2026-09-18 10:55:55
《ᠥᠩᠭᠡᠷᠡᠭᠰᠡᠨ᠎ᠳᠤ ᠮᠠᠯ ᠵᠢᠭᠦᠷᠲᠡᠨ ᠢ᠋ ᠲᠡᠭᠡᠭᠡᠪᠦᠷᠢᠯᠡᠬᠦ ᠪᠡᠷ ᠲᠠᠩᠰᠠᠯᠠᠭᠤᠯᠬᠤ ᠳ᠋ᠦ ᠣᠯᠠᠨ ᠴᠣᠩᠬᠤᠪᠴᠢ ᠵᠢᠨ ᠬᠤᠭᠤᠷᠤᠨᠳᠤ ᠨᠠᠭᠠᠰᠢ ᠴᠠᠭᠠᠰᠢ ᠬᠦᠶᠦᠵᠦ᠂ ᠮᠠᠰᠢ ᠤᠯᠠᠨ ᠮᠠᠲᠧᠷᠢᠶᠠᠯ ᠲᠤᠰᠢᠶᠠᠳᠠᠭ ᠪᠠᠢᠵᠠᠢ᠃ ᠣᠲᠤ ᠨᠢᠭᠡ ᠴᠤᠩᠬᠤᠪᠴᠢ ᠪᠡᠷ ᠭᠥᠯᠢᠶᠡᠨ ᠠᠪᠴᠤ᠌ ᠰᠢᠢᠳᠪᠦᠷᠢᠯᠡᠬᠦ ᠪᠤᠯᠤᠭᠰᠠᠨ ᠡᠴᠡ ᠲᠤᠬᠠᠢ ᠵᠢᠨ ᠡᠳᠦᠷ ᠲᠡᠭᠡᠨ ᠬᠦᠢᠴᠡᠳᠭᠡᠭᠡᠳ ᠳᠠᠭᠤᠰᠴᠢᠬᠠᠨᠠ᠂ ᠮᠠᠰᠢ ᠲᠦᠬᠦᠮ ᠪᠤᠯᠤᠭᠰᠠᠨ ᠰᠢᠦ》 ᠭᠡᠵᠦ ᠲᠦᠷᠦᠭᠦᠬᠡᠨ ᠯᠢᠨᠰᠢ ᠰᠢᠶᠠᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠥᠪ᠎ᠲᠤ᠌ ᠮᠠᠯ ᠵᠢᠭᠦᠷᠲᠡᠨ ᠲᠡᠭᠡᠭᠡᠪᠦᠷᠢᠯᠡᠬᠦ ᠠᠷᠠᠯᠵᠢᠶ᠎ᠠ ᠬᠢᠵᠤ ᠪᠠᠶ᠋ᠢᠭ᠎ᠠ ᠯᠢᠦ ᠹᠧᠩ ᠳ᠋ᠦᠩ ᠭᠠᠷ ᠬᠦᠢᠴᠡᠳᠭᠡᠯ ᠵᠢᠡᠨ ᠬᠢᠵᠤ ᠳᠠᠭᠤᠰᠬᠠᠭᠰᠠᠨ᠎ᠤ ᠲᠠᠷᠠᠭ᠎ᠠ ᠠᠵᠢᠯ ᠶᠠᠪᠤᠳᠠᠯ ᠭᠦᠢᠴᠡᠳᠬᠡᠬᠦ᠌ ᠰᠢᠨ᠎ᠡ ᠵᠠᠭᠪᠤᠷ᠎ᠢ ᠮᠠᠭᠲᠠᠨ ᠶᠠᠷᠢᠵᠠᠢ᠃ ᠥᠩᠭᠡᠷᠡᠭᠰᠡᠨ᠎ᠳᠦ᠂ ᠤᠯᠠᠨ ᠭᠠᠵᠠᠷ ᠲᠤ᠌ ᠭᠤᠶᠤᠴᠢᠯᠠᠨ ᠮᠡᠳᠡᠭᠦᠯᠵᠤ᠂ ᠭᠦᠢᠴᠡᠳᠭᠡᠬᠦ ᠶᠠᠪᠤᠴᠠ ᠨᠢ ᠶᠠᠷᠰᠢᠭ ᠲᠦᠪᠡᠭᠲᠡᠢ ᠪᠠᠢᠵᠤ᠂ ᠲᠡᠭᠦᠨ ᠢ᠋ ᠮᠠᠰᠢ ᠲᠦᠪᠡᠭᠳᠡᠬᠦᠯᠵᠦ ᠪᠠᠢᠭᠰᠠᠨ ᠵᠢᠡᠨ ᠡᠨᠡ ᠵᠢᠯ ᠲᠤᠬᠠᠢ ᠵᠢᠨ ᠭᠠᠵᠠᠷ ᠤ᠋ᠨ ᠬᠢᠨ ᠰᠠᠶ᠋ᠢᠲᠤᠷ ᠬᠦᠢᠴᠡᠳᠭᠡᠬᠦ᠂ ᠲᠦᠷᠭᠡᠨ ᠬᠦᠢᠴᠡᠳᠭᠡᠬᠦ᠂ ᠣᠶᠤᠨᠴᠢ᠎ᠪᠡᠷ ᠬᠦᠢᠴᠡᠳᠭᠡᠬᠦ ᠥᠭᠡᠷᠡᠴᠢᠯᠡᠯᠲᠡ ᠵᠢ ᠠᠬᠢᠭᠤᠯᠵᠤ᠂ ᠠᠵᠤ ᠠᠬᠤᠶ᠋ᠢᠯᠠᠯ ᠤ᠋ᠨ ᠬᠢᠨ ᠪᠠ ᠤᠯᠠᠨ ᠲᠦᠮᠡᠨ᠎ᠤ ᠠᠵᠢᠯ ᠶᠠᠪᠤᠳᠠᠯ ᠭᠦᠢᠴᠡᠳᠬᠡᠬᠦ᠎ᠳᠤ ᠬᠦᠴᠢᠷᠲᠡᠢ ᠪᠠᠢᠬᠤ ᠠᠰᠠᠭᠤᠳᠠᠯ᠎ᠢ ᠲᠦᠢᠯᠪᠤᠷᠢᠲᠠᠢ ᠰᠢᠢᠳᠪᠦᠷᠢᠯᠡᠵᠦ᠍᠂ ᠠᠵᠢᠯ ᠶᠠᠪᠤᠳᠠᠯ ᠢ᠋ ᠥᠨᠳᠦᠷ ᠪᠦᠲᠦᠮᠵᠢᠲᠡᠢ ᠰᠠᠢᠳᠤᠷ ᠬᠦᠢᠴᠡᠳᠭᠡᠬᠦ ᠳ᠋ᠤ ᠬᠦᠴᠦᠨ ᠨᠡᠮᠡᠷᠢᠯᠡᠪᠡ᠃
ᠯᠢᠨᠰᠢ ᠰᠢᠶᠠᠨ ᠠᠵᠢᠯ ᠶᠠᠪᠤᠳᠠᠯ ᠭᠦᠢᠴᠡᠳᠭᠡᠬᠦ᠎ᠳᠤ ᠬᠦᠴᠢᠷ᠎ᠲᠠᠢ ᠪᠠᠢᠬᠤ ᠠᠰᠠᠭᠤᠳᠠᠯ ᠪᠤᠯᠤᠨ ᠠᠵᠤ ᠦᠢᠯᠡᠰ᠎ᠤᠨ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠰᠠᠢᠳᠤᠷ ᠭᠦᠢᠴᠡᠳᠬᠡᠬᠦ᠌》 ᠪᠦᠷᠢᠨ ᠦᠢᠯᠡᠴᠢᠯᠡᠭᠡ᠎ᠶ᠋ᠢ ᠭᠦᠨᠵᠡᠭᠡᠢ ᠦᠷᠨᠢᠬᠦᠯᠵᠦ᠂ ᠪᠠᠷᠠᠭ᠎ᠠ ᠲᠡᠭᠡᠭᠡᠪᠦᠷᠢᠯᠡᠵᠦ᠍ ᠡᠵᠡᠩᠨᠡᠬᠦ᠌ ᠵᠥᠪᠰᠢᠶᠡᠷᠡᠯ᠂ ᠮᠠᠯ ᠵᠢᠭᠦᠷᠲᠡᠨ ᠲᠡᠭᠡᠭᠡᠪᠦᠷᠢᠯᠡᠬᠦ ᠲᠡᠷᠭᠡ ᠬᠥᠰᠬᠡ ᠵᠢ ᠳᠠᠩᠰᠠᠯᠠᠬᠤ ᠵᠡᠷᠭᠡ ᠣᠯᠠᠨ ᠵᠦᠢᠯ᠎ᠤᠨ ᠬᠤᠯᠪᠤᠭᠳᠠᠯ ᠪᠦᠬᠦᠢ ᠲᠤᠬᠠᠶ᠋ᠢᠯᠠᠭᠰᠠᠨ ᠠᠵᠢᠯ᠎ᠢ ᠡᠮᠬᠢᠯᠡᠨ ᠨᠡᠶ᠋ᠢᠯᠡᠭᠦᠯᠵᠦ᠍᠂ ᠨᠢᠭᠡ ᠴᠤᠩᠬᠤᠪᠴᠢ ᠪᠡᠷ ᠭᠥᠯᠢᠶᠡᠨ ᠠᠪᠴᠤ᠌ ᠰᠢᠢᠳᠪᠦᠷᠢᠯᠡᠬᠦ᠂ ᠨᠢᠭᠡ ᠬᠦᠰᠦᠨᠦᠭᠲᠦ ᠲᠠᠭᠯᠠᠨ ᠮᠡᠳᠡᠭᠦᠯᠬᠦ᠂ ᠨᠢᠭᠡ ᠰᠦᠯᠵᠢᠶ᠎ᠡ᠎ᠪᠠᠷ ᠨᠡᠶ᠋ᠢᠳᠡᠮ ᠭᠦᠢᠴᠡᠳᠬᠡᠬᠦ᠂ ᠨᠢᠭᠡᠯᠡ ᠤᠳᠠᠭ᠎ᠠ᠎ᠳᠤ ᠰᠢᠢᠳᠪᠦᠷᠢᠯᠡᠵᠦ᠍ ᠳᠠᠭᠤᠰᠭᠠᠬᠤ ᠪᠠᠷᠢᠮᠵᠢᠶᠠᠵᠢᠭᠤᠯᠤᠭᠰᠠᠨ ᠶᠠᠪᠤᠴᠠ ᠵᠢ ᠪᠦᠷᠢᠯᠳᠦᠬᠦᠯᠵᠦ᠂ ᠲᠤᠬᠠᠶ᠋ᠢᠯᠠᠭᠰᠠᠨ ᠠᠵᠢᠯ ᠢ᠋ ᠭᠦᠢᠴᠡᠳᠬᠡᠬᠦ᠌ ᠴᠠᠭ᠎ᠤᠨ ᠬᠢᠵᠠᠭᠠᠷ᠎ᠢ 3 ᠠᠵᠢᠯᠯᠠᠬᠤ ᠡᠳᠦᠷ᠎ᠡᠴᠠ ᠲᠤᠬᠠᠢ᠎ᠶ᠋ᠢᠨ ᠡᠳᠦᠷ᠎ᠲᠤ᠌ ᠭᠦᠢᠴᠡᠳᠬᠡᠵᠦ᠍ ᠳᠠᠭᠤᠰᠭᠠᠬᠤ ᠪᠣᠯᠭᠠᠨ ᠪᠣᠭᠤᠨᠢᠰᠭᠠᠵᠤ᠂ ᠭᠤᠶᠤᠴᠢᠯᠠᠨ ᠮᠡᠳᠡᠭᠦᠯᠬᠦ᠌ ᠮᠠᠲᠧᠷᠢᠶᠠᠯ᠎ᠢ 6 ᠬᠤᠪᠢ ᠡᠴᠡ ᠳᠡᠭᠡᠭᠰᠢ ᠴᠣᠮᠬᠠᠳᠬᠠᠵᠠᠢ᠃ ᠤᠨᠴᠠᠯᠢᠭᠳᠤ ᠠᠵᠤ ᠦᠢᠯᠡᠰ᠎ᠲᠠᠢ ᠤᠶᠠᠯᠳᠤᠭᠤᠯᠤᠨ᠂ ᠲᠤᠬᠠᠢ᠎ᠶ᠋ᠢᠨ ᠭᠠᠵᠠᠷ᠎ᠤᠨ ᠪᠠᠶ᠋ᠢᠳᠠᠯᠳ᠋ᠠᠭᠠᠨ ᠲᠣᠬᠢᠷᠠᠭᠤᠯᠵᠤ ᠡᠯᠧᠺᠲᠷᠤᠨ ᠬᠤᠳᠠᠯᠳᠤᠭᠠᠨ᠎ᠤ ᠰᠢᠭᠤᠳ ᠨᠡᠪᠲᠡᠷᠡᠭᠦᠯᠭᠡ᠂ ᠬᠥᠳᠡᠯᠮᠦᠷᠢ ᠦᠢᠯᠡᠴᠢᠯᠡᠭᠡ ᠲᠣᠮᠢᠯᠠᠬᠤ ᠵᠡᠷᠭᠡ ᠵᠢ ᠤᠷᠤᠨ ᠨᠤᠳᠤᠭ ᠤ᠋ᠨ ᠤᠨᠴᠠᠯᠢᠭ ᠪᠦᠬᠦᠢ 《ᠨᠢᠭᠡ ᠶᠠᠪᠤᠳᠠᠯ》 ᠢ᠋ ᠬᠦᠢᠴᠡᠳᠭᠡᠬᠦ ᠬᠡᠪᠴᠢᠶᠡᠨ ᠳ᠋ᠦ ᠤᠷᠤᠭᠤᠯᠵᠤ᠂ ᠠᠵᠢᠯ ᠲᠥᠷᠦᠯ᠎ᠤᠨ ᠠᠵᠢᠯ ᠶᠠᠪᠤᠳᠠᠯ ᠭᠦᠢᠴᠡᠳᠬᠡᠬᠦ᠌ ᠬᠡᠷᠡᠭᠴᠡᠭᠡ ᠱᠠᠭᠠᠷᠳᠠᠯᠭ᠎ᠠ ᠵᠢ ᠣᠨᠤᠪᠴᠢᠲᠠᠢ ᠵᠤᠯᠭᠠᠯᠴᠠᠭᠤᠯᠵᠠᠢ᠃ ᠣᠳᠤᠬᠠᠨ ᠪᠣᠯᠲᠠᠯ᠎ᠠ᠂ ᠦᠪᠡᠷᠮᠢᠴᠡ ᠣᠨᠴᠠᠯᠢᠭᠲᠤ᠌ 《ᠨᠢᠭᠡ ᠶᠠᠪᠤᠳᠠᠯ》 ᠢ᠋ ᠨᠡᠶ᠋ᠢᠲᠡ 1186 ᠤᠳᠠᠭ᠎ᠠ ᠭᠦᠢᠴᠡᠳᠭᠡᠵᠦ᠍᠂ ᠵᠠᠬ᠎ᠠ ᠳᠡᠯᠭᠡᠭᠦᠷ᠎ᠤᠨ ᠭᠤᠤᠯ ᠴᠣᠭᠴᠠ᠎ᠶ᠋ᠢᠨ ᠠᠵᠢᠯ ᠶᠠᠪᠤᠳᠠᠯ ᠭᠦᠢᠴᠡᠳᠬᠡᠬᠦ᠌ ᠳᠠᠷᠤᠭᠠᠰᠤ ᠶ᠋ᠢ ᠦᠨᠡᠨᠬᠦ᠌ ᠬᠥᠩᠭᠡᠷᠡᠭᠦᠯᠵᠡᠢ᠃
ᠯᠢᠨᠰᠢ ᠰᠢᠶᠠᠨ ᠲᠥᠷᠦᠯ ᠵᠦᠢᠯ᠎ᠤᠨ ᠬᠤᠷᠳᠤᠴᠠ᠎ᠶ᠋ᠢ ᠲᠦᠷᠭᠡᠳᠬᠡᠵᠦ᠍᠂ ᠦᠷ᠎ᠡ ᠠᠰᠢᠭ᠎ᠢ ᠨᠡᠮᠡᠭᠳᠡᠭᠦᠯᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠲᠦᠷᠭᠡᠨ ᠭᠦᠢᠴᠡᠳᠬᠡᠬᠦ》 ᠬᠤᠯᠪᠤᠭᠠᠯᠠᠨ ᠬᠢᠨᠠᠬᠤ ᠲᠣᠭᠲᠠᠴᠠ᠎ᠶ᠋ᠢ ᠨᠠᠢᠳᠠᠪᠤᠷᠢᠵᠢᠭᠤᠯᠵᠤ᠂ ᠴᠢᠬᠤᠯᠠ ᠶᠡᠭᠡ ᠲᠥᠷᠦᠯ ᠵᠦᠢᠯ ᠢ᠋ ᠬᠢᠨᠠᠨ ᠵᠥᠪᠰᠢᠶᠡᠷᠡᠬᠦ᠌ ᠳ᠋ᠤ ᠲᠦᠷᠭᠡᠨ ᠵᠠᠮ᠎ᠢ ᠨᠡᠭᠡᠭᠡᠵᠦ᠍ ᠥᠭᠴᠡᠢ᠃ ᠰᠢᠶᠠᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠬᠡᠨ ᠤ᠋ ᠲᠤᠭ᠎ᠠ ᠪᠠᠷᠢᠮᠳᠠ ᠵᠢᠨ ᠬᠠᠮᠢᠶᠠᠷᠤᠯᠳᠠ ᠵᠢᠨ ᠲᠣᠪᠴᠢᠶ᠎ᠠ ᠲᠦᠷᠦᠭᠦᠯᠡᠨ ᠲᠥᠷᠦᠯ ᠵᠦᠢᠯ᠎ᠤᠨ ᠬᠠᠮᠲᠤᠷᠠᠭᠰᠠᠨ ᠬᠤᠷᠠᠯ᠎ᠤᠨ ᠲᠦᠷᠢᠮ ᠢ ᠪᠠᠶ᠋ᠢᠭᠤᠯᠵᠤ᠂ ᠲᠤᠰᠭᠠᠢ ᠬᠥᠮᠦᠨ ᠲᠤᠰᠭᠠᠢ ᠠᠩᠭᠢ᠎ᠶ᠋ᠢ ᠵᠣᠬᠢᠶᠠᠨ ᠪᠠᠶ᠋ᠢᠭᠤᠯᠤᠨ ᠵᠣᠯᠭᠠᠭᠤᠯᠵᠤ᠂ ᠰᠠᠯᠠᠭ᠎ᠠ ᠮᠥᠴᠢᠷ ᠠᠯᠤᠰᠯᠠᠨ ᠬᠢᠨᠠᠨ ᠵᠥᠪᠰᠢᠶᠡᠷᠡᠬᠦ᠌ ᠪᠡᠬᠢᠯᠡᠯᠲᠡ ᠳ᠋ᠤ ᠴᠢᠭᠯᠡᠬᠦᠯᠦᠨ ᠠᠬᠤᠢ ᠲᠠᠯᠠᠪᠠᠢ ᠳ᠋ᠦ ᠵᠥᠪᠳᠡᠯᠴᠡᠨ ᠵᠡᠷᠭᠡ᠎ᠪᠠᠷ ᠰᠢᠢᠳᠪᠦᠷᠢᠯᠡᠪᠡ᠃ ᠤᠯᠠᠭᠠᠨᠬᠠᠳᠠ᠎ᠶ᠋ᠢᠨ ᠵᠢᠶᠠᠩ ᠾᠧ ᠭᠡᠷ ᠭᠠᠵᠠᠷ ᠤ᠋ᠨ ᠬᠥᠷᠦᠩᠭᠡ ᠶ᠋ᠢᠨ ᠨᠡᠭᠡᠭᠡᠨ ᠬᠦᠭᠵᠢᠬᠦᠯᠦᠯᠳᠡ ᠵᠢᠨ ᠬᠢᠵᠠᠭᠠᠷᠲᠤ᠌ ᠺᠣᠮᠫᠠᠨᠢ᠎ᠶ᠋ᠢᠨ ᠬᠠᠷᠢᠭᠤᠴᠠᠯᠭᠠᠲᠠᠨ ᠰᠦᠨ ᠶᠦᠨ ᠭᠦᠸᠧ᠄ 《ᠬᠤᠯᠪᠤᠭᠠᠯᠠᠨ ᠬᠢᠨᠠᠵᠤ ᠬᠤᠯᠪᠤᠭᠠᠯᠠᠨ ᠵᠥᠪᠰᠢᠶᠡᠷᠡᠬᠦ ᠨᠢ ᠬᠢᠨᠠᠨ ᠵᠥᠪᠰᠢᠶᠡᠷᠡᠬᠦᠯᠬᠦ ᠦᠶᠡᠯᠡᠯ᠎ᠤᠨ ᠬᠤᠭᠤᠴᠠᠭ᠎ᠠ᠎ᠶ᠋ᠢ ᠶᠡᠭᠡ ᠪᠠᠷ ᠪᠣᠭᠤᠨᠢᠰᠭᠠᠵᠤ᠂ ᠲᠥᠷᠦᠯ ᠵᠦᠢᠯ᠎ᠤᠨ ᠪᠦᠲᠦᠭᠡᠨ ᠪᠠᠶ᠋ᠢᠭᠤᠯᠤᠯᠲᠠ᠎ᠳᠤ ᠬᠤᠪᠤᠷ ᠨᠠᠨᠳᠢᠨ ᠪᠠᠷᠢᠯᠭ᠎ᠠ᠎ᠶ᠋ᠢᠨ ᠴᠠᠭ ᠢ᠋ ᠲᠡᠮᠡᠴᠡᠨ ᠤᠯᠵᠤ ᠦᠭᠴᠠᠢ》 ᠬᠡᠪᠠ᠃ ᠡᠨᠡ ᠵᠢᠯ᠂ ᠪᠦᠬᠦ ᠰᠢᠶᠠᠨ ᠵᠢᠡᠷ ᠵᠢᠡᠨ ᠬᠠᠮᠲᠤᠷᠠᠭᠰᠠᠨ ᠬᠤᠷᠠᠯ ᠢ 7 ᠤᠳᠠᠭ᠎ᠠ ᠵᠣᠬᠢᠶᠠᠨ ᠪᠠᠶ᠋ᠢᠭᠤᠯᠵᠤ᠂ 26 ᠭᠤᠤᠯᠳᠠᠯᠭ᠎ᠠ᠎ᠲᠠᠢ ᠲᠦᠷᠦᠯ ᠵᠦᠢᠯ᠎ᠤᠨ ᠡᠮᠦᠨᠡᠬᠢ ᠬᠤᠭᠤᠴᠠᠭᠠᠨ᠎ᠤ ᠭᠠᠷ ᠭᠦᠢᠴᠡᠳᠬᠡᠯ᠎ᠢ ᠤᠷᠤᠭᠰᠢᠲᠠᠢ ᠪᠡᠶᠡᠯᠡᠭᠦᠯᠬᠦ ᠶ᠋ᠢ ᠠᠬᠢᠭᠤᠯᠵᠤ᠂ ᠠᠵᠤ ᠠᠬᠤᠶ᠋ᠢᠯᠠᠯ ᠡᠯ᠎ᠡ ᠰᠠᠯᠠᠭ᠎ᠠ ᠮᠥᠴᠢᠷ᠎ᠤᠨ ᠬᠤᠭᠤᠷᠤᠨᠳᠤ 《ᠤᠴᠢᠷ ᠶᠠᠪᠤᠳᠠᠯ ᠭᠦᠢᠴᠡᠳᠭᠡᠬᠦ ᠳ᠋ᠦ ᠬᠦᠴᠢᠷ》 ᠪᠠᠢᠬᠤ ᠠᠰᠠᠭᠤᠳᠠᠯ ᠢ᠋ ᠪᠦᠳᠦᠮᠵᠢᠲᠡᠢ ᠰᠢᠢᠳᠪᠦᠷᠢᠯᠡᠵᠡᠢ᠃
ᠯᠢᠨᠰᠢ ᠰᠢᠶᠠᠨ ᠪᠦᠬᠦᠯᠢ ᠡᠳᠦᠷ᠎ᠤᠨ ᠬᠡᠷᠡᠭᠴᠡᠭᠡ᠂ ᠪᠦᠬᠦ᠌ ᠴᠠᠭ ᠬᠤᠭᠤᠴᠠᠭᠠᠨ ᠤ ᠦᠢᠯᠡᠴᠢᠯᠡᠭᠡ ᠳᠤ ᠠᠩᠬᠠᠷᠤᠯ᠎ᠢᠶᠠᠨ ᠲᠥᠪᠯᠡᠷᠡᠭᠦᠯᠵᠦ᠍᠂《ᠣᠶᠤᠨᠴᠢ᠎ᠪᠠᠷ ᠬᠦᠢᠴᠡᠳᠭᠡᠬᠦ》 ᠰᠦᠯᠵᠢᠶᠡᠨ ᠳᠡᠭᠡᠷᠡᠬᠢ ᠠᠷᠭ᠎ᠠ ᠵᠠᠮ ᠢ᠋ ᠭᠠᠷᠭᠠᠵᠤ᠂ ᠠᠵᠤ ᠠᠬᠤᠶ᠋ᠢᠯᠠᠯ᠎ᠤᠨ ᠵᠢᠷᠬᠢᠶ᠎ᠡ᠎ᠳᠦ ᠲᠦᠰᠢᠭᠯᠡᠨ ᠪᠦᠬᠦ᠌ ᠬᠤᠳᠠ᠎ᠶ᠋ᠢᠨ 《AI + ᠬᠥᠮᠦᠨ᠎ᠤ ᠬᠦᠴᠦᠨ》 ᠤ᠋ ᠬᠤᠤᠰ ᠱᠤᠭᠤᠮ᠎ᠤᠨ ᠦᠢᠯᠡᠴᠢᠯᠡᠭᠡᠨ᠎ᠤ ᠠᠩᠬᠠᠳᠠᠭᠴᠢ ᠲᠠᠪᠴᠠᠩ᠎ᠢ ᠪᠠᠶ᠋ᠢᠭᠤᠯᠪᠠ᠃ ᠠᠵᠢᠯᠯᠠᠬᠤ ᠡᠳᠦᠷ ᠲᠤ᠌ ᠲᠤᠰᠭᠠᠢ ᠲᠤᠰᠢᠶᠠᠯᠲᠠᠨ ᠰᠦᠯᠵᠢᠶᠡᠨ ᠳᠡᠭᠡᠷ᠎ᠡ ᠴᠠᠭᠲᠤᠬᠠᠢ ᠳ᠋ᠤᠨᠢ ᠬᠠᠷᠢᠭᠤᠯᠲᠠ ᠥᠭᠴᠦ᠍᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠵᠤ᠂ ᠠᠵᠢᠯᠯᠠᠬᠤ ᠡᠳᠦᠷ ᠡᠴᠡ ᠪᠤᠰᠤᠳ ᠬᠤᠭᠤᠴᠠᠭᠠᠨ᠎ᠳᠤ AI ᠣᠶᠤᠨᠴᠢ ᠬᠠᠪᠰᠤᠷᠤᠭᠴᠢ ᠡᠴᠡ ᠠᠰᠠᠭᠤᠨ ᠯᠠᠪᠯᠠᠯᠳᠠ ᠳ᠋ᠦ ᠬᠠᠷᠢᠭᠤᠯᠳᠠ ᠦᠭᠴᠦ᠂ ᠤᠷᠢᠳᠴᠢᠯᠠᠨ ᠮᠠᠲᠧᠷᠢᠶᠠᠯ ᠬᠢᠨᠠᠬᠤ ᠠᠵᠢᠯ ᠢ᠋ ᠴᠠᠭ ᠲᠤᠬᠠᠢᠳᠤᠨᠢ ᠭᠥᠯᠢᠶᠡᠨ ᠠᠪᠴᠤ᠌᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ ᠤ᠋ᠨ ᠦᠨᠳᠦᠰᠦᠨ ᠡᠮ ᠡᠮᠨᠡᠯᠭᠡ ᠵᠢᠨ ᠳᠠᠭᠠᠳᠭᠠᠯ᠎ᠳᠤ ᠣᠷᠤᠯᠴᠠᠬᠤ᠂ ᠠᠵᠢᠯ ᠣᠯᠭᠤᠯᠲᠠ᠎ᠶ᠋ᠢᠨ ᠳᠡᠩᠰᠡᠯᠡᠭᠤᠯᠤᠯᠳᠠ᠂ ᠡᠮᠴᠢᠯᠡᠭᠡᠨ᠎ᠤ ᠲᠠᠩᠰᠠ ᠲᠠᠶ᠋ᠢᠯᠬᠤ ᠵᠡᠷᠭᠡ 548 ᠵᠦᠢᠯ᠎ᠤᠨ ᠥᠨᠳᠦᠷ ᠳᠠᠪᠲᠠᠮᠵᠢᠲᠤ᠌ ᠠᠷᠠᠳ᠎ᠤᠨ ᠠᠮᠢᠳᠤᠷᠠᠯ᠎ᠤᠨ ᠲᠤᠬᠠᠶ᠋ᠢᠯᠠᠭᠰᠠᠨ ᠠᠵᠢᠯ᠎ᠢ ᠬᠠᠮᠤᠷᠴᠤ ᠪᠤᠢ᠃ ᠡᠨᠡ ᠵᠢᠯ᠎ᠤᠨ 5 ᠰᠠᠷ᠎ᠠ ᠳ᠋ᠤ ᠠᠰᠢᠭᠯᠠᠯᠳᠠ ᠳ᠋ᠦ ᠤᠷᠤᠭᠤᠯᠤᠭᠰᠠᠨ ᠡᠴᠡ ᠨᠠᠭᠠᠰᠢ᠂ ᠲᠤᠰ ᠲᠠᠪᠴᠠᠩ᠎ᠨᠢ ᠣᠯᠠᠨ ᠲᠦᠮᠡᠨ᠎ᠳᠤ ᠨᠡᠶ᠋ᠢᠲᠡ 200 ᠭᠠᠷᠤᠢ ᠬᠥᠮᠦᠨ ᠤᠳᠠᠭ᠎ᠠ ᠦᠢᠯᠡᠴᠢᠯᠡᠵᠦ᠍᠂ ᠵᠥᠪᠯᠡᠯᠭᠡ ᠥᠭᠬᠦ᠌ ᠴᠠᠭ ᠢ᠋ ᠳᠤᠮᠳᠠᠴᠢ ᠪᠡᠷ 10 ᠰᠧᠺᠦ᠋ᠨ᠋ᠳ᠋᠎ᠦᠨ ᠳᠣᠲᠤᠷ᠎ᠠ ᠬᠢᠵᠠᠭᠠᠷᠯᠠᠵᠤ᠂ ᠠᠵᠢᠯ ᠶᠠᠪᠤᠳᠠᠯ ᠭᠦᠢᠴᠡᠳᠬᠡᠬᠦ ᠮᠠᠲᠧᠷᠢᠶᠠᠯ᠎ᠢ ᠨᠢᠭᠡᠯᠡ ᠤᠳᠠᠭ᠎ᠠ ᠳᠤ ᠵᠦᠪᠰᠢᠶᠡᠷᠡᠬᠦ ᠨᠣᠷᠮ᠎ᠠ 100%᠎ᠳᠤ ᠬᠦᠷᠴᠦ᠍᠂ ᠣᠯᠠᠨ ᠲᠦᠮᠡᠨ᠎ᠤ ᠬᠠᠨᠤᠮᠵᠢ᠎ᠶ᠋ᠢᠨ ᠬᠡᠮᠵᠢᠶ᠎ᠡ 95%᠎ᠳᠤ ᠬᠥᠷᠴᠡᠢ᠃
ᠯᠢᠨᠰᠢ ᠰᠢᠶᠠᠨ ᠶᠠᠪᠤᠴᠠ ᠵᠢ ᠴᠤᠮᠬᠠᠳᠬᠠᠨ ᠦᠢᠯᠡᠴᠢᠯᠡᠭᠡ᠎ᠶ᠋ᠢ ᠰᠢᠯᠢᠳᠡᠭᠵᠢᠬᠦᠯᠵᠦ᠂ ᠠᠵᠢᠯ ᠶᠠᠪᠤᠳᠠᠯ ᠭᠦᠢᠴᠡᠳᠬᠡᠬᠦ᠌ ᠥᠭᠡᠷᠡᠴᠢᠯᠡᠯᠲᠡ ᠵᠢ ᠠᠬᠢᠭᠤᠯᠬᠤ᠎ᠪᠠᠷ ᠭᠠᠷᠳᠠᠴᠠ ᠪᠣᠯᠭᠠᠨ᠂ ᠲᠥᠪᠯᠡᠷᠡᠭᠦᠯᠦᠨ ᠠᠵᠢᠯ ᠶᠠᠪᠤᠳᠠᠯ ᠬᠦᠢᠴᠡᠳᠭᠡᠬᠦ᠂ ᠲᠦᠷᠦᠯ ᠵᠦᠢᠯ᠎ᠢ ᠬᠤᠯᠪᠤᠭᠠᠯᠠᠨ ᠬᠢᠨᠠᠬᠤ᠂ ᠣᠶᠤᠨᠴᠢ ᠦᠢᠯᠡᠴᠢᠯᠡᠭᠡ ᠵᠡᠷᠭᠡ ᠲᠠᠯ᠎ᠠ᠎ᠪᠠᠷ ᠵᠠᠰᠠᠭ᠎ᠤᠨ ᠶᠠᠪᠤᠳᠠᠯ᠎ᠤᠨ ᠬᠠᠩᠭᠠᠯᠭ᠎ᠠ᠎ᠶ᠋ᠢ ᠤᠯᠠᠨ ᠲᠠᠯ᠎ᠠ᠎ᠠᠴᠠ ᠰᠢᠯᠢᠳᠡᠭᠵᠢᠭᠦᠯᠵᠦ᠍᠂ ᠠᠵᠤ ᠠᠬᠤᠶ᠋ᠢᠯᠠᠯ ᠤ᠋ᠨ ᠬᠢᠨ ᠪᠠ ᠤᠯᠠᠨ ᠲᠦᠮᠡᠨ ᠳ᠋ᠤ ᠲᠦᠬᠦᠮ ᠦᠵᠡᠬᠦᠯᠵᠦ ᠪᠣᠳᠠᠲᠠᠢ ᠠᠰᠢᠭ ᠬᠦᠷᠲᠡᠭᠡᠪᠡ᠃ ᠠᠵᠢᠯ ᠶᠠᠪᠤᠳᠠᠯ ᠭᠦᠢᠴᠡᠳᠬᠡᠬᠦ᠌ ᠶᠠᠪᠤᠴᠠ᠎ᠶ᠋ᠢ ᠳᠥᠭᠦᠮᠴᠢᠯᠡᠵᠦ᠍᠂ ᠦᠢᠯᠡᠴᠢᠯᠡᠬᠡᠨ ᠤ᠋ ᠬᠠᠢᠷ᠎ᠠ ᠬᠠᠯᠠᠮᠵᠢ ᠵᠢ ᠳᠡᠭᠡᠭᠰᠢᠯᠡᠭᠦᠯᠵᠦ᠍᠂ ᠬᠥᠭᠵᠢᠯᠲᠡ᠎ᠶ᠋ᠢᠨ ᠰᠠᠭᠤᠷᠢ᠎ᠶ᠋ᠢ ᠪᠠᠲᠤᠳᠭᠠᠪᠠ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠤᠪᠢᠷᠠᠯᠳᠠ᠎ᠶ᠋ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠬᠤᠳᠠᠯᠳᠤᠭ᠎ᠠ ᠡᠷᠬᠢᠯᠡᠬᠦ ᠦᠩ ᠰᠢᠮᠡᠯᠢᠭ ᠬᠥᠷᠦᠰᠦ᠎ᠶ᠋ᠢ ᠲᠠᠰᠤᠷᠠᠯᠲᠠ᠎ᠦᠭᠡᠢ ᠵᠤᠵᠠᠭᠠᠳᠭᠠᠵᠤ᠂ ᠣᠷᠤᠨ ᠨᠤᠲᠤᠭ᠎ᠤᠨ ᠠᠵᠤ ᠦᠢᠯᠡᠰ᠎ᠤᠨ ᠬᠥᠭᠵᠢᠯᠲᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠤᠳᠠᠭᠠᠨ ᠳᠠᠭᠠᠭᠠᠮᠠᠭᠠᠢ ᠬᠥᠳᠡᠯᠭᠡᠬᠦ᠌ ᠬᠦᠴᠦᠨ ᠨᠡᠮᠡᠷᠢᠯᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃