2026-09-29 10:43:41
— ᠦᠪᠦᠷ ᠮᠤᠡᠭᠭᠤᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠡᠨᠡ ᠵᠢᠯ ᠭᠤᠤᠯᠳᠠᠯᠭ᠎ᠠ ᠲᠠᠢ ᠵᠠᠰᠠᠮᠠᠯ ᠵᠠᠮ ᠤ᠋ᠨ ᠲᠥᠷᠥᠯ ᠵᠦᠢᠯ ᠤ᠋ᠨ ᠶᠡᠷᠦᠩᠬᠡᠶ ᠪᠥᠲᠥᠭᠡᠨ ᠪᠠᠶ᠋ᠢᠭᠤᠯᠤᠯᠲᠠ ᠢ᠋ᠢᠨ ᠬᠡᠪᠴᠢᠶ᠎ᠡ ᠢ᠋ᠢ 960 ᠺᠢᠯᠣᠮᠧᠲ᠋ᠷ ᠲᠦ᠍ ᠬᠦᠷᠬᠡᠬᠦ ᠪᠡᠷ ᠪᠤᠢ
2026 ᠤᠨ ᠳ᠋ᠤ ᠪᠦᠬᠦ ᠤᠷᠤᠨ ᠤ᠋ ᠭᠤᠤᠯᠳᠠᠯᠭ᠎ᠠ ᠲᠠᠢ ᠵᠠᠰᠠᠮᠠᠯ ᠵᠠᠮ ᠤ᠋ᠨ ᠲᠥᠷᠥᠯ ᠵᠦᠢᠯ ᠤ᠋ᠨ ᠶᠡᠷᠦᠩᠬᠡᠶ ᠪᠥᠲᠥᠭᠡᠨ ᠪᠠᠶ᠋ᠢᠭᠤᠯᠤᠯᠲᠠ ᠢ᠋ᠢᠨ ᠬᠡᠪᠴᠢᠶ᠎ᠡ ᠢ᠋ᠢ 960 ᠺᠢᠯᠣᠮᠧᠲ᠋ᠷ ᠲᠦ᠍ ᠬᠦᠷᠭᠡᠨ᠎ᠠ᠃ ᠡᠭᠦᠨ ᠳ᠋ᠤ ᠲᠦᠷᠭᠡᠨ ᠤ᠋ ᠵᠠᠰᠠᠮᠠᠯ ᠵᠠᠮ ᠢ᠋ 389 ᠺᠢᠯᠣᠮᠧᠲ᠋ᠷ ᠤᠷᠲᠤ᠂ ᠨᠢᠭᠡᠳᠦᠭᠡᠷ ᠳᠡᠰ ᠤ᠋ᠨ ᠵᠠᠰᠠᠮᠠᠯ ᠵᠠᠮ ᠢ᠋ 571 ᠺᠢᠯᠣᠮᠧᠲ᠋ᠷ ᠤᠷᠲᠤ ᠪᠦᠲᠦᠭᠡᠨ ᠪᠠᠢᠭᠤᠯᠤᠨ᠎ᠠ᠃ ᠡᠨᠡ ᠪᠤᠯ ᠦᠪᠦᠷ ᠮᠤᠡᠭᠭᠤᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠤ᠋ᠨ ᠡᠨᠡ ᠵᠢᠯ ᠤ᠋ᠨ ᠵᠠᠰᠠᠮᠠᠯ ᠵᠠᠮ ᠤ᠋ᠨ ᠵᠠᠮ ᠬᠠᠷᠢᠯᠴᠠᠭᠠᠨ ᠤ᠋ ᠰᠠᠭᠤᠷᠢ ᠲᠦᠬᠦᠭᠡᠷᠦᠮᠵᠢ ᠢ᠋ᠢᠨ ᠪᠥᠲᠥᠭᠡᠨ ᠪᠠᠶ᠋ᠢᠭᠤᠯᠤᠯᠲᠠ ᠢ᠋ᠢᠨ ᠬᠠᠷᠠᠯᠲᠠ ᠪᠤᠯᠤᠨ᠎ᠠ᠃
ᠡᠨᠡ ᠵᠢᠯ ᠤ᠋ᠨ ᠡᠬᠢᠨ ᠡᠴᠡ ᠨᠠᠭᠠᠰᠢ᠂ ᠦᠪᠦᠷ ᠮᠤᠡᠭᠭᠤᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠤ᠋ᠨ ᠬᠢᠨ ᠤᠨ ᠤ᠋ ᠬᠠᠷᠠᠯᠳᠠ ᠪᠡᠨ ᠪᠠᠶᠡᠯᠡᠬᠦᠯᠬᠦ ᠪᠡᠷ ᠬᠦᠴᠦᠨ ᠲᠠᠮᠢᠷ ᠵᠢᠡᠨ ᠰᠢᠪᠬᠠᠵᠤ᠂ 8 ᠰᠠᠷ᠎ᠠ ᠢ᠋ᠢᠨ ᠰᠡᠭᠦᠯᠴᠢ ᠪᠤᠯᠬᠤ ᠳ᠋ᠤ ᠨᠢᠬᠡᠨᠳᠡ 29.1 ᠳ᠋ᠦᠩᠰᠢᠭᠤᠷ ᠲᠥᠭᠥᠷᠢᠭ ᠤ᠋ᠨ ᠪᠡᠯᠡ ᠤᠷᠤᠭᠤᠯᠤᠯᠳᠠ ᠵᠢ ᠪᠠᠶᠡᠯᠡᠬᠦᠯᠤᠨ᠂ ᠪᠦᠬᠦ ᠵᠢᠯ ᠤ᠋ᠨ ᠪᠡᠯᠡ ᠤᠷᠤᠭᠤᠯᠤᠯᠳᠠ ᠵᠢᠨ ᠬᠠᠷᠠᠯᠳᠠ ᠵᠢᠨ ᠵᠢᠡᠨ 42.6% ᠵᠢ ᠡᠵᠡᠯᠡᠵᠤ᠂ ᠪᠥᠲᠥᠭᠡᠨ ᠪᠠᠶ᠋ᠢᠭᠤᠯᠤᠯᠲᠠ ᠢ᠋ᠢᠨ ᠶᠠᠰᠤ ᠴᠢᠨᠠᠷ ᠪᠠ ᠦᠷ᠎ᠡ ᠠᠰᠢᠭ ᠢ᠋ ᠲᠣᠭᠲᠠᠭᠤᠨ ᠢ᠋ᠢᠡᠷ ᠳᠡᠭᠡᠭᠰᠢᠯᠡᠬᠦᠯᠵᠦ᠍᠂ ᠪᠥᠬᠥ᠌ ᠣᠷᠣᠨ ᠤ᠋ ᠵᠠᠰᠠᠮᠠᠯ ᠵᠠᠮ ᠤ᠋ᠨ ᠲᠤᠤᠷ ᠤ᠋ᠨ ᠪᠠᠶ᠋ᠢᠷᠢᠰᠢᠭᠤᠯᠤᠯᠲᠠ ᠢ᠋ᠢ ᠲᠡᠭᠦᠯᠳᠡᠷᠵᠢᠭᠦᠯᠬᠦ᠌᠂ ᠣᠷᠣᠨ ᠪᠦᠰᠡ ᠢ᠋ᠢᠨ ᠠᠵᠤ ᠠᠬᠤᠶ ᠢ᠋ᠢᠨ ᠡᠷᠭᠢᠯᠲᠡ ᠢ᠋ᠢ ᠰᠢᠯᠤᠭᠤᠳᠬᠠᠬᠤ᠂ ᠠᠷᠠᠳ ᠤᠯᠠᠨ ᠤ᠋ ᠶᠠᠪᠤᠵᠤ ᠰᠠᠭᠤᠬᠤ ᠳ᠋ᠤ ᠦᠢᠯᠡᠴᠢᠯᠡᠬᠦ ᠬᠡᠷᠡᠭᠴᠡᠭᠡ ᠱᠠᠭᠠᠷᠳᠠᠯᠭ᠎ᠠ ᠳ᠋ᠤ ᠬᠦᠴᠦᠲᠡᠶ ᠲᠤᠯᠭᠠᠭᠤᠷᠢᠯᠠᠯ ᠬᠠᠡᠭᠭᠠᠪᠠ᠃
ᠡᠨᠡ ᠵᠢᠯ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠨᠢᠭᠡ ᠪᠦᠯᠦᠭ ᠭᠤᠤᠯᠳᠠᠯᠭ᠎ᠠ ᠲᠠᠢ ᠲᠦᠷᠭᠡᠨ ᠤ᠋ ᠵᠠᠰᠠᠮᠠᠯ ᠵᠠᠮ ᠤ᠋ᠨ ᠲᠥᠷᠥᠯ ᠵᠦᠢᠯ ᠢ᠋ ᠪᠠᠶ᠋ᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ᠌ ᠪᠡᠷ ᠪᠣᠶ᠃ G5511 ᠴᠠᠭᠠᠨᠨᠠᠭᠤᠷ — ᠴᠤᠭᠲᠤ ᠬᠦᠷᠬᠦ᠌ ᠲᠦᠷᠭᠡᠨ ᠤ᠋ ᠵᠠᠰᠠᠮᠠᠯ ᠵᠠᠮ᠂ S22 ᠪᠠᠶᠠᠨᠴᠠᠭᠠᠨ — ᠶᠦᠩ ᠲᠠᠢ ᠭᠦᠩ ᠤ᠋ᠨ ᠬᠡᠰᠡᠭ ᠬᠦᠷᠬᠦ᠌ ᠲᠦᠷᠭᠡᠨ ᠤ᠋ ᠵᠠᠰᠠᠮᠠᠯ ᠵᠠᠮ ᠤᠳᠠᠯ ᠦᠭᠡᠢ ᠲᠡᠷᠬᠡ ᠨᠡᠪᠲᠡᠷᠡᠭᠦ ᠪᠤᠯᠤᠨ᠎ᠠ᠃ ᠡᠭᠦᠨ ᠳ᠋ᠤ᠂ ᠶᠡᠷᠦᠩᠬᠡᠶ ᠪᠠᠯᠠ ᠣᠷᠣᠭᠤᠯᠤᠯᠲᠠ ᠨᠢ 44.3 ᠳ᠋ᠦᠩᠰᠢᠭᠤᠷ ᠲᠥᠭᠥᠷᠢᠭ ᠲᠦ᠍ ᠬᠦᠷᠬᠦ᠂ ᠪᠥᠬᠥ᠌ ᠣᠷᠳᠣ ᠨᠢ 108.6 ᠺᠢᠯᠣᠮᠧᠲ᠋ᠷ ᠤ᠋ᠨ G5511 ᠴᠠᠭᠠᠨᠨᠠᠭᠤᠷ — ᠴᠤᠭᠲᠤ ᠬᠦᠷᠬᠦ ᠲᠥᠷᠥᠯ ᠵᠦᠢᠯ ᠤ᠋ᠨ ᠪᠥᠬᠥ᠌ ᠪᠠᠯᠠ ᠣᠷᠣᠭᠤᠯᠤᠯᠲᠠ ᠢ᠋ᠢ ᠪᠠᠶᠠᠯᠠᠭᠦᠯᠵᠤ᠂ ᠭᠤᠤᠯ ᠴᠣᠭᠴᠠ ᠢ᠋ᠢᠨ ᠪᠠᠷᠢᠯᠭ᠎ᠠ ᠢ᠋ᠢ ᠪᠥᠬᠥ᠌ ᠱᠤᠭᠤᠮ ᠢ᠋ᠢᠡᠷ ᠳᠠᠭᠤᠰᠬᠠᠨ᠂ ᠢᠵᠢ ᠪᠥᠷᠢᠳᠦᠭᠰᠡᠨ ᠳᠠᠭᠠᠯᠲᠠ ᠪᠠᠷᠢᠯᠭ᠎ᠠ ᠢ᠋ᠢ ᠴᠦ᠍ ᠦᠨᠳᠦᠰᠦᠨ ᠳ᠋ᠡᠭᠡᠨ ᠳᠠᠭᠤᠰᠬᠠᠵᠤ᠌᠂ ᠠᠵᠢᠯ ᠲᠤᠰᠢᠶᠠᠵᠤ ᠰᠢᠯᠭᠠᠨ ᠠᠪᠬᠤ ᠪᠡᠯᠡᠳᠬᠡᠯ ᠠᠵᠢᠯ ᠢ᠋ ᠡᠮᠬᠢ ᠵᠢᠷᠤᠮ ᠲᠠᠢ ᠠᠭᠢᠭᠤᠯᠵᠤ ᠪᠠᠢᠨ᠎ᠠ; ᠶᠡᠷᠦᠩᠬᠡᠢ ᠪᠡᠯᠡ ᠣᠷᠣᠭᠤᠯᠤᠯᠲᠠ ᠨᠢ 33.45 ᠳ᠋ᠦᠩᠰᠢᠭᠤᠷ ᠲᠥᠭᠥᠷᠢᠭ ᠲᠦ᠍ ᠬᠦᠷᠬᠦ᠂ ᠪᠦᠬᠦ ᠤᠷᠲᠤ ᠨᠢ 93.8 ᠺᠢᠯᠤᠮᠸᠲᠷ ᠤ᠋ᠨ S22 ᠪᠠᠶᠠᠨᠴᠠᠭᠠᠨ — ᠶᠦᠩ ᠲᠠᠢ ᠭᠦᠩ ᠤ᠋ᠨ ᠬᠡᠰᠡᠭ ᠬᠦᠷᠬᠦ᠌ ᠲᠦᠷᠭᠡᠨ ᠤ᠋ ᠵᠠᠰᠠᠮᠠᠯ ᠵᠠᠮ ᠤ᠋ᠨ ᠲᠦᠷᠦᠯ ᠵᠦᠢᠯ ᠤ᠋ᠨ ᠪᠠᠷᠢᠯᠭ᠎ᠠ ᠢ᠋ᠢ ᠪᠦᠬᠦᠨ ᠢ᠋ ᠳᠠᠭᠤᠰᠬᠠᠨ᠂ ᠣᠳᠣ ᠶᠠᠭ ᠲᠤᠬᠢᠷᠠᠭᠤᠯᠤᠨ ᠲᠤᠷᠰᠢᠬᠤ ᠪᠠ ᠰᠢᠯᠭᠠᠨ ᠠᠪᠬᠤ ᠪᠡᠯᠡᠳᠬᠡᠯ ᠠᠵᠢᠯ ᠢ᠋ ᠥᠷᠨᠢᠭᠦᠯᠵᠦ ᠪᠤᠢ᠃ ᠡᠨᠡ 2 ᠵᠤᠷᠪᠤᠰ ᠲᠦᠷᠭᠡᠨ ᠤ᠋ ᠵᠠᠰᠠᠮᠠᠯ ᠵᠠᠮ ᠲᠡᠷᠭᠡ ᠨᠡᠪᠲᠡᠷᠡᠭᠰᠡᠨ ᠤ᠋ ᠳᠠᠷᠠᠭ᠎ᠠ ᠣᠷᠣᠨ ᠪᠦᠰᠡ ᠢ᠋ᠢᠨ ᠲᠦᠷᠭᠡᠨ ᠤ᠋ ᠵᠠᠰᠠᠮᠠᠯ ᠵᠠᠮ ᠤ᠋ᠨ ᠲᠣᠣᠷ ᠤ᠋ᠨ ᠪᠦᠲᠦᠴᠡ ᠢ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠣᠷᠣᠨ ᠪᠦᠰᠡ ᠢ᠋ᠢᠨ ᠬᠤᠭᠤᠷᠤᠨᠳᠤᠬᠢ ᠠᠶᠠᠨ ᠤ᠋ ᠴᠠᠭ ᠵᠠᠶ ᠢ᠋ᠢ ᠪᠦᠲᠦᠮᠵᠢᠲᠡᠶ ᠪᠣᠭᠣᠨᠢᠰᠬᠠᠨ᠂ ᠵᠠᠮ ᠳᠠᠭᠠᠤ ᠢ᠋ᠢᠨ ᠣᠯᠠᠨ ᠲᠦᠮᠡᠨ ᠤ᠋ ᠶᠠᠪᠤᠵᠤ ᠰᠠᠭᠤᠬᠤ ᠳ᠋ᠤ ᠳᠥᠭᠥᠮ ᠦᠵᠡᠭᠦᠯᠵᠦ᠍᠂ ᠵᠠᠮ ᠳᠠᠭᠠᠤ ᠢ᠋ᠢᠨ ᠠᠵᠤ ᠦᠢᠯᠡᠰ ᠤ᠋ᠨ ᠭᠦᠢᠯᠭᠡᠭᠡ ᠳ᠋ᠤ ᠶᠠᠨᠳᠠᠰᠢ ᠦᠬᠡᠢ ᠬᠦᠴᠦᠨ ᠨᠡᠮᠡᠷᠢᠯᠡᠬᠦ ᠪᠤᠯᠤᠨ᠎ᠠ᠃
ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠡᠨᠡ ᠵᠢᠯ ᠪᠦᠬᠦ᠌ ᠣᠷᠣᠨ ᠪᠦᠰᠡ ᠢ᠋ᠢᠨ ᠭᠣᠣᠯᠳᠠᠯᠭ᠎ᠠ ᠲᠠᠢ ᠵᠠᠰᠠᠮᠠᠯ ᠵᠠᠮ ᠤ᠋ᠨ ᠲᠥᠷᠥᠯ ᠵᠦᠢᠯ ᠤ᠋ᠨ ᠵᠠᠩᠭᠢᠯᠠᠭ᠎ᠠ ᠢ᠋ᠢᠨ ᠠᠵᠢᠯ ᠤ᠋ᠨ ᠶᠠᠪᠤᠴᠠ ᠢ᠋ᠢ ᠦᠷᠭᠦᠯᠵᠢᠯᠡᠨ ᠰᠢᠯᠢᠳᠡᠭᠵᠢᠭᠦᠯᠵᠤ᠂ ᠲᠥᠷᠥᠯ ᠵᠦᠢᠯ ᠤ᠋ᠨ ᠪᠦᠲᠦᠭᠡᠨ ᠪᠠᠶ᠋ᠢᠭᠤᠯᠤᠯᠲᠠ ᠢ᠋ᠢᠨ ᠶᠠᠰᠤ ᠴᠢᠨᠠᠷ ᠪᠠ ᠠᠬᠢᠴᠠ ᠢ᠋ᠢ ᠳᠡᠭᠡᠭᠰᠢᠯᠡᠭᠦᠯᠪᠡ᠃ ᠦᠬᠠᠢ — ᠱ᠌ᠢ ᠽᠦᠢ ᠱᠠᠨ ᠬᠦᠷᠬᠦ᠌ ᠂ ᠨᠠᠷᠠᠰᠤᠨ — ᠯᠦᠩᠺᠸᠦ᠍ ᠬᠦᠷᠬᠦ᠌᠂ ᠪᠢᠴᠢᠭᠡᠴᠢ — ᠰᠢᠷᠡᠭᠡᠴᠢ ᠬᠦᠷᠬᠦ᠌᠂ ᠦᠬᠠᠢ — ᠪᠠᠶᠠᠨᠬᠣᠲᠠ ᠬᠦᠷᠬᠦ᠌ ᠵᠡᠷᠭᠡ ᠭᠣᠣᠯᠳᠠᠯᠭ᠎ᠠ ᠲᠠᠢ ᠵᠠᠰᠠᠮᠠᠯ ᠵᠠᠮ ᠤ᠋ᠨ ᠲᠦᠷᠦᠯ ᠵᠦᠢᠯ ᠢ᠋ ᠵᠡᠷᠭᠡ ᠪᠡᠷ ᠲᠦᠷᠭᠡᠳᠬᠡᠨ ᠠᠬᠢᠭᠤᠯᠵᠤ᠂ ᠡᠯ᠎ᠡ ᠲᠥᠷᠥᠯ ᠵᠦᠢᠯ ᠤ᠋ᠨ ᠪᠠᠷᠢᠯᠭ᠎ᠠ ᠢ᠋ᠢᠨ ᠵᠠᠩᠭᠢᠯᠠᠭ᠎ᠠ ᠢ᠋ᠢᠨ ᠴᠡᠭ ᠲᠡᠶ ᠤᠶᠠᠯᠳᠤᠭᠤᠯᠤᠨ ᠲᠸᠭᠨᠢᠭ ᠮᠡᠷᠭᠡᠵᠢᠯ ᠤ᠋ᠨ ᠪᠠᠲᠤᠯᠠᠭ᠎ᠠ ᠬᠢᠭᠡᠳ ᠲᠤᠬᠠᠶ ᠢ᠋ᠢᠨ ᠲᠠᠯᠠᠪᠠᠶ ᠢ᠋ᠢᠨ ᠬᠠᠮᠢᠶᠠᠷᠤᠯᠲᠠ ᠢ᠋ᠢ ᠴᠢᠩᠭᠠᠳᠬᠠᠵᠤ᠂ ᠭᠤᠤᠯ ᠮᠦᠷᠡᠨ ᠠᠯᠤᠰᠯᠠᠭᠰᠠᠨ ᠣᠨᠴᠠ ᠶᠡᠬᠡ ᠬᠥᠭᠥᠷᠭᠡ ᠵᠢ ᠪᠠᠢᠭᠤᠯᠬᠤ᠂ ᠵᠠᠰᠠᠮᠠᠯ ᠵᠠᠮ ᠤ᠋ᠨ ᠰᠠᠭᠤᠷᠢ ᠢ᠋ᠢ ᠥᠭᠡᠷᠡᠴᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠬᠦᠴᠢᠷ ᠢᠨᠵᠧᠨᠧᠷᠢᠩ ᠳ᠋ᠤ ᠰᠢᠪᠲᠤᠯᠤᠯᠲᠠ ᠭᠠᠷᠭᠠᠨ᠂ ᠪᠣᠳᠠᠲᠤ᠌ ᠴᠣᠭᠴᠠ ᠢ᠋ᠢᠨ ᠪᠠᠷᠢᠯᠭ᠎ᠠ ᠢ᠋ᠢ ᠠᠯᠬᠤᠮ ᠠᠯᠬᠤᠮ ᠢ᠋ᠢᠡᠷ ᠠᠬᠢᠭᠤᠯᠵᠤ᠂ ᠬᠡᠰᠡᠭ ᠵᠠᠰᠠᠮᠠᠯ ᠵᠠᠮ ᠤ᠋ᠨ ᠰᠠᠭᠤᠷᠢ ᠪᠤᠯᠤᠨ ᠬᠥᠭᠥᠷᠭᠡ ᠢ᠋ᠢᠨ ᠳᠣᠣᠷ᠎ᠠ ᠬᠡᠰᠡᠭ ᠤ᠋ᠨ ᠪᠠᠷᠢᠯᠭ᠎ᠠ ᠢ᠋ᠢ ᠦᠨᠳᠦᠰᠦᠨ ᠳ᠋ᠡᠭᠡᠨ ᠳᠠᠭᠤᠰᠬᠠᠵᠤ᠂ ᠵᠠᠮ ᠤ᠋ᠨ ᠭᠠᠳᠠᠷᠭᠤ ᠳ᠋ᠠᠬᠢ ᠪᠠᠷᠢᠯᠭ᠎ᠠ ᠢ᠋ᠢᠨ ᠠᠵᠢᠯ ᠢ᠋ ᠪᠦᠬᠦ᠌ ᠲᠠᠯ᠎ᠠ ᠪᠠᠷ ᠡᠬᠢᠯᠡᠭᠦᠯᠤᠨ᠂ ᠢᠵᠢ ᠪᠦᠷᠢᠳᠦᠭᠦᠯᠬᠦ᠌ ᠪᠠᠷᠢᠯᠭ᠎ᠠ ᠢ᠋ᠢ ᠵᠡᠷᠭᠡ ᠪᠡᠷ ᠶᠠᠪᠤᠭᠳᠠᠭᠤᠯᠵᠤ᠂ ᠪᠦᠬᠦ᠌ ᠱᠤᠭᠤᠮ ᠢ᠋ᠢᠡᠷ ᠲᠡᠷᠬᠡ ᠨᠡᠪᠲᠡᠷᠡᠬᠦ᠌ ᠳ᠋ᠤ ᠪᠠᠲᠤ᠌ ᠰᠠᠭᠤᠷᠢ ᠵᠢ ᠲᠠᠯᠪᠢᠪᠠ᠃
ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠣᠳᠣᠬᠠᠨ ᠤ᠋ ᠪᠦᠲᠦᠭᠡᠨ ᠪᠠᠶ᠋ᠢᠭᠤᠯᠤᠯᠲᠠ ᠬᠢᠭᠡᠳ ᠠᠯᠤᠰ ᠬᠡᠳᠦ ᠢ᠋ᠢᠨ ᠬᠥᠭᠵᠢᠯᠲᠡ ᠢ᠋ᠢ ᠬᠠᠮᠲᠤ ᠳ᠋ᠤᠨᠢ ᠬᠠᠷᠠᠭᠠᠯᠵᠠᠵᠤ᠂ ᠰᠢᠨ᠎ᠡ ᠪᠡᠷ ᠪᠦᠳᠦᠬᠡᠨ ᠪᠠᠶ᠋ᠢᠭᠤᠯᠬᠤ ᠵᠠᠰᠠᠮᠠᠯ ᠵᠠᠮ ᠤ᠋ᠨ ᠲᠥᠷᠥᠯ ᠵᠦᠢᠯ ᠤ᠋ᠨ ᠡᠮᠦᠨᠡᠬᠢ ᠬᠤᠭᠤᠴᠠᠭᠠᠨ ᠤ᠋ ᠠᠵᠢᠯ ᠢ᠋ ᠲᠦᠷᠭᠡᠳᠬᠡᠨ ᠠᠬᠢᠭᠤᠯᠪᠠ᠃ ᠯᠦᠪᠸᠢ — ᠬᠣᠣᠯᠢᠨ ᠭᠣᠣᠯ ᠬᠦᠷᠬᠦ᠌᠂ ᠤᠯᠠᠭᠠᠨᠬᠠᠳᠠ — ᠯᠢᠩ ᠶᠤᠸᠠᠨ ᠬᠦᠷᠬᠦ᠌᠂ ᠬᠠᠯᠢᠭᠤᠲᠤ — ᠮᠤᠨᠠ ᠠᠭᠤᠯᠠ ᠬᠦᠷᠬᠦ᠌᠂ ᠰᠢᠯᠢᠩᠬᠣᠲᠠ — ᠪᠠᠶᠠᠨᠬᠤᠸᠠ ᠬᠦᠷᠬᠦ᠌ ᠵᠡᠷᠭᠡ ᠰᠢᠨ᠎ᠡ ᠪᠡᠷ ᠪᠦᠳᠦᠬᠡᠨ ᠪᠠᠶ᠋ᠢᠭᠤᠯᠬᠤ ᠭᠣᠣᠯᠳᠠᠯᠭ᠎ᠠ ᠲᠠᠢ ᠵᠠᠰᠠᠮᠠᠯ ᠵᠠᠮ ᠤ᠋ᠨ ᠲᠥᠷᠥᠯ ᠵᠦᠢᠯ ᠢ᠋ ᠯᠠᠪᠳᠠᠭᠤᠨ ᠪᠠᠳᠤᠳᠠᠢ ᠠᠬᠢᠭᠤᠯᠵᠤ᠂ ᠭᠠᠵᠠᠷ ᠰᠢᠷᠣᠶ ᠢ᠋ᠢᠨ ᠤᠷᠢᠳᠴᠢᠯᠠᠬᠰᠠᠨ ᠬᠢᠨᠠᠯᠲᠠ᠂ ᠣᠷᠴᠢᠨ ᠲᠣᠭᠣᠷᠢᠨ ᠤ᠋ ᠦᠨᠡᠯᠡᠯᠲᠡ᠂ ᠤᠰᠤᠨ ᠤ᠋ ᠬᠠᠮᠠᠭᠠᠯᠠᠯᠲᠠ ᠵᠡᠷᠭᠡ ᠲᠤᠰᠬᠠᠶ ᠵᠦᠢᠯ ᠤ᠋ᠨ ᠬᠢᠨᠠᠨ ᠵᠥᠪᠰᠢᠶᠡᠷᠡᠬᠦ᠌ ᠭᠠᠷᠳᠠᠮ ᠢ᠋ ᠥᠨᠳᠥᠷ ᠪᠦᠲᠦᠮᠵᠢᠲᠡᠶ ᠪᠡᠶᠡᠯᠡᠭᠦᠯᠵᠦ᠍᠂ ᠲᠠᠲᠠᠪᠤᠷᠢᠯᠠᠨ ᠨᠤᠷᠠᠭᠠᠵᠤ ᠨᠡᠭᠦᠯᠭᠡᠬᠦ᠌ ᠨᠥᠬᠥᠪᠥᠷᠢ᠂ ᠲᠦᠷ ᠴᠠᠭ ᠤ᠋ᠨ ᠪᠠᠷᠢᠯᠭ᠎ᠠ ᠪᠠᠷᠢᠬᠤ᠂ ᠬᠠᠶ᠋ᠢᠨ ᠪᠠᠶ᠋ᠢᠴᠠᠭᠠᠵᠤ ᠵᠢᠷᠤᠵᠤ ᠲᠥᠯᠥᠪᠯᠡᠬᠦ᠌ ᠵᠡᠷᠭᠡ ᠡᠮᠦᠨᠡᠬᠢ ᠬᠤᠭᠤᠴᠠᠭᠠᠨ ᠤ᠋ ᠠᠵᠢᠯ ᠢ᠋ ᠦᠨᠳᠦᠰᠦᠨ ᠳ᠋ᠡᠭᠡᠨ ᠳᠠᠭᠤᠰᠬᠠᠪᠠ᠃ ᠪᠠᠰᠠ ᠪᠤᠰᠤᠳ ᠣᠯᠠᠨ ᠲᠥᠷᠥᠯ ᠵᠦᠢᠯ ᠤ᠋ᠨ ᠡᠮᠦᠨᠡᠬᠢ ᠬᠤᠭᠤᠴᠠᠭᠠᠨ ᠤ᠋ ᠴᠣᠬᠣᠯᠠᠪᠤᠷᠢ ᠢ᠋ᠢ ᠳᠠᠭᠤᠰᠬᠠᠨ᠂ ᠨᠢᠬᠡᠨᠳᠠ ᠪᠠᠷᠢᠯᠭ᠎ᠠ ᠠᠵᠢᠯ ᠡᠬᠢᠯᠡᠭᠦᠯᠵᠤ ᠪᠦᠲᠦᠭᠡᠨ ᠪᠠᠶ᠋ᠢᠭᠤᠯᠬᠤ ᠨᠥᠬᠥᠴᠡᠯ ᠢ᠋ ᠪᠦᠬᠦ᠌ ᠲᠠᠯ᠎ᠠ ᠪᠠᠷ ᠪᠦᠷᠢᠯᠳᠦᠭᠦᠯᠪᠡ᠃
《ᠡᠳᠡᠭᠡᠷ ᠰᠢᠨ᠎ᠡ ᠪᠡᠷ ᠪᠦᠳᠦᠬᠡᠨ ᠪᠠᠶ᠋ᠢᠭᠤᠯᠬᠤ ᠵᠠᠰᠠᠮᠠᠯ ᠵᠠᠮ ᠤ᠋ᠨ ᠲᠦᠷᠦᠯ ᠵᠦᠢᠯ ᠨᠢ ᠥᠪᠥᠷ ᠮᠣᠩᠭᠣᠯ ᠤ᠋ᠨ ᠵᠡᠭᠦᠨ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠤᠯᠠᠨ ᠭᠣᠣᠯᠳᠠᠯᠭ᠎ᠠ ᠲᠠᠢ ᠣᠷᠣᠨ ᠪᠦᠰᠡ ᠢ᠋ᠢ ᠨᠥᠯᠥᠭᠡᠯᠡᠵᠦ᠍᠂ ᠪᠦᠳᠦᠬᠡᠨ ᠪᠠᠶ᠋ᠢᠭᠤᠯᠵᠤ ᠳᠠᠭᠤᠰᠤᠭᠰᠠᠨ ᠤ᠋ ᠳᠠᠷᠠᠭ᠎ᠠ ᠮᠤᠵᠢ ᠢ᠋ᠢᠨ ᠬᠣᠭᠣᠷᠣᠨᠳᠣᠬᠢ ᠪᠤᠯᠤᠨ ᠣᠷᠣᠨ ᠪᠦᠰᠡ ᠢ᠋ᠢᠨ ᠬᠣᠭᠣᠷᠣᠨᠳᠣᠬᠢ ᠵᠠᠮ ᠬᠠᠷᠢᠯᠴᠠᠭ᠎ᠠ ᠢ᠋ᠢ ᠰᠢᠯᠤᠭᠤᠳᠬᠠᠨ᠂ ᠤᠷᠤᠨ ᠪᠦᠰᠡ ᠵᠢᠨ ᠠᠵᠤ ᠠᠬᠤᠢ ᠵᠢᠨ ᠡᠷᠬᠢᠯᠳᠡ ᠵᠢ ᠰᠢᠯᠤᠭᠤᠳᠬᠠᠵᠤ᠂ ᠨᠡᠩ ᠥᠨᠳᠥᠷ ᠪᠦᠲᠦᠮᠵᠢᠲᠡᠢ᠂ ᠰᠠᠭᠠᠳ ᠦᠭᠡᠢ ᠨᠡᠪᠲᠡᠷᠡᠬᠦ᠌ ᠵᠠᠰᠠᠮᠠᠯ ᠵᠠᠮ ᠤ᠋ᠨ ᠲᠣᠣᠷ ᠢ᠋ ᠪᠦᠷᠢᠯᠳᠦᠬᠦᠯᠤᠨ᠂ ᠪᠦᠬᠦ᠌ ᠣᠷᠣᠨ ᠤ᠋ ᠠᠵᠤ ᠦᠢᠯᠡᠰ ᠤ᠋ᠨ ᠬᠣᠯᠪᠣᠭᠠᠯᠠᠨ ᠬᠥᠳᠡᠯᠦᠯᠴᠡᠬᠦ᠌ ᠪᠠ ᠣᠷᠣᠨ ᠪᠦᠰᠡ ᠵᠢᠨ ᠬᠠᠮᠵᠢᠯᠴᠠᠨ ᠬᠥᠭᠵᠢᠬᠦ᠌ ᠳ᠋ᠤ ᠪᠠᠲᠤ᠌ ᠪᠡᠬᠢ ᠵᠠᠮ ᠬᠠᠷᠢᠯᠴᠠᠭᠠᠨ ᠤ᠋ ᠲᠤᠯᠭᠠᠭᠤᠷᠢᠯᠠᠯ ᠬᠠᠩᠭᠠᠬᠤ ᠪᠣᠯᠤᠨ᠎ᠠ》 ᠬᠡᠵᠤ ᠦᠪᠦᠷ ᠮᠤᠡᠭᠭᠤᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠤ᠋ᠨ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠨᠢᠯᠴᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃