2026-09-17 18:40:02
ᠣᠢᠷ᠎ᠠ᠎ᠶᠢᠨ ᠵᠢᠯ᠎ᠳᠤ᠂ ᠯᠢᠨᠰᠢ ᠰᠢᠶᠠᠨ ᠰᠤᠯᠠ ᠰᠡᠯᠡᠭᠦᠦ ᠭᠦᠳᠡᠯᠮᠦᠷᠢ ᠬᠦᠴᠦᠨ᠎ᠤ ᠠᠵᠢᠯ ᠣᠯᠵᠤ ᠣᠷᠤᠯᠭ᠎ᠠ᠎ᠪᠠᠨ ᠨᠡᠮᠡᠭᠳᠡᠭᠦᠯᠬᠦ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠵᠣᠬᠢᠶᠠᠨ ᠪᠠᠢᠭᠤᠯᠤᠯᠲᠠ᠎ᠶᠢᠨ ᠬᠡᠯᠬᠢᠶ᠎ᠡ》ᠵᠢ ᠴᠢᠨᠭᠭᠠᠷᠠᠭᠤᠯᠵᠤ᠂ 《ᠦᠢᠯᠡᠴᠢᠯᠡᠭᠡᠨ᠎ᠤ ᠬᠡᠯᠬᠢᠶ᠎ᠡ》 ᠳ᠋ᠤ ᠬᠦᠴᠦᠨ ᠴᠢᠳᠠᠪᠤᠷᠢ ᠣᠯᠭᠤᠵᠤ᠂ 《ᠬᠥᠭᠵᠢᠯᠲᠡ᠎ᠶᠢᠨ ᠬᠡᠯᠬᠢᠶ᠎ᠡ》 ᠵᠢ ᠤᠷᠲᠤᠳᠬᠠᠬᠤ᠎ᠪᠠᠷ ᠳᠠᠮᠵᠢᠭᠤᠯᠤᠨ᠂ ᠤᠯᠠᠨ ᠲᠦᠮᠡᠨ᠎ᠤ 《ᠬᠤᠷᠤᠭᠤᠨ ᠡᠷᠳᠡᠮ》 ᠢ᠋ ᠪᠤᠲᠠᠲᠤ ᠦᠷ᠎ᠡ ᠠᠰᠢᠭ᠋ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠠᠵᠤ ᠦᠢᠯᠡᠰ ᠬᠥᠭᠵᠢᠭᠰᠡᠨ᠂ ᠤᠯᠠᠨ ᠲᠦᠮᠡᠨ ᠪᠠᠶᠠᠵᠢᠨ ᠴᠢᠨᠡᠭᠡᠯᠢᠭᠵᠢᠭᠰᠡᠨ ᠦᠨᠳᠦᠰᠦᠨ ᠱᠠᠲᠤᠨ᠎ᠤ ᠵᠠᠰᠠᠯᠲᠠ᠎ᠶᠢᠨ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠪᠠ᠃
ᠵᠣᠬᠢᠶᠠᠨ ᠪᠠᠢᠭᠤᠯᠵᠤ ᠬᠥᠲᠥᠯᠥᠨ ᠳᠠᠭᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠡᠭᠡᠳᠦ ᠳᠣᠣᠷᠠᠳᠤ ᠱᠠᠲᠤ ᠬᠠᠮᠲᠤᠷᠠᠯᠴᠠᠨ ᠬᠥᠳᠡᠯᠦᠯᠴᠡᠭᠰᠡᠨ᠂ ᠬᠡᠷᠡᠭᠵᠢᠭᠦᠯᠦᠯᠲᠡ ᠡᠷᠴᠢᠮᠲᠡᠢ ᠬᠠᠷᠢᠭᠤᠴᠠᠯᠭ᠎ᠠ᠎ᠶᠢᠨ ᠰᠢᠰᠲᠧᠮ᠎ᠢ᠋ ᠪᠠᠶ᠋ᠢᠭᠤᠯᠪᠠ᠃ ᠵᠣᠬᠢᠶᠠᠨ ᠪᠠᠢᠭᠤᠯᠵᠥᠤᠳᠤᠷᠢᠳᠬᠤᠪᠠᠨ ᠴᠢᠩᠭᠠᠳᠬᠠᠵᠤ᠂ ᠬᠠᠷᠢᠭᠤᠴᠠᠯᠭ᠎ᠠ᠎ᠶᠢᠨ ᠬᠡᠯᠬᠢᠶ᠎ᠡ᠎ᠵᠢ ᠪᠣᠳᠠᠲᠠᠢᠵᠢᠭᠤᠯᠤᠨ᠂ 《 ᠰᠢᠶᠠᠨ᠎ᠤ ᠨᠠᠮ᠎ᠤᠨ ᠬᠣᠷᠢᠶ᠎ᠠ ᠨᠢᠭᠡᠳᠦᠯᠲᠡᠢ ᠲᠥᠯᠥᠪᠯᠡᠬᠦ ︱ ᠵᠡᠭᠡᠯᠢ ᠭᠤᠳᠤᠮᠵᠢ᠎ᠶᠢᠨ ᠨᠠᠮ᠎ᠤᠨ ᠬᠣᠷᠢᠶ᠎ᠠ ᠠᠬᠢᠭᠤᠯᠬᠤ ︱ ᠨᠡᠢᠭᠡᠮ ᠲᠣᠭᠣᠷᠢᠭ᠋ ᠤ᠋ᠨ ᠨᠠᠮ᠎ᠤᠨ ᠵᠣᠬᠢᠶᠠᠨ ᠪᠠᠢᠭᠤᠯᠤᠯᠲᠠ ᠨᠠᠶ᠋ᠢᠳᠠᠪᠤᠷᠢᠵᠢᠭᠤᠯᠬᠤ》ᠭᠤᠷᠪᠠᠨ ᠱᠠᠲᠤᠨ᠎ᠤ ᠬᠠᠮᠲᠤᠷᠠᠨ ᠬᠥᠳᠡᠯᠦᠯᠴᠡᠬᠦ ᠬᠠᠷᠢᠭᠤᠴᠠᠯᠭ᠎ᠠ᠎ᠶᠢᠨ ᠰᠢᠰᠲᠧᠮ ᠢ᠋ ᠪᠠᠶ᠋ᠢᠭᠤᠯᠵᠤ᠂ ᠭᠠᠷ ᠤᠷᠠᠯᠠᠯ ᠤ᠋ᠨ ᠦᠢᠯᠡᠰ ᠢ᠋ ᠬᠥᠭᠵᠢᠭᠦᠯᠬᠦ᠎ᠶᠢ ᠨᠠᠮ᠎ᠤᠨ ᠪᠠᠢᠭᠤᠯᠤᠯᠲᠠ ᠪᠡᠷ ᠬᠥᠲᠥᠯᠥᠨ ᠳᠠᠭᠠᠭᠤᠯᠵᠤ ᠦᠨᠳᠦᠰᠦᠨ ᠱᠠᠲᠤᠨ᠎ᠤ ᠵᠠᠰᠠᠯᠲᠠ᠎ᠶᠢ ᠠᠬᠢᠭᠤᠯᠬᠤ ᠴᠢᠬᠤᠯᠠ ᠭᠠᠷᠳᠡᠴᠡ ᠪᠤᠯᠭᠠᠵᠤ᠂ ᠣᠨ᠎ᠤ ᠭᠣᠣᠯᠳᠠᠯᠭ᠎ᠠ ᠲᠠᠢ ᠡᠭᠦᠷᠭᠡ᠎ᠶᠢᠨ ᠨᠠᠷᠢᠨ ᠳᠠᠨᠭᠰᠠᠨ᠎ᠳᠤ ᠣᠷᠣᠭᠤᠯᠵᠤ᠂ ᠴᠠᠭ᠎ᠤᠨ ᠬᠦᠰᠦᠨᠦᠭᠲᠦ᠂ ᠵᠠᠮ ᠱᠤᠭᠤᠮ ᠤ᠋ᠨ ᠵᠢᠷᠤᠭ᠎ᠢ ᠲᠣᠳᠣᠷᠬᠠᠢᠯᠠᠵᠤ᠂ ᠡᠯ᠎ᠡ ᠵᠦᠢᠯ᠎ᠤᠨ ᠠᠵᠢᠯ᠎ᠢ ᠡᠮᠬᠢ ᠵᠢᠷᠤᠮ᠎ᠲᠠᠢ ᠠᠬᠢᠭᠤᠯᠬᠤ᠎ᠶᠢ ᠦᠨᠡᠨ ᠬᠦ᠌ ᠪᠠᠲᠤᠯᠠᠪᠠ᠃ ᠰᠠᠯᠠᠭ᠎ᠠ ᠮᠥᠴᠢᠷ᠎ᠤᠨ ᠡᠬᠢ ᠪᠠᠶᠠᠯᠢᠭ᠋᠎ᠢ ᠨᠡᠢᠳᠬᠡᠵᠥ᠂ ᠠᠵᠢᠯ᠎ᠤᠨ ᠬᠠᠮᠲᠤᠷᠠᠯ ᠬᠦᠴᠦᠨ ᠢ᠋ ᠪᠦᠷᠢᠯᠳᠦᠭᠦᠯᠤᠨ᠂ ᠵᠣᠬᠢᠶᠠᠨ ᠪᠠᠶ᠋ᠢᠭᠤᠯᠤᠯᠲᠠ᠂ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠂ ᠰᠣᠶᠣᠯ ᠵᠢᠭᠤᠯᠴᠢᠯᠠᠯ᠂ ᠡᠮᠡᠭᠲᠡᠢᠴᠦᠳ᠎ᠤᠨ ᠬᠤᠯᠪᠤᠭ᠎ᠠ ᠵᠡᠷᠭᠡ ᠣᠯᠠᠨ ᠰᠠᠯᠠᠭ᠎ᠠ ᠮᠥᠴᠢᠷ ᠣᠷᠤᠯᠴᠠᠬ᠍ᠰᠠᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠢᠭᠤᠯᠵᠤ᠂ ᠠᠵᠤ ᠦᠢᠯᠡᠰ᠎ᠤᠨ ᠬᠥᠭᠵᠢᠯᠲᠡ᠎ᠶᠢᠨ ᠳᠤᠮᠳᠠᠬᠢ ᠬᠦᠴᠢᠷ ᠠᠰᠠᠭᠤᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠨ ᠰᠢᠢᠳᠪᠦᠷᠢᠯᠡᠵᠦ᠂ ᠬᠠᠮᠲᠤᠷᠠᠭᠰᠠᠨ ᠬᠤᠷᠠᠯ ᠢ᠋ ᠨᠡᠶ᠋ᠢᠲᠡ 10 ᠤᠳᠠᠭ᠎ᠠ ᠬᠤᠷᠠᠯᠳᠤᠭᠤᠯᠵᠤ᠂ 25 ᠠᠰᠠᠭᠤᠳᠠᠯ᠎ᠢ ᠰᠢᠢᠳᠪᠦᠷᠢᠯᠡᠵᠦ᠂ ᠭᠠᠷ ᠤᠷᠠᠯᠠᠯ ᠤ᠋ᠨ ᠦᠢᠯᠡᠰ ᠤ᠋ᠨ ᠬᠥᠭᠵᠢᠯᠲᠡ᠎ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠨᠠᠮ᠎ᠤᠨ ᠭᠡᠰᠢᠭᠦᠨ᠎ᠤ ᠦᠢᠯᠡᠳᠦᠯ᠎ᠢ ᠪᠠᠳᠠᠷᠠᠭᠤᠯᠵᠤ᠂ ᠬᠣᠰᠢᠭᠤᠴᠢ ᠵᠢᠨ ᠬᠦᠴᠦᠨ ᠢ᠋ ᠨᠢᠬ᠍ᠲᠠᠷᠠᠭᠤᠯᠪᠠ᠃ ᠨᠠᠮ᠎ᠤᠨ ᠭᠡᠰᠢᠭᠦᠨ ᠲᠥᠷᠥᠭᠦᠯᠡᠨ ᠤᠷ᠎ᠠ ᠮᠡᠷᠭᠡᠵᠢᠯ᠎ᠤᠨ ᠪᠣᠯᠪᠠᠰᠤᠷᠠᠯ᠂ ᠪᠦᠲᠦᠭᠡᠭᠳᠡᠬᠦᠨ᠎ᠤ ᠰᠢᠨ᠎ᠡ᠎ᠶᠢ ᠡᠭᠦᠳᠬᠦ ᠪᠠ ᠵᠠᠬ᠎ᠠ ᠳᠡᠯᠭᠡᠭᠦᠷ᠎ᠤᠨ ᠨᠡᠭᠡᠭᠡᠯᠳᠠ ᠳ᠋ᠤ ᠣᠷᠤᠯᠴᠠᠬᠤ᠎ᠶᠢ ᠵᠣᠷᠢᠭ᠍ᠵᠢᠭᠤᠯᠵᠤ᠂ 《ᠨᠠᠮ᠎ᠤᠨ ᠭᠡᠰᠢᠭᠦᠨ᠎ᠤ ᠵᠢᠱ᠌ᠢᠶ᠎ᠡ ᠦᠵᠡᠭᠦᠯᠭᠦ ᠠᠵᠢᠯ᠎ᠤᠨ ᠪᠠᠢᠷᠢ 》 ᠵᠢ 13 ᠲᠣᠬᠢᠷᠠᠭᠤᠯᠵᠤ᠂ ᠨᠠᠮ᠎ᠤᠨ ᠭᠡᠰᠢᠭᠦᠨ ᠬᠠᠪᠰᠤᠷᠤᠨ ᠳᠡᠳᠬᠦᠬᠦ ᠪᠡᠷ ᠳᠠᠮᠵᠢᠨ 98 ᠬᠥᠮᠥᠨ ᠳ᠋ᠤ ᠠᠰᠢᠭ ᠬᠦᠷᠲᠡᠭᠡᠵᠦ᠂ ᠠᠵᠤ ᠦᠢᠯᠡᠰ ᠤ᠋ᠨ ᠭᠦᠭᠵᠢᠯᠲᠡ ᠵᠢᠨ ᠶᠠᠪᠤᠴᠠ ᠳ᠋ᠡᠬᠢ ᠨᠠᠮ᠎ᠤᠨ ᠭᠡᠰᠢᠭᠦᠨ᠎ᠤ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠦᠨᠡᠨ ᠬᠦ᠌ ᠪᠠᠳᠠᠷᠠᠭᠤᠯᠪᠠ᠃
ᠬᠡᠪ ᠴᠢᠨᠠᠷ᠎ᠢ᠋ ᠳᠡᠭᠡᠭᠰᠢᠯᠡᠭᠦᠯᠦᠨ ᠬᠦᠴᠦᠨ ᠴᠢᠳᠠᠪᠤᠷᠢ ᠣᠯᠭᠤᠬᠤ᠎ᠶᠢ ᠭᠦᠨᠵᠡᠭᠡᠢᠷᠡᠭᠦᠯᠵᠦ᠂ ᠨᠠᠷᠢᠯᠢᠭ ᠣᠨᠤᠴᠠᠲᠠᠢᠵᠣᠯᠭᠠᠭᠤᠯᠬᠤ᠂ ᠦᠢᠯᠡᠳᠪᠦᠷᠢᠯᠡᠬᠦ ᠪᠣᠷᠣᠯᠠᠭᠤᠯᠬᠤ᠎ᠶᠢ ᠠᠭᠤᠰᠤᠯᠴᠠᠭᠤᠯᠬᠤ ᠦᠢᠯᠡᠴᠢᠯᠡᠭᠡᠨ᠎ᠤ ᠬᠡᠯᠬᠢᠶ᠎ᠡ᠎ᠶᠢ ᠪᠤᠢ ᠪᠣᠯᠭᠠᠪᠠ᠃ ᠬᠡᠷᠡᠭᠴᠡᠭᠡᠱᠠᠭᠠᠷᠳᠠᠯᠭᠠ ᠵᠢ ᠨᠠᠷᠢᠯᠢᠭ ᠣᠨᠤᠴᠠᠲᠠᠢ ᠵᠣᠯᠭᠠᠭᠤᠯᠵᠤ᠂ ᠪᠣᠯᠪᠠᠰᠤᠷᠠᠯ᠎ᠤᠨ ᠰᠠᠭᠤᠷᠢ᠎ᠶᠢ ᠪᠡᠬᠢᠵᠢᠭᠦᠯᠤᠨ᠂ ᠨᠡᠢᠭᠡᠮ ᠲᠣᠭᠣᠷᠢᠭ᠋᠎ᠤᠨ ᠨᠠᠮ᠎ᠤᠨ ᠵᠣᠬᠢᠶᠠᠨ ᠪᠠᠢᠭᠤᠯᠤᠯᠲᠠ᠂ ᠲᠣᠣᠷᠵᠢᠯ ᠤ᠋ᠨ ᠠᠵᠢᠯᠲᠠᠳ᠎ᠢ ᠵᠣᠬᠢᠶᠠᠨ ᠪᠠᠢᠭᠤᠯᠤᠨ ᠭᠦᠨᠵᠡᠭᠡᠢ ᠪᠠᠢᠴᠠᠭᠠᠵᠤ ᠣᠢᠯᠠᠭᠠᠨ᠂ ᠲᠣᠭᠲᠠᠭᠰᠠᠨ ᠠᠵᠢᠯ ᠦᠭᠡᠢ 400 ᠭᠠᠷᠤᠢ ᠡᠮᠡᠭᠲᠡᠢᠴᠦᠳ᠎ᠤ᠋ᠨ ᠠᠵᠢᠯ ᠣᠯᠬᠤ ᠬᠦᠰᠡᠯ ᠰᠠᠨᠠᠭ᠎ᠠ᠂ ᠮᠡᠷᠭᠡᠵᠢᠯ ᠴᠢᠳᠠᠪᠤᠷᠢ᠂ ᠰᠤᠯᠠ ᠰᠡᠯᠡᠭᠦᠦ ᠴᠠᠭ ᠵᠡᠷᠭᠡ᠎ᠶᠢ ᠨᠢ ᠣᠨᠤᠪᠴᠢᠲᠠᠢ ᠡᠵᠡᠮᠰᠢᠨ᠂ 《ᠨᠢᠭᠡ ᠬᠥᠮᠥᠨ᠎ᠳᠤ ᠨᠢᠭᠡ ᠲᠠᠩᠰᠠ ᠡᠪᠬᠡᠮᠡᠯ》 ᠲᠠᠢ ᠪᠠᠢᠬᠤ ᠬᠥᠳᠡᠯᠦᠩᠭᠦᠢ ᠮᠡᠳᠡᠭᠡ ᠵᠠᠩᠭᠢ᠎ᠶᠢᠨ ᠬᠥᠮᠥᠷᠭᠡ᠎ᠶᠢ ᠪᠠᠢᠭᠤᠯᠪᠠ᠃ ᠵᠠᠬ᠎ᠠ ᠳᠡᠯᠭᠡᠭᠦᠷ ᠲᠠᠢ ᠢᠳᠡᠪᠬᠢᠲᠡᠢ ᠵᠣᠯᠭᠠᠭᠤᠯᠵᠤ᠂ ᠵᠠᠬᠢᠶᠠᠯᠠᠭ᠎ᠠ᠎ᠶᠢᠨ ᠮᠠᠶᠢᠭ᠋ ᠤ᠋ᠨ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠎ᠢ 20 ᠲᠠᠯᠠᠪᠤᠷ ᠤᠳᠠᠭ᠎ᠠ ᠪᠠᠢᠭᠤᠯᠵᠤ᠂ 500 ᠭᠠᠷᠤᠢ ᠭᠦᠮᠦᠨ ᠤᠳᠠᠭ᠎ᠠ ᠣᠷᠣᠯᠴᠠᠵᠤ᠂ ᠪᠣᠯᠪᠠᠰᠤᠷᠠᠯ᠎ᠤᠨ ᠪᠣᠳᠠᠲᠤ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠤᠷ᠎ᠠ ᠮᠡᠷᠭᠡᠵᠢᠯ᠎ᠢ᠋ ᠤᠯᠠᠮᠵᠢᠯᠠᠬᠤ ᠵᠢ ᠴᠢᠩᠭᠠᠷᠠᠭᠤᠯᠵᠤ᠂ ᠪᠦᠲᠦᠭᠡᠭᠳᠡᠬᠦᠨ᠎ᠤ ᠦᠨ᠎ᠡ ᠦᠷᠲᠡᠭ᠎ᠢ ᠳᠡᠭᠡᠭᠰᠢᠯᠡᠭᠦᠯᠪᠠ᠃ 《ᠦᠨᠳᠦᠰᠦᠨ ᠮᠡᠷᠭᠡᠵᠢᠯ ᠢ᠋ ᠤᠯᠠᠮᠵᠢᠯᠠᠬᠤ + ᠰᠢᠨ᠎ᠡ᠎ᠶᠢ ᠡᠭᠦᠳᠦᠨ ᠵᠢᠷᠤᠵᠤ ᠲᠥᠰᠥᠪᠯᠡᠬᠦ》 ᠪᠠᠷ ᠭᠣᠣᠯ ᠪᠤᠯᠭᠠᠬ᠍ᠰᠠᠨ ᠬᠦᠴᠦᠨ ᠴᠢᠳᠠᠪᠤᠷᠢ ᠣᠯᠭᠤᠬᠤ ᠪᠣᠯᠪᠠᠰᠤᠷᠠᠯ᠎ᠤᠨ ᠰᠢᠰᠲᠧᠮ᠎ᠢ᠋ ᠪᠠᠢᠭᠤᠯᠪᠠ᠃ ᠡᠷᠳᠡᠨᠢ ᠰᠢᠰᠢ᠎ᠶᠢᠨ ᠬᠠᠯᠢᠰᠤ᠎ᠶᠢᠨ ᠨᠠᠭᠠᠮᠠᠯ ᠵᠢᠷᠤᠭ᠂ ᠴᠠᠭᠠᠰᠤᠨ ᠬᠠᠢᠴᠢᠯᠠᠮᠠᠯ᠂ ᠬᠠᠳᠬᠤᠮᠠᠯ ᠵᠡᠷᠭᠡ 6 ᠶᠡᠬᠡ ᠲᠥᠷᠦᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ ᠤ᠋ᠨ ᠪᠣᠯᠪᠠᠰᠤᠷᠠᠯ᠎ᠢ 《ᠠᠩᠬ᠎ᠠ ᠰᠤᠷᠤᠯᠴᠠᠬᠤ ︱ ᠪᠤᠯᠪᠠᠰᠤᠷᠠᠨᠭᠭᠤᠢ ᠪᠣᠯᠬᠤ ︱ ᠳᠡᠭᠡᠭᠰᠢᠯᠡᠭᠦᠯᠭᠦ》 ᠭᠤᠷᠪᠠᠨ ᠬᠤᠭᠤᠴᠠᠭᠠᠨ ᠤ᠋ ᠳᠦᠷᠢᠮᠲᠦ ᠤᠯᠠᠮᠵᠢᠯᠠᠨ ᠵᠠᠯᠭᠠᠮᠵᠢᠯᠠᠬᠤ ᠠᠩᠭᠢᠨᠡᠭᠡᠭᠡᠵᠦ᠂ 418 ᠬᠥᠮᠥᠨ ᠤᠳᠠᠭ᠎ᠠ ᠣᠷᠣᠯᠴᠠᠪᠠ᠃ ᠲᠤᠰᠬᠠᠢ ᠮᠡᠷᠭᠡᠵᠢᠯ᠎ᠤᠨ ᠲᠥᠰᠥᠪᠯᠡᠭᠴᠢ᠎ᠶᠢ ᠤᠷᠢᠵᠤ ᠬᠢᠴᠢᠶᠡᠯ ᠵᠢᠭᠠᠯᠭᠠᠵᠤ ᠂ ᠰᠤᠷᠤᠬ᠍ᠴᠢᠳ᠎ᠢ ᠵᠢᠯᠣᠭᠣᠳᠤᠨ ᠰᠢᠨ᠎ᠡ᠎ᠶᠢ ᠡᠭᠦᠳᠦᠨ᠂ ᠤᠷᠠᠯᠢᠭ᠍ᠴᠢ ᠴᠢᠨᠠᠷ ᠪᠠ ᠬᠡᠷᠡᠭᠯᠡᠭᠡᠨ᠎ᠤ ᠴᠢᠨᠠᠷᠲᠠᠢ ᠰᠢᠨ᠎ᠡ ᠪᠦᠲᠦᠭᠡᠭᠳᠡᠭᠦᠨ᠎ᠢ ᠨᠡᠭᠡᠭᠡᠨ ᠬᠥᠭᠵᠢᠭᠦᠯᠵᠦ᠂ ᠵᠠᠬ᠎ᠠ ᠳᠡᠯᠭᠡᠭᠦᠷ᠎ᠤᠨ ᠲᠠᠲᠠᠬᠤ ᠬᠦᠴᠦᠨ᠎ᠢ ᠢᠯᠡᠳᠲᠡ ᠳᠡᠭᠡᠭᠰᠢᠯᠡᠭᠦᠯᠦᠨ᠂ ᠪᠣᠯᠪᠠᠰᠤᠷᠠᠯ᠎ᠳᠤ ᠣᠷᠤᠯᠴᠠᠬ᠍ᠰᠠᠨ ᠰᠤᠷᠤᠬ᠍ᠴᠢᠳ᠎ᠤᠨ ᠠᠵᠢᠯ ᠣᠯᠤᠭᠰᠠᠨ ᠨᠣᠷᠮ᠎ᠠ 92%ᠳ᠌ᠤ ᠭᠦᠷᠪᠡ᠃ ᠪᠣᠷᠤᠯᠠᠭᠤᠯᠭ᠎ᠠ᠎ᠶᠢᠨ ᠠᠷᠭ᠎ᠠ ᠵᠠᠮ᠎ᠢ ᠥᠷᠭᠡᠳᠬᠡᠵᠦ᠂ ᠬᠥᠭᠵᠢᠯᠲᠡ᠎ᠶᠢᠨ ᠬᠥᠳᠡᠯᠭᠡᠬᠦ ᠬᠦᠴᠦᠨ᠎ᠢ᠋ ᠨᠡᠮᠡᠭᠳᠡᠭᠦᠯᠪᠡ᠃ 《ᠰᠦᠯᠵᠢᠶᠡᠨ ᠳᠡᠭᠡᠷᠡᠬᠢ + ᠠᠬᠤᠢ ᠲᠠᠯᠠᠪᠠᠢ 》ᠵᠢᠨ ᠣᠯᠠᠨ ᠡᠰᠢᠲᠦ ᠪᠣᠷᠤᠯᠠᠭᠤᠯᠭ᠎ᠠ᠎ᠶᠢᠨ ᠵᠠᠮ᠎ᠢ ᠨᠡᠬᠡᠭᠡᠵᠦ᠂ ᠰᠦᠯᠵᠢᠶᠡᠨ ᠳᠡᠭᠡᠷ᠎ᠡ ᠵᠢᠩ ᠳ᠋ᠦᠩ᠂ ᠲᠤᠤ ᠪᠦᠦ ᠵᠡᠷᠭᠡ ᠭᠣᠣᠯ ᠪᠣᠯᠬᠤ ᠲᠠᠪᠴᠠᠩ᠎ᠲᠠᠢ ᠬᠠᠮᠲᠤᠷᠠᠨ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ ᠠᠵᠢᠯᠯᠠᠭ᠎ᠠ ᠥᠷᠨᠢᠭᠦᠯᠵᠦ᠂ ᠰᠠᠷ᠎ᠠ ᠳᠤᠮᠳᠠᠴᠢ ᠪᠣᠷᠣᠯᠠᠭᠤᠯᠭ᠎ᠠ᠎ᠶᠢᠨ ᠬᠡᠮᠵᠢᠶ᠎ᠡ᠎ᠶᠢ 5000 ᠲᠥᠭᠥᠷᠢᠭ᠎ᠡᠴᠡ ᠳᠡᠭᠡᠭᠰᠢ ᠨᠡᠮᠡᠭᠳᠡᠭᠦᠯᠬᠦ᠎ᠶᠢ ᠪᠡᠶᠡᠯᠡᠭᠦᠯᠵᠡᠢ᠃ ᠰᠦᠯᠵᠢᠶᠡᠨ ᠭᠠᠳᠠᠨ᠎ᠠ ᠯᠢᠨᠰᠢ ᠵᠢᠨ ᠰᠣᠶᠣᠯ ᠵᠢᠭᠤᠯᠴᠢᠯᠠᠯ᠎ᠤᠨ 《ᠯᠢᠨᠰᠢ ᠵᠢᠨ ᠵᠢᠭᠤᠯᠴᠢᠯᠠᠯ᠎ᠤᠨ ᠤᠯᠠᠷᠢᠯ》 ᠲᠠᠢ ᠤᠶᠠᠯᠳᠤᠭᠤᠯᠤᠨ᠂ ᠦᠵᠡᠮᠵᠢ᠎ᠶᠢᠨ ᠣᠷᠣᠨ᠂ ᠰᠣᠶᠣᠯ ᠤ᠋ᠨ ᠪᠦᠲᠦᠭᠡᠯᠴᠢ ᠪᠦᠲᠦᠭᠡᠭᠳᠡᠬᠦᠨᠤ᠋ ᠳᠡᠯᠭᠡᠭᠦᠷ᠎ᠲᠠᠢ ᠬᠠᠮᠲᠤᠷᠠᠨ᠂ ᠳᠡᠯᠭᠡᠨ ᠪᠣᠷᠣᠯᠠᠭᠤᠯᠬᠤ ᠴᠡᠭ ᠢ᠋ 3 ᠲᠣᠬᠢᠷᠠᠭᠤᠯᠵᠤ᠂ ᠪᠦᠲᠦᠭᠡᠭᠳᠡᠬᠦᠨ᠎ᠤ ᠠᠯᠳᠠᠷᠰᠢᠯ᠎ᠢ ᠪᠦᠲᠦᠮᠵᠢᠲᠡᠢ ᠳᠡᠭᠡᠭᠰᠢᠯᠡᠭᠦᠯᠪᠡ᠃ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠰᠢ ᠲᠠᠭᠤᠷᠢᠯᠢᠭ᠋ᠤᠨ ᠰᠣᠶᠣᠯ᠎ᠤᠨ ᠭᠠᠷᠠᠭ ᠵᠡᠷᠭᠡ ᠠᠵᠢᠯᠯᠠᠭ᠎ᠠ ᠵᠢᠨ ᠵᠠᠬᠢᠶᠠᠯᠠᠭ᠎ᠠ᠎ᠶᠢ ᠠᠮᠵᠢᠯᠲᠠ᠎ᠲᠠᠢ᠎ᠪᠠᠷ ᠭᠥᠯᠢᠶᠡᠨ ᠠᠪᠴᠤ᠂ ᠨᠡᠢᠭᠡᠮ ᠲᠣᠭᠣᠷᠢᠭ᠋᠎ᠤᠨ ᠠᠵᠤ ᠠᠬᠤᠢ᠎ᠶᠢᠨ ᠣᠷᠤᠯᠭ᠎ᠠ᠎ᠶᠢ 4 ᠲᠦᠮᠡᠨ ᠲᠥᠭᠦᠷᠢᠭ ᠨᠡᠮᠡᠭᠳᠡᠭᠦᠯᠦᠨ᠂ 《ᠬᠤᠷᠤᠭᠤᠨ ᠡᠷᠳᠡᠮ》 ᠢ᠋ ᠦᠨᠡᠨ ᠬᠦ᠌ ᠭᠠᠷ ᠤᠷᠠᠯᠠᠯ ᠤ᠋ᠨ ᠦᠢᠯᠡᠰ ᠪᠣᠯᠭᠠᠨ ᠬᠤᠪᠢᠷᠠᠭᠤᠯᠵᠠᠢ᠃
ᠣᠷᠳᠤ ᠬᠤᠭᠤᠴᠠᠭᠠᠨ᠎ᠤ ᠪᠦᠲᠦᠮᠵᠢᠲᠡᠢ ᠬᠥᠭᠵᠢᠯᠲᠡ᠎ᠶᠢ ᠴᠢᠬᠤᠯᠠᠴᠢᠯᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ ᠵᠠᠰᠠᠯᠲᠠ᠎ᠶᠢᠨ ᠪᠠᠢᠷᠢᠰᠢᠯ ᠢ᠋ ᠪᠤᠢ ᠪᠣᠯᠭᠠᠪᠠ᠃ ᠦᠵᠡᠯ ᠰᠠᠨᠠᠭᠠᠨ ᠤ᠋ ᠲᠠᠯ᠎ᠠ ᠪᠡᠷ ᠬᠥᠲᠥᠯᠥᠨ ᠳᠠᠭᠠᠭᠤᠯᠬᠤ᠎ᠪᠠᠨ ᠴᠢᠩᠭᠠᠳᠬᠠᠵᠤ᠂ ᠳᠣᠲᠣᠭᠠᠳᠤ ᠭᠦᠳᠡᠯᠭᠡᠭᠦ ᠭᠦᠴᠦᠨ᠎ᠢ ᠬᠥᠭᠵᠢᠭᠡᠪᠡ᠃ 《ᠨᠠᠮ᠎ᠤᠨ ᠠᠴᠢ᠎ᠳ᠋ᠤ ᠲᠠᠯᠠᠷᠬᠠᠨ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》ᠣᠯᠠᠨ ᠲᠦᠮᠡᠨᠴᠢ ᠬᠥᠮᠦᠵᠢᠯ᠎ᠲᠠᠢ ᠤᠶᠠᠯᠳᠤᠭᠤᠯᠤᠨ᠂ ᠰᠢᠯᠢᠳᠡᠭ ᠰᠤᠷᠤᠬ᠍ᠴᠢᠳ᠎ᠤᠨ ᠳᠤᠮᠳᠠ᠎ᠡᠴᠡ ᠲᠥᠯᠥᠭᠡᠯᠡᠭᠴᠢ᠎ᠶᠢ ᠰᠣᠩᠭᠣᠨ 《ᠡᠮᠡᠭᠲᠡᠢᠴᠦᠳ᠎ᠤᠨ ᠤᠬᠠᠭᠤᠯᠤᠨ ᠲᠠᠢᠯᠪᠤᠷᠢᠯᠠᠬᠤ ᠪᠦᠯᠭᠦᠮ》 ᠢ᠋ ᠵᠣᠬᠢᠶᠠᠨ ᠪᠠᠢᠭᠤᠯᠵᠤ᠂ ᠨᠡᠢᠭᠡᠮ ᠲᠣᠭᠣᠷᠢᠭ᠋᠂ ᠲᠣᠣᠷᠵᠢᠯ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠡᠶ᠎ᠡ᠎ᠪᠠᠷ᠎ᠢᠶᠠᠨ ᠥᠩᠭᠡᠷᠡᠭᠦᠯᠦᠭᠰᠡᠨ ᠥᠯᠢᠭᠡᠷ ᠶᠠᠪᠤᠳᠠᠯ᠎ᠢᠶᠠᠨ ᠶᠠᠷᠢᠵᠤ᠂ ᠨᠡᠶ᠋ᠢᠲᠡ 110 ᠲᠠᠯᠠᠪᠠᠢ ᠤᠬᠠᠭᠤᠯᠤᠨ ᠲᠠᠢᠯᠪᠤᠷᠢᠯᠠᠵᠤ᠂ 2 ᠲᠦᠮᠡ ᠭᠠᠷᠤᠢ ᠣᠯᠠᠨ ᠲᠦᠮᠡᠨ᠎ᠢ ᠬᠠᠮᠤᠷᠴᠤ᠂ ᠣᠯᠠᠨ ᠲᠦᠮᠡᠨ᠎ᠤ ᠠᠵᠢᠯᠴᠢ ᠭᠦᠳᠡᠯᠮᠦᠷᠢᠴᠢ᠎ᠪᠠᠷ ᠪᠠᠶᠠᠵᠢᠨ ᠴᠢᠨᠡᠭᠡᠯᠢᠭᠵᠢᠬᠦ ᠳᠣᠲᠣᠭᠠᠳᠤ ᠬᠥᠳᠡᠯᠭᠡᠬᠦ ᠬᠦᠴᠦᠨ᠎ᠢ ᠦᠨᠡᠨ ᠬᠦ᠌ ᠬᠥᠭᠵᠢᠭᠡᠪᠡ᠃ ᠠᠮᠵᠢᠯᠲᠠ᠎ᠲᠠᠢ ᠲᠤᠷᠰᠢᠯᠭ᠎ᠠ᠎ᠶᠢ ᠳᠡᠯᠭᠡᠷᠡᠭᠦᠯᠦᠨ᠂ ᠬᠡᠪᠴᠢᠶᠡᠵᠢᠯ᠎ᠤᠨ ᠨᠥᠯᠥᠭᠡᠯᠡᠯ᠎ᠢ ᠪᠦᠷᠢᠯᠳᠦᠭᠦᠯᠪᠡ᠃ ᠠᠮᠵᠢᠯᠲᠠ᠎ᠲᠠᠢ ᠲᠤᠷᠰᠢᠯᠲᠠ᠎ᠶᠢᠨ ᠴᠡᠭ᠎ᠤᠨ ᠰᠠᠭᠤᠷᠢᠨ ᠳᠡᠭᠡᠷ᠎ᠡ᠂ 《ᠨᠠᠮ᠎ᠤᠨ ᠵᠣᠬᠢᠶᠠᠨ ᠪᠠᠢᠭᠤᠯᠤᠯᠲᠠ + ᠭᠠᠷ ᠤᠷᠠᠯᠠᠯ ᠤ᠋ᠨ ᠦᠢᠯᠡᠳᠬᠡᠯ》 ᠤ᠋ᠨ ᠠᠵᠢᠯᠯᠠᠭ᠎ᠠ ᠵᠢᠨ ᠲᠤᠷᠰᠢᠯᠭ᠎ᠠ ᠵᠢ ᠳ᠋ᠦᠩᠨᠡᠨ ᠪᠤᠯᠪᠠᠰᠤᠷᠠᠭᠤᠯᠵᠤ᠂ ᠪᠦᠭᠦ ᠰᠢᠶᠠᠨ᠎ᠤ 13 ᠨᠡᠢᠭᠡᠮ ᠲᠣᠭᠣᠷᠢᠭ᠋᠎ᠲᠤ ᠳᠡᠯᠭᠡᠷᠡᠭᠦᠯᠦᠨ ᠬᠠᠭᠤᠯᠪᠤᠷᠢᠯᠠᠵᠤ᠂ ᠬᠡᠪᠴᠢᠶᠡᠵᠢᠯᠲᠡ ᠵᠢᠨ ᠦᠢᠯᠡᠳᠦᠯ ᠨᠥᠯᠥᠭᠡ ᠪᠣᠯᠣᠨ ᠲᠦᠷᠦᠯ ᠲᠡᠮᠳᠡᠭᠲᠦ ᠵᠢᠨ ᠳᠠᠪᠠᠭᠤᠯᠢᠭ᠋᠎ᠢ ᠪᠦᠷᠢᠯᠳᠦᠭᠦᠯᠬᠦ᠎ᠶᠢ ᠠᠬᠢᠭᠤᠯᠪᠠ᠃ ᠬᠠᠷᠢᠯᠴᠠᠨ ᠬᠠᠪᠰᠤᠷᠤᠯᠴᠠᠬᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠨᠡᠢᠭᠡᠮ᠎ᠦᠨ ᠡᠶ᠎ᠡ ᠵᠣᠬᠢᠴᠠᠯ᠎ᠢ ᠠᠬᠢᠭᠤᠯᠪᠠ᠃ 《ᠬᠠᠷᠢᠭᠤ ᠳᠡᠳᠬᠦᠬᠦ》 ᠲᠣᠭᠲᠡᠴᠡ᠎ᠶᠢ ᠪᠠᠢᠭᠤᠯᠵᠤ᠂ ᠭᠠᠷ ᠤᠷᠠᠯᠠᠯ᠎ᠤᠨ ᠦᠢᠯᠡᠳᠬᠡᠯ ᠤ᠋ᠨ ᠭᠠᠵᠠᠷ᠎ᠢ ᠵᠣᠬᠢᠶᠠᠨ ᠪᠠᠢᠭᠤᠯᠵᠤ ᠬᠡᠰᠡᠭ ᠠᠰᠢᠭ᠋ ᠣᠷᠤᠯᠭ᠎ᠠ ᠪᠠ ᠭᠠᠷ ᠤᠷᠠᠯᠠᠯ ᠤ᠋ᠨ ᠪᠦᠲᠦᠭᠡᠭᠳᠡᠭᠦᠨ᠎ᠢ ᠭᠠᠭᠴᠠᠭᠠᠷ ᠠᠮᠢᠳᠤᠷᠠᠵᠤ ᠪᠠᠢᠭ᠎ᠠ ᠨᠠᠰᠤᠲᠠᠨ᠎ᠢ ᠲᠣᠬᠣᠨᠢᠭᠤᠯᠬᠤ᠂ ᠨᠡᠢᠭᠡᠮ ᠲᠣᠭᠣᠷᠢᠭ᠋᠎ᠤᠨ ᠣᠯᠠᠨ ᠨᠡᠶ᠋ᠢᠲᠡ᠎ᠶᠢᠨ ᠣᠷᠣᠨ ᠵᠠᠢ᠎ᠶᠢ ᠥᠭᠡᠷᠡᠴᠢᠯᠡᠭᠦ ᠵᠡᠷᠭᠡ ᠨᠡᠶ᠋ᠢᠲᠡ᠎ᠶᠢᠨ ᠠᠰᠠᠷᠠᠮᠵᠢ᠎ᠶᠢᠨ ᠦᠢᠯᠡᠰ᠎ᠲᠤ ᠬᠡᠷᠡᠭᠯᠡᠵᠦ᠂ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ ᠵᠢ 20 ᠭᠠᠷᠤᠢ ᠲᠠᠯᠠᠪᠠᠢ ᠥᠷᠨᠢᠭᠦᠯᠵᠦ᠂ ᠣᠯᠠᠨ ᠲᠦᠮᠡᠨ᠎ᠳᠤ 300 ᠭᠠᠷᠤᠢ ᠬᠥᠮᠥᠨ ᠤᠳᠠᠭ᠎ᠠ ᠠᠰᠢᠭ᠋ ᠬᠦᠷᠲᠡᠭᠡᠵᠦ᠂ ᠠᠵᠤ ᠠᠬᠤᠢ᠎ᠶᠢᠨ ᠦᠷ᠎ᠡ ᠠᠰᠢᠭ᠋ ᠬᠢᠭᠡᠳ ᠨᠡᠢᠭᠡᠮ᠎ᠤᠨ ᠦᠷ᠎ᠡ ᠠᠰᠢᠭ᠋ᠢ᠋ ᠵᠡᠷᠭᠡ ᠳ᠋ᠤᠨᠢ ᠨᠡᠮᠡᠭᠳᠡᠭᠦᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃