ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-09-15 09:46:18

ᠵᠣᠬᠢᠶᠠᠭ᠍ᠴᠢ᠄ ᠬᠤᠤ ᠰᠢᠤᠸᠠᠢ ᠯᠢᠶᠠᠨ ᠯᠢ ᠴᠢᠶᠠᠩ ᠣᠩᠱᠢᠭ᠍ᠰᠠᠨ ᠣᠳᠠᠭ᠎ᠠ᠄ 3

ᠳᠠᠯ᠎ᠠ ᠶ᠋ᠢᠨ ᠤᠶᠠᠬᠠᠨ ᠰᠠᠯᠬᠢᠨ ᠳ᠋ᠦ ᠬᠥᠭᠵᠢᠮ ᠤ᠋ᠨ ᠤᠶᠠᠩᠭ᠎ᠠ ᠰᠤᠮᠤ ᠭᠠᠴᠠᠭ᠎ᠠ ᠳᠠᠮᠵᠢᠨ ᠴᠤᠤᠷᠢᠶᠠᠲᠤᠨ᠎ᠠ᠃ ᠮᠣᠩᠭᠣᠯ ᠬᠡᠯᠡᠨ ᠳ᠋ᠦ ᠡᠶ᠎ᠠ ᠡᠪ᠂ ᠨᠠᠢᠷ ᠨᠠᠭᠠᠳᠤᠮ ᠢ᠋ ᠲᠥᠯᠥᠭᠡᠯᠡᠳᠡᠭ 《ᠨᠠᠢᠷ》 ᠪᠣᠯ ᠣᠲᠣᠭ᠎ᠬᠤᠰᠢᠭᠤ ᠪᠡᠷ ᠲᠦᠯᠦᠭᠡᠯᠡᠬᠦᠯᠦᠭᠰᠡᠨ ᠥᠪᠡᠷᠲᠡᠭᠡᠨ ᠵᠠᠰᠠᠬᠤ ᠣᠷᠣᠨ ᠤ᠋ ᠳᠡᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠪᠣᠯᠣᠨ᠎ᠠ᠃ ᠣᠷᠳᠣᠰ ᠤ᠋ᠨ 《ᠨᠠᠢᠷ》 ᠤ᠋ᠨ ᠭᠣᠣᠯ ᠤᠯᠠᠮᠵᠢᠯᠠᠨ ᠵᠠᠯᠭᠠᠮᠵᠢᠯᠠᠬᠤ ᠣᠷᠣᠨ ᠪᠣᠯᠤᠭᠰᠠᠨ ᠤ᠋ ᠬᠤᠪᠢ ᠳ᠋ᠦ ᠡᠨᠡ ᠬᠦ᠌ ᠲᠠᠯ᠎ᠠ ᠨᠤᠲᠤᠭ ᠢ᠋ ᠬᠥᠮᠥᠰ 《ᠨᠠᠢᠷ ᠤ᠋ᠨ ᠰᠣᠶᠣᠯ ᠤ᠋ᠨ ᠨᠤᠲᠤᠭ》 ᠭᠡᠮᠡᠳᠡᠭ᠃ ᠣᠢᠷ᠎ᠠ ᠶ᠋ᠢᠨ ᠵᠢᠯ ᠡᠴᠡ 《ᠨᠠᠢᠷ》 ᠨᠢ ᠤᠯᠠᠮᠵᠢᠯᠠᠯᠲᠤ ᠠᠷᠠᠳ ᠤ᠋ᠨ ᠰᠣᠶᠣᠯ ᠤ᠋ᠨ ᠵᠠᠩ ᠳᠠᠳᠬᠠᠯ ᠡᠴᠡ ᠢᠯᠠ ᠲᠣᠳᠣ᠌ ᠣᠷᠣᠨ ᠨᠤᠲᠤᠭ ᠤ᠋ᠨ ᠰᠣᠶᠣᠯ ᠤ᠋ᠨ IP ᠪᠣᠯᠤᠯ᠎ᠠ᠃

《ᠨᠠᠢᠷ》 ᠬᠡᠵᠦ ᠶᠠᠷᠢᠬᠤ ᠳ᠋ᠦ᠂ ᠲᠡᠷᠡ ᠨᠢ ᠶᠡᠷᠦ ᠡᠴᠡ ᠮᠦᠽᠧᠢ ᠳ᠋ᠦ ᠬᠠᠳᠠᠭᠠᠯᠠᠭᠳᠠᠵᠦ ᠪᠠᠢᠭ᠎ᠠ ᠦᠵᠡᠭᠦᠯᠭᠡ ᠶ᠋ᠢᠨ ᠡᠳ᠋ ᠪᠢᠰᠢ᠂ ᠬᠠᠷᠢᠨ ᠮᠠᠯᠴᠢᠳ ᠤ᠋ᠨ ᠡᠳᠦᠷ ᠲᠤᠲᠤᠮ ᠤ᠋ᠨ ᠠᠮᠢᠳᠤᠷᠠᠯ ᠳ᠋ᠦ ᠰᠢᠩᠭᠡᠵᠦ ᠪᠠᠢᠭ᠎ᠠ ᠰᠢᠨ᠎ᠡ ᠰᠣᠷᠭᠣᠭ ᠶᠣᠰᠣᠯᠠᠯ ᠴᠤᠭᠯᠠᠭᠠᠨ ᠪᠣᠯᠣᠨ᠎ᠠ᠃ ᠤᠳᠤᠭ ᠤ᠋ᠨ ᠲᠠᠯ᠎ᠠ ᠳ᠋ᠤ ᠱᠠᠨᠵᠠ᠂ ᠲᠦᠷᠪᠡᠨ ᠤᠲᠠᠰᠤᠲᠤ ᠬᠤᠭᠤᠷ᠂ ᠶᠠᠩᠴᠢᠨ᠂ ᠯᠢᠮᠪᠦ ᠶ᠋ᠢᠨ ᠲᠠᠭᠤᠨ ᠬᠦᠭ ᠨᠡᠢᠯᠡᠮᠡᠭᠴᠡ ᠨᠠᠢᠷ ᠡᠬᠢᠯᠡᠴᠢᠭᠡᠳᠡᠭ᠃ ᠬᠤᠷᠢᠮ᠂ ᠴᠠᠭᠠᠨ ᠰᠠᠷ᠎ᠠ᠂ ᠲᠥᠷᠥᠯ ᠰᠠᠳᠤᠨ᠂ ᠨᠠᠢᠵᠠ ᠨᠥᠬᠥᠳ ᠤ᠋ᠨ ᠴᠤᠭᠯᠠᠭᠠᠨ ᠳ᠋ᠦ ᠮᠠᠯᠴᠢᠳ ᠬᠦᠷᠢᠶᠡᠯᠡᠨ ᠰᠠᠭᠤᠭᠠᠳ ᠪᠣᠭᠣᠨᠢ ᠠᠷᠠᠳ ᠤ᠋ᠨ ᠳᠠᠭᠤᠤ ᠪᠠᠨ ᠤᠶᠠᠬᠠᠨ ᠢᠷᠠᠭᠤ ᠳᠠᠭᠤᠯᠠᠵᠤ᠂ ᠠᠶᠠᠭᠠᠨ ᠪᠦᠵᠢᠭ᠂ ᠰᠠᠪᠬᠠᠨ ᠪᠦᠵᠢᠭ ᠪᠥᠵᠢᠭᠯᠡᠨ᠂ ᠢᠷᠦᠭᠡᠯ ᠮᠠᠭᠲᠠᠭᠠᠯ ᠵᠢᠡᠷ ᠤᠯᠠᠨ ᠢ᠋ᠶ᠋ᠡᠨ ᠪᠠᠶᠠᠰᠬᠠᠳᠠᠭ᠃ ᠡᠷᠲᠡᠨ ᠤ᠋ ᠨᠡᠭᠦᠳᠡᠯ ᠮᠠᠯᠵᠢᠯ ᠤ᠋ᠨ ᠶᠣᠰᠣ᠌ ᠵᠠᠩᠰᠢᠯ ᠨᠢ ᠳᠠᠭᠤᠤ ᠪᠥᠵᠢᠭ ᠵᠢᠡᠷ ᠲᠠᠮᠵᠢᠨ ᠲᠠᠯ᠎ᠠ ᠨᠤᠲᠤᠭ ᠤ᠋ᠨ ᠬᠥᠮᠥᠰ ᠤ᠋ᠨ ᠡᠬᠡ ᠪᠠᠢᠭᠠᠯᠢ ᠪᠠᠨ ᠰᠢᠳᠦᠨ ᠳᠡᠭᠡᠳᠦᠯᠡᠬᠦ᠂ ᠠᠮᠢᠳᠤᠷᠠᠯ ᠤ᠋ᠨ ᠰᠠᠢᠨ ᠰᠠᠢᠬᠠᠨ ᠬᠦᠰᠡᠯ ᠮᠥᠷᠥᠭᠡᠳᠦᠯ ᠢ᠋ ᠢᠯᠡᠳᠬᠡᠵᠦ ᠪᠠᠢᠳᠠᠭ᠃

ᠤᠲᠤᠭ ᠬᠣᠰᠢᠭᠤ ᠲᠠᠷᠢᠶᠠᠯᠠᠬᠤ ᠪᠠ ᠨᠡᠭᠦᠳᠡᠯ ᠮᠠᠯᠵᠢᠯ ᠤ᠋ᠨ ᠠᠭᠤᠯᠵᠠᠷ᠎ᠤᠨ ᠣᠷᠣᠨ ᠪᠦᠰᠡ ᠳ᠋ᠦ ᠪᠠᠢᠷᠢᠯᠠᠵᠤ᠂ 《ᠨᠠᠢᠷ》 ᠨᠢ ᠠᠶᠠᠨᠳᠠᠭᠠᠨ ᠠᠭᠤᠰᠤᠯᠴᠠᠭᠰᠠᠨ ᠨᠡᠭᠡᠭᠡᠯᠲᠡᠲᠤ ᠰᠣᠶᠣᠯ ᠤ᠋ᠨ ᠰᠠᠭᠤᠷᠢ ᠲᠠᠢ ᠪᠣᠯᠭᠠᠵᠠᠢ᠃ ᠤᠷᠲᠤ ᠤᠳᠠᠭᠠᠨ ᠬᠤᠭᠤᠴᠠᠭᠠᠨ ᠳ᠋ᠦ ᠨᠡᠭᠦᠳᠡᠯ ᠮᠠᠯᠵᠢᠯ ᠤ᠋ᠨ ᠰᠣᠶᠣᠯ ᠪᠠ ᠲᠠᠷᠢᠶᠠᠯᠠᠬᠤ ᠰᠣᠶᠣᠯ ᠡᠨᠳᠡ ᠵᠣᠯᠭᠠᠨ ᠠᠭᠤᠰᠤᠯᠴᠠᠵᠤ᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠬᠠᠮᠲᠤ ᠪᠠᠷ ᠳᠠᠭᠤᠯᠠᠵᠤ ᠬᠠᠮᠲᠤ ᠪᠠᠷ ᠪᠥᠵᠢᠭᠯᠡᠵᠡᠬᠡᠨ᠎ᠡ᠃ ᠮᠠᠩᠬᠠᠨ ᠠᠶᠠᠯᠭᠤ ᠵᠢ ᠨᠠᠢᠷ ᠤ᠋ᠨ ᠲᠠᠢᠰᠠᠨ ᠳᠡᠭᠡᠷ᠎ᠡ ᠥᠷᠭᠡᠨ ᠢ᠋ᠶ᠋ᠡᠷ ᠤᠯᠠᠮᠵᠢᠯᠠᠨ ᠳᠠᠭᠤᠯᠠᠵᠤ᠂ ᠦᠨᠳᠦᠰᠦᠲᠡᠨ ᠨᠤᠭᠦᠳ ᠤ᠋ᠨ ᠤᠯᠠᠨ ᠲᠦᠮᠡᠨ ᠨᠢᠭᠡ ᠲᠠᠩᠬᠢᠮ ᠳ᠋ᠦ ᠬᠤᠷᠠᠨ ᠴᠤᠭᠯᠠᠷᠠᠭᠠᠳ ᠠᠶ᠎ᠠ ᠳᠠᠭᠤᠤ ᠪᠡᠷ ᠨᠥᠬᠥᠷᠯᠡᠯ ᠢ᠋ᠶ᠋ᠡᠨ ᠳᠠᠮᠵᠢᠭᠤᠯᠵᠤ᠂ ᠨᠠᠢᠷ ᠨᠢ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠰᠣᠶᠣᠯ ᠤ᠋ᠨ ᠬᠣᠯᠪᠣᠭᠠᠰᠤ ᠪᠣᠯᠤᠭᠰᠠᠨ ᠪᠠᠢᠨ᠎ᠠ᠃

ᠭᠦᠨ ᠵᠤᠵᠠᠭᠠᠨ ᠣᠯᠠᠨ ᠲᠦᠮᠡᠨᠴᠢ ᠰᠠᠭᠤᠷᠢ ᠪᠤᠯ 《ᠨᠠᠢᠷ》 ᠤ᠋ᠨ ᠤᠷᠲᠦ ᠤᠳᠠᠭᠠᠨ ᠦᠷᠬᠦᠯᠵᠢᠯᠡᠵᠦ ᠢᠷᠡᠭᠰᠡᠨ᠎ᠤ ᠦᠨᠳᠦᠰᠦ ᠰᠢᠯᠳᠠᠭᠠᠨ ᠪᠤᠯᠤᠨ᠎ᠠ᠃ ᠣᠲᠣ᠌ ᠣᠲᠣᠭ ᠬᠣᠰᠢᠭᠤᠨ ᠳ᠋ᠤ 184 《ᠨᠠᠢᠷ》 ᠰᠣᠶᠣᠯ ᠤ᠋ᠨ ᠡᠷᠦᠬᠡ᠂ 128 《ᠨᠠᠢᠷ》 ᠤᠷᠠᠨ ᠰᠠᠢᠬᠠᠨ ᠤ᠋ ᠠᠩᠭᠢ᠂ 2000 ᠭᠠᠷᠤᠢ ᠮᠠᠯᠴᠢᠨ ᠤᠷᠠᠨ ᠰᠠᠢᠬᠠᠨ ᠎ᠤ ᠲᠤᠭᠯᠠᠭᠴᠢ ᠲᠠᠢ ᠪᠠᠢᠵᠤ᠂ ᠠᠷᠠᠳ ᠤ᠋ᠨ ᠳᠤᠮᠳᠠᠬᠢ ᠠᠵᠢᠯ ᠤ᠋ᠨ ᠴᠢᠯᠦᠭᠡᠨ ᠤ᠋ ᠤᠷᠠᠨ ᠰᠠᠢᠬᠠᠨ᠎ᠤ ᠲᠤᠭᠯᠠᠭᠴᠢ 5000 ᠵᠢ ᠲᠠᠪᠠᠵᠤ᠂ ᠵᠢᠯ ᠪᠤᠯᠭᠠᠨ ᠡᠯ᠎ᠡ ᠲᠥᠷᠥᠯ ᠤ᠋ᠨ 《ᠨᠠᠢᠷ》 ᠤ᠋ᠨ ᠲᠣᠭᠯᠠᠯᠲᠠ ᠵᠢ 2100 ᠭᠠᠷᠤᠢ ᠤᠳᠠᠭ᠎ᠠ ᠡᠷᠭᠢᠯᠡᠵᠦ ᠪᠠᠢᠨ᠎ᠠ᠃ ᠬᠣᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠣᠨ᠂ ᠠᠷᠠᠳ ᠤ᠋ᠨ ᠰᠣᠶᠣᠯ ᠤ᠋ᠨ ᠡᠷᠦᠬᠡ ᠳᠥᠷᠪᠡᠨ ᠱᠠᠲᠤ ᠬᠣᠯᠪᠤᠭᠠᠯᠠᠨ ᠬᠥᠳᠡᠯᠦᠯᠴᠡᠭᠰᠡᠨ ᠤᠯᠠᠮᠵᠢᠯᠠᠨ ᠵᠠᠯᠭᠠᠮᠵᠢᠯᠠᠬᠤ ᠲᠣᠣᠷ ᠨᠢ ᠦᠨᠳᠦᠰᠦᠨ ᠱᠠᠲᠤᠨ ᠤ᠋ ᠰᠣᠶᠣᠯ ᠤ᠋ᠨ ᠵᠢᠭ᠍ᠰᠠᠭᠠᠯ ᠤ᠋ᠨ ᠭᠠᠵᠠᠷ ᠢ᠋ ᠨᠢᠭᠳᠠ ᠰᠦᠯᠵᠢᠪᠡ᠃ ᠰᠣᠶᠣᠯ ᠤ᠋ᠨ ᠣᠷᠳᠣᠨ ᠤ᠋ 3 ᠶᠡᠷᠦᠩᠬᠡᠢ ᠬᠤᠪᠢᠶᠠᠷᠢ ᠣᠷᠳᠣᠨ᠂ ᠰᠤᠮᠤ ᠪᠠᠯᠭᠠᠰᠤᠨ ᠤ᠋ 6 ᠰᠣᠶᠣᠯ ᠤ᠋ᠨ ᠦᠷᠳᠡᠭᠡ᠂ ᠲᠣᠰᠬᠣᠨ ᠤ᠋ 75 ᠰᠣᠶᠣᠯ ᠤ᠋ᠨ ᠦᠷᠦᠭᠡ ᠨᠢ 《ᠨᠠᠢᠷ》᠎ᠤ᠋ᠨ ᠰᠤᠶᠤᠯ᠎ᠢ᠋ ᠲᠠᠯ᠎ᠠ ᠨᠤᠲᠤᠭ ᠤ᠋ᠨ ᠭᠠᠵᠠᠷ ᠰᠠᠢ ᠦᠭᠡᠢ ᠳᠡᠯᠭᠡᠷᠡᠬᠦᠯᠵᠡᠢ᠃

ᠥᠩᠭᠡᠷᠡᠭᠰᠡᠨ ᠳ᠋ᠦ 《ᠨᠠᠢᠷ》 ᠨᠢ ᠮᠠᠯᠵᠢᠬᠤ ᠣᠷᠣᠨ ᠤ᠋ ᠠᠬᠠᠰ ᠵᠠᠬᠠᠰ ᠤ᠋ᠨ ᠵᠤᠭ᠎ᠠ ᠴᠡᠩᠭᠡᠯ ᠪᠠᠢᠵᠤ᠂ ᠵᠠᠯᠠᠭᠤᠴᠤᠳ ᠲᠡᠳᠦᠢ ᠶᠡᠬᠡ ᠰᠤᠨᠢᠷᠬᠠᠯ ᠦᠭᠡᠢ ᠪᠠᠢᠵᠠᠢ᠃ ᠪᠠᠶᠠᠷᠯᠠᠭᠤᠰᠢᠲᠠᠢ ᠨᠢ ᠤᠳᠤ ᠡᠨᠡ ᠬᠦ᠌ ᠦᠵᠡᠭᠳᠡᠯ ᠠᠭᠠᠵᠢᠮ ᠢ᠋ᠶ᠋ᠡᠷ ᠬᠤᠪᠢᠷᠠᠵᠤ᠂ ᠬᠣᠰᠢᠭᠤᠨ ᠤ᠋ ᠡᠯ᠎ᠡ ᠱᠠᠲᠤᠨ ᠤ᠋ ᠰᠣᠶᠣᠯ ᠤ᠋ᠨ ᠣᠷᠳᠣᠨ ᠵᠢᠯ ᠲᠤᠷᠰᠢ 《ᠨᠠᠢᠷ》 ᠨᠡᠶ᠋ᠢᠲᠡ ᠶ᠋ᠢᠨ ᠠᠰᠠᠷᠠᠮᠵᠢ ᠶ᠋ᠢᠨ ᠪᠣᠯᠪᠠᠰᠤᠷᠠᠯ ᠤ᠋ᠨ ᠠᠩᠭᠢ ᠡᠷᠬᠢᠯᠡᠵᠦ᠂ ᠬᠢᠴᠢᠶᠡᠯ ᠨᠢ ᠦᠨᠳᠦᠰᠦᠲᠡᠨ ᠤ᠋ ᠬᠥᠭᠵᠢᠮ᠂ ᠤᠯᠠᠮᠵᠢᠯᠠᠯᠲᠤ ᠪᠥᠵᠢᠭ ᠢ᠋ ᠬᠠᠮᠤᠷᠴᠤ᠂ ᠰᠤᠷᠤᠯᠭᠠᠳᠠᠨ ᠨᠢ 6 ᠨᠠᠰᠤ ᠡᠴᠡ 82 ᠨᠠᠰᠤ ᠬᠦᠷᠲᠡᠯᠡᠬᠢ ᠬᠦᠮᠦᠰ ᠪᠦᠷ ᠪᠤᠢ᠃ ᠰᠤᠷᠭᠠᠭᠤᠯᠢ ᠶ᠋ᠢᠨ ᠬᠦᠷᠢᠶᠡᠨ ᠳ᠋ᠦ 《ᠨᠠᠢᠷ》 ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠳᠤᠷ᠎ᠠ ᠰᠣᠨᠢᠷᠬᠠᠯ ᠤ᠋ᠨ ᠠᠩᠭᠢ ᠨᠡᠭᠡᠭᠡᠵᠦ᠂ ᠬᠡᠦᠬᠡᠳ ᠤ᠋ᠳ ᠤᠯᠠᠮᠵᠢᠯᠠᠯᠲᠤ ᠬᠥᠭᠵᠢᠮ ᠲᠠᠢ ᠤᠢᠷᠠᠳᠤᠨ᠂ ᠠᠷᠠᠳ ᠤ᠋ᠨ ᠳᠠᠭᠤᠤ ᠵᠢ ᠰᠤᠷᠴᠤ ᠳᠠᠭᠤᠯᠠᠨ᠎ᠠ᠃ ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠳᠠᠭᠤᠤ ᠬᠥᠭᠵᠢᠮ ᠤ᠋ᠨ ᠳᠡᠭᠡᠳᠦ ᠰᠤᠷᠭᠠᠭᠤᠯᠢ ᠣᠲᠣᠭ ᠬᠣᠰᠢᠭᠤᠨ ᠳ᠋ᠦ ᠠᠵᠢᠯ ᠣᠯᠭᠣᠯᠲᠠ ᠶ᠋ᠢᠨ ᠦᠢᠯᠡᠳᠦᠯᠭᠡ ᠶ᠋ᠢᠨ ᠰᠠᠭᠤᠷᠢᠨ ᠪᠠᠢᠭᠤᠯᠵᠤ᠂ ᠵᠠᠯᠠᠭᠤ ᠰᠤᠷᠤᠭ᠍ᠴᠢᠳ ᠲᠠᠯ᠎ᠠ ᠨᠤᠲᠤᠭ ᠲᠦ᠍ ᠭᠦᠨᠵᠡᠭᠡᠢᠷᠡᠨ ᠮᠠᠲᠧᠷᠢᠶᠠᠯ ᠴᠤᠭᠯᠠᠭᠤᠯᠤᠨ ᠨᠠᠢᠷᠠᠭᠤᠯᠵᠤ᠂ 《ᠨᠠᠢᠷ》 ᠠᠷᠠᠳ ᠤ᠋ᠨ ᠳᠠᠭᠤᠤ ᠶ᠋ᠢᠨ ᠲᠣᠭᠠᠴᠢᠯᠠᠭᠰᠠᠨ ᠡᠬᠢ ᠪᠠᠶᠠᠯᠢᠭ᠋ ᠤ᠋ᠨ ᠬᠥᠮᠥᠷᠭᠡ ᠵᠢ ᠬᠠᠮᠲᠤ ᠪᠠᠷ ᠪᠠᠢᠭᠤᠯᠵᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠵᠠᠯᠭᠠᠮᠵᠢᠯᠠᠬᠤ ᠦᠢᠯᠡᠰ ᠲᠦ᠍ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ ᠮᠠᠩᠯᠠᠢᠪᠠᠭᠠᠲᠤᠷ 2016 ᠣᠨ ᠡᠴᠡ ᠡᠬᠢᠯᠡᠨ ᠤᠯᠠᠮᠵᠢᠯᠠᠨ ᠰᠤᠷᠭᠠᠬᠤ ᠭᠠᠵᠠᠷ ᠪᠠᠢᠭᠤᠯᠵᠤ᠂ 800 ᠭᠠᠷᠤᠢ ᠰᠣᠷᠣᠭ᠍ᠴᠢ ᠬᠥᠮᠥᠵᠢᠭᠦᠯᠪᠡ᠃ ᠪᠠᠭ᠍ᠰᠢ ᠱᠠᠪᠢ ᠦᠨᠡᠨ ᠰᠡᠳᠬᠢᠯ ᠡᠴᠡ ᠪᠡᠨ ᠤᠯᠠᠮᠵᠢᠯᠠᠵᠤ᠂ ᠠᠬᠠᠮᠠᠳ ᠢᠳᠡᠷ ᠵᠠᠯᠠᠭᠤ ᠵᠢᠨ ᠤᠯᠠᠮᠵᠢᠯᠠᠨ ᠵᠠᠯᠭᠠᠮᠵᠢᠯᠠᠬᠤ ᠱᠠᠲᠤᠯᠢᠭ ᠡᠩᠨᠡᠭᠡ ᠵᠢ ᠠᠯᠬᠤᠮ ᠠᠯᠬᠤᠮ ᠵᠢᠡᠷ ᠪᠦᠷᠢᠯᠳᠦᠭᠦᠯᠪᠡ᠃

ᠣᠲᠣᠭ ᠬᠣᠰᠢᠭᠤ 《ᠨᠠᠢᠷ》 ᠰᠣᠶᠣᠯ ᠤ᠋ᠨ ᠴᠤᠭᠯᠠᠭᠠᠨ ᠢ᠋ ᠣᠲᠤᠬᠠᠨ ᠪᠣᠯᠲᠠᠯ᠎ᠠ 4 ᠬᠤᠭᠤᠴᠠᠭ᠎ᠠ ᠡᠷᠭᠢᠯᠡᠵᠦ ᠪᠤᠢ᠃ ᠰᠣᠶᠣᠯ ᠪᠠ ᠪᠠᠢᠭᠠᠯᠢ ᠶ᠋ᠢᠨ ᠥᠪ ᠤ᠋ᠨ ᠡᠳᠦᠷ᠂ ᠵᠠᠭᠤᠨ ᠡᠳᠦᠷ ᠤ᠋ᠨ ᠵᠤᠰᠠᠭᠠᠯ᠂ ᠨᠠᠭᠠᠳᠤᠮ ᠤ᠋ᠨ ᠶᠡᠬᠡ ᠬᠤᠷᠠᠯ ᠵᠡᠷᠭᠡ ᠡᠯ᠎ᠡ ᠵᠦᠢᠯ ᠤ᠋ᠨ ᠠᠵᠢᠯᠯᠠᠭ᠎ᠠ ᠡᠭᠡᠯᠵᠢᠯᠡᠨ ᠶᠠᠪᠤᠭᠳᠠᠵᠤ᠂ 《ᠨᠠᠢᠷ ᠦᠨᠳᠦᠰᠦᠲᠡᠨ ᠤ᠋ ᠪᠦᠯᠬᠦᠮᠳᠡᠯ ᠤ᠋ᠨ ᠳᠠᠭᠤᠤ ᠵᠢ ᠬᠠᠩᠭᠢᠨᠠᠭᠤᠯᠬᠤ》 ᠰᠣᠶᠣᠯ ᠤ᠋ᠨ ᠤᠯᠠᠷᠢᠯ ᠳ᠋ᠦ 《ᠨᠠᠢᠷ》 ᠬᠢᠯᠪᠢᠭᠡᠨ ᠲᠤᠭᠯᠠᠯᠳᠠ᠂ ᠲᠦᠳᠡᠭ ᠭᠠᠯ ᠤ᠋ᠨ 《ᠨᠠᠢᠷ》 ᠵᠡᠷᠭᠡ ᠬᠥᠩᠭᠡᠨ ᠠᠪᠰᠠᠷ ᠲᠤᠭᠯᠠᠯᠳᠠ ᠲᠠᠰᠤᠷᠠᠯᠲᠠ ᠦᠭᠡᠢ ᠰᠢᠨᠡᠳᠴᠦ᠂ 《ᠨᠠᠢᠷ》 ᠤ᠋ᠨ ᠲᠣᠭᠯᠠᠯᠲᠠ ᠪᠠᠢᠩᠭᠤ ᠶᠠᠪᠤᠭᠳᠠᠨ᠂ ᠣᠷᠳᠣᠰ 《ᠨᠠᠢᠷ》 ᠤ᠋ᠨ ᠲᠦᠷᠦᠯ ᠲᠡᠮᠳᠡᠭ ᠢ᠋ ᠴᠤᠭᠴᠠᠯᠠᠪᠠ᠃ ᠡᠨᠡ ᠵᠢᠯ ᠤ᠋ᠨ ᠣᠲᠣᠭ ᠬᠣᠰᠢᠭᠤᠨ ᠤ᠋ ᠵᠢᠭᠤᠯᠴᠢᠯᠠᠯ ᠤ᠋ᠨ ᠨᠠᠭᠠᠳᠤᠮ ᠤ᠋ᠨ ᠡᠬᠢᠯᠡᠯᠲᠡ ᠶ᠋ᠢᠨ ᠶᠣᠰᠣᠯᠠᠯ ᠳᠡᠭᠡᠷ᠎ᠡ 《ᠨᠠᠢᠷ》 ᠤᠷᠠᠨ ᠰᠠᠢᠬᠠᠨ ᠤ᠋ ᠲᠣᠭᠯᠠᠯᠲᠠ ᠨᠢ ᠭᠤᠤᠯᠳᠠᠯᠭ᠎ᠠ ᠲᠠᠢ ᠲᠤᠭᠯᠠᠯᠳᠠ ᠪᠤᠯᠵᠦ᠂ ᠠᠷᠠᠳ ᠤ᠋ᠨ ᠵᠠᠩ ᠦᠶ᠋ᠯᠡ ᠶ᠋ᠢᠨ ᠠᠭᠤᠯᠤᠭᠳᠠᠬᠤᠨ ᠪᠣᠯᠣᠨ ᠤᠷᠠᠯᠢᠭ᠋ ᠤ᠋ᠨ ᠴᠣᠭ ᠵᠢᠪᠬᠤᠭ᠎ᠠ ᠵᠢ ᠪᠦᠷᠢᠨ ᠭᠦᠢᠴᠡᠳ ᠢᠯᠡᠷᠡᠭᠦᠯᠪᠡ᠃

ᠤᠷᠤᠨ ᠨᠤᠲᠤᠭ ᠲᠦ᠍ ᠣᠯᠠᠨ ᠴᠡᠭ ᠡᠴᠡ ᠴᠡᠴᠡᠭ ᠳᠡᠯᠭᠡᠷᠡᠵᠦ᠂ ᠰᠦᠯᠵᠢᠶᠡᠨ ᠳᠡᠭᠡᠷ᠎ᠡ ᠬᠥᠭᠵᠢᠶᠡᠨ ᠨᠠᠷᠭᠢᠶᠠᠨ ᠢ᠋ᠶ᠋ᠠᠷ ᠪᠢᠯᠬᠠᠨ᠎ᠠ᠃ 《ᠲᠠᠯ᠎ᠠ ᠨᠤᠲᠤᠭ ᠤ᠋ᠨ ᠲᠣᠰᠬᠣᠨ ᠤ᠋ ᠦᠳᠡᠰᠢᠯᠡᠬᠡ》 ᠶ᠋ᠢᠨ ᠲᠠᠪᠴᠠᠩ ᠳ᠋ᠦ ᠲᠦᠰᠢᠭᠯᠡᠨ᠂ ᠬᠣᠰᠢᠭᠤᠨ ᠤ᠋ ᠰᠣᠶᠣᠯ ᠤ᠋ᠨ ᠣᠷᠳᠣᠨ ᠪᠣᠯᠣᠨ ᠤᠯᠠᠭᠠᠨᠮᠥ᠋ᠴᠢᠷ ᠬᠠᠮᠲᠤᠷᠠᠨ 《ᠨᠠᠢᠷ》 ᠲᠤᠰᠬᠠᠢ ᠰᠢᠭᠤᠳ ᠨᠡᠪᠲᠡᠷᠡᠭᠦᠯᠭᠡ ᠶ᠋ᠢᠨ ᠲᠠᠰᠤᠭ ᠭᠠᠷᠭᠠᠵᠤ᠂ ᠨᠡᠪᠳᠡᠷᠡᠬᠦᠯᠦᠭᠴᠢ ᠨᠢ ᠬᠥᠭᠵᠢᠮᠳᠡᠬᠦ ᠶ᠋ᠢᠨ ᠳᠠᠭᠠᠤ ᠠᠷᠠᠳ ᠤ᠋ᠨ ᠵᠠᠩ ᠦᠶ᠋ᠯᠡ ᠶ᠋ᠢᠨ ᠥᠯᠢᠭᠡᠷ ᠢ᠋ ᠲᠠᠢᠯᠪᠤᠷᠢᠯᠠᠪᠠ᠃ ᠴᠥᠭᠡᠨ ᠪᠤᠰᠤ ᠰᠦᠯᠵᠢᠶᠡᠨ ᠠᠨᠳᠠ ᠦᠭᠡ ᠦᠯᠡᠳᠡᠭᠡᠵᠦ᠂ ᠳᠠᠭᠤᠤ ᠶ᠋ᠢᠨ ᠦᠭᠡ ᠵᠢ ᠰᠣᠨᠣᠰᠴᠤ ᠤᠢᠯᠠᠭᠠᠬᠤ ᠦᠭᠡᠢ ᠴᠦ᠍ ᠭᠡᠰᠡᠨ ᠥᠷᠭᠡᠨ ᠠᠭᠤᠳᠠᠮ ᠲᠠᠯ᠎ᠠ ᠨᠤᠲᠤᠭ ᠲᠦ᠍ ᠰᠠᠭᠤᠵᠤ ᠪᠠᠢᠬᠤ ᠰᠢᠭ᠋ ᠭᠡᠵᠦ ᠬᠡᠯᠡᠨ᠎ᠠ᠃ ᠡᠷᠲᠡᠨ ᠤ᠋ 《ᠨᠠᠢᠷ》 ᠨᠢ ᠳᠤᠭᠠᠴᠢᠯᠠᠯᠳᠠ ᠶ᠋ᠢᠨ ᠴᠠᠭ ᠡᠷᠢᠨ ᠢ᠋ ᠠᠰᠢᠭ᠍ᠯᠠᠨ ᠨᠡᠩ ᠥᠷᠭᠡᠨ ᠠᠭᠤᠳᠠᠮ ᠣᠷᠣᠨ ᠵᠠᠢ ᠲᠠᠢ ᠪᠣᠯᠵᠠᠢ᠃

ᠦᠪ ᠤᠯᠠᠮᠵᠢᠯᠠᠯ ᠢ᠋ ᠬᠠᠮᠠᠭᠠᠯᠠᠬᠤ ᠳ᠋ᠦ ᠪᠠᠷᠢᠮᠳᠠ ᠮᠠᠲᠧᠷᠢᠶᠠᠯ ᠤ᠋ᠨ ᠴᠤᠭᠯᠠᠭᠤᠯᠭ᠎ᠠ ᠮᠠᠰᠢ ᠴᠢᠬᠤᠯᠠ ᠪᠠᠢᠳᠠᠭ᠃ ᠲᠤᠬᠠᠢ ᠶ᠋ᠢᠨ ᠭᠠᠵᠠᠷ ᠤ᠋ᠨ ᠬᠢᠨ ᠣᠷᠳᠣᠰ ᠤ᠋ᠨ 《ᠨᠠᠢᠷ》 ᠤ᠋ᠨ ᠨᠡᠢᠬᠡᠮ ᠤ᠋ᠨ ᠪᠠᠢᠴᠠᠭᠠᠯᠲᠠ ᠵᠢᠨ ᠠᠵᠢᠯ ᠥᠷᠨᠢᠭᠦᠯᠵᠦ᠂ 《ᠨᠠᠢᠷ》 ᠤ᠋ᠨ ᠰᠣᠶᠣᠯ ᠤ᠋ᠨ ᠳ᠋ᠠᠢᠲ᠋ᠠ ᠬᠥᠮᠥᠷᠭᠡ ᠵᠢ ᠪᠠᠢᠭᠤᠯᠤᠨ ᠲᠡᠭᠦᠯᠳᠡᠷᠵᠢᠭᠦᠯᠵᠦ᠂ ᠠᠷᠠᠳ ᠤ᠋ᠨ ᠳᠠᠭᠤᠤ᠂ ᠶᠣᠰᠣᠯᠠᠯ᠂ ᠠᠮᠠᠨ ᠲᠡᠦᠬᠡ ᠵᠢ ᠪᠦᠷᠢᠨ ᠪᠦᠲᠦᠨ ᠢ᠋ᠶ᠋ᠡᠷ ᠨᠢ ᠦᠯᠡᠳᠡᠭᠡᠨ ᠬᠠᠳᠠᠭᠠᠯᠠᠪᠠ᠃ ᠬᠣᠰᠢᠭᠤᠨ ᠤ᠋ ᠵᠠᠰᠠᠭ ᠤ᠋ᠨ ᠣᠷᠳᠣᠨ ᠲᠤᠰᠬᠠᠢ ᠵᠦᠢᠯ ᠤ᠋ᠨ ᠬᠠᠮᠠᠭᠠᠯᠠᠯᠲᠠ ᠶ᠋ᠢᠨ ᠲᠥᠯᠦᠪᠵᠢᠭᠦᠯᠭᠡ ᠵᠢ ᠨᠡᠢᠲᠡᠯᠡᠵᠦ᠂ ᠵᠢᠯ ᠪᠤᠯᠭᠠᠨ 150 ᠲᠦᠮᠡᠨ ᠲᠥᠭᠥᠷᠢᠭ ᠡᠴᠡ ᠳᠡᠭᠡᠭᠰᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠤᠰᠬᠠᠢ ᠲᠥᠷᠥᠯ ᠵᠦᠢᠯ ᠤ᠋ᠨ ᠪᠡᠯᠡ ᠮᠥᠩᠭᠥ ᠭᠠᠷᠭᠠᠨ᠂ ᠬᠠᠮᠠᠭᠠᠯᠠᠨ ᠤᠯᠠᠮᠵᠢᠯᠠᠬᠤ ᠳᠦᠷᠢᠮ ᠢ᠋ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠳᠣᠰ ᠤ᠋ᠨ 《ᠨᠠᠢᠷ》 ᠤ᠋ᠨ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠢ᠋ ᠯᠠᠪᠳᠠᠭᠤᠨ ᠢ᠋ᠶ᠋ᠠᠷ ᠠᠬᠢᠭᠤᠯᠵᠤ ᠪᠠᠢᠨ᠎ᠠ᠃

ᠪᠣᠳᠠᠰ ᠤ᠋ᠨ ᠪᠤᠰᠤ ᠰᠣᠶᠣᠯ ᠤ᠋ᠨ ᠥᠪ ᠢ᠋ᠶ᠋ᠡᠷ ᠬᠥᠭᠥᠷᠭᠡ ᠪᠣᠯᠭᠠᠵᠤ᠂ ᠰᠣᠶᠣᠯ ᠵᠢᠭᠤᠯᠴᠢᠯᠠᠯ ᠤ᠋ᠨ ᠠᠭᠤᠰᠤᠯᠴᠠᠯ ᠨᠢ 《ᠨᠠᠢᠷ》 IP ᠶ᠋ᠢᠨ ᠨᠡᠷ᠎ᠠ ᠨᠦᠯᠦᠬᠡ ᠵᠢ ᠤᠯᠠᠮ ᠦᠷᠭᠡᠳᠬᠡᠪᠡ᠃ ᠲᠤᠬᠠᠢ ᠶ᠋ᠢᠨ ᠭᠠᠵᠠᠷ ᠤ᠋ᠨ ᠬᠢᠨ ᠶᠠᠭ 《ᠨᠠᠢᠷ》 ᠳᠠᠭᠤᠤ ᠬᠥᠭᠵᠢᠮ ᠤ᠋ᠨ ᠵᠢᠵᠢᠭ ᠪᠠᠯᠭᠠᠰᠤᠨ ᠤ᠋ ᠪᠦᠲᠦᠭᠡᠨ ᠪᠠᠢᠭᠤᠯᠤᠯᠲᠠ ᠵᠢ ᠠᠬᠢᠭᠤᠯᠵᠤ᠂ 《ᠨᠠᠢᠷ》 ᠰᠣᠶᠣᠯ ᠤ᠋ᠨ ᠪᠡᠶᠡᠴᠢᠯᠡᠨ ᠣᠢᠯᠠᠭᠠᠬᠤ ᠣᠷᠳᠣᠨ᠂ ᠣᠶᠤᠨᠴᠢᠯᠠᠭᠰᠠᠨ ᠲᠣᠭᠠᠴᠢᠯᠠᠭᠰᠠᠨ ᠦᠵᠡᠭᠦᠯᠭᠡ ᠶ᠋ᠢᠨ ᠣᠷᠳᠣᠨ ᠢ᠋ ᠪᠠᠢᠭᠤᠯᠵᠤ᠂ ᠦᠵᠡᠮᠵᠢ ᠶ᠋ᠢᠨ ᠣᠷᠣᠨ᠂ ᠪᠠᠭᠤᠳᠠᠯ᠂ ᠠᠷᠠᠳ ᠤ᠋ᠨ ᠵᠠᠩ ᠦᠶ᠋ᠯᠡ ᠶ᠋ᠢᠨ ᠦᠢᠯᠡᠳᠬᠡᠯ ᠤ᠋ᠨ ᠭᠠᠵᠠᠷ ᠢ᠋ ᠲᠠᠰ ᠳᠡᠪᠰᠢᠭᠦᠯᠤᠨ᠂ ᠰᠣᠶᠣᠯ ᠤ᠋ᠨ ᠪᠦᠳᠦᠬᠡᠯᠴᠢ ᠦᠢᠯᠡᠳᠬᠦᠨ ᠢ᠋ ᠨᠡᠭᠡᠭᠡᠨ ᠬᠥᠭᠵᠢᠭᠦᠯᠵᠦ᠂ 《ᠳᠡᠯᠭᠡᠨ ᠦᠵᠡᠭᠦᠯᠬᠦ + ᠰᠤᠳᠤᠯᠤᠨ ᠰᠤᠷᠤᠯᠴᠠᠬᠤ + ᠰᠣᠶᠣᠯ ᠵᠢᠭᠤᠯᠴᠢᠯᠠᠯ ᠢ᠋ ᠪᠡᠶᠡᠴᠢᠯᠡᠨ ᠣᠢᠯᠠᠭᠠᠬᠤ》 ᠠᠭᠤᠰᠤᠯᠴᠠᠯ ᠤ᠋ᠨ ᠵᠠᠭᠪᠤᠷ ᠢ᠋ ᠪᠠᠢᠭᠤᠯᠵᠤ ᠪᠠᠢᠨ᠎ᠠ᠃ ᠪᠣᠳᠠᠰ ᠤ᠋ᠨ ᠪᠤᠰᠤ ᠰᠣᠶᠣᠯ ᠤ᠋ᠨ ᠥᠪ ᠨᠢ ᠠᠷᠠᠳ ᠤ᠋ᠨ ᠵᠠᠩ ᠦᠶ᠋ᠯᠡ ᠵᠢ ᠪᠡᠶᠡᠴᠢᠯᠡᠨ ᠣᠢᠯᠠᠭᠠᠬᠤ᠂ ᠲᠠᠯ᠎ᠠ ᠨᠤᠲᠤᠭ ᠤ᠋ᠨ ᠵᠢᠭᠤᠯᠴᠢᠯᠠᠯ᠂ ᠬᠥᠭᠵᠢᠮᠳᠡᠭᠦᠷ ᠦᠢᠯᠡᠳᠬᠦ ᠵᠡᠷᠭᠡ ᠡᠵᠡᠩᠨᠡᠯᠲᠡ ᠶ᠋ᠢᠨ ᠬᠡᠯᠪᠡᠷᠢ ᠵᠢ ᠳᠠᠶ᠋ᠢᠴᠢᠯᠠᠨ᠂ ᠰᠣᠶᠣᠯ ᠤ᠋ᠨ ᠡᠬᠢ ᠪᠠᠶᠠᠯᠢᠭ᠋ ᠢ᠋ ᠬᠥᠭᠵᠢᠯᠲᠡ ᠶ᠋ᠢᠨ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠵᠤ᠂ ᠮᠠᠯᠴᠢᠨ ᠲᠠᠷᠢᠶᠠᠴᠢᠨ ᠤ᠋ ᠣᠢᠷ᠎ᠠ ᠬᠠᠪᠢ ᠳ᠋ᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠵᠢ ᠠᠬᠢᠭᠤᠯᠵᠤ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠦ ᠰᠣᠶᠣᠯ ᠤ᠋ᠨ ᠬᠥᠳᠡᠯᠭᠡᠬᠦ ᠬᠦᠴᠦᠨ ᠨᠡᠮᠡᠷᠢᠯᠡᠪᠡ᠃

ᠲᠠᠯ᠎ᠠ ᠨᠤᠲᠤᠭ ᠤ᠋ᠨ ᠳᠠᠭᠤᠤ ᠲᠠᠰᠤᠷᠠᠰᠢ ᠦᠭᠡᠢ᠂ ᠪᠣᠳᠠᠰ ᠤ᠋ᠨ ᠪᠤᠰᠤ ᠰᠣᠶᠣᠯ ᠤ᠋ᠨ ᠥᠪ ᠡᠬᠦᠷᠢᠳᠡ ᠤᠯᠠᠮᠵᠢᠯᠠᠭᠳᠠᠨ᠎ᠠ᠃ ᠡᠨᠡ ᠬᠦ᠌ 《ᠨᠠᠢᠷ ᠤ᠋ᠨ ᠰᠣᠶᠣᠯ ᠤ᠋ᠨ ᠨᠤᠲᠤᠭ》 ᠨᠢ ᠲᠠᠯ᠎ᠠ ᠨᠤᠲᠤᠭ ᠤ᠋ᠨ ᠬᠣᠪᠣᠷ ᠨᠠᠨᠳᠢᠨ ᠰᠣᠶᠣᠯ ᠢ᠋ ᠦᠷᠭᠦᠯᠵᠢᠯᠡᠨ ᠬᠠᠮᠠᠭᠠᠯᠠᠵᠤ᠂ ᠨᠠᠢᠷ ᠤ᠋ᠨ ᠳᠠᠭᠤᠤ ᠵᠢ ᠲᠠᠯ᠎ᠠ ᠨᠤᠲᠤᠭ ᠡᠴᠡ ᠭᠠᠳᠠᠭᠰᠢ ᠭᠠᠷᠭᠠᠨ᠂ ᠨᠡᠩ ᠤᠯᠠᠨ ᠬᠥᠮᠥᠰ ᠤ᠋ᠨ ᠰᠡᠳᠬᠢᠯ ᠳ᠋ᠦ ᠰᠠᠭᠤᠭᠳᠠᠭᠤᠯᠵᠤ᠂ ᠰᠢᠨ᠎ᠡ ᠴᠠᠭ ᠦᠶ᠎ᠡ ᠳ᠋ᠦ ᠬᠥᠮᠥᠰ ᠤ᠋ᠨ ᠰᠡᠳᠬᠢᠯ ᠢ᠋ ᠲᠤᠭᠳᠤᠯᠤᠭᠤᠯᠤᠮ᠎ᠠ ᠭᠡᠷᠡᠯ ᠭᠢᠯᠪᠠᠭ᠎ᠠ ᠰᠠᠴᠤᠷᠠᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面