2026-09-20 11:52:19
《ᠲᠤᠰᠬᠠᠢᠯᠠᠨ ᠨᠡᠢᠭᠡᠮ ᠲᠣᠭᠣᠷᠢᠭ᠎ᠤ᠋ᠨ ᠬᠡᠷᠡᠭ ᠡᠷᠬᠢᠯᠡᠬᠦ ᠲᠢᠩᠬᠢᠮᠳ᠋ᠦ᠍ ᠣᠴᠢᠬᠤ ᠬᠡᠷᠡᠭ ᠦᠭᠡᠢ᠂ ᠲᠥᠷᠥ᠎ᠶ᠋ᠢᠨ ᠪᠣᠳᠣᠯᠭ᠎ᠠ᠎ᠶ᠋ᠢᠨ ᠯᠠᠪᠯᠠᠭ᠎ᠠ᠂ ᠡᠳᠦᠷ ᠳᠣᠳᠣᠮ᠎ᠤ᠋ᠨ ᠠᠵᠢᠯ ᠶᠠᠪᠤᠳᠠᠯ᠎ᠢ᠋ ᠭᠡᠷ᠎ᠦ᠋ᠨ ᠬᠠᠶᠠᠭᠠᠨ᠎ᠳᠠᠭᠠᠨ ᠭᠦᠢᠴᠡᠳᠬᠡᠪᠡᠯ ᠪᠣᠯᠴᠢᠬᠠᠨ᠎ᠠ᠂ ᠦᠨᠡᠬᠡᠷ ᠳᠥᠭᠥᠮ ᠪᠤᠯᠵᠠᠢ》 ᠬᠡᠵᠦ 9 ᠰᠠᠷ᠎ᠠ᠎ᠶ᠋ᠢᠨ 3᠎ᠤ᠋ ᠡᠳᠦᠷ᠂ ᠪᠠᠶᠠᠨᠨᠠᠭᠤᠷ ᠬᠣᠲᠠ᠎ᠶ᠋ᠢᠨ ᠤᠷᠠᠳ᠎ᠤ᠋ᠨ ᠡᠮᠦᠨᠡᠲᠦ ᠬᠤᠰᠢᠭᠤᠨ᠎ᠤ᠋ ᠳ᠋ᠦᠩ ᠰᠢᠩ ᠬᠤᠶᠠᠳᠤᠭᠠᠷ ᠨᠡᠢᠭᠡᠮ ᠲᠣᠭᠣᠷᠢᠭ᠎ᠲᠤ᠌᠂ 《ᠠᠷᠠᠳ᠎ᠤᠨ ᠲᠤᠮᠳᠠ ᠰᠢᠷᠡᠭᠡ ᠲᠠᠯᠪᠢᠵᠤ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ》 ᠦᠢᠯᠡᠴᠢᠯᠡᠭᠡ᠎ᠶ᠋ᠢ ᠪᠠᠢᠩᠭᠤ᠎ᠶ᠋ᠢᠨ ᠴᠢᠨᠠᠷᠲᠠᠢ ᠥᠷᠨᠢᠭᠦᠯᠵᠦ ᠪᠠᠢᠭ᠎ᠠ ᠲᠤᠬᠠᠢ ᠶᠠᠷᠢᠬᠤ᠎ᠳᠤ᠂ ᠰᠠᠭᠤᠭᠠᠯᠢ ᠠᠷᠠᠳ ᠭᠡᠭᠡᠨᠳᠠᠨᠠ ᠴᠢᠩ ᠰᠡᠳᠭᠢᠯ᠎ᠡᠴᠡ ᠪᠠᠨ ᠮᠠᠭᠲᠠᠨ᠎ᠠ᠃
ᠨᠢᠭᠡ ᠵᠢᠵᠢᠭ ᠡᠪᠬᠡᠳᠡᠭ ᠰᠢᠷᠡᠭᠡ᠂ ᠨᠢᠭᠡ ᠠᠷᠠᠳ᠎ᠤ᠋ᠨ ᠪᠠᠢᠳᠠᠯ᠎ᠤᠨ ᠲᠡᠮᠳᠡᠭᠯᠡᠯ᠎ᠤᠨ ᠳᠡᠪᠲᠡᠷ ᠪᠡᠯᠡᠳᠭᠡᠵᠦ᠂ ᠰᠠᠷ᠎ᠠ ᠪᠣᠯᠭᠠᠨ᠎ᠤ 3᠎ᠤ ᠡᠳᠦᠷ ᠳ᠋ᠦᠩ ᠰᠢᠩ ᠬᠣᠶᠠᠳᠤᠭᠠᠷ ᠨᠡᠢᠭᠡᠮ ᠲᠣᠭᠣᠷᠢᠭ᠎ᠤ᠋ᠨ ᠨᠠᠮ᠎ᠤ᠋ᠨ ᠡᠭᠦᠷ᠎ᠦ᠋ᠨ ᠱᠦᠵᠢ ᠵᠣᠣ ᠶᠦᠩ ᠰᠢᠶᠠ ᠲᠣᠭᠲᠠᠭᠰᠠᠨ ᠴᠠᠭ᠎ᠲᠠᠭᠠᠨ ᠰᠠᠭᠤᠭᠠᠯᠢ ᠠᠷᠠᠳ᠎ᠤᠨ ᠬᠦᠷᠢᠶᠡᠨ᠎ᠳᠤ 《ᠰᠢᠷᠡᠭᠡ ᠪᠠᠨ ᠲᠠᠯᠪᠢᠵᠤ》᠂ ᠣᠯᠠᠨ ᠲᠦᠮᠡᠨ᠎ᠦ᠌ ᠬᠦᠰᠡᠯ ᠱᠠᠭᠠᠷᠳᠠᠯᠭ᠎ᠠ᠎ᠶ᠋ᠢ ᠨᠢᠭᠤᠷᠳᠠᠨ ᠰᠣᠨᠣᠰᠴᠤ᠂ ᠣᠯᠠᠨ ᠲᠦᠮᠡᠨ᠎ᠦ᠌ ᠬᠦᠴᠢᠷ ᠠᠰᠠᠭᠤᠳᠠᠯ᠎ᠢ᠋ ᠦᠨᠡᠨ ᠪᠣᠳᠠᠲᠠᠢ ᠰᠢᠢᠳᠪᠦᠷᠢᠯᠡᠵᠦ ᠦᠭᠳᠡᠭ᠃ ᠰᠠᠭᠤᠭᠠᠯᠢ ᠠᠷᠠᠳ ᠨᠢᠭᠡ ᠳᠣᠣᠷ᠎ᠠ ᠴᠤᠭᠯᠠᠷᠠᠨ ᠰᠠᠭᠤᠯᠴᠠᠵᠤ᠂ ᠭᠡᠷᠵᠠᠭᠤᠷᠠᠶᠢᠨ ᠠᠷᠰᠠᠷ ᠶᠠᠪᠤᠳᠠᠯ᠂ ᠬᠦᠴᠢᠷ᠎ᠲᠠᠢ ᠪᠣᠳᠠᠲᠠᠢ ᠠᠰᠠᠭᠤᠳᠠᠯᠵᠢᠡᠨ ᠪᠦᠷ ᠴᠢᠯᠥᠭᠡᠲᠡᠢ ᠶᠠᠷᠢᠵᠤ᠂ ᠲᠤᠬᠠᠢ᠎ᠶ᠋ᠢᠨ ᠲᠠᠯᠠᠪᠠᠢ᠎ᠳ᠋ᠤ᠌ ᠵᠠᠬᠢᠳᠠᠯ ᠰᠤᠷᠪᠤᠯᠵᠢᠯᠠᠯ ᠢ᠋ ᠬᠦᠯᠢᠶᠡᠨ ᠠᠪᠬᠤ᠂ ᠠᠰᠠᠭᠤᠯᠲᠠ᠎ᠵᠢ ᠲᠤᠬᠠᠢ ᠶ᠋ᠢᠨ ᠲᠠᠯᠠᠪᠠᠢ ᠳ᠋ᠤ᠌ ᠬᠠᠷᠢᠭᠤᠯᠲᠠ ᠥᠭᠬᠦ ᠂ ᠤᠴᠢᠷ ᠶᠠᠪᠤᠳᠠᠯ ᠢ᠋ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ᠎ᠵᠢ ᠪᠡᠶᠡᠯᠡᠭᠦᠯᠪᠡ᠃
ᠭᠠᠭᠴᠠᠭᠠᠷ ᠰᠠᠭᠤᠵᠤ ᠪᠠᠢᠭ᠎ᠠ ᠨᠠᠰᠤᠲᠠᠨ ᠱᠣᠣ ᠰᠢᠶᠣᠤ ᠬᠤᠸᠠ ᠪᠣᠯ ᠡᠨᠡ ᠬᠦ ᠠᠷᠠᠳ᠎ᠲᠤ᠌ ᠳᠥᠭᠥᠮ ᠦᠵᠡᠭᠦᠯᠬᠦ ᠦᠢᠯᠡᠴᠢᠯᠡᠭᠡ᠎ᠶ᠋ᠢᠨ ᠰᠢᠭᠤᠳ ᠠᠰᠢᠭ ᠬᠦᠷᠲᠡᠭᠴᠢ ᠮᠥᠨ᠃ ᠨᠠᠰᠤᠲᠠᠨᠶᠠᠪᠤᠵᠤ ᠰᠠᠭᠤᠬᠤ᠎ᠳᠠᠭᠠᠨ ᠳᠥᠭᠥᠮ ᠦᠭᠡᠢ᠂ ᠵᠢᠯ ᠲᠤᠷᠰᠢ ᠬᠣᠶᠠᠷ ᠲᠠᠶᠠᠭ ᠲᠤᠯᠵᠤ᠂ ᠦᠷ᠎ᠡ ᠬᠡᠦᠬᠡᠳ ᠨᠢ ᠴᠦ᠍ ᠬᠠᠵᠠᠭᠤᠳ᠋ᠤᠨᠢ ᠥᠬᠡᠢ ᠪᠠᠢᠵᠤ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤ᠋ᠨ ᠪᠠᠲᠤᠯᠠᠪᠤᠷᠢ᠎ᠶ᠋ᠢᠨ ᠬᠢᠷᠢ ᠬᠡᠮᠦ᠋ᠨ ᠭᠡᠷᠡᠴᠢᠯᠡᠭᠡ ᠬᠢᠬᠦ ᠬᠤᠭᠤᠴᠠᠭ᠎ᠠ ᠪᠣᠯᠬᠤ ᠪᠣᠯᠭᠠᠨ ᠰᠠᠨᠠᠭ᠎ᠠ ᠵᠣᠪᠠᠳᠠᠭ᠂ ᠨᠡᠢᠭᠡᠮ ᠲᠣᠭᠣᠷᠢᠭ᠎ᠤ᠋ᠨ ᠬᠡᠷᠡᠭ ᠡᠷᠬᠢᠯᠡᠬᠦ ᠲᠢᠩᠬᠢᠮᠳ᠋ᠦ᠍ ᠣᠴᠢᠬᠤ ᠨᠢ ᠲᠡᠭᠦᠨ᠎ᠳ᠋ᠦ᠍ ᠠᠪᠴᠤ ᠬᠡᠯᠡᠪᠡᠯ ᠲᠤᠢᠯ᠎ᠤ᠋ᠨ ᠬᠦᠴᠢᠷ ᠶᠠᠪᠤᠳᠠᠯ ᠪᠠᠢᠵᠤ᠂ ᠰᠢᠢᠳᠪᠦᠷᠢᠯᠡᠬᠦ ᠴᠠᠭ ᠪᠣᠯᠬᠤ ᠪᠦᠷᠢ ᠲᠡᠷᠡ 《ᠰᠢᠷᠡᠭᠡ ᠲᠠᠯᠪᠢᠵᠤ ᠠᠷᠠᠳ᠎ᠲᠤ ᠦᠢᠯᠡᠴᠢᠯᠡᠳᠡᠭ ᠱᠦᠵᠢ》 ᠵᠢᠨ᠎ᠢᠶᠡᠨ ᠭᠡᠷ᠎ᠤᠨ ᠬᠠᠶᠠᠭᠠᠨ᠎ᠳᠤ ᠢᠷᠡᠬᠦ᠎ᠶ᠋ᠢ ᠨᠢ ᠬᠦᠰᠡᠳᠡᠭ ᠠᠵᠢ᠃
《ᠪᠢ ᠶᠠᠪᠤᠵᠤ ᠰᠠᠭᠤᠬᠤ᠎ᠳᠠᠭᠠᠨ ᠲᠦᠭᠦᠮ ᠦᠭᠡᠢ᠂ ᠬᠡᠦᠬᠡᠳ ᠪᠠᠰᠠ ᠬᠠᠵᠠᠭᠤᠳ᠋ᠤ᠌ ᠪᠠᠢᠬᠤ ᠦᠭᠡᠢ᠂ ᠵᠣᠣ ᠱᠦᠵᠢ 〈ᠰᠢᠷᠡᠭᠡ ᠳᠡᠯᠪᠢᠵᠤ ᠦᠢᠯᠡᠴᠢᠯᠡᠭᠡ ᠬᠠᠩᠭᠠᠭᠰᠠᠨ〉 ᠡᠴᠡ ᠨᠡᠭᠠᠰᠢ᠂ ᠪᠢ ᠡᠪᠡᠳᠴᠢᠨ ᠡᠮᠭᠡᠭ᠎ᠲᠠᠢ ᠪᠠᠶ᠎ᠠ ᠪᠠᠨ ᠴᠢᠷᠴᠦ ᠨᠡᠢᠭᠡᠮ ᠲᠣᠭᠣᠷᠢᠭ᠎ᠲᠤ᠌ ᠭᠦᠶᠦᠬᠦ ᠬᠡᠷᠡᠭ ᠦᠭᠡᠢ ᠪᠣᠯᠵᠤ᠂ ᠨᠠᠮ ᠪᠣᠯᠤᠨ ᠵᠠᠰᠠᠭ᠎ᠤ᠋ᠨ ᠣᠷᠳᠣᠨ᠎ᠤ᠋ ᠬᠠᠢᠷ᠎ᠠ ᠬᠠᠯᠠᠮᠵᠢ᠎ᠶ᠋ᠢ ᠦᠨᠡᠨ ᠬᠦ᠌ ᠣᠢᠯᠠᠭᠠᠵᠤ ᠮᠡᠳᠡᠭᠰᠡᠨ ᠶᠦ᠍ᠮ》 ᠭᠡᠵᠦ ᠱᠣᠣ ᠰᠢᠶᠣᠤ ᠬᠤᠸᠠ ᠨᠠᠰᠤᠲᠠᠨ ᠬᠡᠯᠡᠨ᠎ᠡ᠃
ᠥᠩᠭᠡᠷᠡᠭᠰᠡᠨ᠎ᠳ᠋ᠦ᠍᠂ ᠨᠡᠢᠭᠡᠮ ᠲᠣᠭᠣᠷᠢᠭ᠎ᠤ᠋ᠨ ᠦᠢᠯᠡᠴᠢᠯᠡᠭᠡᠨ᠎ᠦ᠌ ᠣᠯᠠᠩᠬᠢ ᠨᠢ ᠣᠯᠠᠨ ᠲᠦᠮᠡᠨ᠎ᠦ᠌ ᠦᠪᠡᠷᠰᠡᠳ᠎ᠢᠶᠡᠨ ᠢᠷᠡᠵᠦ ᠭᠦᠢᠴᠡᠳᠬᠡᠬᠦ᠎ᠶ᠋ᠢ ᠬᠦᠯᠢᠶᠡᠬᠦ ᠬᠡᠪ ᠵᠠᠭᠪᠤᠷ ᠢ᠋ ᠠᠪᠴᠤ᠂ ᠨᠠᠰᠤᠲᠠᠢᠴᠤᠳ᠂ ᠵᠡᠮᠳᠡᠭᠴᠦᠳ ᠵᠡᠷᠭᠡ ᠣᠨᠴᠠᠭᠠᠢ ᠬᠥᠮᠦᠰ ᠠᠵᠢᠯ ᠶᠠᠪᠤᠳᠠᠯ ᠭᠦᠢᠴᠡᠳᠬᠡᠬᠦᠳ᠋ᠦ᠍ ᠨᠡᠢᠲᠡᠮ ᠵᠠᠮ ᠬᠥᠭᠡᠭᠡᠬᠦᠳ᠋ᠦ᠍ ᠬᠦᠴᠢᠷ᠂ ᠲᠥᠷᠥ᠎ᠶ᠋ᠢᠨ ᠪᠣᠳᠣᠯᠭ᠎ᠠ ᠶ᠋ᠢᠨ ᠯᠠᠪᠯᠠᠭ᠎ᠠ ᠵᠢ ᠴᠠᠭ ᠲᠤᠬᠠᠢ᠎ᠳ᠋ᠤᠨᠢ ᠬᠢᠵᠦ ᠴᠢᠳᠠᠬᠤ ᠥᠬᠡᠢ᠂ ᠭᠣᠮᠣᠳᠠᠯ ᠲᠣᠭᠠᠴᠢᠯᠲᠠ᠎ᠶ᠋ᠢᠨ ᠬᠠᠷᠢᠭᠤ ᠳᠤᠰᠬᠠᠯᠲᠠ᠎ᠶᠢᠨ ᠨᠡᠪᠲᠡᠷᠡᠬᠦ ᠵᠠᠮ ᠰᠢᠯᠤᠭᠤᠨ ᠪᠤᠰᠤ ᠵᠡᠷᠭᠡ ᠠᠰᠠᠭᠤᠳᠠᠯ ᠣᠷᠣᠰᠢᠵᠤ᠂ ᠦᠨᠳᠦᠰᠦᠨ ᠱᠠᠲᠤᠨ᠎ᠤ᠋ ᠦᠢᠯᠡᠴᠢᠯᠡᠭᠡᠨᠳ᠋ᠦ᠍ ᠴᠤ᠌ ᠬᠠᠷᠢᠭᠤ ᠲᠤᠰᠬᠠᠯ ᠨᠢ ᠤᠳᠠᠭᠠᠨ᠂ ᠵᠣᠯᠭᠠᠭᠤᠯᠤᠯᠲᠠ ᠨᠢ ᠰᠢᠯᠤᠭᠤᠨ ᠪᠤᠰᠤ ᠵᠡᠷᠭᠡ ᠪᠣᠳᠠᠲᠤ ᠲᠣᠳ᠋ᠬᠠᠳᠡᠯ ᠣᠷᠣᠰᠢᠵᠤ ᠪᠠᠢᠪᠠ᠃
ᠡᠳᠡᠭᠡᠷ ᠦᠨᠳᠦᠰᠦᠨ ᠱᠠᠲᠤᠨ᠎ᠤ᠋ ᠵᠠᠰᠠᠯᠲᠠ᠎ᠶ᠋ᠢᠨ ᠲᠦᠭᠵᠢᠷᠡᠯ ᠬᠦᠴᠢᠷᠳᠡᠯᠢ᠋ ᠰᠢᠢᠳᠪᠦᠷᠢᠯᠡᠬᠦ᠎ᠶ᠋ᠢᠨ ᠲᠥᠯᠥᠭᠡ᠂ ᠤᠷᠠᠳ᠎ᠤ᠋ᠨ ᠡᠮᠦᠨᠡᠲᠦ ᠬᠣᠰᠢᠭᠤ ᠨᠠᠮ᠎ᠤ᠋ᠨ ᠪᠠᠢᠭᠤᠯᠤᠯᠲᠠ᠎ᠪᠠᠷ ᠬᠥᠲᠥᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠦᠢᠯᠡᠴᠢᠯᠡᠭᠡᠨ ᠦ᠌ ᠠᠴᠢᠶᠠᠯᠠᠪᠤᠷᠢ ᠵᠢ ᠰᠢᠨᠡᠴᠢᠯᠡᠵᠦ᠂ 《ᠠᠷᠠᠳ᠎ᠤᠨ ᠲᠤᠮᠳᠠ ᠰᠢᠷᠡᠭᠡ ᠲᠠᠯᠪᠢᠵᠤ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ》 ᠦᠢᠯᠡᠴᠢᠯᠡᠭᠡ ᠶ᠋ᠢ ᠳᠣᠷᠣᠭᠰᠢ ᠪᠠᠭᠤᠯᠭᠠᠬᠤ ᠠᠵᠢᠯ ᠤ᠋ᠨ ᠲᠣᠭᠲᠠᠴᠠ ᠶ᠋ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠨᠡᠢᠭᠡᠮ ᠲᠣᠭᠣᠷᠢᠭ᠎ᠤ᠋ᠨ ᠠᠵᠢᠯᠲᠠᠳ᠎ᠤ᠋ᠨ ᠠᠯᠪᠠᠨ ᠭᠡᠷ᠎ᠡᠴᠡ ᠭᠠᠷᠴᠤ᠂ ᠠᠷᠠᠳ᠎ᠤᠨ ᠲᠤᠮᠳᠠ ᠭᠦᠨᠵᠡᠭᠡᠢᠷᠡᠵᠦ᠂ 《ᠣᠯᠠᠨ ᠲᠦᠮᠡᠨ ᠠᠯᠪᠠᠨ᠎ᠤ ᠭᠠᠵᠠᠷ ᠬᠦᠷᠴᠦ ᠠᠵᠢᠯᠲᠠᠨ᠎ᠢ ᠡᠷᠢᠬᠦ》 ᠶ᠋ᠢ 《ᠠᠵᠢᠯᠲᠠᠨ ᠳᠣᠷᠣᠭᠰᠢ ᠪᠠᠭᠤᠵᠤ ᠣᠯᠠᠨ ᠲᠦᠮᠡᠨ ᠢ᠋ ᠡᠷᠢᠬᠦ》 ᠪᠣᠯᠭᠠᠨ ᠬᠤᠪᠢᠷᠠᠭᠤᠯᠵᠤ᠂ ᠵᠠᠰᠠᠭ᠎ᠤ᠋ᠨ ᠶᠠᠪᠤᠳᠠᠯ᠎ᠢ᠋ ᠭᠦᠢᠴᠡᠳᠬᠡᠬᠦ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ᠂ ᠵᠥᠷᠢᠴᠡᠯ ᠮᠦᠷᠭᠦᠯᠳᠦᠭᠡᠨ ᠢ᠋ ᠡᠶᠡᠳᠡᠭᠦᠯᠬᠦ᠂ ᠠᠷᠠᠳ᠎ᠲᠤ᠌ ᠳᠥᠭᠥᠮ ᠦᠵᠡᠭᠦᠯᠬᠦ ᠬᠠᠪᠰᠤᠷᠤᠨ ᠲᠡᠳᠬᠦᠬᠦ ᠵᠢᠭᠰᠠᠭᠠᠯ᠎ᠤ᠋ᠨ ᠭᠠᠵᠠᠷ᠎ᠢ ᠣᠯᠠᠨ ᠲᠦᠮᠡᠨ᠎ᠦ᠌ ᠭᠡᠷ᠎ᠦ᠋ᠨ ᠬᠠᠶᠠᠭᠠᠨᠳ᠋ᠦ᠍ ᠰᠢᠯᠵᠢᠭᠦᠯᠬᠦ᠎ᠶ᠋ᠢ ᠠᠬᠢᠭᠤᠯᠵᠤ᠂ ᠦᠶ᠎ᠡ ᠵᠠᠢ ᠦᠭᠡᠢ ᠦᠢᠯᠡᠴᠢᠯᠡᠭᠡ ᠬᠠᠩᠭᠠᠬᠤ᠎ᠵᠢ ᠪᠡᠶᠡᠯᠡᠭᠦᠯᠪᠡ᠃
ᠣᠳᠣ᠂ ᠡᠢᠮᠦᠷᠬᠦᠦ ᠠᠮᠢᠳᠤᠷᠠᠯ᠎ᠤᠨ ᠦᠨᠦᠷ ᠠᠮᠲᠠ᠎ᠪᠠᠷ ᠳᠦᠭᠦᠷᠦᠭᠰᠡᠨ 《ᠨᠡᠭᠦᠳᠡᠯ ᠠᠯᠪᠠᠨ ᠭᠡᠷ》 ᠦ᠋ᠨ ᠬᠡᠪ ᠵᠠᠭᠪᠤᠷ ᠨᠢ ᠤᠷᠠᠳ᠎ᠤ᠋ᠨ ᠡᠮᠦᠨᠡᠲᠦ ᠬᠤᠰᠢᠭᠤᠨ᠎ᠤ᠋ 15 ᠨᠡᠢᠭᠡᠮ ᠲᠣᠭᠣᠷᠢᠭ᠎ᠲᠤ᠌ ᠪᠦᠬᠦ ᠲᠠᠯ᠎ᠠ᠎ᠪᠠᠷ ᠨᠤᠲᠤᠭᠰᠢᠵᠤ᠂ ᠬᠡᠪ᠎ᠦ᠋ᠨ ᠪᠠᠢᠳᠠᠯᠢ᠋ᠶ᠋ᠠᠷ ᠠᠵᠢᠯᠯᠠᠵᠤ᠂ ᠨᠠᠮ᠎ᠤ᠋ᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ᠋ ᠵᠠᠰᠠᠯᠲᠠ ᠬᠢᠬᠦ᠎ᠶ᠋ᠢ ᠬᠥᠲᠥᠯᠦᠨ ᠳᠠᠭᠠᠭᠤᠯᠵᠤ᠂ ᠠᠷᠠᠳ᠎ᠲᠤ᠌ ᠳᠥᠭᠥᠮ ᠦᠵᠡᠭᠦᠯᠬᠦ ᠦᠢᠯᠡᠴᠢᠯᠡᠭᠡ᠎ᠶ᠋ᠢ ᠣᠯᠠᠨ ᠲᠦᠮᠡᠨ᠎ᠦ᠌ ᠬᠠᠶᠠᠭᠠᠨᠳ᠋ᠦ᠍ᠨᠢ ᠰᠢᠭᠤᠳ ᠬᠦᠷᠭᠡᠬᠦ᠎ᠶ᠋ᠢ ᠠᠬᠢᠭᠤᠯᠬᠤ ᠰᠢᠨ᠎ᠡ ᠦᠯᠢᠭᠡᠷ ᠵᠠᠭᠪᠤᠷ ᠪᠣᠯᠤᠭᠰᠠᠨ ᠪᠠᠢᠨ᠎ᠠ᠃ ᠡᠯ᠎ᠡ ᠨᠡᠢᠭᠡᠮ ᠲᠣᠭᠣᠷᠢᠭ ᠨᠢ ᠨᠠᠷᠢᠨ ᠳᠠᠩᠰᠠᠴᠢᠯᠠᠭᠰᠠᠨ᠂ ᠪᠠᠷᠢᠮᠵᠢᠶᠠᠵᠢᠭᠰᠠᠨ ᠠᠷᠠᠳ᠎ᠲᠤ᠌ ᠳᠥᠭᠥᠮ ᠦᠵᠡᠭᠦᠯᠬᠦ ᠦᠢᠯᠡᠴᠢᠯᠡᠭᠡᠨ᠎ᠦ᠌ ᠲᠤᠪᠶᠤᠭ ᠢ᠋ ᠡᠮᠬᠢᠯᠡᠨ ᠪᠦᠷᠢᠯᠳᠦᠭᠦᠯᠵᠦ᠂ 55 ᠲᠥᠷᠥᠯ᠎ᠦ᠋ᠨ ᠠᠷᠠᠳ᠎ᠤ᠋ᠨ ᠠᠮᠢᠳᠤᠷᠠᠯ᠎ᠤ᠋ᠨ ᠲᠤᠬᠠᠢᠯᠠᠭᠰᠠᠨ ᠠᠵᠢᠯ ᠢ᠋ ᠲᠤᠬᠠᠢ᠎ᠶ᠋ᠢᠨ ᠲᠠᠯᠠᠪᠠᠢ᠎ᠳ᠋ᠤ᠌ ᠭᠦᠢᠴᠡᠳᠬᠡᠨ᠂ 27 ᠲᠥᠷᠥᠯ᠎ᠦ᠋ᠨ ᠠᠷᠠᠳ᠎ᠤ᠋ᠨ ᠠᠮᠢᠳᠤᠷᠠᠯ᠎ᠤ᠋ᠨ ᠬᠦᠰᠡᠯ ᠱᠠᠭᠠᠷᠳᠠᠯᠭ᠎ᠠ᠎ᠶ᠋ᠢ ᠲᠤᠬᠠᠢ᠎ᠶ᠋ᠢᠨ ᠲᠠᠯᠠᠪᠠᠢ᠎ᠳ᠋ᠤ᠌ ᠬᠠᠷᠢᠭᠤᠯᠵᠤ᠂ ᠲᠤᠬᠠᠢᠯᠠᠭᠰᠠᠨ ᠠᠵᠢᠯ᠎ᠤ᠋ᠨ ᠬᠦᠷᠢᠶ᠎ᠡ ᠬᠡᠪᠴᠢᠶ᠎ᠡ ᠨᠢ ᠥᠨᠳᠥᠷ ᠨᠠᠰᠤᠨᠬᠤᠳᠤᠭᠦᠨ ᠨᠡᠮᠡᠭᠦᠷᠢ᠎ᠶᠢᠨ ᠬᠡᠷᠡᠴᠢᠯᠡᠭᠡ ᠬᠢᠬᠦ᠂ ᠦᠨᠳᠦᠰᠦᠨ ᠮᠡᠳᠡᠭᠡ ᠵᠠᠩᠭᠢ᠎ᠶ᠋ᠢ ᠬᠤᠪᠢᠷᠠᠭᠤᠯᠬᠤ᠂ ᠠᠮᠤᠷ ᠲᠦᠪᠰᠢᠨ᠎ᠦ᠌ ᠭᠡᠮ ᠰᠣᠭᠣᠭᠢ᠋ ᠵᠢᠭᠰᠠᠭᠠᠨ ᠪᠠᠢᠴᠠᠭᠠᠬᠤ᠂ ᠨᠡᠢᠭᠡᠮ᠎ᠦ᠋ᠨ ᠳᠠᠭᠠᠳᠬᠠᠯ᠎ᠤ᠋ᠨ ᠲᠥᠷᠥ᠎ᠶ᠋ᠢᠨ ᠪᠣᠳᠣᠯᠭ᠎ᠠ᠎ᠶ᠋ᠢ ᠤᠩᠰᠢᠨ ᠲᠠᠶ᠋ᠢᠯᠪᠤᠷᠢᠯᠠᠬᠤ᠂ ᠬᠦᠷᠰᠢ ᠵᠡᠷᠭᠡᠯᠡᠳᠡᠭᠡ᠎ᠶ᠋ᠢᠨ ᠵᠥᠷᠢᠴᠡᠯ ᠮᠦᠷᠭᠦᠯᠳᠦᠭᠡᠨ᠎ᠢ ᠡᠶᠡᠳᠡᠭᠦᠯᠬᠦ ᠵᠡᠷᠭᠡ ᠡᠯ᠎ᠡ ᠲᠥᠷᠥᠯ᠎ᠦ᠋ᠨ ᠣᠯᠠᠨ ᠲᠦᠮᠡᠨ᠎ᠦ᠌ ᠬᠡᠷᠡᠭᠴᠡᠭᠡ ᠱᠠᠭᠠᠷᠳᠠᠯᠭ᠎ᠠ᠎ᠶ᠋ᠢ ᠬᠠᠮᠤᠷᠴᠤ᠂ ᠰᠠᠭᠤᠭᠠᠯᠢ ᠠᠷᠠᠳ ᠠᠰᠠᠷ ᠡᠴᠡ ᠪᠠᠨ ᠪᠠᠭᠤᠮᠠᠭᠴᠠ ᠤᠴᠢᠷ ᠶᠠᠪᠤᠳᠠᠯ ᠵᠢᠡᠨ ᠰᠢᠢᠳᠪᠦᠷᠢᠯᠡᠵᠦ᠂ ᠭᠡᠷ᠎ᠤᠨ ᠬᠠᠶᠠᠭᠠᠨ᠎ᠳᠠᠭᠠᠨ ᠵᠤᠪᠠᠨᠢᠯ᠎ᠢᠶᠡᠨ ᠠᠷᠢᠯᠭᠠᠵᠤ᠂ ᠠᠷᠠᠳ᠎ᠲᠤ᠌ ᠳᠥᠭᠥᠮ ᠦᠵᠡᠭᠦᠯᠬᠦ ᠦᠢᠯᠡᠴᠢᠯᠡᠭᠡ᠎ᠶ᠋ᠢ ᠣᠢᠷ᠎ᠠ ᠬᠠᠪᠢᠵᠢᠭᠤᠯᠬᠤ᠂ ᠪᠠᠢᠩᠭᠤᠵᠢᠭᠤᠯᠬᠤ᠂ ᠥᠨᠳᠥᠷ ᠪᠦᠲᠦᠮᠵᠢᠲᠡᠢ ᠪᠣᠯᠭᠠᠬᠤ᠎ᠶ᠋ᠢ ᠦᠨᠡᠨᠬᠦ ᠪᠡᠶᠡᠯᠡᠭᠦᠯᠪᠡ᠃
ᠨᠢᠭᠡ ᠨᠢᠭᠡ ᠲᠣᠭ᠎ᠠ ᠪᠠᠷᠢᠮᠲᠠ ᠨᠢ ᠵᠠᠰᠠᠯᠲᠠ᠎ᠶ᠋ᠢᠨ ᠪᠣᠳᠠᠲᠤ ᠦᠷ᠎ᠡ ᠠᠰᠢᠭ᠎ᠢ᠋ ᠭᠡᠷᠡᠴᠢᠯᠡᠵᠦ᠂ ᠤᠯᠠᠨ ᠤᠯᠠᠨ ᠪᠣᠳᠠᠲᠤ ᠶᠠᠪᠤᠳᠠᠯ ᠨᠢ ᠠᠷᠠᠳᠦ᠋ᠨ ᠰᠡᠳᠬᠢᠯ᠎ᠢ᠋ ᠳᠤᠯᠠᠭᠠᠴᠠᠭᠤᠯᠤᠨ᠎ᠠ᠃ ᠣᠳᠣᠬᠠᠨ ᠪᠣᠯᠲᠠᠯ᠎ᠠ᠂ ᠪᠦᠬᠦ ᠬᠤᠰᠢᠭᠤᠨ᠎ᠤ᠋ 15 ᠨᠡᠢᠭᠡᠮ ᠲᠣᠭᠣᠷᠢᠭ ᠨᠡᠢᠲᠡ 130 ᠭᠠᠷᠤᠢ ᠲᠠᠯᠠᠪᠠᠢ ᠠᠷᠠᠳ᠎ᠲᠤ᠌ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠵᠦ᠂ 4.7 ᠲᠦᠮᠡ ᠭᠠᠷᠤᠢ ᠬᠥᠮᠦᠨ ᠤᠳᠠᠭᠠᠳ᠋ᠤ᠌ ᠦᠢᠯᠡᠴᠢᠯᠡᠵᠦ᠂ 680 ᠭᠠᠷᠤᠢ ᠬᠤᠪᠢ ᠡᠯ᠎ᠡ ᠲᠥᠷᠥᠯ᠎ᠦ᠋ᠨ ᠠᠷᠠᠳ᠎ᠤ᠋ᠨ ᠠᠮᠢᠳᠤᠷᠠᠯ᠎ᠤ᠋ᠨ ᠭᠣᠮᠣᠳᠠᠯ ᠱᠠᠭᠠᠷᠳᠠᠯᠭ᠎ᠠ᠎ᠶ᠋ᠢ ᠭᠦᠢᠴᠡᠳᠬᠡᠨ᠂ ᠦᠨᠳᠦᠰᠦᠨ ᠱᠠᠲᠤᠨ᠎ᠤ᠋ ᠵᠠᠰᠠᠯᠲᠠ ᠤᠯᠠᠮ ᠨᠠᠷᠢᠯᠢᠭ ᠪᠣᠯᠵᠤ᠂ ᠠᠷᠠᠳ᠎ᠤ᠋ᠨ ᠠᠮᠢᠳᠤᠷᠠᠯ᠎ᠤ᠋ᠨ ᠦᠢᠯᠡᠴᠢᠯᠡᠭᠡ ᠨᠡᠩ ᠶᠡᠬᠡ ᠠᠬᠢᠯᠲᠠ᠎ᠲᠠᠢ ᠪᠣᠯᠪᠠ᠃
《ᠪᠢᠳᠡ 〈ᠠᠷᠠᠳ᠎ᠤᠨ ᠲᠤᠮᠳᠠ ᠰᠢᠷᠡᠭᠡ ᠲᠠᠯᠪᠢᠵᠤ᠂ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ〉 ᠦᠨᠳᠦᠰᠦᠨ ᠱᠠᠲᠤᠨ᠎ᠤ᠋ ᠵᠠᠰᠠᠯᠲᠠ᠎ᠶ᠋ᠢᠨ ᠨᠡᠷᠡᠲᠦ ᠲᠦᠷᠦᠯ ᠲᠡᠮᠳᠡᠭ ᠢ᠋ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠢᠯ᠎ᠤ᠋ᠨ ᠶᠠᠪᠤᠴᠠ᠎ᠶ᠋ᠢ ᠨᠡᠩ ᠰᠠᠢᠵᠢᠷᠠᠭᠤᠯᠵᠤ᠂ ᠠᠷᠠᠳ᠎ᠲᠤ᠌ ᠳᠥᠭᠥᠮ ᠦᠵᠡᠭᠦᠯᠬᠦ ᠦᠢᠯᠡᠴᠢᠯᠡᠭᠡᠨ᠎ᠦ᠌ ᠲᠥᠷᠥᠯ ᠵᠦᠢᠯ᠎ᠢ᠋ ᠥᠷᠭᠡᠳᠬᠡᠨ᠂ ᠦᠨᠳᠦᠰᠦᠨ ᠱᠠᠲᠤᠨ᠎ᠤ᠋ ᠵᠠᠰᠠᠯᠲᠠ᠎ᠶ᠋ᠢᠨ ᠬᠡᠪ ᠵᠠᠭᠪᠤᠷ᠎ᠢ᠋ ᠰᠢᠨᠡᠴᠢᠯᠡᠵᠦ᠂ ᠦᠨᠳᠦᠰᠦᠲᠡᠨᠨᠤᠬᠦᠳ ᠤ᠋ᠨ ᠣᠯᠠᠨ ᠲᠦᠮᠡᠨ᠎ᠦ᠌ ᠬᠦᠷᠲᠡᠮᠵᠢ᠎ᠶᠢᠨ ᠲᠦᠷᠦᠭᠳᠡᠯ᠂ ᠵᠢᠷᠭᠠᠯᠳᠤ ᠲᠥᠷᠥᠭᠳᠡᠯ᠂ ᠠᠮᠤᠷ ᠲᠦᠪᠰᠢᠨ᠎ᠦ᠌ ᠲᠥᠷᠥᠭᠳᠡᠯᠢ᠋ ᠲᠠᠰᠤᠷᠠᠯᠲᠠ ᠦᠭᠡᠢ ᠨᠡᠮᠡᠭᠳᠡᠭᠦᠯᠬᠦ ᠪᠤᠯᠤᠨ᠎ᠠ》 ᠭᠡᠵᠦ ᠤᠷᠠᠳ᠎ᠤ᠋ᠨ ᠡᠮᠦᠨᠡᠲᠦ ᠬᠤᠰᠢᠭᠤᠨ᠎ᠤ᠋ ᠨᠠᠮ᠎ᠤ᠋ᠨ ᠬᠣᠷᠢᠶᠠᠨ᠎ᠤ᠋ ᠨᠡᠢᠭᠡᠮ᠎ᠦ᠋ᠨ ᠠᠵᠢᠯ᠎ᠤ᠋ᠨ ᠬᠡᠯᠲᠡᠰᠦ᠋ᠨ ᠳᠠᠷᠤᠭ᠎ᠠ᠂ ᠬᠤᠰᠢᠭᠤᠨ᠎ᠤ᠋ 《ᠬᠣᠶᠠᠷ ᠰᠢᠨ᠎ᠡ》 ᠠᠵᠢᠯ᠎ᠤ᠋ᠨ ᠵᠥᠪᠯᠡᠯ᠎ᠦ᠋ᠨ ᠱᠦᠵᠢ ᠯᠢᠦ ᠾᠧ ᠫᠢᠩ ᠢᠯᠡᠳᠬᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃