ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-09-21 09:45:54

ᠵᠣᠬᠢᠶᠠᠭ᠍ᠴᠢ᠄ ᠼᠠᠢ ᠬᠤᠡᠭ ᠴᠤᠪᠤᠭᠤ ᠣᠩᠱᠢᠭ᠍ᠰᠠᠨ ᠣᠳᠠᠭ᠎ᠠ᠄ 3

— ᠰᠠᠢᠨᠬᠤᠳᠳᠤᠭ ᠰᠤᠮᠤ ᠶ᠋ᠢᠨ 12 ᠭᠠᠴᠠᠭ᠎ᠠ ᠬᠠᠮᠲᠤᠷᠠᠨ ᠺᠤᠮᠫᠠᠨᠢ ᠪᠠᠢᠭᠤᠯᠵᠤ ᠭᠠᠴᠠᠭ᠎ᠠ ᠨᠢᠬᠡᠪᠤᠷᠢ ᠵᠢᠨ ᠵᠢᠯ ᠤ᠋ᠨ ᠤᠷᠤᠯᠭ᠎ᠠ ᠪᠦᠷ 10 ᠲᠦᠮᠡᠨ ᠲᠦᠬᠦᠷᠢᠭ ᠢ᠋ ᠲᠠᠪᠠᠪᠠ


《ᠡᠨᠡ ᠪᠤᠯ ᠮᠠᠯᠴᠢᠨ ᠲᠠᠷᠢᠶᠠᠴᠢᠨ ᠲᠠᠢ ᠬᠤᠯᠪᠤᠭᠠᠯᠠᠵᠤ ᠮᠠᠯᠴᠢᠨ ᠲᠠᠷᠢᠶᠠᠴᠢᠨ ᠢ᠋ ᠳᠠᠢᠴᠢᠯᠠᠭᠰᠠᠨ ᠮᠠᠰᠢ ᠤᠳᠬ᠎ᠠ ᠠᠭᠤᠯᠭ᠎ᠠ ᠲᠠᠢ ᠦᠯᠢᠭᠡᠷ ᠵᠢᠱ᠌ᠢᠶ᠎ᠠ ᠪᠤᠯᠤᠨ᠎ᠠ᠂ ᠠᠵᠤ ᠦᠢᠯᠡᠰ ᠶ᠋ᠢᠡᠨ ᠬᠦᠭᠵᠢᠭᠦᠯᠵᠦ ᠪᠠᠢᠭ᠎ᠠ ᠰᠡᠳᠬᠢᠭᠦᠢ ᠨᠢ ᠮᠠᠰᠢ ᠲᠤᠳᠤᠷᠬᠠᠢ᠂ ᠨᠡᠯᠢᠶᠠᠳ ᠲᠦᠯᠦᠭᠡᠯᠡᠭᠴᠢ ᠴᠢᠨᠠᠷᠲᠠᠢ ᠶᠤᠮ》 ᠬᠡᠵᠤ ᠵᠸᠵᠢᠶᠠᠡᠭ ᠶᠡᠬᠡ ᠰᠤᠷᠭᠠᠭᠤᠯᠢ ᠶ᠋ᠢᠨ ᠫᠷᠤᠹᠸᠰᠰᠤᠷ ᠶᠧ ᠮᠢᠩ ᠡᠯ ᠰᠠᠢᠨᠬᠤᠳᠳᠤᠭ ᠰᠤᠮᠤ ᠶ᠋ᠢᠨ 12 ᠭᠠᠴᠠᠭ᠎ᠠ ᠬᠠᠮᠲᠤᠷᠠᠨ ᠺᠤᠮᠫᠠᠨᠢ ᠪᠠᠢᠭᠤᠯᠵᠤ ᠬᠠᠮᠳᠤ ᠵᠢᠨ ᠠᠵᠤ ᠠᠬᠤᠢ ᠵᠢ ᠬᠦᠭᠵᠢᠬᠦᠯᠦᠭᠰᠡᠨ 《ᠰᠢᠨ᠎ᠡ ᠬᠡᠯᠪᠡᠷᠢ ᠶ᠋ᠢᠨ ᠬᠠᠮᠳᠤ ᠶ᠋ᠢᠨ ᠠᠵᠤ ᠠᠬᠤᠢ ᠪᠡᠷ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠬᠦ》 ᠲᠦᠷᠦᠯ ᠵᠦᠢᠯ ᠢ᠋ ᠪᠠᠬᠠᠷᠬᠠᠨ ᠦᠨᠡᠯᠡᠵᠠᠢ᠃

ᠰᠠᠢᠨᠬᠤᠳᠳᠤᠭ ᠰᠤᠮᠤ ᠪᠤᠯ ᠰᠢᠯᠢ ᠶ᠋ᠢᠨ ᠭᠤᠤᠯ ᠠᠢᠮᠠᠭ ᠤ᠋ᠨ ᠰᠢᠯᠦᠭᠤᠨ ᠬᠦᠬᠡ ᠬᠤᠰᠢᠭᠤᠨ ᠤ᠋ ᠨᠢᠬᠡᠨ ᠴᠤᠯ ᠮᠠᠯᠵᠢᠬᠤ ᠰᠤᠮᠤ ᠪᠤᠯᠤᠨ᠎ᠠ᠃ 2023 ᠤᠨ ᠤ᠋ 10 ᠰᠠᠷ᠎ᠠ ᠳ᠋ᠤ᠂ ᠰᠤᠮᠤ ᠵᠢᠨ ᠵᠢᠡᠨ ᠨᠠᠮ ᠤ᠋ᠨ ᠬᠤᠷᠢᠶ᠎ᠠ᠂ ᠵᠠᠰᠠᠭ ᠤ᠋ᠨ ᠤᠷᠳᠤᠨ ᠤ᠋ ᠳᠠᠭᠠᠭᠤᠯᠭ᠎ᠠ ᠳᠡᠮᠵᠢᠯᠭᠡ ᠪᠡᠷ ᠲᠤᠰ ᠰᠤᠮᠤ ᠶ᠋ᠢᠨ 12 ᠭᠠᠴᠠᠭ᠎ᠠ ᠬᠠᠮᠳᠤᠷᠠᠨ 《ᠦᠪᠦᠷ ᠮᠤᠡᠭᠭᠤᠯ ᠤ᠋ᠨ ᠰᠠᠢᠨ ᠲᠠᠷᠢᠶᠠᠯᠠᠡᠭ ᠮᠠᠯ ᠠᠵᠤ ᠠᠬᠤᠢ ᠶ᠋ᠢᠨ ᠪᠡᠯᠡ ᠤᠷᠤᠭᠤᠯᠤᠯᠲᠠ ᠶ᠋ᠢᠨ ᠬᠢᠵᠠᠭᠠᠷᠲᠤ ᠺᠤᠮᠫᠠᠨᠢ》 ᠵᠢ ᠪᠠᠢᠭᠤᠯᠵᠤ᠂ ᠮᠠᠯᠴᠢᠳ ᠲᠦ᠍ ᠰᠦᠯ ᠰᠠᠢᠲᠠᠢ ᠬᠢᠮᠳᠠ ᠦᠨ᠎ᠡ ᠶ᠋ᠢᠨ ᠲᠡᠵᠢᠭᠡᠯ ᠪᠤᠷᠳᠤᠭ᠎ᠠ ᠬᠠᠡᠭᠭᠠᠬᠤ᠂ ᠠᠮᠢᠳᠤ ᠮᠠᠯ ᠪᠠ ᠮᠠᠯ ᠤ᠋ᠨ ᠠᠰᠢᠭ ᠰᠢᠮ᠎ᠡ ᠵᠢ ᠪᠤᠷᠤᠯᠠᠭᠤᠯᠬᠤ᠂ ᠮᠠᠯᠴᠢᠳ ᠲᠦ᠍ ᠠᠵᠢᠯ ᠤᠯᠭᠤᠵᠤ ᠤᠷᠤᠯᠭ᠎ᠠ ᠵᠢ ᠨᠡᠮᠡᠭᠳᠡᠭᠦᠯᠬᠦ ᠵᠡᠷᠭᠡ ᠦᠢᠯᠡᠴᠢᠯᠡᠭᠡ ᠬᠠᠡᠭᠭᠠᠵᠤ ᠡᠬᠢᠯᠡᠪᠡ᠃

《ᠪᠢᠳᠡᠡ ᠤ᠋ ᠺᠤᠮᠫᠠᠨᠢ ᠪᠠᠢᠭᠤᠯᠤᠭᠰᠠᠨ ᠵᠤᠷᠢᠯᠭ᠎ᠠ ᠪᠤᠯ ᠮᠠᠯᠴᠢᠳ ᠤ᠋ᠨ ᠶ᠋ᠢᠡᠨ ᠤᠷᠤᠯᠭ᠎ᠠ ᠵᠢ ᠨᠡᠮᠡᠭᠳᠡᠭᠦᠯᠵᠦ᠂ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠬᠦ ᠶᠠᠪᠤᠳᠠᠯ ᠪᠤᠯᠤᠨ᠎ᠠ᠃ ᠡᠮᠦᠨ᠎ᠡ ᠬᠤᠶᠠᠷ ᠵᠢᠯ ᠳ᠋ᠤ ᠦᠬᠡᠷ ᠬᠤᠨᠢ ᠵᠢᠨ ᠵᠠᠬ᠎ᠠ ᠳᠡᠯᠭᠡᠭᠦᠷ ᠤ᠋ᠨ ᠦᠨ᠎ᠡ ᠬᠠᠡᠭᠰᠢ ᠠᠨᠠᠢ ᠪᠠᠢᠳᠠᠯ ᠳ᠋ᠤ ᠴᠢᠭᠯᠡᠭᠦᠯᠦᠨ᠂ ᠪᠢᠳᠡ 〈ᠵᠠᠬ᠎ᠠ ᠳᠡᠯᠭᠡᠭᠦᠷ ᠤ᠋ᠨ ᠦᠨ᠎ᠡ ᠡᠴᠡ ᠦᠨᠳᠦᠷ + ᠲᠤᠰᠬᠠᠢ ᠲᠦᠷᠦᠯ ᠤ᠋ᠨ ᠨᠦᠬᠦᠪᠦᠷᠢ〉 ᠶ᠋ᠢᠨ ᠬᠤᠳᠠᠯᠳᠤᠨ ᠠᠪᠬᠤ ᠵᠠᠭᠪᠤᠷ ᠢ᠋ ᠬᠡᠷᠡᠭᠵᠢᠭᠦᠯᠵᠦ᠂ ᠮᠠᠯᠴᠢᠳ ᠤ᠋ᠨ ᠶ᠋ᠢᠡᠨ ᠴᠠᠬᠠᠷ ᠬᠤᠨᠢ ᠵᠢ ᠬᠤᠳᠠᠯᠳᠤᠨ ᠠᠪᠬᠤ ᠳ᠋ᠠᠭᠠᠨ ᠵᠠᠬ᠎ᠠ ᠳᠡᠯᠭᠡᠭᠦᠷ ᠤ᠋ᠨ ᠦᠨ᠎ᠡ ᠡᠴᠡ ᠵᠢᠡᠭ ᠪᠦᠷᠢ ᠳ᠋ᠡᠭᠡᠨ 1 ᠲᠦᠭᠦᠷᠢᠭ ᠦᠨᠡᠳᠠᠢ ᠪᠡᠷ ᠬᠤᠳᠠᠯᠳᠤᠨ ᠠᠪᠴᠤ᠂ ᠳᠡᠭᠡᠷ᠎ᠡ ᠨᠢ ᠬᠤᠷᠠᠭ᠎ᠠ ᠪᠦᠷᠢ ᠳ᠋ᠤ 60 ᠲᠦᠭᠦᠷᠢᠭ ᠤ᠋ᠨ ᠨᠦᠬᠦᠪᠦᠷᠢ᠂ ᠪᠦᠳᠦᠭᠦᠨ ᠬᠤᠨᠢ ᠪᠦᠷᠢ ᠳ᠋ᠤ 100 ᠲᠦᠭᠦᠷᠢᠭ ᠤ᠋ᠨ ᠨᠦᠬᠦᠪᠦᠷᠢ ᠦᠭᠴᠦ᠂ ᠦᠬᠡᠷ ᠪᠦᠷᠢ ᠵᠢ ᠵᠠᠬ᠎ᠠ ᠳᠡᠯᠭᠡᠭᠦᠷ ᠤ᠋ᠨ ᠦᠨ᠎ᠡ ᠡᠴᠡ 800 — 1000 ᠲᠦᠭᠦᠷᠢᠭ ᠦᠨᠡᠳᠠᠢ ᠪᠡᠷ ᠬᠤᠳᠠᠯᠳᠤᠨ ᠠᠪᠴᠠᠢ》 ᠭᠡᠵᠦ ᠥᠪᠤᠷ ᠮᠤᠨᠭᠭᠤᠯ ᠎ᠤᠨ ᠰᠠᠢᠨ ᠲᠠᠷᠢᠶᠠᠯᠠᠡᠭ ᠮᠠᠯ ᠠᠵᠤ ᠠᠬᠤᠢ ᠶ᠋ᠢᠨ ᠪᠡᠯᠡ ᠤᠷᠤᠭᠤᠯᠤᠯᠲᠠ ᠶ᠋ᠢᠨ ᠬᠢᠵᠠᠭᠠᠷᠳᠤ ᠺᠤᠮᠫᠠᠨᠢ ᠶ᠋ᠢᠨ ᠬᠠᠷᠢᠭᠤᠴᠠᠯᠭᠠᠲᠠᠨ ᠰᠤᠨᠤᠷ ᠪᠢᠳᠡᠨ ᠳ᠋ᠤ ᠲᠠᠨᠢᠯᠴᠠᠭᠤᠯᠤᠨ᠎ᠠ᠃

ᠥᠪᠤᠷ ᠮᠤᠨᠭᠭᠤᠯ ᠎ᠤᠨ ᠰᠠᠢᠨ ᠲᠠᠷᠢᠶᠠᠯᠠᠡᠭ ᠮᠠᠯ ᠠᠵᠤ ᠠᠬᠤᠢ ᠶ᠋ᠢᠨ ᠪᠡᠯᠡ ᠤᠷᠤᠭᠤᠯᠤᠯᠲᠠ ᠶ᠋ᠢᠨ ᠬᠢᠵᠠᠭᠠᠷᠲᠤ ᠺᠤᠮᠫᠠᠨᠢ ᠶ᠋ᠢᠨ ᠬᠢᠨ 1500 ᠲᠡᠭᠰᠢ ᠳᠦᠷᠪᠡᠯᠵᠢᠨ ᠮᠸᠲᠷ ᠪᠦᠬᠦᠢ ᠢᠳᠡᠭᠡᠨ ᠪᠤᠯᠪᠠᠰᠤᠷᠠᠭᠤᠯᠬᠤ ᠪᠠᠷᠢᠮᠵᠢᠶᠠᠵᠢᠭᠰᠠᠨ ᠦᠢᠯᠡᠳᠪᠦᠷᠢ ᠪᠠᠢᠭᠤᠯᠵᠤ᠂ ᠮᠠᠯᠴᠢᠳ ᠡᠴᠡ ᠬᠤᠳᠠᠯᠳᠤᠨ ᠠᠪᠤᠭᠰᠠᠨ ᠦᠬᠡᠷ ᠬᠤᠨᠢ ᠪᠠᠨ ᠨᠢᠳᠤᠯᠤᠨ ᠮᠢᠬ᠎ᠠ ᠵᠢ ᠨᠢ ᠬᠡᠰᠡᠭᠯᠡᠨ ᠨᠠᠷᠢᠯᠢᠭ ᠪᠤᠭᠤᠳᠠᠯᠯᠠᠵᠤ᠂ ᠬᠤᠰᠢᠭᠤᠨ ᠲᠦᠪ ᠱᠠᠩᠳᠤ ᠵᠢᠨ ᠭᠤᠤᠯ ᠪᠠᠯᠭᠠᠰᠤᠨ ᠳ᠋ᠤ ᠨᠡᠬᠡᠭᠡᠭᠰᠡᠨ ᠬᠤᠯᠠᠨ ᠳᠡᠬᠢ ᠮᠢᠬᠠᠨ ᠤ᠋ ᠳᠡᠯᠭᠡᠭᠦᠷ ᠶ᠋ᠢᠡᠷ ᠵᠢᠡᠨ ᠲᠠᠮᠵᠢᠨ ᠪᠤᠷᠤᠯᠠᠭᠤᠯᠬᠤ ᠶ᠋ᠢᠨ ᠬᠠᠮᠲᠤ ᠪᠠᠰᠠ ᠰᠢᠭᠤᠳ ᠨᠡᠪᠲᠡᠷᠡᠭᠦᠯᠭᠡ ᠬᠢᠵᠦ᠂ ᠮᠠᠯᠴᠢᠳ ᠤ᠋ᠨ ᠶ᠋ᠢᠡᠨ ᠠᠮᠲᠠ ᠰᠢᠮ᠎ᠠ ᠰᠠᠢᠲᠠᠢ᠂ ᠴᠤᠯ ᠪᠠᠢᠭᠠᠯᠢ ᠵᠢᠨ ᠪᠤᠬᠢᠷᠳᠤᠯ ᠥᠭᠡᠢ ᠦᠬᠡᠷ ᠬᠤᠨᠢᠨ ᠮᠢᠬ᠎ᠠ ᠵᠢ ᠪᠡᠭᠡᠵᠢᠡᠭ᠂ ᠲᠢᠶᠠᠨᠵᠢᠨ᠂ ᠱᠠᠡᠭᠬᠠᠢ ᠵᠡᠷᠭᠡ ᠪᠦᠬᠦ ᠤᠯᠤᠰ ᠤ᠋ᠨ 30 ᠭᠠᠷᠤᠢ ᠮᠤᠵᠢ ᠤᠷᠤᠨ ᠬᠤᠲᠠ ᠳ᠋ᠤ ᠦᠷᠭᠡᠨ ᠶ᠋ᠢᠡᠷ ᠪᠤᠷᠤᠯᠠᠭᠤᠯᠵᠤ᠂ ᠡᠵᠡᠡᠭᠨᠡᠯᠲᠡ ᠶ᠋ᠢᠨ ᠤᠷᠤᠯᠭ᠎ᠠ ᠨᠢ 440 ᠲᠦᠮᠡᠨ ᠲᠦᠭᠦᠷᠢᠭ ᠲᠦ᠍ ᠬᠦᠷᠪᠡ᠃ ᠲᠡᠷᠡ ᠮᠦᠷᠲᠡᠭᠡᠨ ᠱᠠᠩᠳᠤ ᠵᠢᠨ ᠭᠤᠤᠯ ᠪᠠᠯᠭᠠᠰᠤᠨ ᠳ᠋ᠤ ᠪᠠᠰᠠ ᠰᠠᠢᠨ ᠰᠠᠢᠨ ᠰᠢᠨ᠎ᠡ ᠮᠤᠡᠭᠭᠤᠯ ᠬᠤᠭᠤᠯᠠᠨ ᠭᠡᠷ ᠪᠤᠯᠤᠨ ᠰᠠᠢᠨ ᠰᠠᠢᠨ ᠬᠠᠯᠠᠭᠤᠨ ᠲᠤᠭᠤᠭ᠎ᠠ ᠵᠢᠨ ᠦᠷᠦᠬᠡ ᠨᠡᠬᠡᠭᠡᠵᠦ᠂ ᠬᠡᠷᠡᠭᠯᠡᠭᠴᠢᠳ ᠤ᠋ᠨ ᠬᠠᠯᠠᠭᠤᠨ ᠬᠦᠷᠢᠶᠡᠯᠡᠯ ᠢ᠋ ᠤᠯᠵᠤ᠂ ᠤᠳᠤᠬᠠᠨ ᠪᠤᠯᠲᠠᠯ᠎ᠠ ᠬᠤᠭᠤᠯᠠᠨ ᠭᠡᠷ ᠤ᠋ᠨ ᠡᠵᠡᠡᠭᠨᠡᠯᠲᠡ ᠶ᠋ᠢᠨ ᠤᠷᠤᠯᠭ᠎ᠠ ᠨᠢ ᠨᠢᠬᠡᠨᠳᠡ 1000 ᠲᠦᠮᠡᠨ ᠲᠦᠭᠦᠷᠢᠭ ᠢ᠋ ᠳᠠᠪᠠᠵᠠᠢ᠃

《ᠮᠠᠨ ᠤ᠋ ᠺᠤᠮᠫᠠᠨᠢ ᠪᠤᠯ ᠪᠦᠬᠦ ᠤᠯᠤᠰ ᠤ᠋ᠨ ᠴᠤᠷ ᠤ᠋ᠨ ᠭᠠᠭᠴᠠ 〈ᠴᠠᠬᠠᠷ ᠬᠤᠨᠢᠨ ᠮᠢᠬ᠎ᠠ〉 ᠶ᠋ᠢᠨ ᠤᠯᠤᠰ ᠤ᠋ᠨ ᠭᠠᠵᠠᠷ ᠵᠦᠢ ᠶ᠋ᠢᠨ ᠢᠯᠡᠷᠬᠡᠢᠯᠡᠯᠲᠦ ᠲᠡᠮᠲᠡᠭ ᠤ᠋ᠨ ᠬᠡᠷᠡᠭᠯᠡᠭᠡᠨ ᠤ᠋ ᠡᠷᠭᠡ ᠲᠠᠢ ᠠᠵᠤ ᠠᠬᠤᠢᠯᠠᠯ ᠪᠠᠢᠵᠤ᠂ ᠮᠠᠯᠴᠢᠳ ᠡᠴᠡ ᠬᠤᠨᠢ ᠠᠪᠬᠤ ᠳ᠋ᠠᠭᠠᠨ ᠵᠦᠪᠬᠡᠨ ᠴᠠᠬᠠᠷ ᠬᠤᠨᠢ ᠵᠢ ᠯᠡ ᠠᠪᠳᠠᠭ᠃ ᠤᠳᠤ ᠮᠠᠨ ᠤ᠋ ᠰᠠᠢᠨᠬᠤᠳᠳᠤᠭ ᠰᠤᠮᠤ ᠳ᠋ᠤ 946 ᠡᠷᠦᠬᠡ ᠵᠢᠨ ᠮᠠᠯᠴᠢᠳ ᠴᠠᠬᠠᠷ ᠬᠤᠨᠢ ᠮᠠᠯᠵᠢᠵᠤ᠂ ᠪᠢᠳᠡ ᠪᠤᠷᠤᠯᠠᠭᠤᠯᠭ᠎ᠠ ᠶ᠋ᠢᠨ ᠶ᠋ᠢᠡᠨ ᠪᠠᠢᠳᠠᠯ ᠎ᠢ ᠦᠨᠳᠦᠰᠦᠯᠠᠨ ᠮᠠᠯᠴᠢᠳ ᠤ᠋ᠨ ᠦᠬᠡᠷ ᠬᠤᠨᠢ ᠵᠢ ᠬᠤᠳᠠᠯᠳᠤᠨ ᠠᠪᠴᠤ᠂ ᠶᠡᠷᠦᠡᠭᠭᠡᠢ ᠳ᠋ᠡᠭᠡᠨ 75 ᠵᠢᠡᠭ ᠡᠴᠡ ᠳᠡᠭᠡᠭᠰᠢᠬᠢ ᠬᠤᠷᠠᠭ᠎ᠠ ᠪᠤᠶᠤ ᠪᠦᠳᠦᠬᠦᠨ ᠬᠤᠨᠢ ᠵᠢ ᠠᠪᠳᠠᠭ᠃ ᠨᠢᠳᠤᠨᠤᠨ ᠮᠠᠯᠴᠢᠳ ᠡᠴᠡ 1700 ᠭᠠᠷᠤᠢ ᠴᠠᠬᠠᠷ ᠬᠤᠨᠢ᠂ 100 ᠰᠢᠬᠠᠮ ᠦᠬᠡᠷ ᠬᠤᠳᠠᠯᠳᠤᠨ ᠠᠪᠴᠤ᠂ ᠡᠨᠡ ᠵᠢᠯ ᠪᠠᠷᠤᠭ 3000 ᠰᠢᠬᠠᠮ ᠦᠬᠡᠷ ᠬᠤᠨᠢ ᠵᠠᠷᠤᠨ᠎ᠠ᠃ ᠡᠨᠡ ᠵᠢᠯ ᠤ᠋ᠨ ᠦᠬᠡᠷ ᠬᠤᠨᠢ ᠶ᠋ᠢᠨ ᠵᠠᠬ᠎ᠠ ᠳᠡᠯᠭᠡᠭᠦᠷ ᠤ᠋ᠨ ᠦᠨ᠎ᠡ ᠬᠠᠡᠭᠰᠢ ᠦᠰᠦᠭᠰᠡᠨ ᠪᠤᠯᠬᠤᠷ ᠪᠢᠳᠡ ᠬᠤᠨᠢ ᠵᠢ ᠵᠢᠡᠭ ᠪᠦᠷᠢ ᠳ᠋ᠡᠭᠡᠨ 14 ᠲᠦᠭᠦᠷᠢᠭ ᠤ᠋ᠨ ᠦᠨ᠎ᠡ ᠪᠡᠷ ᠬᠤᠳᠠᠯᠳᠤᠨ ᠠᠪᠴᠤ᠂ ᠬᠤᠷᠠᠭ᠎ᠠ ᠪᠤᠯᠭᠠᠨ ᠳ᠋ᠤ 20 ᠲᠦᠭᠦᠷᠢᠭ ᠤ᠋ᠨ ᠨᠦᠬᠦᠪᠦᠷᠢ᠂ ᠪᠦᠳᠦᠭᠦᠨ ᠬᠤᠨᠢ ᠪᠤᠯᠭᠠᠨ ᠳ᠋ᠤ 30 ᠲᠦᠭᠦᠷᠢᠭ ᠤ᠋ᠨ ᠨᠦᠬᠦᠪᠦᠷᠢ ᠤᠯᠭᠤᠵᠤ᠂ ᠦᠬᠡᠷ ᠢ᠋ ᠵᠢᠯ ᠤ᠋ᠨ ᠰᠡᠭᠦᠯᠴᠢ ᠪᠡᠷ ᠬᠤᠳᠠᠯᠳᠤᠵᠤ ᠠᠪᠬᠤ ᠪᠡᠷ ᠲᠦᠯᠦᠪᠯᠡᠵᠤ ᠪᠠᠢᠨ᠎ᠠ》 ᠭᠡᠵᠦ ᠰᠤᠨᠤᠷ ᠶᠡᠷᠢᠨ᠎ᠠ᠃

《ᠮᠠᠨ ᠤ᠋ ᠬᠢ ᠪᠤᠯ ᠴᠠᠬᠠᠷ ᠬᠤᠨᠢ ᠮᠠᠯᠵᠢᠬᠤ ᠭᠤᠤᠯᠳᠠᠯᠭᠠᠳᠤ ᠡᠷᠦᠬᠡ᠂ 200 ᠭᠠᠷᠤᠢ ᠴᠠᠬᠠᠷ ᠬᠤᠨᠢ᠂ 200 ᠭᠠᠷᠤᠢ ᠦᠬᠡᠷ ᠮᠠᠯᠵᠢᠵᠤ ᠪᠠᠢᠨ᠎ᠠ᠃ ᠨᠢᠳᠤᠨᠤᠨ ᠰᠠᠢᠨ ᠲᠠᠷᠢᠶᠠᠯᠠᠡᠭ ᠮᠠᠯ ᠠᠵᠤ ᠠᠬᠤᠢ ᠶ᠋ᠢᠨ ᠪᠡᠯᠨ ᠤᠷᠤᠭᠤᠯᠤᠯᠳᠠ ᠵᠢᠨ ᠬᠢᠵᠠᠭᠠᠷᠳᠤ ᠺᠤᠮᠫᠠᠨᠢ ᠳ᠋ᠤ 100 ᠭᠠᠷᠤᠢ ᠴᠠᠬᠠᠷ ᠬᠤᠨᠢ᠂ 36 ᠦᠬᠡᠷ ᠪᠤᠷᠤᠯᠠᠭᠤᠯᠵᠤ᠂ ᠬᠤᠨᠢ ᠪᠦᠷᠢ ᠵᠢ ᠵᠠᠬ᠎ᠠ ᠳᠡᠯᠭᠡᠭᠦᠷ ᠤ᠋ᠨ ᠦᠨ᠎ᠡ ᠡᠴᠡ 50 — 100 ᠲᠦᠭᠦᠷᠢᠭ ᠦᠨᠡᠳᠠᠢ ᠪᠡᠷ ᠪᠤᠷᠤᠯᠠᠭᠤᠯᠵᠤ᠂ ᠦᠬᠡᠷ ᠶ᠋ᠢᠡᠨ ᠴᠦ᠍ ᠵᠠᠬ᠎ᠠ ᠳᠡᠯᠭᠡᠭᠦᠷ ᠤ᠋ᠨ ᠦᠨ᠎ᠡ ᠡᠴᠡ ᠦᠨᠠᠳᠠᠢ ᠪᠡᠷ ᠪᠤᠷᠤᠯᠠᠭᠤᠯᠵᠠᠢ》 ᠭᠡᠵᠦ ᠰᠠᠢᠨᠬᠤᠳᠳᠤᠭ ᠰᠤᠮᠤ ᠶ᠋ᠢᠨ ᠨᠠᠷᠠᠰᠤᠲᠤ ᠭᠠᠴᠠᠭᠠᠨ ᠤ᠋ ᠮᠠᠯᠴᠢᠨ ᠰᠤᠶᠤᠯᠳᠤ ᠬᠡᠯᠡᠨ᠎ᠡ᠃

ᠬᠤᠶᠠᠷ ᠵᠢᠯ ᠭᠠᠷᠤᠢ ᠶ᠋ᠢᠨ ᠴᠢᠷᠮᠠᠢᠯᠭ᠎ᠠ ᠪᠡᠷ ᠳᠠᠮᠵᠢᠨ ᠰᠠᠢᠨ ᠲᠠᠷᠢᠶᠠᠯᠠᠡᠭ ᠮᠠᠯ ᠠᠵᠤ ᠠᠬᠤᠢ ᠶ᠋ᠢᠨ ᠪᠡᠯᠡ ᠤᠷᠤᠭᠤᠯᠤᠯᠲᠠ ᠶ᠋ᠢᠨ ᠬᠢᠵᠠᠭᠠᠷᠲᠤ ᠺᠤᠮᠫᠠᠨᠢ ᠨᠢ 3 ᠬᠦᠮᠦᠨ ᠪᠠᠢᠭᠰᠠᠨ ᠡᠴᠡ ᠪᠠᠨ ᠤᠳᠤ 30 ᠭᠠᠷᠤᠢ ᠬᠦᠮᠦᠨ ᠤ᠋ ᠪᠦᠯᠬᠦᠮ ᠪᠤᠯᠵᠤ ᠬᠦᠭᠵᠢᠨ᠂ ᠠᠵᠢᠯᠴᠢᠳ ᠤ᠋ᠨ ᠬᠢᠨ 90% ᠨᠢ ᠪᠦᠷ ᠲᠤᠬᠠᠢ ᠶ᠋ᠢᠨ ᠭᠠᠵᠠᠷ ᠤ᠋ᠨ ᠮᠠᠯᠴᠢᠳ ᠪᠠᠢᠵᠤ᠂ ᠰᠠᠷ᠎ᠠ ᠶ᠋ᠢᠨ ᠴᠠᠯᠢᠡᠭ ᠨᠢ ᠶᠡᠷᠦᠡᠭᠬᠡᠢ ᠳ᠋ᠡᠭᠡᠨ 4000 ᠲᠦᠭᠦᠷᠢᠭ ᠢ᠋ ᠳᠠᠪᠠᠵᠤ᠂ ᠺᠤᠮᠫᠠᠨᠢ ᠶ᠋ᠢᠨ ᠶᠡᠷᠦᠡᠭᠬᠡᠢ ᠡᠵᠡᠡᠭᠨᠡᠯᠲᠡ ᠶ᠋ᠢᠨ ᠤᠷᠤᠯᠭ᠎ᠠ ᠨᠢ 1900 ᠲᠦᠮᠡᠨ ᠲᠦᠭᠦᠷᠢᠭ ᠲᠦ᠍ ᠬᠦᠷᠴᠦ᠂ ᠤᠳᠤᠬᠠᠨ ᠪᠤᠯᠲᠠᠯ᠎ᠠ 12 ᠭᠠᠴᠠᠭᠠᠨ ᠳ᠋ᠤ ᠨᠡᠢᠲᠡ 110 ᠲᠦᠮᠡᠨ ᠲᠦᠭᠦᠷᠢᠭ ᠤ᠋ᠨ ᠠᠰᠢᠭ ᠬᠤᠪᠢᠶᠠᠷᠢᠯᠠᠵᠤ᠂ 12 ᠭᠠᠴᠠᠭᠠᠨ ᠤ᠋ ᠬᠠᠮᠲᠤ ᠶ᠋ᠢᠨ ᠠᠵᠤ ᠠᠬᠤᠢ ᠶ᠋ᠢᠨ ᠵᠢᠯ ᠤ᠋ᠨ ᠤᠷᠤᠯᠭ᠎ᠠ ᠪᠦᠬᠦᠨ ᠶ᠋ᠢᠡᠷ ᠶ᠋ᠢᠡᠨ 10 ᠲᠦᠮᠡᠨ ᠲᠦᠭᠦᠷᠢᠭ ᠢ᠋ ᠳᠠᠪᠠᠪᠠ᠃

《ᠮᠠᠨ ᠤ᠋ ᠭᠠᠴᠠᠭ᠎ᠠ ᠳ᠋ᠤ ᠨᠡᠢᠲᠡ 294 ᠡᠷᠦᠬᠡ ᠲᠠᠢ ᠪᠠᠢᠵᠤ᠂ ᠺᠤᠮᠫᠠᠨᠢ ᠠᠡᠭᠬ᠎ᠠ ᠪᠠᠢᠭᠤᠯᠤᠭᠳᠠᠬᠤ ᠦᠶ᠎ᠡ ᠳ᠋ᠤ 77 ᠲᠦᠮᠡᠨ ᠲᠦᠭᠦᠷᠢᠭ ᠤ᠋ᠨ ᠪᠡᠯᠡ ᠤᠷᠤᠭᠤᠯᠤᠭᠰᠠᠨ ᠵᠢᠡᠨ 2024 ᠤᠨ ᠳ᠋ᠤ 13.4 ᠲᠦᠮᠡᠨ ᠲᠦᠭᠦᠷᠢᠭ᠂ 2025 ᠤᠨ ᠳ᠋ᠤ 19.6 ᠲᠦᠮᠡᠨ ᠲᠦᠭᠦᠷᠢᠭ ᠤ᠋ᠨ ᠠᠰᠢᠭ ᠬᠤᠪᠢᠳᠠᠵᠠᠢ᠃ ᠪᠢᠳᠡ ᠡᠨᠡ ᠵᠤᠭᠤᠰ ᠶ᠋ᠢᠡᠷ ᠭᠠᠴᠠᠭᠠᠨ ᠤ᠋ ᠪᠠᠨ ᠮᠠᠯᠴᠢᠳ ᠤ᠋ᠨ ᠡᠮ ᠡᠮᠨᠡᠯᠭᠡ ᠶ᠋ᠢᠨ ᠰᠦᠢᠳᠭᠡᠯ ᠢ᠋ ᠲᠤᠰᠢᠶᠠᠵᠤ ᠦᠭᠬᠦ ᠶ᠋ᠢᠨ ᠬᠠᠮᠲᠤ ᠴᠠᠬᠢᠯᠭᠠᠨ ᠤᠷᠤᠭᠤᠯᠬᠤ᠂ ᠵᠠᠮ ᠵᠠᠰᠠᠬᠤ᠂ ᠪᠠᠴᠢᠮ ᠪᠠᠢᠳᠠᠯ ᠢ᠋ ᠠᠷᠭᠠᠴᠠᠭᠠᠬᠤ ᠳ᠋ᠤ ᠬᠡᠷᠡᠭᠯᠡᠵᠦ ᠪᠤᠢ》 ᠭᠡᠵᠦ ᠨᠠᠷᠠᠰᠤᠳᠤ ᠭᠠᠴᠠᠭ᠎ᠠ ᠶ᠋ᠢᠨ ᠨᠠᠮ ᠤ᠋ᠨ ᠡᠭᠦᠷ ᠤ᠋ᠨ ᠱᠦᠵᠢ ᠪᠡᠶᠡᠯᠡᠯ ᠶᠠᠷᠢᠵᠤ ᠪᠠᠢᠯ᠎ᠠ᠃

ᠰᠠᠢᠨ ᠲᠠᠷᠢᠶᠠᠯᠠᠡᠭ ᠮᠠᠯ ᠠᠵᠤ ᠠᠬᠤᠢ ᠶ᠋ᠢᠨ ᠪᠡᠯᠡ ᠤᠷᠤᠭᠤᠯᠤᠯᠲᠠ ᠶ᠋ᠢᠨ ᠬᠢᠵᠠᠭᠠᠷᠲᠤ ᠺᠤᠮᠫᠠᠨᠢ ᠰᠠᠢᠨᠬᠤᠳᠳᠤᠭ ᠰᠤᠮᠤ ᠶ᠋ᠢᠨ 280 ᠲᠦᠮᠡᠨ ᠮᠦ᠍ ᠪᠠᠢᠭᠠᠯᠢ ᠵᠢᠨ ᠪᠡᠯᠴᠢᠭᠡᠷ ᠲᠦ᠍ ᠰᠠᠭᠤᠷᠢᠯᠠᠨ᠂ ᠲᠤᠮᠳᠠᠴᠢ ᠪᠡᠷ ᠡᠳᠦᠷ ᠲᠦ᠍ 60 — 80 ᠳᠤᠨ ᠲᠡᠵᠢᠭᠡᠯ ᠡᠪᠡᠰᠦ ᠦᠢᠯᠡᠳᠪᠦᠷᠢᠯᠡᠬᠦ ᠴᠢᠳᠠᠪᠤᠷᠢ ᠪᠦᠬᠦᠢ ᠤᠳᠤ ᠦᠶ᠎ᠠ ᠵᠢᠨ ᠲᠡᠵᠢᠭᠡᠯ ᠡᠪᠡᠰᠦ ᠪᠤᠷᠳᠤᠭᠠᠨ ᠤ᠋ ᠦᠢᠯᠡᠳᠪᠦᠷᠢᠯᠡᠯ ᠤ᠋ᠨ ᠰᠠᠭᠤᠷᠢᠨ ᠢ᠋ ᠪᠠᠢᠭᠤᠯᠵᠤ᠂ ᠤᠢᠷ᠎ᠡ ᠬᠠᠪᠢ ᠶ᠋ᠢᠨ ᠮᠠᠯᠴᠢᠳ ᠤ᠋ᠨ ᠶ᠋ᠢᠡᠨ ᠲᠡᠵᠢᠭᠡᠯ ᠡᠪᠡᠰᠦᠨ ᠤ᠋ ᠬᠡᠷᠡᠭᠴᠡᠭᠡ ᠱᠠᠭᠠᠷᠳᠠᠯᠭ᠎ᠠ ᠵᠢ ᠲᠤᠭᠲᠠᠭᠤᠨ ᠪᠦᠭᠡᠳ ᠭᠦᠢᠴᠡᠳ ᠬᠠᠡᠭᠭᠠᠬᠤ ᠶ᠋ᠢᠨ ᠬᠠᠮᠳᠤ ᠵᠠᠬ᠎ᠠ ᠳᠡᠯᠭᠡᠭᠦᠷ ᠡᠴᠡ ᠮᠠᠯ ᠤ᠋ᠨ ᠲᠠᠵᠢᠬᠡᠯ ᠪᠤᠷᠳᠤᠭ᠎ᠠ᠂ ᠲᠤᠯᠢᠶᠠᠯᠭ᠎ᠠ ᠵᠢᠨ ᠲᠠᠪᠤᠰᠤ ᠬᠤᠵᠢᠷ ᠵᠡᠷᠭᠡ ᠵᠢ ᠪᠦᠭᠡᠮ ᠶ᠋ᠢᠡᠷ ᠤᠷᠤᠭᠤᠯᠤᠨ ᠮᠠᠯᠴᠢᠳ ᠲᠠᠭᠠᠨ ᠬᠢᠮᠳᠠᠬᠠᠨ ᠦᠨ᠎ᠡ ᠪᠡᠷ ᠪᠤᠷᠤᠯᠠᠭᠤᠯᠵᠤ᠂ ᠮᠠᠯᠴᠢᠳ ᠤ᠋ᠨ ᠮᠠᠯᠵᠢᠯ ᠤ᠋ᠨ ᠦᠪᠡᠷ ᠤ᠋ᠨ ᠦᠷᠳᠡᠭ ᠢ᠋ ᠵᠤᠬᠢᠬᠤ ᠬᠡᠮᠵᠢᠶ᠎ᠡ ᠪᠡᠷ ᠪᠠᠭᠤᠷᠠᠭᠤᠯᠵᠤ ᠪᠠᠢᠨ᠎ᠠ᠃ ᠪᠠᠰᠠ ᠳᠤᠮᠳᠠᠳᠤ ᠤᠯᠤᠰ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠡᠭ ᠤ᠋ᠨ ᠬᠤᠯᠠᠨ ᠰᠢᠷᠭ᠎ᠠ ᠳᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠤᠳᠤᠯᠭᠠᠨ ᠤ᠋ ᠦᠷᠲᠡᠭᠡ ᠲᠠᠢ ᠬᠤᠯᠪᠤᠭᠠᠯᠠᠨ ᠡᠯᠡᠰᠦ ᠵᠢ ᠵᠠᠰᠠᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠵᠢᠱ᠌ᠢᠶ᠎ᠡ ᠦᠵᠡᠭᠦᠯᠬᠦ ᠰᠠᠭᠤᠷᠢᠨ ᠢ᠋ ᠪᠠᠢᠭᠤᠯᠵᠤ᠂ ᠡᠯᠡᠰᠦᠨ ᠤ᠋ ᠲᠠᠷᠢᠮᠠᠯ — 《ᠮᠤᠡᠭᠭᠤᠯ ᠯᠤᠤᠪᠠᠡᠭ》 ᠲᠡᠷᠢᠬᠤ ᠶ᠋ᠢᠨ ᠬᠠᠮᠳᠤ ᠲᠠᠪᠤᠰᠤᠯᠠᠨ ᠪᠤᠷᠤᠯᠠᠭᠤᠯᠵᠤ᠂ ᠠᠵᠤ ᠦᠢᠯᠡᠰᠵᠢᠬᠦᠯᠦᠨ ᠬᠦᠭᠵᠢᠭᠦᠯᠵᠤ᠂ ᠬᠦᠳᠡᠯᠮᠤᠷᠢᠯᠡᠬᠦ ᠪᠡᠷ ᠲᠡᠳᠭᠦᠮᠵᠢ ᠵᠢ ᠤᠷᠤᠯᠠᠭᠤᠯᠬᠤ ᠪᠡᠷ ᠲᠠᠮᠵᠢᠨ ᠤᠢᠷ᠎ᠠ ᠬᠠᠪᠢ ᠶ᠋ᠢᠨ 200 ᠭᠠᠷᠤᠢ ᠮᠠᠯᠴᠢᠨ ᠢ᠋ ᠳᠠᠢᠴᠢᠯᠠᠨ ᠡᠯᠡᠰᠦ ᠵᠢ ᠵᠠᠰᠠᠬᠤ ᠠᠵᠢᠯ ᠳ᠋ᠤ ᠤᠷᠤᠯᠴᠠᠭᠤᠯᠵᠤ᠂ ᠬᠦᠮᠦᠨ ᠳᠤᠮᠳᠠᠴᠢ ᠶ᠋ᠢᠨ ᠤᠷᠤᠯᠭ᠎ᠠ ᠵᠢ 1.8 ᠲᠦᠮᠡᠨ ᠲᠦᠭᠦᠷᠢᠭ ᠨᠡᠮᠡᠭᠳᠡᠭᠦᠯᠵᠠᠢ᠃

2026 ᠦᠪᠦᠷ ᠮᠤᠡᠭᠭᠤᠯ ᠤ᠋ᠨ ᠬᠦᠳᠡᠭᠡ ᠲᠤᠰᠬᠤᠨ ᠤ᠋ ᠠᠵᠤ ᠦᠢᠯᠡᠰ ᠢ᠋ ᠬᠦᠭᠵᠢᠭᠦᠯᠦᠨ ᠮᠠᠨᠳᠤᠭᠤᠯᠬᠤ ᠦᠢᠯᠡᠰ ᠪᠤᠰᠬᠠᠵᠤ ᠰᠢᠨ᠎ᠡ ᠵᠢ ᠡᠭᠦᠳᠬᠦ ᠤᠷᠤᠯᠳᠤᠭᠠᠨ ᠲᠦᠷᠦᠭᠦᠬᠡᠨ ᠬᠦᠬᠡᠬᠤᠳᠠ ᠳ᠋ᠤ ᠶᠠᠪᠤᠭᠳᠠᠪᠠ᠃ ᠰᠠᠢᠨ ᠲᠠᠷᠢᠶᠠᠯᠠᠡᠭ ᠮᠠᠯ ᠠᠵᠤ ᠠᠬᠤᠢ ᠶ᠋ᠢᠨ ᠪᠡᠯᠡ ᠤᠷᠤᠭᠤᠯᠤᠯᠲᠠ ᠶ᠋ᠢᠨ ᠬᠢᠵᠠᠭᠠᠷᠲᠤ ᠺᠤᠮᠫᠠᠨᠢ ᠶ᠋ᠢᠨ ᠬᠠᠷᠢᠭᠤᠴᠠᠯᠭᠠᠲᠠᠨ ᠰᠤᠨᠤᠷ 《ᠰᠢᠨ᠎ᠡ ᠬᠡᠯᠪᠡᠷᠢ ᠶ᠋ᠢᠨ ᠬᠠᠮᠳᠤ ᠶ᠋ᠢᠨ ᠠᠵᠤ ᠠᠬᠤᠢ ᠪᠡᠷ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠬᠦ》 ᠲᠦᠷᠦᠯ ᠵᠦᠢᠯ ᠶ᠋ᠢᠡᠷ ᠶ᠋ᠢᠡᠨ ᠤᠷᠤᠯᠳᠤᠭᠠᠨ ᠳ᠋ᠤ ᠤᠷᠤᠯᠴᠠᠵᠤ᠂ ᠶᠧ ᠮᠢᠩ ᠡᠯ ᠫᠷᠤᠹᠸᠰᠰᠤᠷ ᠵᠡᠷᠬᠡ ᠤᠷᠤᠨ ᠤ᠋ ᠲᠤᠳᠤᠨ᠎ᠠ ᠭᠠᠳᠠᠨᠠᠬᠢ ᠶᠡᠬᠡ ᠰᠤᠷᠭᠠᠭᠤᠯᠢ ᠪᠠ ᠰᠤᠳᠤᠯᠭᠠᠨ ᠤ᠋ ᠪᠠᠢᠭᠤᠯᠤᠮᠵᠢ ᠡᠴᠡ ᠬᠦᠷᠦᠯᠴᠡᠨ ᠢᠷᠡᠭᠰᠡᠨ ᠬᠢᠨᠠᠭᠴᠢᠳ ᠤ᠋ᠨ ᠦᠨᠳᠤᠷ ᠦᠨᠡᠯᠡᠯᠳᠡ ᠵᠢ ᠤᠯᠵᠤ᠂ ᠬᠤᠶᠠᠳᠤᠭᠠᠷ ᠳᠡᠰ ᠲᠦ᠍ ᠲᠤᠳᠤᠷᠠᠵᠠᠢ᠃ 《ᠪᠦᠬᠦ ᠤᠷᠤᠨ ᠤ᠋ ᠤᠷᠤᠯᠳᠤᠭᠠᠨ ᠳ᠋ᠤ ᠤᠷᠤᠯᠴᠠᠵᠤ ᠱᠠᠡᠭᠨᠠᠯ ᠲᠤᠰᠤᠭᠰᠠᠨ ᠳ᠋ᠠᠭᠠᠨ ᠮᠠᠰᠢ ᠪᠠᠶᠠᠷᠲᠠᠢ ᠪᠠᠢᠨ᠎ᠠ᠃ ᠡᠨᠡ ᠨᠢ ᠮᠢᠨᠦ ᠭᠠᠭᠴᠠ ᠬᠦᠮᠦᠨ ᠤ᠋ ᠢᠷᠡᠭᠤ ᠠᠯᠲᠠᠷ ᠪᠢᠰᠢ᠂ ᠬᠠᠷᠢᠨ ᠮᠠᠨ ᠤ᠋ ᠰᠠᠢᠨᠬᠤᠳᠳᠤᠭ ᠰᠤᠮᠤ ᠶ᠋ᠢᠨ 12 ᠭᠠᠴᠠᠭᠠᠨ ᠤ᠋ ᠮᠠᠯᠴᠢᠳ ᠤ᠋ᠨ ᠬᠠᠮᠲᠤ ᠶ᠋ᠢᠨ ᠢᠷᠠᠭᠤ ᠠᠯᠳᠠᠷ᠂ ᠪᠢᠳᠡᠨ ᠤ᠋ ᠬᠠᠢᠨ ᠰᠦᠪᠡᠭᠴᠢᠯᠡᠯᠳᠡ ᠪᠠ ᠴᠢᠷᠮᠠᠢᠯᠭ᠎ᠠ ᠤᠯᠠᠨ ᠳ᠋ᠤ ᠮᠡᠳᠡᠷᠡᠭᠳᠡᠭᠰᠡᠨ ᠤ᠋ ᠪᠠᠲᠤ ᠭᠡᠷᠡᠴᠢᠯᠡᠯ ᠪᠤᠯᠤᠨ᠎ᠠ᠃ ᠳᠠᠷᠠᠭᠠᠴᠢ ᠪᠡᠷ ᠪᠢᠳᠡ ᠺᠤᠮᠫᠠᠨᠢ ᠶ᠋ᠢᠨ ᠶ᠋ᠢᠡᠨ ᠡᠵᠡᠡᠭᠨᠡᠯᠲᠡ ᠶ᠋ᠢᠨ ᠬᠡᠪᠴᠢᠶ᠎ᠡ ᠪᠠᠨ ᠦᠷᠭᠡᠳᠭᠡᠵᠤ᠂ ᠮᠠᠯᠴᠢᠳ ᠤ᠋ᠨ ᠶ᠋ᠢᠡᠨ ᠰᠢᠮ᠎ᠠ ᠰᠢᠬᠦᠰᠤ ᠰᠠᠢᠲᠠᠢ ᠮᠠᠯ ᠤ᠋ᠨ ᠠᠰᠢᠭ ᠰᠢᠮ᠎ᠡ ᠵᠢ ᠨᠡᠡᠭ ᠦᠷᠭᠡᠨ ᠶᠡᠬᠡ ᠵᠠᠬ᠎ᠠ ᠳᠡᠯᠭᠡᠭᠦᠷ ᠲᠦ᠍ ᠪᠤᠷᠤᠯᠠᠭᠤᠯᠤᠨ ᠤᠷᠤᠯᠭ᠎ᠠ ᠵᠢ ᠨᠢ ᠨᠡᠮᠡᠭᠳᠡᠭᠦᠯᠵᠦ᠂ ᠬᠦᠲᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳ᠋ᠤ ᠬᠦᠴᠦᠨ ᠴᠢᠳᠠᠯ ᠶ᠋ᠢᠡᠨ ᠨᠡᠮᠡᠷᠢᠯᠡᠨ᠎ᠡ》 ᠭᠡᠵᠦ ᠰᠤᠨᠤᠷ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面