨ ᠨᠣᠭᠣᠭ᠎ᠠ ᠬᠤᠳᠠᠯᠳᠤᠨ ᠠᠪᠬᠤ ᠵᠠᠷᠤᠳᠠᠯᠢ᠋ᠶ᠋ᠠᠨ ᠠᠷᠪᠢᠯᠠᠭᠰᠠᠨ ᠮᠥᠷᠲᠡᠭᠡᠨ ᠪᠣᠬᠢᠷᠲᠤᠯ ᠦᠭᠡᠢ ᠡᠷᠡᠭᠦᠯ ᠢᠳᠡᠭᠡᠨ ᠢᠳᠡᠵᠦ᠂ ᠠᠮᠢᠳᠤᠷᠠᠯ ᠮᠠᠰᠢ ᠲᠠᠭᠠᠯᠠᠮᠵᠢᠲᠠᠢ ᠰᠠᠢᠬᠠᠨ ᠪᠠᠢᠨ᠎ᠠ︾ ᠭᠡᠵᠦ ᠵᠠᠩ ᠼᠦᠢ ᠯᠠᠨ ᠢᠨᠢᠶᠡᠮᠰᠦᠭᠯᠡᠨ ᠬᠡᠯᠡᠨ᠎ᠡ᠃
ᠶᠤᠸᠠᠢ ᠵᠢᠨ ᠲᠣᠰᠬᠣᠨ᠎ᠤ᠋ ᠨᠠᠮ᠎ᠤ᠋ᠨ ᠡᠭᠦᠷ᠎ᠦ᠋ᠨ ᠱᠦᠵᠢ ᠵᠣᠣ ᠳᠧ ᠯᠦᠩᠦ᠋ᠨ ᠲᠠᠨᠢᠯᠴᠠᠭᠤᠯᠤᠭᠰᠠᠨᠢ᠋ᠶ᠋ᠠᠷ᠂ ᠣᠳᠣᠬᠠᠨ᠎ᠳ᠋ᠤ᠌ ᠪᠦᠬᠦ ᠲᠣᠰᠬᠣᠨᠳ᠋ᠤ᠌ ᠨᠡᠢᠲᠡ 87 ᠲᠠᠷᠢᠶᠠᠴᠢᠨ ᠡᠷᠦᠬᠡ ᠬᠦᠷᠢᠶ᠎ᠡ ᠬᠠᠰᠢᠶᠠᠨ ᠤ᠋ ᠠᠵᠤ ᠠᠬᠤᠢ᠎ᠶ᠋ᠢ ᠬᠥᠭᠵᠢᠭᠦᠯᠵᠦ᠂ ᠢᠳᠡᠰᠢᠨ ᠨᠣᠭᠣᠭ᠎ᠠ᠂ ᠵᠢᠮᠢᠰ᠎ᠤᠨ ᠮᠤᠳᠤ᠎ᠶᠢᠨ ᠲᠠᠯᠠᠪᠠᠢ ᠪᠠᠷᠤᠭ 30 ᠮᠦ᠍᠂ 2600 ᠲᠠᠬᠢᠶ᠎ᠠ᠂ 400 ᠢᠯᠡᠭᠦᠦ ᠭᠠᠬᠠᠢ᠂ 5000 ᠭᠠᠷᠤᠢ ᠬᠣᠨᠢ ᠲᠡᠵᠢᠭᠡᠵᠦ᠂ ᠲᠠᠷᠢᠵᠦ ᠲᠡᠵᠢᠬᠡᠬᠦ᠎ᠶ᠋ᠢ ᠠᠭᠤᠰᠤᠯᠴᠠᠭᠤᠯᠬᠤ ᠬᠥᠭᠵᠢᠯᠲᠡ᠎ᠶ᠋ᠢᠨ ᠬᠡᠪ ᠵᠠᠭᠪᠤᠷ᠎ᠢ᠋ ᠪᠣᠢ ᠪᠣᠯᠭᠠᠵᠤ᠂ ᠡᠷᠦᠬᠡ ᠪᠦᠷᠢ᠎ᠳ᠋ᠦ᠍ ᠳᠤᠮᠳᠠᠴᠢ᠎ᠪᠠᠷ ᠵᠢᠯ ᠪᠦᠷᠢ 4000 ᠭᠠᠷᠤᠢ ᠲᠥᠭᠥᠷᠢᠭ᠎ᠦ᠋ᠨ ᠣᠷᠣᠯᠭ᠎ᠠ ᠨᠡᠮᠡᠭᠳᠡᠭᠦᠯᠵᠦ᠂ ᠲᠣᠰᠬᠣᠨ᠎ᠤ᠋ ᠠᠷᠠᠳ ᠭᠡᠷ᠎ᠡᠴᠡ᠎ᠪᠡᠨ ᠭᠠᠷᠬᠤ ᠦᠭᠡᠢ᠎ᠪᠡᠷ ᠣᠷᠣᠯᠭ᠎ᠠ ᠪᠠᠨ ᠲᠣᠭᠲᠠᠭᠤᠨᠢ᠋ᠶ᠋ᠠᠷ ᠨᠡᠮᠡᠭᠳᠡᠭᠦᠯᠵᠦ ᠳᠡᠢᠯᠦᠨ᠎ᠡ᠃
ᠯᠢᠨ ᠾᠧ ᠲᠤᠭᠤᠷᠢᠭ ᠨᠢ ᠬᠦᠷᠢᠶ᠎ᠡ ᠬᠠᠰᠢᠶᠠᠨ ᠤ᠋ ᠠᠵᠤ ᠠᠬᠤᠢ᠎ᠵᠢ ᠲᠤᠬᠠᠢ᠎ᠶ᠋ᠢᠨ ᠭᠠᠵᠠᠷ᠎ᠤ᠋ᠨ 《ᠨᠢᠭᠡ ᠲᠤᠰᠬᠤᠨ ᠨᠢᠭᠡ ᠲᠦᠷᠦᠯ ᠲᠡᠮᠳᠡᠭ》᠎ᠦᠨ ᠭᠣᠣᠯᠯᠠᠬᠤ ᠠᠵᠤ ᠦᠢᠯᠡᠰ᠎ᠢ ᠪᠤᠢᠵᠢᠭᠤᠯᠬᠤᠲᠡᠢ ᠣᠷᠭᠠᠨᠢᠭᠢ᠋ᠶ᠋ᠠᠷ ᠤᠶᠠᠯᠳᠤᠭᠤᠯᠵᠤ᠂ ᠭᠡᠷ᠎ᠤᠨ ᠬᠦᠷᠢᠶ᠎ᠡ᠎ᠶᠢᠨ 《ᠵᠢᠵᠢᠭ ᠤᠷᠤᠨ ᠵᠠᠢ》 ᠶ᠋ᠢ ᠲᠠᠷᠢᠶᠠᠴᠢᠳ᠎ᠤ᠋ᠨ 《ᠣᠷᠣᠯᠭ᠎ᠠ ᠪᠠᠨ ᠨᠡᠮᠡᠭᠳᠡᠭᠦᠯᠬᠦ ᠬᠦᠷᠢᠶᠡᠯᠡᠩ》 ᠪᠣᠯᠭᠠᠨ ᠪᠦᠲᠦᠭᠡᠨ ᠪᠠᠢᠭᠤᠯᠬᠤ᠎ᠪᠠᠷ ᠴᠢᠷᠮᠠᠢᠵᠤ ᠪᠠᠢᠨ᠎ᠠ᠃ ᠡᠭᠦᠨ᠎ᠦ᠌ ᠬᠠᠮᠲᠤ ᠲᠥᠬᠦᠭᠡᠷᠦᠮᠵᠢᠲᠦ ᠲᠠᠷᠢᠶᠠᠯᠠᠩᠳ᠋ᠤ᠌ ᠨᠥᠬᠥᠪᠥᠷᠢ ᠥᠭᠬᠦ ᠰᠠᠨᠠᠯ ᠨᠡᠢᠲᠡᠯᠡᠵᠦ᠂ ᠲᠠᠷᠢᠶᠠᠴᠢᠨ ᠡᠷᠦᠬᠡ᠎ᠶ᠋ᠢ ᠵᠢᠯᠣᠭᠣᠳᠤᠨ ᠭᠡᠷ᠎ᠤᠨ ᠬᠠᠶᠠᠭᠠᠨ᠎ᠳᠠᠭᠠᠨ ᠢᠳᠡᠪᠬᠢᠲᠡᠢ ᠪᠡᠷ ᠲᠦᠬᠦᠭᠡᠷᠦᠮᠵᠢᠲᠦ ᠲᠠᠷᠢᠶᠠᠯᠠᠩ᠎ᠢ ᠬᠥᠭᠵᠢᠭᠦᠯᠵᠦ᠂ ᠬᠦᠷᠢᠶ᠎ᠡ ᠬᠠᠰᠢᠶᠠᠨ ᠤ᠋ ᠠᠵᠤ ᠠᠬᠤᠢ᠎ᠶ᠋ᠢ ᠯᠢᠨ ᠾᠧ ᠲᠣᠭᠣᠷᠢᠭ᠎ᠤ᠋ᠨ ᠬᠥᠳᠡᠭᠡ ᠲᠣᠰᠬᠣᠨ᠎ᠤ᠋ ᠬᠥᠭᠵᠢᠯᠲᠡ᠎ᠶ᠋ᠢᠨ ᠣᠨᠴᠠᠯᠢᠭᠲᠤ ᠨᠡᠷ᠎ᠡ᠎ᠶ᠋ᠢᠨ ᠬᠠᠭᠤᠳᠠᠰᠤ ᠪᠣᠯᠭᠠᠵᠠᠢ᠃ ᠣᠳᠣᠬᠠᠨ᠎ᠳ᠋ᠤ᠌᠂ ᠲᠤᠬᠠᠢ᠎ᠶ᠋ᠢᠨ ᠭᠠᠵᠠᠷ᠎ᠲᠤ᠌ ᠨᠢᠭᠡᠨᠲᠡ 6 ᠬᠦᠷᠢᠶ᠎ᠡ ᠬᠠᠰᠢᠶᠠᠨ ᠤ᠋ ᠠᠵᠤ ᠠᠬᠤᠢ᠎ᠶ᠋ᠢᠨ ᠵᠢᠱ᠌ᠢᠶ᠎ᠡ ᠦᠵᠡᠭᠦᠯᠬᠦ ᠲᠣᠰᠬᠣᠨᠢ᠋ ᠪᠠᠢᠭᠤᠯᠵᠤ᠂ ᠶᠠᠳᠠᠭᠤᠠ᠋ᠴᠠ ᠠᠩᠭᠢᠵᠢᠷᠠᠭᠰᠠᠨ ᠡᠷᠦᠬᠡ᠎ᠳᠦ 51.5 ᠲᠦᠮᠡ ᠭᠠᠷᠤᠢ ᠲᠥᠭᠥᠷᠢᠭ᠎ᠦ᠋ᠨ ᠱᠠᠩᠨᠠᠯ ᠨᠥᠬᠥᠪᠥᠷᠢ ᠣᠯᠭᠣᠵᠤ᠂ ᠲᠠᠷᠢᠶᠠᠴᠢᠨ ᠡᠷᠦᠬᠡ᠎ᠶ᠋ᠢᠨ ᠬᠥᠭᠵᠢᠯᠲᠡ᠎ᠶ᠋ᠢᠨ ᠥᠪᠡᠷ᠎ᠦ᠋ᠨ ᠥᠷᠲᠡᠭ᠎ᠢ᠋ ᠲᠠᠰᠤᠷᠠᠯᠲᠠ ᠦᠭᠡᠢ ᠪᠠᠭᠤᠷᠠᠭᠤᠯᠵᠤ᠂ ᠣᠯᠠᠨ ᠡᠰᠢᠴᠢᠯᠡᠭᠰᠡᠨ ᠣᠷᠣᠯᠭ᠎ᠠ᠎ᠶ᠋ᠢ ᠨᠡᠮᠡᠭᠳᠡᠭᠦᠯᠬᠦ ᠠᠷᠭ᠎ᠠ ᠵᠠᠮ᠎ᠢ᠋ ᠥᠷᠭᠡᠳᠬᠡᠵᠦ᠂ ᠬᠥᠳᠡᠭᠡ ᠲᠣᠰᠬᠣᠨᠢ᠋ ᠬᠥᠭᠵᠢᠭᠦᠯᠦᠨ ᠮᠠᠨᠳᠤᠭᠤᠯᠬᠤ ᠰᠠᠭᠤᠷᠢ᠎ᠶ᠋ᠢ ᠪᠡᠬᠢᠵᠢᠭᠦᠯᠪᠡ᠃
︽ᠪᠢᠳᠡ ᠨᠠᠮ᠎ᠤ᠋ᠨ ᠪᠠᠢᠭᠤᠯᠤᠯᠲᠠ᠎ᠪᠠᠷ ᠬᠥᠲᠥᠯᠦᠨ ᠳᠠᠭᠠᠭᠤᠯᠬᠤ᠎ᠶ᠋ᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠣᠨ᠎ᠤ᠋︿ᠰᠤᠯᠠ ᠰᠡᠯᠡᠭᠦᠦ ᠲᠠᠯᠪᠢᠬᠳᠠᠵᠤ ᠪᠠᠢᠭ᠎ᠠ ᠭᠠᠵᠠᠷ ᠰᠢᠷᠤᠢ﹀ ᠵᠢ ᠨᠤᠭᠤᠭᠠᠷᠠᠭᠤᠯᠵᠤ᠂︿ᠵᠢᠵᠢᠭ ᠭᠡᠷ᠎ᠤᠨ ᠬᠦᠷᠢᠶ᠎ᠡ﹀ ᠶ᠋ᠢ ᠴᠢᠷᠮᠠᠢᠨ︿ᠲᠤᠮᠤ ᠦᠢᠯᠡᠰ﹀ ᠪᠣᠯᠭᠠᠵᠤ᠂ ᠠᠵᠤ ᠦᠢᠯᠡᠰ ᠬᠥᠭᠵᠢᠭᠰᠡᠨ᠂ ᠤᠷᠤᠰᠢᠨ ᠰᠠᠭᠤᠷᠢᠰᠢᠬᠤᠳ᠋ᠤ᠌ ᠲᠣᠬᠢᠷᠠᠮᠵᠢᠲᠠᠢ ᠦᠵᠡᠰᠬᠦᠯᠡᠩᠲᠦ ᠰᠠᠢᠬᠠᠨ ᠬᠥᠳᠡᠭᠡ ᠲᠣᠰᠬᠣᠨᠢ᠋ ᠵᠢᠷᠤᠭᠯᠠᠨ᠎ᠠ︾ ᠭᠡᠵᠦ ᠯᠢᠨ ᠾᠧ ᠲᠣᠭᠣᠷᠢᠭ᠎ᠤ᠋ᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦ᠋ᠨ ᠲᠣᠪᠴᠢᠶ᠎ᠠ᠎ᠶ᠋ᠢᠨ ᠨᠠᠮ᠎ᠤ᠋ᠨ ᠤᠳᠤᠷᠢᠳᠬᠤ ᠳᠤᠭᠤᠢᠯᠠᠩ᠎ᠤ᠋ᠨ ᠪᠦᠷᠢᠯᠳᠦᠬᠦᠨ ᠰᠦᠨ ᠯᠢᠶᠠᠨ ᠱᠧᠩ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃