ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-09-22 10:08:56

ᠵᠣᠬᠢᠶᠠᠭ᠍ᠴᠢ᠄ ​ᠼᠠᠢ ᠳ᠋ᠦᠩ ᠮᠧᠢ ᠵᠠᠩ ᠢᠦᠢ ᠴᠤᠤ ᠣᠩᠱᠢᠭ᠍ᠰᠠᠨ ᠣᠳᠠᠭ᠎ᠠ᠄ 3

《ᠬᠤᠪᠢ ᠢ᠋ᠢᠨ ᠤᠢᠯᠡᠳᠪᠤᠷᠢ ᠬᠤᠳᠠᠯᠳᠤᠭᠠᠨ ᠤ᠋ ᠡᠷᠦᠬᠡ᠎ᠡᠴᠡ ᠠᠵᠤ ᠠᠬᠤᠶ᠋ᠢᠯᠠᠯ ᠬᠦᠷᠲᠡᠯ᠎ᠡ᠂ ᠲᠠᠬᠢᠨ ᠰᠢᠨ᠎ᠡ ᠡᠨᠧᠷᠭᠢ ᠢ᠋ᠢᠨ ᠬᠦᠷᠢᠶᠡᠨ᠎ᠳᠦ ᠬᠦᠷᠲᠡᠯ᠎ᠡ᠂ ᠠᠯᠬᠤᠮ ᠪᠦᠷᠢ ᠡᠨᠡ ᠬᠦ᠌ ᠬᠣᠲᠠ ᠢ᠋ᠢᠨ ᠬᠠᠯᠠᠭᠤᠨ ᠳᠤᠯᠠᠭᠠᠨ᠎ᠢ ᠮᠡᠳᠡᠷᠡᠵᠦ᠍ ᠪᠠᠶ᠋ᠢᠳᠠᠭ》᠃ ᠪᠤᠭᠤᠲᠤ᠌ ᠬᠣᠲᠠ ᠢ᠋ᠢᠨ ᠭᠤᠸᠠᠩ ᠷᠦᠨ ᠴᠢᠯᠠᠭᠤᠨ ᠲᠣᠰᠣᠨ ᠤ᠋ ᠬᠢᠮᠢ ᠢ᠋ᠢᠨ ᠠᠵᠤ ᠤᠢᠯᠡᠳᠪᠤᠷᠢ ᠢ᠋ᠢᠨ ᠬᠢᠵᠠᠭᠠᠷᠲᠤ᠌ ᠺᠣᠮᠫᠠᠨᠢ ᠢ᠋ᠢᠨ ᠬᠠᠷᠢᠭᠤᠴᠠᠯᠭᠠᠲᠠᠨ ᠴᠢᠦᠶ ᠷᠦᠨ ᠪᠢᠨ ᠤ᠋ ᠡᠨᠡ ᠬᠦ᠌ ᠲᠥᠷᠥᠭᠳᠡᠯ ᠨᠢ ᠲᠤᠬᠠᠶ ᠢ᠋ᠢᠨ ᠭᠠᠵᠠᠷ ᠤ᠋ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠭᠦᠨᠵᠡᠭᠡᠶ ᠬᠤᠪᠢᠷᠠᠯᠲᠠ᠎ᠶᠢ ᠲᠤᠰᠬᠠᠨ᠎ᠠ᠃

ᠲᠦᠷᠦᠭᠦᠬᠡᠨ᠂ ᠪᠤᠭᠤᠲᠤ᠌ ᠬᠣᠲᠠ ᠢ᠋ᠢᠨ ᠵᠠᠰᠠᠭ ᠤ᠋ᠨ ᠶᠠᠪᠤᠳᠠᠯ ᠤ᠋ᠨ ᠤᠢᠯᠡᠴᠢᠯᠡᠬᠡᠨ᠎ᠦ ᠲᠢᠩᠬᠢᠮ᠎ᠦᠨ ᠠᠵᠤ ᠠᠬᠤᠶ᠋ᠢᠯᠠᠯ ᠳ᠋ᠤ᠌ ᠤᠢᠯᠡᠴᠢᠯᠡᠬᠦ ᠲᠤᠰᠬᠠᠶ ᠲᠣᠭᠣᠷᠢᠭ ᠤ᠋ᠨ ᠵᠠᠰᠠᠭ ᠵᠠᠬᠢᠷᠭᠠᠨ ᠤ᠋ ᠠᠵᠢᠯᠳᠠᠨ ᠭᠦᠸᠧ ᠢᠦᠶ ᠹᠸᠢ ᠬᠠᠮᠲᠤ᠌ ᠠᠵᠢᠯᠯᠠᠭᠰᠠᠳ ᠲᠠᠢ᠎ᠪᠠᠨ ᠬᠠᠮᠳᠤ ᠭᠤᠸᠠᠩ ᠷᠦᠨ ᠴᠢᠯᠠᠭᠤᠨ ᠲᠣᠰᠣᠨ ᠤ᠋ ᠬᠢᠮᠢ ᠢ᠋ᠢᠨ ᠠᠵᠤ ᠤᠢᠯᠡᠳᠪᠤᠷᠢ ᠢ᠋ᠢᠨ ᠬᠢᠵᠠᠭᠠᠷᠳᠤ ᠺᠤᠮᠫᠠᠨᠢ ᠳ᠋ᠤ ᠬᠦᠷᠴᠦ᠍᠂ ᠠᠵᠤ ᠠᠬᠤᠶ᠋ᠢᠯᠠᠯ ᠳ᠋ᠤ᠌ ᠭᠠᠶ᠋ᠢᠯᠢ ᠢ᠋ᠢ ᠪᠠᠭᠠᠰᠬᠠᠵᠤ ᠰᠦᠢᠳᠬᠡᠯ ᠢ᠋ ᠪᠠᠭᠤᠷᠠᠭᠤᠯᠬᠤ᠂ ᠪᠠᠯᠠ ᠬᠤᠷᠠᠮᠳᠤᠭᠤᠯᠬᠤ ᠲᠡᠮᠵᠢᠯᠬᠡ ᠵᠡᠷᠭᠡ ᠠᠭᠤᠯᠭ᠎ᠠ᠎ᠶᠢ ᠪᠠᠭᠲᠠᠭᠠᠭᠰᠠᠨ 《ᠺᠤᠮᠫᠠᠨᠢ ᠢ᠋ᠢᠨ ᠪᠠᠢᠳᠠᠯ ᠳ᠋ᠤᠨᠢ ᠲᠤᠬᠢᠷᠠᠭᠰᠠᠨ》 ᠲᠥᠷᠥ ᠢ᠋ᠢᠨ ᠪᠣᠳᠣᠯᠭ᠎ᠠ ᠢ᠋ᠢᠨ ᠪᠡᠯᠡᠭ ᠬᠦᠷᠭᠡᠪᠡ᠃ 《ᠲᠥᠷᠥ ᠢ᠋ᠢᠨ ᠪᠣᠳᠣᠯᠭ᠎ᠠ ᠬᠦᠷᠭᠡᠬᠦ᠌》 ᠨᠢ ᠨᠢᠭᠡᠨᠲᠡ 《 ᠪᠢ ᠠᠵᠤ ᠠᠬᠤᠶ᠋ᠢᠯᠠᠯ ᠳ᠋ᠤ᠌ ᠪᠠᠷ᠎ᠠ ᠪᠣᠯᠵᠣ ᠶᠠᠪᠤᠴᠡ ᠢ᠋ᠢ ᠬᠦᠢᠴᠡᠳᠬᠡᠬᠦ᠌ 》 ᠲᠤᠰᠬᠠᠶ ᠠᠵᠢᠯᠯᠠᠭ᠎ᠠ ᠢ᠋ᠢᠨ ᠬᠡᠪ᠎ᠦᠨ ᠪᠠᠶ᠋ᠢᠳᠠᠯ ᠪᠣᠯᠵᠠᠶ᠃ ᠲᠣᠰ ᠠᠵᠢᠯᠯᠠᠭ᠎ᠠ ᠨᠢ ᠠᠵᠤ ᠠᠬᠤᠶ᠋ᠢᠯᠠᠯ ᠤ᠋ᠨ《ᠲᠥᠷᠥ ᠢ᠋ᠢᠨ ᠪᠣᠳᠣᠯᠭ᠎ᠠ᠎ᠶᠢ ᠡᠷᠢᠬᠡᠳ ᠤᠯᠬᠤ ᠥᠬᠡᠶ᠂ ᠶᠠᠪᠤᠴᠠ᠎ᠶᠢ ᠲᠣᠳᠣᠷᠬᠠᠶ ᠣᠶ᠋ᠢᠯᠠᠭᠠᠬᠤ ᠥᠬᠡᠶ》 ᠠᠰᠠᠭᠤᠳᠡᠯ ᠢ᠋ ᠰᠢᠭᠤᠳ ᠰᠢᠢᠳᠪᠤᠷᠢᠯᠡᠵᠤ᠂ 《ᠤᠯᠠᠨ ᠲᠠᠯ᠎ᠠ ᠢ᠋ᠢ ᠲᠡᠮᠵᠢᠬᠦ》 ᠵᠢ 《ᠨᠠᠷᠢᠯᠢᠭ ᠣᠨᠣᠴᠠᠲᠠᠶ ᠪᠡᠷ ᠲᠡᠮᠵᠢᠬᠦ》 ᠪᠣᠯᠭᠠᠨ ᠬᠤᠪᠢᠷᠠᠭᠤᠯᠪᠠ᠃ 《ᠪᠢᠳᠡ ᠠᠵᠤ ᠠᠬᠤᠶ᠋ᠢᠯᠠᠯ ᠤ᠋ᠨ ᠲᠥᠷᠥᠯ ᠬᠡᠯᠪᠡᠷᠢ ᠪᠠ ᠬᠥᠭᠵᠢᠯᠲᠡ ᠢ᠋ᠢᠨ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠥᠪᠡᠷᠮᠢᠴᠡ ᠤᠢᠯᠡᠴᠢᠯᠡᠬᠡ ᠪᠠ ᠬᠢᠨᠠᠨ ᠵᠥᠪᠰᠢᠶᠡᠷᠡᠬᠦ᠌ ᠳᠡᠮᠵᠢᠯᠭᠡ ᠬᠠᠩᠭᠠᠵᠤ᠂ ᠠᠵᠤ ᠠᠬᠤᠶ᠋ᠢᠯᠠᠯ ᠳ᠋ᠤ᠌ ᠵᠠᠰᠠᠭ ᠤ᠋ᠨ ᠤᠷᠳᠤᠨ ᠤ᠋ ᠤᠢᠯᠡᠴᠢᠯᠡᠬᠡ ᠢ᠋ᠢᠨ ᠰᠠᠨᠠᠭᠠᠴᠢᠯᠠᠭᠠᠲᠤ᠌ ᠴᠢᠨᠠᠷ᠎ᠢ ᠦᠨᠡᠨ ᠬᠦ᠌ ᠮᠡᠳᠡᠷᠡᠬᠦᠯᠵᠤ ᠪᠠᠢᠨ᠎ᠡ 》 ᠬᠡᠵᠤ ᠪᠤᠭᠤᠲᠤ᠌ ᠬᠣᠲᠠ ᠢ᠋ᠢᠨ ᠵᠠᠰᠠᠭ ᠵᠠᠬᠢᠷᠭᠠᠨ ᠤ᠋ ᠬᠢᠨᠠᠨ ᠵᠥᠪᠰᠢᠶᠡᠷᠡᠬᠦ᠌ ᠵᠠᠰᠠᠭ ᠤ᠋ᠨ ᠶᠠᠪᠤᠳᠠᠯ ᠤ᠋ᠨ ᠤᠢᠯᠡᠴᠢᠯᠡᠬᠡ ᠬᠢᠭᠡᠳ ᠳ᠋ᠠᠢᠲ᠋ᠠ ᠢ᠋ᠢᠨ ᠬᠠᠮᠢᠶᠠᠷᠤᠯᠲᠠ ᠢ᠋ᠢᠨ ᠲᠣᠪᠴᠢᠶ᠎ᠠ ᠢ᠋ᠢᠨ ᠳᠥᠷᠪᠡᠳᠦᠭᠡᠷ ᠳᠡᠰ ᠤ᠋ᠨ ᠪᠠᠶ᠋ᠢᠴᠠᠭᠠᠨ ᠰᠤᠳᠤᠯᠤᠭᠴᠢ ᠯᠦ᠍ ᠷᠦᠸᠸ ᠭᠠᠩ ᠬᠡᠯᠡᠨ᠎ᠡ ᠃

ᠣᠶ᠋ᠢᠷ᠎ᠠ ᠢ᠋ᠢᠨ ᠵᠢᠯ᠎ᠡᠴᠡ ᠨᠠᠭᠠᠰᠢ᠂ ᠪᠤᠭᠤᠲᠤ᠌ ᠬᠣᠲᠠ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠌ ᠰᠢᠰᠲ᠋ᠧᠮ᠎ᠢᠶᠡᠷ ᠬᠥᠭᠵᠢᠯᠲᠡ ᠢ᠋ᠢᠨ 《 ᠵᠥᠭᠡᠯᠡᠨ ᠣᠷᠴᠢᠨ ᠲᠣᠭᠣᠷᠢᠨ》 ᠢ᠋ ᠳᠠᠬᠢᠨ ᠪᠣᠶ ᠪᠣᠯᠭᠠᠵᠤ᠂ 《ᠪᠢ ᠠᠵᠤ ᠠᠬᠤᠶ᠋ᠢᠯᠠᠯ ᠳ᠋ᠤ᠌ ᠪᠠᠷ᠎ᠠ ᠪᠣᠯᠵᠣ ᠶᠠᠪᠤᠴᠡ ᠢ᠋ᠢ ᠬᠦᠢᠴᠡᠳᠬᠡᠬᠦ》 ᠲᠤᠰᠬᠠᠶ ᠠᠵᠢᠯᠯᠠᠭ᠎ᠠ ᠬᠢᠭᠡᠳ 《ᠭᠤᠷᠪᠠ᠎ᠪᠠᠢᠬᠤ ᠭᠤᠷᠪᠠ ᠢ᠋ᠢ ᠡᠷᠢᠬᠦ᠌》 ᠠᠵᠤ ᠠᠬᠤᠶ᠋ᠢᠯᠠᠯ ᠳ᠋ᠤ᠌ ᠲᠤᠰᠠᠯᠠᠬᠤ ᠤᠢᠯᠡᠴᠢᠯᠡᠬᠡᠨ᠎ᠦ ᠲᠣᠭᠲᠠᠴᠠ ᠪᠡᠷ ᠳᠠᠮᠵᠢᠭᠤᠯᠤᠨ᠂ 《 ᠨᠠᠷᠢᠯᠢᠭ ᠣᠨᠣᠴᠠᠲᠠᠶ ᠲᠡᠮᠵᠢᠯᠬᠡ》 ᠢ᠋ᠢᠨ ᠤᠢᠯᠡᠴᠢᠯᠡᠬᠡ᠎ᠪᠡᠨ ᠠᠵᠤ ᠠᠬᠤᠶ᠋ᠢᠯᠠᠯ ᠤ᠋ᠨ ᠬᠠᠮᠤᠭ ᠤ᠋ᠨ ᠪᠠᠴᠢᠮ ᠱᠠᠭᠠᠷᠳᠠᠭᠳᠠᠵᠤ ᠪᠠᠢᠭ᠎ᠠ ᠵᠦᠢᠯ ᠳ᠋ᠤ ᠬᠦᠷᠭᠡᠪᠡ᠃ ᠣᠳᠣᠬᠠᠨ ᠳ᠋ᠤ᠌᠂ ᠪᠤᠭᠤᠲᠤ᠌ ᠬᠣᠲᠠ ᠵᠠᠰᠠᠭ ᠤ᠋ᠨ ᠶᠠᠪᠤᠳᠠᠯ ᠤ᠋ᠨ16000 ᠰᠢᠬᠠᠮ ᠤᠢᠯᠡᠴᠢᠯᠡᠬᠡᠨ ᠤ᠋ ᠵᠦᠢᠯᠡᠰ᠎ᠢ ᠶᠡᠬᠡ ᠲᠢᠩᠬᠢᠮ᠎ᠳᠦ ᠲᠥᠪᠯᠡᠷᠡᠭᠦᠯᠵᠤ᠂ 《 ᠪᠠᠷᠢᠨ ᠢᠷᠡᠵᠦ᠍ ᠪᠠᠷᠢᠨ ᠰᠢᠯᠵᠢᠭᠦᠯᠬᠦ᠌᠂ ᠪᠠᠷᠢᠨ ᠮᠡᠳᠡᠭᠦᠯᠵᠦ᠍ ᠪᠠᠷᠢᠨ ᠬᠢᠨᠠᠬᠤ 》 ᠨᠢ ᠨᠢᠭᠡᠨᠲᠡ ᠴᠢᠬᠤᠯᠠ ᠶᠡᠬᠡ ᠲᠥᠷᠥᠯ ᠵᠦᠢᠯ ᠤ᠋ᠨ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠰᠢᠶᠡᠷᠡᠬᠦ᠌ ᠢ᠋ᠢᠨ ᠪᠠᠷᠢᠮᠵᠢᠶᠠᠳᠤ ᠲᠣᠬᠢᠷᠠᠭᠤᠯᠤᠯ ᠪᠣᠯᠤᠭᠰᠠᠨ ᠪᠠᠶ᠋ᠢᠨ᠎ᠠ᠃ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠪᠦᠬᠦ᠌ ᠬᠣᠲᠠ ᠢ᠋ᠢᠨ 398 ᠰᠢᠨ᠎ᠡ᠎ᠪᠡᠷ ᠪᠠᠢᠭᠤᠯᠤᠭᠰᠠᠨ ᠲᠥᠷᠦᠯ ᠵᠦᠢᠯ᠎ᠦᠨ ᠭᠠᠷᠳᠠᠮ ᠬᠦᠢᠴᠡᠳᠬᠡᠭᠰᠡᠨ ᠨᠣᠷᠮ᠎ᠠ 94.5% ᠳ᠋ᠤ᠌ ᠬᠦᠷᠴᠦ᠍᠂ ᠠᠵᠢᠯ ᠡᠬᠢᠯᠡᠭᠦᠯᠦᠭᠰᠡᠨ ᠲᠥᠷᠦᠯ ᠵᠦᠢᠯ᠎ᠦᠨ ᠭᠠᠷᠳᠠᠮ ᠬᠦᠢᠴᠡᠳᠬᠡᠭᠰᠡᠨ ᠨᠣᠷᠮ᠎ᠠ 99.7% ᠳ᠋ᠤ᠌ ᠬᠦᠷᠴᠡᠢ᠃

ᠦᠢᠯᠡᠴᠢᠯᠡᠭᠡᠨ᠎ᠦ 《ᠨᠡᠮᠡᠬᠦ᠌ ᠦᠢᠯᠡᠳᠦᠯ》 ᠨᠢ ᠶᠠᠪᠤᠴᠠ ᠢ᠋ᠢᠨ ᠤᠷᠲᠤᠳᠬᠠᠯ ᠢ᠋ᠢᠡᠷ ᠯᠠ ᠵᠣᠭᠰᠣᠬᠤ ᠪᠢᠰᠢ᠃ ᠪᠤᠭᠤᠲᠤ᠌ ᠬᠣᠲᠠ 《 ᠭᠤᠷᠪᠠ᠎ᠪᠠᠢᠬᠤ ᠭᠤᠷᠪᠠ᠎ᠶᠢ ᠡᠷᠢᠬᠦ᠌ 》 ᠠᠵᠤ ᠠᠬᠤᠶ᠋ᠢᠯᠠᠯ᠎ᠢ ᠲᠤᠰᠠᠯᠠᠬᠤ ᠲᠣᠭᠲᠠᠴᠠ᠎ᠶᠢ ᠪᠠᠶ᠋ᠢᠩᠭᠤᠵᠢᠭᠤᠯᠤᠨ ᠠᠵᠢᠯᠯᠠᠭᠤᠯᠵᠤ᠂ ᠤᠢᠯᠡᠳᠪᠤᠷᠢᠯᠡᠵᠤ ᠪᠠᠢᠬᠤ ᠠᠵᠤ ᠠᠬᠤᠶ᠋ᠢᠯᠠᠯ᠂ ᠪᠠᠶ᠋ᠢᠭᠤᠯᠵᠤ ᠪᠠᠢᠬᠤ ᠲᠥᠷᠥᠯ ᠵᠦᠢᠯ ᠶᠠᠷᠢᠯᠴᠠᠵᠤ ᠪᠠᠢᠬᠤ ᠲᠦᠷᠦᠯ ᠵᠦᠢᠯ ᠳ᠋ᠤ᠌ ᠵᠠᠬ᠎ᠡ ᠲᠡᠯᠬᠡᠬᠦᠷ᠂ ᠪᠡᠯᠡ ᠮᠦᠨᠭᠬᠦ᠂ ᠬᠦᠴᠦᠨ ᠵᠦᠢᠯ ᠢ᠋ ᠡᠷᠢᠵᠤ ᠠᠰᠠᠭᠤᠳᠡᠯ ᠢ᠋ ᠰᠢᠢᠳᠪᠤᠷᠢᠯᠡᠨ ᠦᠭᠴᠤ ᠪᠠᠢᠨ᠎ᠡ᠃ ᠥᠪᠥᠷ ᠮᠣᠩᠭᠣᠯ ᠤ᠋ᠨ ᠶᠠ ᠰᠢᠨ ᠯᠦᠩ ᠱᠦᠨ ᠤᠨᠴᠡ ᠪᠣᠯᠣᠳ ᠲᠡᠮᠦᠷ᠎ᠦᠨ ᠬᠢᠵᠠᠭᠠᠷᠲᠤ᠌ ᠺᠣᠮᠫᠠᠨᠢ ᠢ᠋ᠢᠨ ᠦᠯᠡᠳᠡᠪᠦᠷᠢ ᠢᠯᠴᠢ᠎ᠶᠢ ᠪᠤᠴᠠᠭᠠᠨ ᠬᠤᠷᠢᠶᠠᠵᠤ ᠴᠠᠬᠢᠯᠭᠠᠨ ᠭᠠᠷᠭᠠᠬᠤ ᠲᠥᠷᠥᠯ ᠵᠦᠢᠯ᠎ᠨᠢ ᠤᠤᠯ᠎ᠳᠠᠭᠠᠨ ᠪᠠᠯᠠ ᠮᠥᠩᠭᠥ᠌ ᠳᠤᠲᠠᠭᠳᠠᠭᠰᠠᠨ᠎ᠠᠴᠠ ᠪᠣᠯᠵᠣ ᠵᠣᠭᠰᠣᠩᠭᠤᠶ᠋ᠢᠷᠠᠬᠤ ᠪᠠᠢᠳᠠᠯ ᠲᠠᠢ ᠪᠠᠢᠵᠡᠢ᠂ ᠪᠤᠭᠤᠲᠤ᠌ ᠬᠣᠲᠠ ᠢ᠋ᠢᠨ ᠠᠵᠤ ᠤᠢᠯᠡᠳᠪᠤᠷᠢ ᠪᠠ ᠮᠡᠳᠡᠭᠡ ᠵᠠᠩᠭᠢᠵᠢᠯᠲᠠ ᠢ᠋ᠢᠨ ᠲᠣᠪᠴᠢᠶ᠎ᠠ ᠢ᠋ᠢᠨ ᠬᠢᠨ ᠰᠠᠨᠠᠭᠠᠴᠢᠯᠠᠭ᠎ᠠ᠎ᠠᠴᠠ᠎ᠪᠠᠨ ᠪᠠᠢᠳᠠᠯ ᠢ᠋ ᠤᠢᠯᠠᠭᠠᠵᠤ᠂ ᠡᠮᠦᠨᠡᠬᠢ ᠬᠤᠭᠤᠴᠠᠭᠠᠨ ᠤ᠋ ᠳᠠᠩᠰᠠᠯᠠᠭᠤᠯᠤᠯᠲᠠ᠎ᠠᠴᠠ ᠣᠷᠴᠢᠨ ᠲᠣᠭᠣᠷᠢᠨ ᠤ᠋ ᠬᠠᠮᠠᠭᠠᠯᠠᠯᠲᠠ ᠢ᠋ᠢᠨ ᠲᠤᠬᠠᠶ ᠦᠨᠡᠯᠡᠯᠲᠡ ᠬᠢᠵᠦ᠍ ᠴᠤᠬᠤᠯᠠᠪᠤᠷᠢ ᠥᠭᠬᠦ᠌ ᠬᠦᠷᠲᠡᠯ᠎ᠡ᠂ ᠪᠠᠯᠠ ᠣᠷᠣᠭᠤᠯᠤᠯᠲᠠ ᠢ᠋ᠢᠨ ᠪᠠᠷᠢᠮᠲᠠ᠎ᠠᠴᠠ ᠰᠢᠯᠭᠠᠨ ᠠᠪᠬᠤ ᠮᠡᠳᠡᠭᠦᠯᠦᠯᠲᠡ ᠬᠦᠷᠲᠡᠯ᠎ᠡ ᠠᠵᠤ ᠠᠬᠤᠶ᠋ᠢᠯᠠᠯ᠎ᠢ ᠬᠠᠪᠰᠤᠷᠤᠨ ᠡᠮᠬᠢᠳᠬᠡᠬᠦ ᠠᠵᠢᠯ ᠳ᠋ᠤᠨᠢ ᠲᠤᠰᠠᠯᠠᠵᠤ᠂ ᠠᠵᠤ ᠠᠬᠤᠶ᠋ᠢᠯᠠᠯ ᠳ᠋ᠤ᠌ ᠲᠤᠯᠭᠠᠷᠠᠭᠰᠠᠨ ᠬᠦᠴᠢᠷ ᠠᠰᠠᠭᠤᠳᠡᠯ ᠢ᠋ ᠰᠢᠢᠳᠪᠤᠷᠢᠯᠡᠪᠡ᠃ 《ᠲᠣᠭᠲᠠᠴᠠ ᠢ᠋ᠢᠨ ᠰᠢᠨ᠎ᠡ᠎ᠶᠢ ᠡᠭᠦᠳᠬᠦ᠌᠎ᠪᠡᠷ ᠳᠠᠮᠵᠢᠭᠤᠯᠤᠨ᠂ ᠪᠤᠭᠤᠲᠤ ᠳ᠋ᠤ᠌ ᠪᠠᠯᠠ ᠣᠷᠣᠭᠤᠯᠤᠨ ᠤᠢᠯᠡᠰ ᠢ᠋ᠢᠡᠨ ᠬᠥᠭᠵᠢᠭᠦᠯᠵᠦ᠍ ᠪᠠᠶ᠋ᠢᠭ᠎ᠠ ᠠᠵᠤ ᠠᠬᠤᠶ᠋ᠢᠯᠠᠯ ᠨᠢᠭᠡ ᠪᠦᠷᠢ᠎ᠳᠦ ᠴᠥᠮ 〈ᠲᠠᠨ ᠢ᠋ ᠬᠠᠨᠤᠮᠵᠢᠲᠠᠶ ᠪᠠᠢᠯᠭᠠᠬᠤ〉 〈ᠲᠠᠨ ᠢ᠋ ᠰᠠᠨᠠᠭ᠎ᠠ ᠠᠮᠤᠷ ᠪᠠᠢᠯᠭᠠᠬᠤ〉 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠡᠳ᠋ᠯᠡᠭᠦᠯᠦᠨ᠎ᠡ》 ᠬᠡᠵᠤ ᠪᠤᠭᠤᠲᠤ᠌ ᠬᠣᠲᠠ ᠢ᠋ᠢᠨ ᠠᠵᠤ ᠤᠢᠯᠡᠳᠪᠤᠷᠢ ᠪᠠ ᠮᠡᠳᠡᠭᠡ ᠵᠠᠩᠭᠢᠵᠢᠯᠲᠠ ᠢ᠋ᠢᠨ ᠲᠣᠪᠴᠢᠶ᠎ᠠ ᠢ᠋ᠢᠨ ᠡᠨᠧᠷᠭᠢ ᠠᠷᠪᠢᠯᠠᠬᠤ ᠪᠠ ᠶᠡᠷᠦᠩᠬᠡᠶ᠋ᠢᠯᠡᠨ ᠠᠰᠢᠭᠯᠠᠬᠤ ᠰᠠᠯᠠᠭ᠎ᠠ ᠢ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ ᠬᠡᠯᠡᠵᠤ ᠪᠠᠢᠯ᠎ᠡ᠃

ᠠᠰᠢᠭᠯᠠᠮᠵᠢ ᠳᠠᠬᠢᠨ ᠢ᠋ᠢᠡᠷ ᠨᠡᠮᠡᠭᠳᠡᠬᠦ᠌ ᠨᠢ ᠬᠥᠭᠵᠢᠯᠲᠡ᠎ᠶᠢ ᠲᠦᠷᠬᠡᠳᠬᠡᠨ᠎ᠡ᠃ ᠪᠤᠭᠤᠲᠤ ᠢ᠋ᠢᠨ ᠴᠢ ᠱᠢ ᠰᠦ ᠢ᠋ᠢᠨ ᠦᠢᠯᠡᠰ᠎ᠦᠨ ᠪᠦᠯᠦᠭᠯᠡᠯ᠎ᠳᠦ ᠂ ᠬᠥᠮᠦᠨ ᠬᠡᠷᠡᠭᠰᠡᠬᠦ ᠦᠬᠡᠢ ᠲᠥᠬᠥᠭᠡᠷᠦᠮᠵᠢ ᠢ᠋ᠢᠨ ᠪᠠᠶ᠋ᠢᠷᠢᠯᠠᠭᠤᠯᠤᠯᠲᠠ ᠪᠣᠯᠤᠨ ᠭᠤᠷᠪᠠᠳᠤᠭᠠᠷ ᠬᠤᠭᠤᠴᠠᠭᠠᠨ ᠤ᠋ ᠤᠶᠤᠨᠲᠤ᠌ ᠦᠢᠯᠡᠳᠪᠦᠷᠢ ᠢ᠋ᠢᠨ ᠪᠦᠲᠦᠭᠡᠨ ᠪᠠᠶ᠋ᠢᠭᠤᠯᠤᠯᠲᠠ ᠶᠠᠭ ᠠᠵᠤ ᠠᠬᠤᠶ᠋ᠢᠯᠠᠯ ᠤ᠋ᠨ 《ᠤᠶᠤᠨᠴᠢᠯᠠᠬᠤ》ᠲᠡᠶ᠋ᠢᠰᠢ ᠤᠷᠤᠭᠰᠢᠯᠠᠬᠤ᠎ᠶᠢ ᠠᠬᠢᠭᠤᠯᠵᠤ ᠪᠠᠶ᠋ᠢᠨ᠎ᠠ᠃ 《ᠪᠠᠭ᠎ᠠ ᠦᠢᠯᠡᠳᠪᠦᠷᠢ᠎ᠡᠴᠡ ᠪᠡᠬᠡᠵᠢᠨᠭ ᠤ᠋ᠨ ᠦᠨᠡᠳᠤ ᠲᠡᠮᠳᠡᠭᠳᠤ ᠢ᠋ᠢᠨ ᠠᠷᠠᠯᠵᠢᠶᠡᠨ ᠤ᠋ ᠭᠠᠵᠠᠷ ᠲᠦ᠍ ᠰᠲ᠋ᠣᠺ᠎ᠢᠶᠠᠨ ᠵᠠᠬ᠎ᠠ ᠳᠡᠯᠭᠡᠭᠦᠷ᠎ᠲᠦ᠍ ᠭᠠᠷᠭᠠᠬᠤ ᠬᠦᠷᠳᠡᠯ᠎ᠡ ᠵᠠᠰᠠᠭ ᠤ᠋ᠨ ᠣᠷᠳᠣᠨ ᠤ᠋ ᠳᠡᠮᠵᠢᠯᠭᠡ ᠪᠤᠯᠤᠨ ᠬᠥᠮᠦᠵᠢᠭᠦᠯᠦᠯ᠎ᠡᠴᠡ ᠰᠠᠯᠵᠤ ᠴᠢᠳᠠᠬᠤ ᠦᠭᠡᠢ ᠶᠤᠮ᠂ ᠪᠢᠳᠡ ᠺᠤᠮᠫᠠᠨᠢ ᠪᠡᠨ ᠦᠷᠭᠦᠯᠵᠢᠯᠡᠨ ᠬᠦᠴᠦᠷᠬᠡᠭᠵᠢᠬᠦᠯᠬᠦ ᠢᠲᠡᠭᠡᠯ᠎ᠲᠡᠶ ᠪᠠᠶ᠋ᠢᠨ᠎ᠠ》 ᠬᠡᠵᠤ ᠪᠦᠯᠦᠭᠯᠡᠯ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠭᠤᠤ ᡁᠢ ᠯᠢ ᠬᠡᠯᠡᠨ᠎ᠡ᠃

ᠲᠦᠷᠦ ᠢ᠋ᠢᠨ ᠪᠤᠳᠤᠯᠭ᠎ᠠ ᠢ᠋ᠢᠨ ᠳᠡᠮᠵᠢᠯᠭᠡ᠎ᠡᠴᠡ ᠠᠵᠤ ᠦᠢᠯᠡᠰ᠎ᠢ ᠪᠣᠶ᠋ᠢᠵᠢᠭᠤᠯᠬᠤ ᠬᠦᠷᠲᠡᠯ᠎ᠡ᠂ ᠤᠯᠠᠨ ᠰᠠᠯᠠᠭ᠎ᠠ ᠮᠥᠴᠢᠷ ᠬᠠᠮᠵᠢᠯᠴᠠᠨ ᠬᠦᠴᠦᠯᠡᠵᠦ᠍᠂ ᠠᠵᠤ ᠠᠬᠤᠶ᠋ᠢᠯᠠᠯ ᠤ᠋ᠨ ᠬᠦᠴᠢᠷᠳᠡᠯ᠎ᠢ ᠦᠨᠡᠨ ᠪᠣᠳᠠᠲᠠᠢ ᠰᠢ᠌ᠳᠪᠦᠷᠢᠯᠡᠵᠦ᠍ ᠥᠭᠪᠡ᠃ ᠠᠯᠢ ᠤᠯᠠᠨ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠡᠷ ᠥᠷᠭᠡᠨ ᠤᠯᠠᠨ ᠡᠵᠡᠩᠨᠡᠯᠲᠡ ᠢ᠋ᠢᠨ ᠭᠣᠣᠯ ᠴᠣᠭᠴᠠ᠎ᠥᠷᠨᠢᠭᠦᠨ᠎ᠢᠶᠡᠷ ᠦᠰᠦᠨ ᠪᠣᠶ᠋ᠢᠵᠢᠵᠤ᠂ ᠠᠮᠢᠵᠢᠷᠠᠯ ᠤ᠋ᠨ ᠬᠦᠴᠦᠨ ᠪᠢᠯᠬᠠᠯ᠎ᠡ᠃ ᠲᠣᠭ᠎ᠠ ᠪᠠᠷᠢᠮᠲᠠ ᠳ᠋ᠤ᠌ ᠢᠯᠡᠷᠡᠭᠦᠯᠦᠭᠰᠡᠨ᠎ᠢᠶᠡᠷ᠂ ᠪᠤᠭᠤᠲᠤ᠌ ᠬᠣᠲᠠ ᠢ᠋ᠢᠨ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ ᠢ᠋ᠢᠨ ᠡᠵᠡᠩᠨᠡᠯᠲᠡ ᠢ᠋ᠢᠨ ᠭᠤᠤᠯ ᠴᠣᠭᠴᠠ ᠢ᠋ᠢᠨ ᠡᠵᠡᠯᠡᠬᠦ᠌ ᠬᠠᠷᠢᠴᠠᠯ᠎ᠨᠢ 99.3% ᠎ᠳ᠋ᠤ ᠬᠦᠷᠴᠦ᠍᠂ ᠲᠤᠬᠠᠶ ᠢ᠋ᠢᠨ ᠭᠠᠵᠠᠷ ᠤ᠋ᠨ ᠠᠵᠤ ᠠᠬᠤᠶ ᠢ᠋ᠢᠨ ᠨᠡᠮᠡᠭᠳᠡᠯ᠎ᠳᠦ ᠦᠵᠡᠭᠦᠯᠦᠭᠰᠡᠨ ᠬᠤᠪᠢ ᠨᠡᠮᠡᠷᠢ ᠢ᠋ᠢᠨ ᠨᠣᠷᠮ᠎ᠠ᠎ᠨᠢ 56.5% ᠎ᠳ᠋ᠤ ᠬᠦᠷᠴᠡᠶ᠃

ᠵᠠᠰᠠᠭ ᠤ᠋ᠨ ᠣᠷᠳᠣᠨ ᠤ᠋ 《ᠵᠢᠳᠬᠦᠯ ᠴᠢᠷᠮᠠᠶ᠋ᠢᠯᠭ᠎ᠠ》 ᠪᠠᠷ ᠵᠠᠬ᠎ᠠ ᠳᠡᠯᠭᠡᠭᠦᠷ᠎ᠢ 《ᠦᠷ᠎ᠡ ᠪᠦᠲᠦᠮᠵᠢᠲᠡᠢ》 ᠲᠠᠢ ᠪᠣᠯᠭᠠᠪᠠ᠃ 《ᠪᠤᠭᠤᠲᠤ᠌ ᠬᠤᠳᠠ ᠢ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌ ᠲᠦᠷᠢᠮ》 ᠢ᠋ ᠲᠣᠭᠲᠠᠭᠠᠭᠰᠠᠨ᠎ᠠᠴᠠ 《ᠪᠤᠭᠤᠲᠤ᠌ ᠬᠤᠳᠠ ᠢ᠋ᠢᠨ ᠠᠵᠤ ᠠᠬᠤᠶ᠋ᠢᠯᠠᠯᠲᠠᠨ ᠤ᠋ ᠡᠳᠦᠷ》 ᠎ᠢ᠋ ᠭᠠᠷᠭᠠᠭᠰᠠᠨ ᠬᠦᠷᠲᠡᠯ᠎ᠡ᠂ ᠲᠤᠬᠠᠢ ᠢ᠋ᠢᠨ ᠭᠠᠵᠠᠷ ᠤ᠋ᠨ ᠬᠢᠨ ᠶᠠᠭ ᠬᠠᠤᠯᠢᠵᠢᠯ ᠤ᠋ᠨ ᠬᠦᠴᠦᠨ᠎ᠢᠶᠡᠷ ᠢᠲᠡᠭᠡᠯ᠎ᠦᠨ ᠰᠠᠭᠤᠷᠢ᠎ᠪᠠᠨ ᠪᠡᠬᠢᠵᠢᠭᠦᠯᠵᠦ᠍᠂ ᠦᠨᠡᠨᠴᠢ ᠦᠢᠯᠡᠴᠢᠯᠡᠭᠡ᠎ᠪᠡᠷ ᠬᠤᠯᠠ ᠤᠢᠷ᠎ᠡ ᠢ᠋ᠢᠨ ᠬᠦᠮᠦᠰ ᠢ᠋ ᠲᠠᠳᠠᠵᠤ ᠪᠠᠢᠨ᠎ᠡ᠃ 《ᠲᠠᠨ ᠢ᠋ ᠬᠠᠨᠤᠮᠵᠢᠲᠠᠶ ᠪᠠᠢᠯᠭᠠᠬᠤ᠂ ᠲᠠᠨ ᠢ᠋ ᠰᠠᠨᠠᠭ᠎ᠠ ᠠᠮᠤᠷ ᠪᠠᠢᠯᠭᠠᠬᠤ》 ᠭᠡᠬᠦ᠌ ᠠᠮᠠᠯᠠᠯᠲᠠ᠎ᠶᠢ ᠶᠡᠷᠦ ᠢ᠋ᠢᠨ ᠪᠠᠶ᠋ᠢᠳᠠᠯ ᠪᠣᠯᠭᠠᠨ ᠬᠤᠪᠢᠷᠠᠭᠤᠯᠬᠤ᠎ᠳᠦ᠂ ᠡᠨᠡ ᠬᠦ᠌ ᠠᠵᠤ ᠤᠢᠯᠡᠳᠪᠤᠷᠢ ᠢ᠋ᠢᠨ ᠬᠠᠭᠤᠴᠢᠨ ᠬᠣᠲᠠ ᠶᠠᠭ ᠲᠦᠮᠡ ᠮᠢᠩᠭᠠᠨ ᠠᠵᠤ ᠠᠬᠤᠶ᠋ᠢᠯᠠᠯ ᠲᠠᠢ ᠭᠠᠷ ᠬᠣᠯᠪᠣᠯᠴᠠᠨ᠂ ᠴᠢᠨᠠᠷ ᠰᠠᠶ᠋ᠢᠲᠠᠶ ᠬᠥᠭᠵᠢᠯᠲᠡ ᠢ᠋ᠢᠨ ᠰᠢᠨ᠎ᠡ ᠠᠶᠠᠨ ᠵᠠᠮ ᠳ᠋ᠤ᠌ ᠢᠲᠡᠭᠡᠯ ᠵᠣᠷᠢᠭ᠎ᠵᠢᠡᠨ ᠬᠦᠪᠴᠢᠯᠡᠵᠤ᠂ ᠢᠷᠡᠭᠡᠳᠦᠶ ᠢ᠋ᠢᠨ ᠭᠣᠶ᠋ᠢᠳᠠ ᠰᠠᠶ᠋ᠢᠬᠠᠨ ᠬᠠᠭᠤᠳᠠᠰᠤ᠎ᠶᠢ ᠪᠢᠴᠢᠭᠯᠡᠵᠦ᠍ ᠪᠠᠶ᠋ᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面