ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-10-07 11:51:06

ᠵᠣᠬᠢᠶᠠᠭ᠍ᠴᠢ᠄ ᠪᠦᠦ ᠴᠢᠩ ᠱᠧᠩ᠂ ᠯᠢᠦ ᠶᠤᠧᠠᠨ ᠹᠧᠩ ᠣᠩᠱᠢᠭ᠍ᠰᠠᠨ ᠣᠳᠠᠭ᠎ᠠ᠄ 3

ᠺᠠᠢᠯᠤ᠎ᠶᠢᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ ᠬᠠᠷᠢ ᠭᠠᠳᠠᠭᠠᠳᠤ᠎ᠳᠤ ᠪᠤᠷᠤᠯᠠᠭᠤᠯᠤᠭᠳᠠᠯ᠎ᠠ

ᠠᠯᠳᠠᠨ ᠨᠠᠮᠤᠷ ᠰᠠᠭᠠᠲᠠᠵᠤ ᠤᠯᠤᠰ ᠎ᠤᠨ ᠪᠠᠶᠠᠷ ᠎ᠤᠨ ᠠᠮᠠᠷᠠᠯᠲᠠ ᠤᠢᠷᠠᠳᠬᠤ ᠪᠡᠷ᠂ ᠲᠦᠩᠯᠢᠶᠣᠣ ᠬᠤᠲᠠ᠎ᠶᠢᠨ ᠺᠠᠢᠯᠤ ᠰᠢᠶᠠᠨ᠎ᠤ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ ᠪᠣᠯᠪᠠᠰᠤᠷᠠᠵᠤ ᠤᠯᠠᠢᠭᠠᠳ ᠳᠡᠭᠥᠬᠦ ᠴᠠᠭ ᠪᠤᠯᠤᠭᠰᠠᠨ᠎ᠢ ᠮᠡᠳᠡᠭᠡᠯᠡᠨ᠎ᠡ᠃ ᠵᠢᠮᠢᠰ᠎ᠦᠨ ᠬᠦᠷᠢᠶᠡᠯᠡᠩ᠎ᠳᠦ ᠶᠠᠭᠠᠷᠠᠯᠲᠠᠢ ᠠᠵᠢᠯᠯᠠᠵᠤ ᠪᠠᠢᠭ᠎ᠠ ᠵᠢᠮᠢᠰ᠎ᠦᠨ ᠲᠠᠷᠢᠶᠠᠴᠢᠨ᠎ᠠᠴᠠ ᠭᠠᠳᠠᠨ᠎ᠠ ᠪᠠᠰᠠ ᠨᠢᠭᠡ ᠪᠦᠯᠦᠭ ᠵᠢᠮᠢᠰ᠎ᠦᠨ ᠦᠨ᠎ᠡ ᠵᠠᠰᠠᠭ᠍ᠴᠢ ᠤᠳᠠᠰᠥ ᠪᠡᠷ ᠤᠯᠤᠰ᠎ᠤᠨ ᠳᠤᠳᠤᠨ᠎ᠠ ᠭᠠᠳᠠᠨᠠᠬᠢ ᠠᠷᠠᠯᠵᠢᠶᠠᠴᠢᠳ ᠲᠠᠢ ᠬᠤᠯᠪᠤᠭ᠎ᠠ ᠠᠪᠴᠤ ᠮᠤᠩᠭᠠᠨᠢᠨ᠎ᠠ᠃ ᠲᠡᠳᠡ ᠵᠢᠮᠢᠰ ᠲᠠᠷᠢᠲᠠᠬ ᠲᠠᠷᠢᠶᠠᠴᠢᠨ ᠪᠣᠯᠣᠨ ᠠᠷᠠᠯᠵᠢᠶᠠᠴᠢᠨ᠎ᠢ ᠬᠣᠯᠪᠣᠭᠰᠠᠨ 《ᠵᠠᠭᠤᠴᠢ》 ᠪᠣᠯᠤᠭᠰᠠᠨ᠎ᠤ ᠬᠤᠪᠢ᠎ᠳᠤ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠡᠬᠢ ᠪᠠᠶᠠᠯᠢᠭ᠋᠎ᠢ ᠨᠡᠢᠳᠬᠡᠵᠦ᠂ ᠪᠣᠷᠤᠯᠠᠭᠤᠯᠭ᠎ᠠ᠎ᠶᠢᠨ ᠠᠷᠭ᠎ᠠ ᠵᠠᠮ᠎ᠢ ᠥᠷᠭᠡᠳᠬᠡᠨ᠂ ᠵᠢᠮᠢᠰ ᠲᠠᠷᠢᠲᠠᠬ ᠲᠠᠷᠢᠶᠠᠴᠢᠨ᠎ᠤ 《ᠰᠠᠢᠨ ᠦᠢᠯᠡᠳᠪᠦᠷᠢᠯᠡᠭᠰᠡᠨ᠎ᠴᠦ ᠰᠠᠢᠳᠥᠷ ᠪᠣᠷᠣᠯᠠᠭᠤᠯᠵᠤ ᠴᠢᠳᠠᠬᠤ ᠦᠭᠡᠢ》 ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠺᠠᠢᠯᠥ ᠵᠢᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠢ ᠪᠦᠬᠦ ᠤᠯᠤᠰ᠎ᠲᠤ ᠪᠣᠷᠣᠯᠠᠭᠤᠯᠥᠨ᠂ ᠴᠢᠨᠠᠭᠰᠢᠯᠠᠨ ᠲᠠᠯᠠᠢ ᠭᠡᠳᠥᠯᠥᠨ ᠭᠠᠳᠠᠭᠠᠳᠥ᠎ᠳᠦ ᠭᠠᠷᠭᠠᠬᠤ᠎ᠶᠢ ᠠᠬᠢᠭᠤᠯᠤᠭᠰᠠᠨ ᠪᠠᠢᠨ᠎ᠠ᠃

— ᠡᠨᠡ ᠤᠳᠠᠭ᠎ᠠ ᠭᠣᠣᠯᠳᠠᠭᠤ ᠭᠠᠳᠠᠭᠠᠳᠤ᠎ᠶᠢᠨ ᠠᠷᠠᠯᠵᠢᠶᠠᠴᠢᠳ᠎ᠲᠦ ᠵᠣᠷᠢᠭᠤᠯᠵᠤ ᠵᠢᠮᠢᠰ ᠰᠤᠩᠭᠤᠵᠤ ᠪᠤᠢ᠂ ᠵᠢᠮᠢᠰ᠎ᠦᠨ ᠳ᠋ᠢᠶᠠᠮᠧᠲᠷ ᠨᠢ 35 ᠮᠢᠯᠢᠮᠧᠲᠷ᠎ᠲᠦ ᠬᠦᠷᠴᠥ᠂ ᠵᠢᠮᠢᠰ᠎ᠦᠨ ᠬᠠᠯᠢᠰᠤ ᠨᠢ ᠵᠠᠪᠠᠯ ᠴᠡᠪᠡᠷ ᠭᠦᠯᠢᠭᠡᠷ ᠪᠠᠢᠵᠤ᠂ ᠮᠥᠨᠳᠥᠷ᠎ᠦᠨ ᠰᠢᠷᠬ᠎ᠠ᠂ ᠬᠠᠷ᠎ᠠ ᠲᠣᠯᠪᠣ ᠪᠠᠢᠵᠤ ᠪᠣᠯᠬᠤ ᠦᠭᠡᠢ ᠁

ᠡᠮᠦᠨᠡᠬᠡᠨ᠂ ᠮᠠᠶ᠋ᠢᠰᠢᠨ ᠪᠠᠯᠭᠠᠰᠤᠨ᠎ᠤ ᠶᠡᠬᠡ ᠰᠠᠯᠠᠭ᠎ᠠ ᠲᠣᠰᠬᠣᠨ᠎ᠤ ᠨᠢᠭᠡᠨ ᠪᠠᠷᠢᠮᠵᠢᠶᠠᠵᠢᠭ᠍ᠰᠠᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠦᠨ ᠬᠦᠷᠢᠶᠡᠯᠡᠩ᠎ᠳᠦ ᠵᠢᠮᠢᠰ᠎ᠦᠨ ᠦᠨ᠎ᠡ ᠵᠠᠰᠠᠭ᠍ᠴᠢ ᠶᠠᠩ ᠯᠢ ᠬᠤᠢ ᠭᠠᠳᠠᠨᠠᠬᠢ ᠠᠷᠠᠯᠵᠢᠶᠠᠴᠢᠨ᠎ᠢ ᠳᠠᠭᠠᠭᠤᠯᠤᠨ᠂ ᠲᠤᠬᠠᠢ᠎ᠶᠢᠨ ᠭᠠᠵᠠᠷ ᠲᠤᠨᠢ ᠵᠢᠮᠢᠰ᠎ᠦᠨ ᠶᠠᠰᠤ ᠴᠢᠨᠠᠷ᠎ᠢ ᠪᠠᠢᠴᠠᠭᠠᠨ ᠦᠵᠡᠵᠦ᠂ ᠦᠨ᠎ᠡ ᠬᠠᠩᠰᠢ᠎ᠶᠢ ᠵᠥᠪᠳᠡᠭᠰᠡᠨ᠎ᠦ ᠳᠠᠷᠠᠭ᠎ᠠ ᠠᠷᠠᠯᠵᠢᠶᠠᠴᠢᠨ᠎ᠳᠤ ᠱᠠᠭᠠᠷᠳᠠᠯᠭ᠎ᠠ ᠪᠠᠷᠢᠮᠵᠢᠶ᠎ᠠ᠎ᠳᠤ ᠨᠡᠢᠴᠡᠭᠰᠡᠨ ᠰᠣᠷᠭᠣᠭ ᠵᠢᠮᠢᠰ᠎ᠢ ᠬᠠᠩᠭᠠᠵᠤ ᠪᠠᠢᠯ᠎ᠠ᠃

ᠭᠠᠢ᠍ᠢᠵᠸᠤ ᠬᠤᠲᠠ᠎ᠶᠢᠨ ᠵᠢᠶᠦ᠋ᠨ ᠬᠣᠩ ᠰᠤᠷᠭᠤᠬ ᠵᠢᠮᠢᠰ᠎ᠤᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠴᠢᠦᠢ ᠴᠤᠧᠠᠨ ᠰᠢᠦᠢ᠄ 《ᠪᠢᠳᠡ ᠯᠢᠶᠣᠤᠨᠢᠩ ᠮᠤᠵᠢ᠎ᠠᠴᠠ ᠢᠷᠡᠵᠡᠢ᠂ ᠺᠠᠢᠯᠤ᠎ᠵᠢᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠢ ᠬᠤᠳᠠᠯᠳᠤᠨ ᠠᠪᠤᠭᠠᠳ ᠨᠢᠭᠡᠨᠲᠡ ᠭᠤᠷᠪᠠᠨ ᠵᠢᠯ ᠪᠣᠯᠵᠤ ᠪᠤᠢ᠂ ᠤᠯᠠᠭᠠᠨ ᠠᠯᠮᠤᠷᠠᠳ᠎ᠤᠨ ᠬᠡᠯᠪᠡᠷᠢ ᠳᠦᠷᠰᠦ᠂ ᠥᠩᠭᠡ ᠠᠮᠲᠠ ᠵᠡᠷᠭᠡ ᠨᠢ ᠪᠦᠷ ᠨᠡᠯᠢᠶᠡᠳ ᠰᠠᠢᠨ᠂ ᠡᠨᠡ ᠵᠢᠯ 200 ᠲᠦᠮᠡᠨ ᠵᠢᠩ ᠬᠤᠳᠠᠯᠳᠤᠨ ᠠᠪᠴᠤ᠂ ᠵᠡᠭᠦᠨ ᠡᠮᠦᠨᠡᠲᠦ ᠠᠽᠢᠶ᠎ᠠ᠎ᠶᠢᠨ ᠤᠯᠤᠰ ᠣᠷᠣᠨ᠎ᠳᠤ ᠭᠠᠷᠭᠠᠬᠤ᠎ᠪᠠᠷ ᠲᠥᠯᠥᠪᠯᠡᠵᠦ ᠪᠠᠢᠨ᠎ᠠ》 ᠭᠡᠵᠤ ᠰᠤᠷᠪᠤᠯᠵᠢᠯᠠᠭᠴᠢ᠎ᠳᠤ ᠲᠠᠨᠢᠯᠴᠠᠭᠤᠯᠪᠠ᠃ ᠳᠡᠳᠡ ᠶᠠᠩ ᠯᠢ ᠬᠤᠢ᠎ᠶᠢᠨ ᠬᠤᠯᠪᠤᠭ᠎ᠠ ᠠᠪᠴᠤ ᠵᠣᠬᠢᠴᠠᠭᠤᠯᠬᠤ᠎ᠪᠠᠷ ᠳᠠᠮᠵᠢᠨ᠂ ᠭᠠᠳᠠᠭᠠᠳᠤ᠎ᠳᠤ ᠭᠠᠷᠭᠠᠬᠤ ᠪᠠᠷᠢᠮᠵᠢᠶ᠎ᠠ᠎ᠳᠤ ᠨᠡᠢᠴᠡᠭᠰᠡᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠢ ᠮᠠᠰᠢ ᠲᠦᠷᠭᠡᠨ ᠤᠯᠵᠤ ᠲᠡᠭᠦᠵᠡᠢ᠃

ᠶᠠᠩ ᠯᠢ ᠬᠤᠢ ᠥᠪᠡᠰᠤᠪᠠᠨ 70 ᠭᠠᠷᠤᠢ ᠮᠦ᠍ ᠠᠭᠠᠯᠢᠬ ᠵᠢᠮᠢᠰ ᠬᠢᠭᠡᠳ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ ᠵᠠᠢᠯᠠᠵᠤ᠂ 20 ᠵᠢᠯ᠎ᠦᠨ ᠵᠢᠮᠢᠰ ᠵᠠᠢᠯᠠᠵᠤ ᠠᠷᠠᠴᠢᠯᠠᠬᠰᠠᠨ ᠪᠠ ᠪᠣᠷᠣᠯᠠᠭᠤᠯᠤᠭᠰᠠᠨ ᠲᠤᠷᠰᠢᠯᠭ᠎ᠠ᠎ᠲᠠᠢ᠂ ᠵᠢᠯ ᠲᠤᠷᠰᠢ ᠵᠢᠮᠢᠰ᠎ᠤᠨ ᠮᠤᠳᠤᠨ᠎ᠦ ᠠᠵᠦ ᠦᠢᠯᠡᠰ ᠡᠵᠡᠩᠨᠡᠵᠤ ᠪᠠᠢᠬᠤ ᠪᠤᠯᠬᠤᠷ ᠵᠢᠮᠢᠰ ᠲᠠᠷᠢᠲᠠᠬ ᠲᠠᠷᠢᠶᠠᠴᠢᠳ᠎ᠤᠨ ᠬᠥᠴᠢᠷᠳᠡᠯ᠎ᠢ ᠰᠠᠢᠨ ᠤᠢᠯᠠᠭᠠᠳᠠᠬ᠃ 《ᠥᠩᠭᠡᠷᠡᠭᠰᠡᠨ᠎ᠳᠦ ᠴᠥᠭᠡᠨ ᠪᠤᠰᠤ ᠵᠢᠮᠢᠰ ᠲᠠᠷᠢᠲᠠᠬ ᠲᠠᠷᠢᠶᠠᠴᠢᠳ ᠪᠣᠷᠣᠯᠠᠭᠤᠯᠬᠤ ᠠᠷᠭ᠎ᠠ ᠵᠠᠮ ᠦᠭᠡᠢ ᠤᠴᠢᠷ᠎ᠠᠴᠠ ᠵᠢᠮᠢᠰ᠎ᠢᠶᠡᠨ ᠬᠤᠳᠠᠯᠳᠤᠬᠤ᠎ᠳᠤ ᠬᠦᠴᠢᠷ᠂ ᠰᠠᠢᠨ ᠵᠢᠮᠢᠰ᠎ᠢᠶᠡᠨ ᠰᠠᠢᠨ ᠦᠨ᠎ᠡ᠎ᠳᠤ ᠬᠦᠷᠭᠡᠵᠦ ᠳᠡᠶ᠋ᠢᠯᠬᠦ ᠦᠭᠡᠢ ᠠᠰᠠᠭᠤᠳᠠᠯ᠎ᠳᠤ ᠲᠤᠯᠭᠠᠷᠠᠨ᠂ ᠵᠢᠮᠢᠰ᠎ᠤᠨ ᠠᠵᠤ ᠥᠢᠯᠡᠰ᠎ᠢ ᠬᠥᠭᠵᠢᠬᠥᠯᠬᠥ ᠢᠳᠡᠪᠬᠢᠵᠢᠯ᠎ᠢ ᠨᠢ ᠬᠠᠷᠰᠢᠯᠠᠵᠤ ᠪᠠᠢᠵᠠᠢ》 ᠭᠡᠵᠦ ᠳᠡᠷᠡ ᠤᠴᠢᠷᠯᠠᠪᠠ᠃ ᠺᠠᠢᠯᠤ ᠰᠢᠶᠠᠨ᠎ᠤ ᠤᠢ ᠵᠢᠨ ᠵᠢᠮᠢᠰ᠎ᠦᠨ ᠠᠵᠤ ᠦᠢᠯᠡᠰ᠎ᠦᠨ ᠨᠡᠢᠭᠡᠮᠯᠢᠭ᠎ᠦᠨ ᠳᠠᠷᠤᠭ᠎ᠠ ᠪᠤᠯᠤᠬᠰᠠᠨ ᠶᠠᠩ ᠯᠢ ᠬᠤᠢ ᠵᠢᠮᠢᠰ ᠲᠠᠷᠢᠲᠠᠬ ᠲᠠᠷᠢᠶᠠᠴᠢᠳ᠎ᠲᠤ ᠦᠨ᠎ᠡ ᠲᠥᠯᠥᠪᠦᠷᠢ ᠦᠭᠡᠢ᠎ᠮᠡᠷᠭᠡᠵᠢᠯ᠎ᠦᠨ ᠦᠢᠯᠡᠴᠢᠯᠡᠭᠡ ᠬᠠᠩᠭᠠᠵᠤ᠂ ᠭᠡᠷ ᠲᠦ᠍ᠨᠢ ᠬᠦᠷᠴᠦ ᠵᠢᠮᠢᠰ᠎ᠦᠨ ᠮᠣᠳᠣ᠌᠎ᠵᠢ ᠠᠷᠠᠴᠢᠯᠠᠵᠤ ᠬᠠᠮᠠᠭᠠᠯᠠᠬᠤ᠂ ᠭᠡᠮ ᠬᠣᠷᠣᠬᠠᠢ᠎ᠶᠢᠨ ᠬᠥᠨᠥᠭᠡᠯ᠎ᠢ ᠰᠡᠷᠭᠡᠢᠯᠡᠨ ᠵᠠᠰᠠᠬᠤ ᠵᠡᠷᠭᠡ ᠡᠯ᠎ᠡ ᠵᠦᠢᠯ᠎ᠦᠨ ᠦᠢᠯᠡᠳᠪᠦᠷᠢᠯᠡᠯ᠎ᠦᠨ ᠬᠦᠴᠢᠷ ᠠᠰᠠᠭᠤᠳᠠᠯ᠎ᠢ ᠰᠢᠢᠳᠪᠦᠷᠢᠯᠡᠨ ᠥᠭᠴᠥ᠂ ᠵᠢᠮᠢᠰ᠎ᠦᠨ ᠶᠠᠰᠤ ᠴᠢᠨᠠᠷ᠎ᠢ ᠡᠬᠢ ᠡᠭᠦᠰᠦᠯ᠎ᠡᠴᠡ ᠨᠢ ᠳᠡᠭᠡᠭᠰᠢᠯᠡᠭᠦᠯᠦᠭᠰᠡᠭᠡᠷ ᠢᠷᠡᠪᠡ᠃ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠦᠨ ᠪᠣᠷᠤᠯᠠᠭᠤᠯᠭ᠎ᠠ᠎ᠶᠢᠨ ᠬᠥᠭᠵᠢᠶᠡᠨᠲᠦ ᠤᠯᠠᠷᠢᠯ ᠪᠣᠯᠬᠤ ᠪᠥᠷᠢ ᠲᠡᠷᠡ ᠪᠠᠰᠠ ᠥᠨ᠎ᠡ ᠲᠥᠯᠥᠪᠥᠷᠢ ᠥᠭᠡᠢ ᠪᠡᠷ ᠵᠢᠮᠢᠰ ᠲᠠᠷᠢᠲᠠᠬ ᠲᠠᠷᠢᠶᠠᠴᠢᠳ᠎ᠢ ᠬᠠᠪᠰᠤᠷᠤᠨ᠂ ᠪᠣᠷᠤᠯᠠᠭᠤᠯᠭ᠎ᠠ᠎ᠶᠢᠨ ᠵᠠᠮ᠎ᠢ ᠨᠢ ᠨᠡᠭᠡᠭᠡᠬᠦ ᠪᠤᠶᠤ ᠪᠣᠷᠤᠯᠠᠭᠤᠯᠭ᠎ᠠ᠎ᠶᠢᠨ ᠵᠠᠮ᠎ᠢ ᠨᠢ ᠥᠷᠭᠡᠳᠬᠡᠨ᠂ ᠵᠢᠮᠢᠰ ᠲᠠᠷᠢᠳᠠᠭ ᠲᠠᠷᠢᠶᠠᠴᠢᠳ᠎ᠤᠨ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠶᠢ ᠳᠠᠢᠴᠢᠯᠠᠭᠰᠠᠨ ᠪᠠᠢᠨ᠎ᠠ᠃

《ᠶᠠᠩ ᠯᠢ ᠬᠤᠢ ᠨᠡᠢᠭᠡᠮᠯᠢᠭ᠎ᠦᠨ ᠳᠠᠷᠤᠭ᠎ᠠ ᠮᠠᠨ᠎ᠳᠦ ᠦᠨ᠎ᠡ ᠲᠦᠯᠦᠪᠦᠷᠢ ᠦᠭᠡᠢ᠎ᠪᠡᠷ ᠮᠡᠷᠭᠡᠵᠢᠯ᠎ᠦᠨ ᠵᠢᠯᠣᠭᠣᠳᠤᠯᠭ᠎ᠠ ᠬᠢᠵᠦ ᠥᠭᠭᠦᠭᠰᠡᠨ᠎ᠢᠶᠡᠷ ᠪᠠᠷᠠᠬᠤ ᠦᠭᠡᠢ ᠪᠠᠰᠠ ᠠᠷᠠᠯᠵᠢᠶᠠᠴᠢᠨ᠎ᠲᠠᠢ ᠬᠤᠯᠪᠤᠭ᠎ᠠ ᠠᠪᠴᠤ ᠥᠭᠴᠡᠢ᠂ ᠮᠠᠨ᠎ᠤ 44 ᠮᠸ᠋ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠤᠨ ᠡᠨᠡ ᠵᠢᠯ᠎ᠦᠨ ᠪᠦᠬᠦ ᠭᠠᠷᠤᠯᠲᠠ ᠪᠠᠷᠤᠭ 5 ᠲᠦᠮᠡᠨ ᠵᠢᠩ᠎ᠳᠦ ᠬᠦᠷᠴᠦ᠂ ᠵᠢᠩ᠎ᠳᠡᠭᠡᠨ 2.7 ᠲᠥᠭᠥᠷᠢᠭ᠎ᠦᠨ ᠦᠨ᠎ᠡ᠎ᠪᠡᠷ ᠬᠤᠳᠠᠯᠳᠤᠬᠤ ᠪᠡᠷ ᠳᠤᠬᠳᠠᠬᠰᠠᠨ ᠪᠣᠯᠬᠣᠷ ᠮᠠᠨ᠎ᠤ ᠵᠢᠮᠢᠰ ᠲᠠᠷᠢᠳᠠᠭ ᠲᠠᠷᠢᠶᠠᠴᠢᠳ ᠪᠣᠷᠤᠯᠠᠭᠤᠯᠭ᠎ᠠ᠎ᠶᠢᠨ ᠲᠥᠯᠥᠭᠡ ᠰᠠᠨᠠᠭ᠎ᠠ ᠵᠣᠪᠠᠬᠤ ᠦᠭᠡᠢ ᠪᠣᠯᠵᠠᠢ》 ᠭᠡᠵᠦ ᠮᠠᠢᠰᠢᠨ ᠪᠠᠯᠭᠠᠰᠤᠨ᠎ᠤ ᠵᠢᠮᠢᠰ ᠲᠠᠷᠢᠳᠠᠭ ᠲᠠᠷᠢᠶᠠᠴᠢᠨ ᠰᠦᠩ ᠬᠠᠢ ᠹᠧᠢ ᠪᠠᠶᠠᠷᠯᠠᠨ ᠬᠡᠯᠡᠵᠤ ᠪᠠᠢᠪᠠ᠃

ᠺᠠᠢᠯᠤ ᠰᠢᠶᠠᠨ᠎ᠤ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠤᠨ ᠵᠢᠮᠢᠰ᠎ᠤᠨ ᠮᠤᠳᠤᠨ᠎ᠤ ᠲᠠᠯᠠᠪᠠᠶ 10 ᠲᠦᠮᠡᠨ ᠮᠦ᠍᠎ᠳᠤ ᠬᠦᠷᠴᠦ ᠪᠤᠢ᠂ ᠡᠭᠦᠨ᠎ᠳᠦ ᠵᠢᠮᠢᠰᠯᠡᠬᠥ ᠬᠤᠭᠤᠴᠠᠭᠠᠨ ᠳ᠋ᠤ ᠤᠷᠤᠬᠰᠠᠨ ᠵᠢᠮᠢᠰ᠎ᠤᠨ ᠮᠤᠳᠤᠨ᠎ᠤ ᠲᠠᠯᠠᠪᠠᠶ ᠨᠢ 4.2 ᠲᠦᠮᠡᠨ ᠮᠦ᠍᠎ᠳᠦ ᠬᠦᠷᠴᠦ᠂ ᠵᠢᠯ᠎ᠦᠨ ᠶᠡᠷᠦᠩᠬᠡᠢ ᠤᠨᠠᠯᠲᠠ ᠨᠢ 1 ᠳ᠋ᠦᠩᠰᠢᠭᠤᠷ ᠵᠢᠩ᠎ᠢ ᠳᠠᠪᠠᠵᠤ ᠪᠤᠢ᠃ ᠰᠠᠶᠢᠬᠠᠨ ᠲᠡᠭᠦᠭᠰᠡᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠢ ᠨᠠᠷᠢᠯᠢᠭ᠋ ᠢᠯᠭᠠᠭᠠᠳ ᠳᠡᠰ ᠬᠤᠪᠢᠶᠠᠨ ᠪᠣᠭᠣᠳᠠᠯᠯᠠᠭᠰᠠᠨ᠎ᠤ ᠳᠠᠷᠠᠭ᠎ᠠ ᠨᠢᠭᠡ ᠪᠥᠯᠥᠭ᠎ᠢ ᠨᠢ ᠲᠡᠷᠭᠡᠨ᠎ᠳᠦ ᠠᠴᠢᠭᠠᠳ ᠭᠠᠳᠠᠭ᠍ᠰᠢ ᠪᠣᠷᠣᠯᠠᠭᠤᠯᠵᠤ᠂ ᠨᠥᠭᠥᠭᠡ ᠪᠥᠯᠥᠭ᠎ᠢ ᠨᠢ ᠬᠥᠢᠳᠡᠨ ᠬᠥᠮᠥᠷᠭᠡ᠎ᠳᠦ ᠣᠷᠣᠭᠤᠯᠤᠨ᠂ ᠲᠣᠭᠲᠠᠮᠠᠯ ᠳᠤᠯᠠᠭᠠᠨ᠎ᠢᠶᠠᠷ ᠬᠠᠳᠠᠭᠠᠯᠠᠵᠤ᠂ ᠬᠤᠳᠠᠯᠳᠤᠬᠤ ᠣᠷᠭᠢᠯ᠎ᠤᠨ ᠬᠤᠭᠤᠴᠠᠭ᠎ᠠ ᠵᠢ ᠵᠥᠷᠢᠭᠦᠯᠦᠨ ᠪᠣᠷᠣᠯᠠᠭᠤᠯᠳᠠᠭ᠃ ᠺᠠᠢᠯᠤ ᠪᠠᠯᠭᠠᠰᠤᠨ᠎ᠤ ᠬᠥᠩ ᠰᠢᠩ ᠳ᠋ᠠᠩ ᠲᠣᠰᠬᠣᠨ᠎ᠤ ᠵᠢᠢ ᠹᠧᠩ ᠱᠠᠨ᠎ᠤ ᠵᠢᠮᠢᠰ᠎ᠦᠨ ᠬᠦᠷᠢᠶᠡᠯᠡᠩ᠎ᠳᠦ ᠠᠵᠢᠯᠴᠢᠳ ᠮᠤᠳᠤᠨ ᠳᠡᠭᠡᠷ᠎ᠡ ᠡᠴᠡ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠢ ᠤᠭᠤᠲᠠᠨ᠎ᠳᠤ ᠳᠡᠭᠥᠭᠡᠳ ᠳᠠᠬᠢᠨ ᠬᠠᠢᠷᠴᠠᠭ᠎ᠲᠤ ᠰᠠᠪᠠᠯᠠᠵᠤ᠂ ᠠᠯᠢ ᠬᠤᠷᠳᠤᠨ ᠵᠢᠡᠷ ᠬᠦᠢᠲᠡᠨ ᠬᠥᠮᠥᠷᠭᠡ᠎ᠳᠦ ᠬᠦᠷᠭᠡᠨ ᠬᠠᠳᠠᠭᠠᠯᠠᠵᠤ ᠪᠠᠢᠯ᠎ᠠ᠃

ᠵᠢᠢ ᠹᠧᠩ ᠱᠠᠨ 2015 ᠣᠨ᠎ᠠᠴᠠ ᠡᠬᠢᠯᠡᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠤᠨ ᠵᠢᠮᠢᠰ᠎ᠤᠨ ᠮᠤᠳᠤ ᠵᠠᠢᠯᠠᠵᠤ᠂ 2026 ᠣᠨ ᠪᠣᠯᠬᠤ᠎ᠳᠤ ᠥᠷᠭᠡᠳᠭᠡᠭᠡᠳ 3400 ᠮᠦ᠍ ᠣᠷᠴᠢᠮ ᠪᠤᠯᠭᠠᠵᠠᠢ᠃ ᠲᠤᠰ ᠵᠢᠮᠢᠰ᠎ᠤᠨ ᠬᠠᠳᠠᠭᠠᠯᠠᠬᠤ᠎ᠳᠤ ᠬᠦᠴᠢᠷ᠂ ᠬᠣᠷᠣᠭᠳᠠᠯ ᠶᠡᠬᠡ᠂ ᠵᠠᠬ᠎ᠠ ᠳᠡᠯᠭᠡᠭᠦᠷ᠎ᠲᠦ ᠶᠡᠬᠡ ᠬᠡᠮᠵᠢᠶ᠎ᠡ᠎ᠪᠡᠷ ᠭᠠᠷᠬᠤ ᠦᠶ᠎ᠡ᠎ᠳᠦ ᠪᠣᠷᠤᠯᠠᠭᠤᠯᠭ᠎ᠠ ᠲᠤᠬᠳᠠᠪᠤᠷᠢ ᠥᠭᠡᠢ᠂ ᠦᠨ᠎ᠡ ᠬᠠᠩᠰᠢ ᠳᠣᠣᠷ᠎ᠠ ᠵᠡᠷᠭᠡ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ ᠲᠡᠷᠡ 1200 ᠲᠡᠭᠰᠢ ᠳᠥᠷᠪᠡᠯᠵᠢᠨ ᠮᠧᠲᠷ᠎ᠦᠨ ᠬᠦᠢᠲᠡᠨ ᠬᠥᠮᠥᠷᠭᠡ ᠪᠠᠶ᠋ᠢᠭᠤᠯᠬᠤ᠎ᠶᠢᠨ ᠬᠠᠮᠲᠤ ᠰᠠᠨᠠᠭᠠᠴᠢᠯᠠᠭ᠎ᠠ᠎ᠠᠴᠠ᠎ᠪᠠᠨ ᠭᠠᠳᠠᠭ᠍ᠰᠢ ᠭᠠᠷᠴᠤ ᠬᠤᠳᠠᠯᠳᠤᠭᠠᠴᠢᠨ᠎ᠲᠠᠢ ᠵᠣᠯᠭᠠᠭᠤᠯᠵᠤ᠂ ᠦᠨ᠎ᠡ ᠬᠠᠩᠰᠢ᠎ᠶᠢ ᠵᠥᠪᠳᠡᠯᠴᠡᠨ᠂ ᠪᠣᠷᠤᠯᠠᠭᠤᠯᠭ᠎ᠠ᠎ᠶᠢᠨ ᠲᠣᠭᠲᠠᠭᠤᠨ ᠠᠷᠭ᠎ᠠ ᠵᠠᠮ᠎ᠢ ᠡᠷᠢᠯᠭᠢᠯᠡᠪᠡ᠃ 《ᠡᠬᠢᠯᠡᠩᠬᠥᠳᠡ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ ᠵᠢᠨᠨ ᠡᠭᠥᠷᠥᠭᠡᠳ ᠶᠡᠬᠡ ᠬᠣᠲᠠ ᠤᠷᠤᠵᠤ ᠪᠣᠷᠣᠯᠠᠭᠤᠯᠬᠤ᠎ᠳᠤ ᠲᠣᠩ ᠬᠦᠴᠢᠷᠲᠡᠵᠤ ᠪᠠᠢᠭᠰᠠᠨ᠂ ᠭᠡᠶ᠎ᠡ ᠮᠠᠨ᠎ᠤ ᠺᠠᠢᠯᠤ᠎ᠶᠢᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ ᠠᠮᠲᠠᠲᠠᠢ᠂ ᠤᠰᠤᠯᠢᠭ ᠪᠦᠭᠡᠳ ᠬᠠᠩᠬᠤᠯᠤᠭᠤᠨ ᠰᠠᠢᠬᠠᠨ ᠦᠨᠦᠷ ᠲᠠᠢ ᠪᠤᠯᠬᠤᠷ ᠤᠳᠠᠯ ᠦᠭᠡᠢ ᠵᠠᠬ᠎ᠠ ᠳᠡᠯᠭᠡᠭᠦᠷ᠎ᠲᠦ ᠮᠡᠳᠡᠷᠡᠭᠳᠡᠵᠡᠢ》 ᠭᠡᠵᠦ ᠵᠢᠢ ᠹᠧᠩ ᠱᠠᠨ ᠬᠡᠯᠡᠪᠠ᠃ ᠡᠢᠨ᠎ᠬᠦ ᠵᠠᠬ᠎ᠠ ᠳᠡᠯᠭᠡᠭᠦᠷ᠎ᠦᠨ ᠬᠡᠷᠡᠭᠴᠡᠭᠡ ᠦᠷᠭᠦᠯᠵᠢᠯᠡᠨ ᠥᠷᠭᠡᠳᠦᠭᠰᠡᠨ᠎ᠦ ᠳᠠᠷᠠᠭ᠎ᠠ ᠵᠢᠢ ᠹᠧᠩ ᠱᠠᠨ ᠪᠠᠰᠠ ᠡᠷᠬᠢᠨ ᠲᠣᠭᠣᠷᠢᠨ᠎ᠤ ᠵᠢᠮᠢᠰ ᠲᠠᠷᠢᠳᠠᠭ ᠲᠠᠷᠢᠶᠠᠴᠢᠳ᠎ᠤᠨ ᠵᠢᠮᠢᠰ᠎ᠢ ᠶᠡᠬᠡ ᠬᠡᠮᠵᠢᠶ᠎ᠡ᠎ᠪᠡᠷ ᠬᠤᠳᠠᠯᠳᠤᠨ ᠠᠪᠴᠤ᠂ ᠲᠠᠷᠠᠬᠠᠢ ᠪᠤᠲᠠᠷᠬᠠᠢ ᠡᠷᠦᠬᠡ᠎ᠶᠢᠨ ᠵᠢᠮᠢᠰ ᠬᠤᠳᠠᠯᠳᠤᠬᠤ ᠬᠦᠴᠢᠷ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠭᠰᠡᠨ ᠪᠠᠢᠨ᠎ᠠ᠃

ᠵᠢᠢ ᠹᠧᠩ ᠱᠠᠨ ᠵᠢᠮᠢᠰ ᠲᠠᠷᠢᠳᠠᠭ ᠲᠠᠷᠢᠶᠠᠴᠢᠨ ᠪᠣᠯᠣᠨ ᠵᠠᠬ᠎ᠠ ᠳᠡᠯᠭᠡᠭᠦᠷ᠎ᠤᠨ ᠬᠥᠭᠥᠷᠭᠡ ᠪᠤᠯᠵᠤ᠂ ᠲᠠᠷᠢᠶᠠᠴᠢᠨ᠎ᠤ ᠵᠢᠮᠢᠰ᠎ᠢ ᠨᠢ ᠬᠠᠪᠰᠤᠷᠴᠥ ᠪᠣᠷᠣᠯᠠᠭᠤᠯᠥᠨ ᠥᠭᠴᠥ ᠪᠠᠢᠬᠤ᠎ᠪᠠᠷ ᠪᠠᠷᠠᠬᠤ ᠦᠭᠡᠢ ᠪᠠᠰᠠ ᠰᠠᠨᠠᠭᠠᠴᠢᠯᠠᠭ᠎ᠠ᠎ᠠᠴᠠ᠎ᠪᠠᠨ ᠵᠢᠮᠢᠰ ᠲᠠᠷᠢᠳᠠᠭ ᠲᠠᠷᠢᠶᠠᠴᠢᠨ᠎ᠳᠤ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢᠨ ᠪᠠᠢᠳᠠᠯ᠎ᠢ ᠵᠠᠳᠠᠯᠤᠨ ᠥᠭᠴᠦ᠂ ᠵᠢᠮᠢᠰ᠎ᠦᠨ ᠬᠦᠷᠢᠶᠡᠯᠡᠩ᠎ᠢ ᠠᠷᠠᠴᠢᠯᠠᠵᠤ ᠬᠠᠮᠠᠭᠠᠯᠠᠬᠤ᠂ ᠶᠠᠰᠤ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ ᠵᠢᠭᠠᠨ ᠵᠢᠯᠤᠭᠣᠳᠴᠤ᠂ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠢ ᠲᠡᠰ ᠬᠤᠪᠢᠶᠠᠨ ᠪᠣᠷᠣᠯᠠᠭᠤᠯᠬᠤ᠂ ᠴᠢᠨᠠᠷ᠎ᠢ ᠳᠡᠭᠡᠭᠰᠢᠯᠡᠭᠦᠯᠦᠨ ᠰᠠᠢᠨ ᠦᠨ᠎ᠡ᠎ᠳᠤ ᠬᠦᠷᠭᠡᠬᠦ᠎ᠶᠢ ᠠᠬᠢᠭᠤᠯᠪᠠ᠃ ᠲᠡᠷᠡ ᠺᠠᠢᠯᠤ ᠰᠢᠶᠠᠨ᠎ᠤ ᠷᠦᠩ ᠱᠠᠨ ᠵᠢᠮᠢᠰ ᠨᠣᠭᠣᠭ᠎ᠠ ᠲᠠᠷᠢᠬᠤ ᠲᠤᠰᠬᠠᠢ ᠬᠤᠷᠰᠢᠶ᠎ᠠ᠎ᠶᠢ ᠪᠠᠢᠭᠤᠯᠵᠤ᠂ ᠵᠢᠮᠢᠰ ᠨᠣᠭᠣᠭ᠎ᠠ ᠵᠠᠢᠯᠠᠬᠤ᠂ ᠬᠥᠮᠥᠷᠭᠡᠯᠡᠵᠦ ᠰᠣᠷᠭᠣᠭ ᠵᠢᠡᠷ ᠬᠠᠳᠠᠭᠠᠯᠠᠬᠤ᠂ ᠮᠡᠷᠭᠡᠵᠢᠯ᠎ᠦᠨ ᠵᠢᠯᠣᠭᠣᠳᠤᠯᠭ᠎ᠠ ᠬᠢᠬᠦ᠂ ᠮᠡᠳᠡᠭᠡ ᠵᠠᠩᠭᠢ᠎ᠶᠢᠨ ᠵᠦᠪᠯᠡᠮᠵᠢ ᠥᠭᠬᠦ ᠵᠡᠷᠭᠡ ᠦᠢᠯᠡᠴᠢᠯᠡᠭᠡ ᠬᠠᠩᠭᠠᠬᠰᠠᠨ ᠪᠠᠢᠨ᠎ᠠ᠃ ᠲᠤᠰ ᠬᠣᠷᠰᠢᠶ᠎ᠠ ᠨᠢ 《ᠵᠢᠢ ᠹᠧᠩ ᠱᠠᠨ ᠲᠡᠮᠳᠡᠭᠲᠦ》 ᠲᠠᠸᠠᠷ᠎ᠤᠨ ᠲᠦᠷᠦᠯ ᠲᠡᠮᠳᠡᠭ᠎ᠢ ᠳᠠᠩᠰᠠᠯᠠᠭᠤᠯᠵᠤ᠂ ᠪᠣᠬᠢᠷᠲᠤᠯ ᠦᠭᠡᠢ ᠢᠳᠡᠭᠡᠨ ᠳᠠᠷᠢᠵᠤ ᠪᠣᠢᠵᠢᠭᠤᠯᠬᠤ ᠮᠡᠷᠭᠡᠵᠢᠯ᠎ᠦᠨ ᠵᠢᠷᠤᠮᠵᠢᠯ᠎ᠢ ᠴᠢᠩᠭ᠎ᠠ ᠬᠡᠷᠡᠭᠵᠢᠭᠦᠯᠪᠡ᠃ 2023 ᠣᠨ᠎ᠳᠤ ᠲᠤᠰ ᠬᠤᠷᠰᠢᠶ᠎ᠠ 135 ᠮᠦ᠍ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠦᠨ ᠬᠦᠷᠢᠶᠡᠯᠡᠩ᠎ᠢ ᠨᠢᠮᠪᠠᠢ ᠰᠣᠩᠭᠣᠵᠦ᠂ ᠰᠢᠶᠠᠩᠭᠠᠩ᠎ᠳᠤ ᠬᠠᠩᠭᠠᠬᠤ ᠵᠢᠮᠢᠰ᠎ᠦᠨ ᠰᠠᠭᠤᠷᠢᠨ ᠵᠢᠨᠷ ᠳᠠᠩᠰᠠᠯᠠᠭᠤᠯᠬᠤ ᠬᠢᠷᠢ ᠬᠡᠮ᠎ᠢ ᠤᠷᠤᠭᠰᠢᠲᠠᠢ ᠣᠯᠵᠤ᠂ ᠲᠦᠩᠯᠢᠶᠣᠣ ᠬᠤᠳᠠ᠎ᠶᠢᠨ ᠠᠩᠬᠠᠳᠠᠭ᠍ᠴᠢ ᠬᠢᠯᠢ᠎ᠡᠴᠡ ᠭᠠᠷᠬᠤ ᠰᠢᠨ᠎ᠡ ᠰᠣᠷᠭᠣᠭ ᠵᠢᠮᠢᠰ᠎ᠦᠨ ᠬᠦᠷᠢᠶᠡᠯᠡᠩ ᠵᠢᠨᠷ ᠳᠠᠩᠰᠠᠯᠠᠨ ᠲᠡᠮᠳᠡᠭᠯᠡᠬᠦᠯᠥᠭᠰᠡᠨ ᠨᠢᠭᠡᠴᠢ ᠪᠣᠯᠤᠬᠰᠠᠨ ᠪᠠᠢᠨ᠎ᠠ᠃

《2025 ᠣᠨ᠎ᠳᠤ ᠺᠠᠢᠯᠤ ᠰᠢᠶᠠᠨ᠎ᠤ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠬᠢᠯᠢ᠎ᠡᠴᠡ ᠭᠠᠷᠬᠤ ᠵᠢᠮᠢᠰ᠎ᠦᠨ ᠪᠣᠭᠣᠳᠠᠯ ᠪᠠᠭᠯᠠᠭ᠎ᠠ᠎ᠶᠢᠨ ᠦᠢᠯᠡᠳᠪᠦᠷᠢ᠎ᠶᠢᠨ ᠪᠣᠭᠣᠮᠲᠠ᠎ᠳᠤ ᠳᠠᠩᠰᠠᠯᠠᠭᠤᠯᠬᠤ᠎ᠶᠢ ᠪᠡᠶᠡᠯᠡᠭᠦᠯᠵᠡᠢ᠂ ᠡᠢᠨ᠎ᠬᠦ ᠺᠠᠢᠯᠤ᠎ᠶᠢᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠤᠨ ᠭᠠᠳᠠᠭᠠᠳᠤ᠎ᠳᠤ ᠭᠠᠷᠬᠤ ᠭᠠᠷ ᠭᠦᠢᠴᠡᠳᠬᠡᠯ᠎ᠢ ᠪᠥᠷᠢᠳᠦᠭᠦᠯᠦᠨ᠂ ᠨᠢᠳᠤᠨᠤᠨ ᠺᠠᠢᠯᠤ᠎ᠶᠢᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠢ ᠰᠢᠭᠤᠳ ᠰᠠᠦ᠋ᠳᠢ ᠠᠷᠠᠪ᠂ ᠳ᠋ᠦᠪᠠᠢ᠂ ᠹᠢᠯᠢᠫᠢᠨ᠎ᠳᠦ ᠭᠠᠷᠭᠠᠵᠠᠢ᠂ ᠡᠨᠡ ᠵᠢᠯ ᠪᠢᠳᠡ ᠨᠢᠭᠡᠨᠲᠡ 15 ᠤᠯᠤᠰ᠎ᠲᠠᠢ ᠰᠠᠨᠠᠮᠵᠢ᠎ᠶᠢᠨ ᠴᠢᠨᠠᠷᠲᠠᠢ ᠵᠠᠬᠢᠶᠠᠯᠠᠭ᠎ᠠ᠎ᠶᠢᠨ ᠬᠠᠭᠤᠳᠠᠰᠤᠨ᠎ᠳᠤ ᠭᠠᠷ᠎ᠤᠨ ᠥᠰᠥᠭ ᠵᠢᠷᠤᠵᠡᠢ》 ᠭᠡᠵᠥ ᠵᠢᠢ ᠹᠧᠩ ᠱᠠᠨ ᠲᠠᠨᠢᠯᠴᠠᠭᠤᠯᠵᠠᠢ᠃ ᠡᠨᠡ ᠵᠢᠯ᠎ᠦᠨ ᠭᠠᠳᠠᠭᠠᠳᠤ᠎ᠶᠢᠨ ᠵᠠᠬᠢᠶᠠᠯᠠᠭ᠎ᠠ ᠪᠠᠷᠤᠭ 400 ᠲᠦᠮᠡᠨ ᠵᠢᠩ᠎ᠳᠦ ᠬᠦᠷᠴᠦ᠂ ᠣᠲᠣ᠌ ᠨᠢᠭᠡᠨᠲᠡ ᠰᠠᠦᠢ᠍ᠳᠢ ᠠᠷᠠᠪ᠂ ᠪᠢᠷᠮᠠ᠎ᠳᠤ 11.6 ᠲᠦᠮᠡᠨ ᠵᠢᠩ ᠭᠠᠷᠭᠠᠪᠠ᠃

ᠺᠠᠢᠯᠤ ᠰᠢᠶᠠᠨ᠎ᠤ ᠣᠶ ᠵᠢᠨ ᠵᠢᠮᠢᠰ᠎ᠦᠨ ᠠᠵᠤ ᠦᠢᠯᠡᠰ᠎ᠦᠨ ᠮᠡᠷᠭᠡᠵᠢᠯ᠎ᠢ ᠳᠡᠯᠭᠡᠷᠡᠭᠦᠯᠬᠦ ᠲᠥᠪ᠎ᠦᠨ ᠳᠡᠳ᠋ ᠡᠷᠬᠢᠯᠡᠭᠴᠢ ᠲᠠᠨ ᠬᠤᠧᠠᠨ ᠭᠤᠧᠠᠩ᠎ᠤᠨ ᠲᠠᠨᠢᠯᠴᠠᠭᠤᠯᠤᠭᠰᠠᠨ᠎ᠢᠶᠠᠷ᠂ ᠣᠳᠣᠬᠠᠨ᠎ᠳᠤ ᠪᠥᠬᠥ ᠰᠢᠶᠠᠨ᠎ᠳᠤ 20 ᠭᠠᠷᠤᠢ ᠵᠢᠮᠢᠰ᠎ᠦᠨ ᠥᠨ᠎ᠡ ᠵᠠᠰᠠᠬᠴᠢ᠎ᠲᠠᠢ ᠪᠤᠯᠵᠠᠢ᠂ ᠡᠭᠦᠨ᠎ᠳᠤ ᠣᠯᠠᠩᠬᠢ ᠨᠢ ᠲᠣᠰ ᠭᠠᠵᠠᠷ ᠣᠷᠣᠨ᠎ᠳᠤ ᠦᠰᠦᠨ ᠪᠣᠢᠵᠢᠭ᠍ᠰᠠᠨ ᠵᠢᠮᠢᠰ ᠲᠠᠷᠢᠳᠠᠭ ᠲᠠᠷᠢᠶᠠᠴᠢᠨ ᠪᠠᠢᠵᠤ᠂ ᠨᠢᠭᠡᠨᠲᠡ ᠣᠶ ᠵᠢᠨ ᠵᠢᠮᠢᠰ᠎ᠦᠨ ᠪᠦᠲᠦᠭᠡᠭᠳᠡᠬᠦᠨ᠎ᠦ ᠪᠣᠷᠤᠯᠠᠭᠤᠯᠭ᠎ᠠ᠎ᠶᠢᠨ ᠭᠣᠣᠯ ᠬᠦᠴᠦᠨ ᠪᠣᠯᠤᠭᠰᠠᠨ ᠪᠠᠢᠨ᠎ᠠ᠃ ᠲᠡᠷᠡ ᠪᠠᠰᠠ᠄《ᠵᠢᠮᠢᠰ᠎ᠦᠨ ᠪᠦᠲᠦᠭᠡᠭᠳᠡᠬᠦᠨ᠎ᠦ ᠥᠨ᠎ᠡ ᠵᠠᠰᠠᠬᠴᠢᠳ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠡᠬᠢ ᠪᠠᠶᠠᠯᠢᠭ᠋᠎ᠢ ᠢᠳᠡᠪᠬᠢᠲᠡᠢ᠎ᠡᠮᠬᠢᠯᠡᠵᠤ ᠨᠡᠢᠳᠭᠡᠨ᠂ ᠵᠠᠬ᠎ᠠ ᠳᠡᠯᠭᠡᠭᠦᠷ᠎ᠢ ᠨᠡᠭᠡᠭᠡᠵᠤ᠂ ᠪᠣᠷᠤᠯᠠᠭᠤᠯᠭ᠎ᠠ᠎ᠶᠢᠨ ᠲᠦᠭᠵᠢᠷᠡᠯ᠎ᠢ ᠠᠷᠢᠯᠭᠠᠨ᠂ ᠵᠢᠮᠢᠰ ᠲᠠᠷᠢᠳᠠᠭ ᠲᠠᠷᠢᠶᠠᠴᠢᠨ᠂ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ᠂ ᠠᠷᠠᠯᠵᠢᠶᠠᠴᠢᠨ ᠪᠠ ᠡᠳ᠋ᠰᠢᠭᠦᠯᠬᠦ ᠠᠵᠤ ᠠᠬᠤᠢᠯᠠᠯ᠎ᠯᠤᠭ᠎ᠠ ᠬᠣᠯᠪᠤᠭᠠᠯᠠᠨ᠂ ᠵᠠᠬ᠎ᠠ ᠳᠡᠯᠭᠡᠭᠦᠷ᠎ᠦᠨ ᠦᠨ᠎ᠡ ᠬᠠᠩᠰᠢ᠂ ᠵᠢᠮᠢᠰ᠎ᠦᠨ ᠪᠦᠲᠦᠭᠡᠭᠳᠡᠬᠦᠨ᠎ᠦ ᠪᠠᠷᠢᠮᠵᠢᠶ᠎ᠠ ᠵᠡᠷᠭᠡ ᠮᠡᠳᠡᠭᠡ ᠵᠠᠩᠭᠢ᠎ᠶᠢ ᠴᠠᠭ ᠲᠤᠬᠠᠢ ᠳ᠋ᠤᠨᠢ ᠳᠠᠮᠵᠢᠭᠤᠯᠵᠤ᠂ ᠵᠢᠮᠢᠰ ᠲᠠᠷᠢᠳᠠᠭ ᠲᠠᠷᠢᠶᠠᠴᠢᠨ᠎ᠤ ᠲᠦᠭᠰᠢᠭᠦᠷᠢ᠎ᠶᠢ ᠠᠷᠭᠠᠴᠠᠭᠠᠬᠤ ᠴᠢᠳᠠᠪᠤᠷᠢ᠎ᠶᠢ ᠪᠦᠲᠦᠮᠵᠢᠲᠡᠶ ᠳᠡᠭᠡᠭᠰᠢᠯᠡᠭᠦᠯᠦᠨ᠂ ᠵᠢᠮᠢᠰ᠎ᠦᠨ ᠬᠦᠷᠢᠶᠡᠯᠡᠩ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠶᠢ ᠲᠦᠯᠬᠢᠨ ᠠᠬᠢᠭᠤᠯᠵᠤ᠂ ᠵᠢᠮᠢᠰ ᠲᠠᠷᠢᠳᠠᠭ ᠲᠠᠷᠢᠶᠠᠴᠢᠨ᠎ᠤ ᠠᠰᠢᠭ᠋ ᠣᠷᠣᠯᠭ᠎ᠠ᠎ᠶᠢ ᠦᠷᠭᠦᠯᠵᠢᠯᠡᠨ ᠨᠡᠮᠡᠭᠳᠡᠭᠦᠯᠵᠦ ᠪᠠᠢᠨ᠎ᠠ》 ᠭᠡᠵᠥ ᠰᠤᠷᠪᠤᠯᠵᠢᠯᠠᠭᠴᠢ᠎ᠳᠤ ᠲᠠᠨᠢᠯᠴᠠᠭᠤᠯᠪᠠ᠃

ᠺᠠᠢᠯᠤ ᠰᠢᠶᠠᠨ ᠪᠠᠰᠠ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠦᠨ ᠪᠠᠷᠢᠮᠵᠢᠶᠠᠵᠢᠭ᠍ᠰᠠᠨ ᠵᠢᠱ᠌ᠢᠶ᠎ᠡ ᠦᠵᠡᠭᠦᠯᠬᠦ ᠰᠢᠰᠲ᠋ᠧᠮ᠎ᠢ ᠢᠳᠡᠪᠬᠢᠲᠡᠢ ᠪᠠᠢᠭᠤᠯᠥᠨ᠂ ᠭᠠᠳᠠᠭᠠᠳᠤ᠎ᠳᠤ ᠭᠠᠷᠭᠠᠬᠤ ᠵᠢ ᠳᠠᠩᠰᠠᠯᠠᠭᠤᠯᠤᠭᠰᠠᠨ ᠲᠣᠮᠣ᠌ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ 《ᠥᠨ᠎ᠡ ᠵᠠᠰᠠᠬᠴᠢ + ᠬᠤᠷᠰᠢᠶ᠎ᠠ + ᠵᠢᠮᠢᠰ ᠲᠠᠷᠢᠳᠠᠭ ᠲᠠᠷᠢᠶᠠᠴᠢᠨ》 ᠤ᠋ ᠵᠠᠭᠪᠤᠷ᠎ᠢᠶᠠᠷ ᠤᠢ ᠵᠢᠨ ᠵᠢᠮᠢᠰ᠎ᠦᠨ ᠠᠵᠤ ᠦᠢᠯᠡᠰ᠎ᠦᠨ ᠲᠥᠪᠯᠡᠷᠡᠨ ᠬᠥᠭᠵᠢᠬᠦ᠎ᠶᠢ ᠳᠠᠢ᠍ᠢᠴᠢᠯᠠᠨ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ 《ᠺᠠᠢᠯᠤ᠎ᠶᠢᠨ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ》 ᠤ᠋ᠨ ᠲᠦᠷᠦᠯ ᠲᠡᠮᠳᠡᠭ᠎ᠢ ᠠᠯᠳᠠᠷᠰᠢᠭᠤᠯᠤᠨ᠂ 2025 ᠣᠨ᠎ᠤ ᠪᠦᠬᠦ ᠰᠢᠶᠠᠨ᠎ᠤ ᠪᠤᠭᠤᠮᠳᠠ ᠵᠢᠨ ᠭᠠᠳᠠᠨᠠᠬᠢ ᠤᠯᠠᠭᠠᠨ ᠠᠯᠮᠤᠷᠠᠳ᠎ᠦᠨ ᠭᠠᠳᠠᠭᠠᠳᠤ ᠳ᠋ᠦ ᠭᠠᠷᠭᠠᠭᠰᠠᠨ ᠬᠡᠮᠵᠢᠶ᠎ᠡ 700 ᠲᠦᠮᠡᠨ ᠵᠢᠩ᠎ᠳᠦ ᠬᠦᠷᠥᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面