ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-10-08 10:28:20

ᠵᠣᠬᠢᠶᠠᠭ᠍ᠴᠢ᠄ ᠬᠤᠤ ᠪᠢᠶᠣᠣ ᠣᠩᠱᠢᠭ᠍ᠰᠠᠨ ᠣᠳᠠᠭ᠎ᠠ᠄ 3

ᠨᠠᠮᠤᠷ᠎ᠤᠨ ᠡᠬᠢ᠎ᠪᠡᠷ ᠦᠬᠠᠢ ᠬᠤᠳᠠ᠎ᠶᠢᠨ ᠤᠳᠠ᠎ᠵᠢᠨ ᠲᠤᠬᠤᠢ ᠲᠣᠭᠣᠷᠢᠭ᠋᠎ᠤᠨ ᠤᠯᠠᠭᠠᠨᠨᠠᠭᠤᠷ ᠪᠠᠯᠭᠠᠰᠤ᠎ᠶᠢᠨ ᠲᠠᠷᠢᠶᠠᠨ ᠭᠠᠵᠠᠷ᠎ᠢᠶᠠᠷ ᠠᠯᠬᠤᠯᠠᠬᠤ᠎ᠳᠤ ᠬᠡᠰᠡᠭ ᠬᠡᠰᠡᠭ ᠡᠷᠳᠡᠨᠢ ᠰᠢᠰᠢ᠎ᠶᠢᠨ ᠲᠠᠷᠢᠶ᠎ᠠ ᠨᠢᠳᠦᠨ ᠡᠮᠦᠨ᠎ᠡ ᠳᠡᠯᠭᠡᠭᠳᠡᠨ᠎ᠡ᠃ ᠳᠠᠯᠠᠩ᠎ᠤᠨ ᠬᠣᠭᠣᠷᠣᠨᠳᠤ ᠵᠤᠷᠪᠤᠰ ᠵᠤᠷᠪᠤᠰ ᠳᠤᠰᠤᠯᠭᠠᠨ ᠤᠰᠤᠯᠠᠬᠤ ᠬᠣᠭᠣᠯᠠᠢ ᠮᠤᠷᠤᠯᠵᠠᠨ ᠰᠤᠨᠤᠯᠵᠠᠵᠤ᠂ ᠤᠰᠤ ᠪᠠ ᠪᠣᠷᠳᠣᠭᠤᠷ᠎ᠢ ᠨᠠᠷᠢᠯᠢᠭ᠋ ᠣᠨᠣᠴᠠᠳᠠᠢ᠎ᠪᠠᠷ ᠲᠠᠷᠢᠮᠠᠯ᠎ᠤᠨ ᠦᠨᠳᠦᠰᠦᠨ᠎ᠳᠦ ᠬᠦᠷᠭᠡᠨ᠎ᠡ᠃

《ᠡᠨᠡ ᠵᠢᠯ ᠬᠤᠷᠢᠶᠠᠯᠲᠠ ᠰᠠᠢᠳᠠᠢ ᠪᠤᠯᠤᠨ᠎ᠠ》᠃ ᠲᠠᠷᠢᠮᠠᠯ᠎ᠤᠨ ᠡᠷᠦᠬᠡ ᠴᠢᠨ ᠭᠦᠸᠧ ᠴᠢᠩ ᠭᠠᠷ᠎ᠤᠨ ᠠᠶ᠎ᠠ᠎ᠪᠠᠷ ᠨᠢᠭᠡ ᠡᠷᠳᠡᠨᠢ ᠰᠢᠰᠢ ᠵᠢᠨ ᠬᠠᠯᠢᠰᠤ᠎ᠶᠢ ᠱᠠᠭᠠᠯᠵᠤ᠂ ᠪᠠᠭᠴᠠᠷᠠᠨ ᠰᠠᠭᠤᠭᠰᠠᠨ ᠠᠯᠲᠠᠨ ᠰᠢᠷᠭᠠᠯ ᠮᠦᠬᠦᠯᠢᠭ ᠎ᠢ᠋ ᠬᠠᠷᠠᠭᠠᠳ᠄ 《ᠥᠩᠭᠡᠷᠡᠭᠰᠡᠨ᠎ᠳᠦ ᠲᠠᠷᠢᠶ᠎ᠠ ᠤᠰᠤᠯᠠᠬᠤ᠎ᠳᠤ ᠡᠢᠮᠦ ᠪᠠᠢᠭᠰᠠᠨ ᠦᠭᠡᠢ᠂ ᠪᠦᠷ ᠶᠡᠬᠡ ᠤᠰᠤ᠎ᠪᠠᠷ ᠨᠠᠯᠠᠢᠲᠠᠯ᠎ᠠ ᠤᠰᠤᠯᠠᠵᠤ ᠪᠠᠢᠪᠠ᠂ ᠤᠳᠤ ᠵᠠᠰᠠᠭ᠎ᠤᠨ ᠣᠷᠳᠣᠨ ᠬᠦᠳᠦᠯᠦᠨ ᠲᠠᠭᠠᠭᠤᠯᠵᠤ᠂ ᠠᠵᠤ ᠠᠬᠤᠢᠯᠠᠯ ᠪᠡᠯᠡ ᠮᠥᠩᠭᠥ ᠭᠠᠷᠭᠠᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠤᠰᠤᠯᠠᠯᠲᠠ᠎ᠶᠢᠨ ᠰᠢᠰᠲᠧᠮ᠎ᠢ ᠪᠠᠢᠭᠤᠯᠤᠨ ᠦᠭᠴᠦ᠂ ᠤᠰᠤᠨ᠎ᠤ ᠵᠠᠷᠤᠳᠠᠯ᠎ᠢ ᠪᠠᠭ᠎ᠠ ᠪᠤᠰᠤ ᠪᠡᠷ ᠠᠷᠪᠢᠯᠠᠵᠠᠢ!》 ᠭᠡᠵᠦ ᠴᠢᠨ ᠭᠦᠸᠧ ᠴᠢᠩ ᠬᠡᠯᠡᠪᠡ᠃

ᠴᠢᠨ ᠭᠦᠸᠧ ᠴᠢᠩ᠎ᠤᠨ ᠶᠠᠷᠢᠵᠤ ᠪᠠᠢᠭ᠎ᠠ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠤᠰᠤᠯᠠᠯᠲᠠ᠎ᠶᠢᠨ ᠰᠢᠰᠲᠧᠮ᠎ᠢ ᠥᠪᠥᠷ ᠮᠣᠩᠭᠣᠯ᠎ᠤᠨ ᠳ᠋ᠦᠩ ᠶᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠦᠯᠦᠭᠯᠡᠯ ᠬᠢᠵᠠᠭᠠᠷᠲᠤ ᠺᠣᠮᠫᠠᠨᠢ᠎ᠡᠴᠡ ᠪᠡᠯᠡ ᠣᠷᠣᠭᠤᠯᠤᠨ ᠪᠦᠲᠦᠭᠡᠨ ᠪᠠᠢᠭᠤᠯᠪᠠ᠃ ᠲᠠᠷᠢᠮᠠᠯ᠎ᠤᠨ ᠡᠷᠦᠬᠡ᠎ᠳᠦ ᠠᠪᠴᠤ ᠬᠡᠯᠡᠪᠡᠯ᠂ ᠡᠨᠡ ᠬᠦ᠌ ᠰᠢᠰᠲᠧᠮ᠎ᠨᠢ ᠤᠰᠤ᠎ᠶᠢ ᠠᠷᠪᠢᠯᠠᠨ᠎ᠠ᠂ ᠠᠵᠤ ᠠᠬᠤᠢᠯᠠᠯ᠎ᠳᠤ ᠠᠪᠴᠤ ᠬᠡᠯᠡᠪᠡᠯ᠂ ᠡᠨᠡ ᠬᠦ᠌ 《ᠠᠷᠪᠢᠯᠠᠭᠰᠠᠨ ᠤᠰᠤ》 ᠨᠢ ᠤᠰᠤᠨ᠎ᠤ ᠡᠷᠬᠡ᠎ᠵᠢ ᠭᠦᠢᠯᠭᠡᠭᠡᠬᠦ᠎ᠪᠡᠷ ᠳᠡᠮᠵᠢᠨ᠂ 《ᠤᠰᠤᠨ᠎ᠤ ᠳᠤᠲᠠᠭᠤᠳᠠᠯ》 ᠢ᠋ ᠰᠢᠢᠳᠪᠦᠷᠢᠯᠡᠨ᠎ᠡ᠃ ᠣᠳᠣᠬᠠᠨ᠎ᠳᠤ᠂ ᠡᠢᠮᠦᠷᠬᠦᠦ 《ᠠᠵᠤ ᠦᠢᠯᠡᠳᠪᠦᠷᠢ᠎ᠪᠡᠷ ᠲᠠᠷᠢᠶᠠᠯᠠᠩ᠎ᠢ ᠨᠥᠬᠥᠪᠦᠷᠢᠯᠡᠵᠦ᠂ ᠲᠠᠷᠢᠶᠠᠯᠠᠩ᠎ᠵᠢᠡᠷ ᠠᠵᠤ ᠦᠢᠯᠡᠳᠪᠦᠷᠢ᠎ᠶᠢ ᠲᠡᠵᠢᠭᠡᠬᠦ》᠂ 《ᠭᠡᠷ᠎ᠡ᠎ᠪᠡᠷ ᠤᠰᠤ ᠠᠷᠪᠢᠯᠠᠬᠤ + ᠤᠰᠤᠨ᠎ᠠᠰᠢᠬᠯᠠᠯᠳᠠ ᠵᠢᠨ ᠡᠷᠬᠡ᠎ᠶᠢ ᠰᠢᠯᠵᠢᠭᠦᠯᠦᠨ ᠥᠭᠬᠦ》 ᠠᠷᠠᠯᠵᠢᠶᠠᠨ᠎ᠤ ᠵᠠᠭᠪᠤᠷ᠎ᠢ ᠦᠬᠠᠢ ᠬᠣᠲᠠ᠎ᠳᠤ ᠪᠥᠬᠥ ᠲᠠᠯ᠎ᠠ᠎ᠪᠠᠷ ᠬᠡᠷᠡᠭᠵᠢᠭᠦᠯᠵᠦ ᠪᠣᠶ᠃ ᠤᠳᠠ᠎ᠶᠢᠨ ᠲᠣᠬᠣᠢ ᠲᠣᠭᠣᠷᠢᠭ᠋᠎ᠤᠨ 1.25 ᠲᠦᠮᠡᠨ ᠮᠤ᠌ ᠲᠠᠷᠢᠶᠠᠨ ᠭᠠᠵᠠᠷ᠎ᠲᠤ ᠨᠢᠭᠡᠨᠲᠡ ᠡᠨᠡ ᠬᠦ᠌ ᠤᠰᠤ ᠠᠷᠪᠢᠯᠠᠬᠤ ᠤᠰᠤᠯᠠᠯᠲᠠ᠎ᠶᠢᠨ ᠰᠢᠰᠲ᠋ᠸᠮ᠎ᠢ ᠬᠡᠷᠡᠭᠯᠡᠵᠦ᠂ ᠵᠢᠯ ᠪᠦᠷᠢ 288 ᠲᠦᠮᠡᠨ ᠪᠣᠰᠣᠭ᠎ᠠ ᠳᠥᠷᠪᠡᠯᠵᠢᠨ ᠮᠸᠲᠷ ᠤᠰᠤ᠎ᠶᠢ ᠠᠷᠪᠢᠯᠠᠵᠦ ᠪᠠᠢᠨ᠎ᠠ᠂ ᠡᠭᠦᠨ᠎ᠳᠦ 274 ᠲᠦᠮᠡᠨ ᠪᠣᠰᠣᠭ᠎ᠠ ᠳᠥᠷᠪᠡᠯᠵᠢᠨ ᠮᠸᠲᠷ ᠤᠰᠤᠨ ᠠᠰᠢᠬᠯᠠᠯᠳᠠ᠎ᠶᠢ ᠠᠵᠤ ᠠᠬᠤᠢᠯᠠᠯ᠎ᠳᠤ ᠰᠢᠯᠵᠢᠭᠦᠯᠦᠨ ᠥᠭᠴᠡᠢ᠃

ᠡᠨᠡᠬᠦ 《ᠠᠷᠪᠢᠯᠠᠬᠤ》 — 《ᠭᠦᠢᠯᠭᠡᠭᠡᠬᠦ》 ᠵᠢᠨ ᠠᠷᠤ᠎ᠳᠤ ᠦᠬᠠᠢ ᠬᠤᠳᠠ᠎ᠶᠢᠨ ᠬᠢᠨ᠎ᠤ ᠤᠰᠤ ᠲᠤᠢᠯ᠎ᠢᠶᠠᠷ ᠳᠤᠲᠠᠭᠳᠠᠵᠤ ᠪᠠᠢᠭ᠎ᠠ ᠬᠦᠴᠢᠷᠳᠡᠯ᠎ᠢ ᠰᠠᠨᠠᠭᠠᠴᠢᠯᠠᠭ᠎ᠠ᠎ᠡᠴᠡ᠎ᠪᠠᠨ ᠪᠦᠰᠡᠯᠡᠯᠳᠡ ᠰᠢᠪᠳᠤᠯᠤᠨ ᠰᠢᠢᠳᠪᠦᠷᠢᠯᠡᠵᠦ ᠪᠠᠢᠭ᠎ᠠ ᠵᠢ ᠢᠯᠡᠷᠡᠬᠦᠯᠵᠦ ᠪᠤᠢ᠃

ᠡᠬᠢ ᠪᠠᠶᠠᠯᠢᠭ᠋᠎ᠤᠨ ᠬᠡᠯᠪᠡᠷᠢ᠎ᠶᠢᠨ ᠤᠰᠤᠨ᠎ᠤ ᠡᠬᠢ ᠪᠠᠶᠠᠯᠢᠭ᠋ ᠳᠤᠲᠠᠭᠳᠠᠵᠤ ᠪᠠᠢᠭ᠎ᠠ ᠭᠠᠵᠠᠷ ᠣᠷᠣᠨ ᠪᠣᠯᠤᠭᠰᠠᠨ᠎ᠤ ᠬᠤᠪᠢ᠎ᠳᠤ ᠦᠬᠠᠢ ᠬᠣᠲᠠ᠎ᠶᠢᠨ ᠵᠢᠯ ᠎ᠤᠨ ᠳᠤᠮᠳᠠᠴᠢ ᠠᠭᠤᠷᠰᠢᠯᠲᠠ᠎ᠶᠢᠨ ᠬᠡᠮᠵᠢᠶ᠎ᠡ ᠨᠢ ᠵᠢᠯ᠎ᠦᠨ ᠳᠤᠮᠳᠠᠴᠢ ᠲᠤᠨᠳᠠᠰᠤᠨ᠎ᠤ ᠬᠡᠮᠵᠢᠶ᠎ᠡ᠎ᠶᠢᠨ 20 ᠳᠠᠬᠢᠨ ᠪᠠᠢᠵᠤ᠂ ᠬᠥᠮᠥᠨ ᠳᠤᠮᠳᠠᠴᠢ᠎ᠶᠢᠨ ᠤᠰᠤᠨ᠎ᠤ ᠡᠬᠢ ᠪᠠᠶᠠᠯᠢᠭ᠋᠎ᠤᠨ ᠬᠡᠮᠵᠢᠶ᠎ᠡ ᠨᠢ ᠵᠥᠪᠬᠡᠨ 115 ᠪᠣᠰᠣᠭ᠎ᠠ ᠳᠥᠷᠪᠡᠯᠵᠢᠨ ᠮᠧᠲᠷ ᠪᠤᠯᠤᠨ᠎ᠠ᠃ ᠣᠢᠷ᠎ᠠ᠎ᠶᠢᠨ ᠵᠢᠯ᠎ᠡᠴᠡ ᠨᠠᠭᠠᠰᠢ᠂ ᠦᠬᠠᠢ ᠬᠣᠲᠠ 《ᠤᠰᠤ ᠠᠷᠪᠢᠯᠠᠬᠤ᠎ᠶᠢ ᠤᠷᠢᠳ᠎ᠢᠶᠠᠷ ᠪᠣᠳᠣᠯᠬᠢᠯᠠᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ᠎ᠶᠢ ᠭᠦᠨᠵᠡᠭᠡᠢ ᠲᠤᠭᠤᠰᠢᠯᠠᠭᠤᠯᠵᠤ᠂ 2022 ᠣᠨ᠎ᠡᠴᠡ ᠡᠬᠢᠯᠡᠨ ᠤᠰᠤᠨ ᠠᠰᠢᠬᠯᠠᠯᠳᠠ ᠵᠢᠨ ᠲᠥᠰᠥᠪ᠎ᠦᠨ ᠬᠠᠮᠢᠶᠠᠷᠤᠯᠲᠠ᠎ᠶᠢ ᠬᠡᠷᠡᠭᠵᠢᠭᠦᠯᠵᠦ᠂ ᠳᠦᠷᠢᠮ᠂ ᠲᠤᠯᠭᠠᠭᠤᠷᠢᠯᠠᠯ᠂ ᠦᠢᠯᠡᠳᠦᠯᠭᠡ᠂ ᠦᠨᠡᠯᠡᠯᠲᠡ 《ᠳᠥᠷᠪᠡᠨ ᠰᠢᠰᠲᠧᠮ》ᠵᠢᠡᠷ ᠬᠦᠳᠦᠯᠦᠨ ᠲᠠᠢᠴᠢᠯᠠᠵᠤ᠂ ᠤᠰᠤ ᠠᠷᠪᠢᠯᠠᠬᠤ ᠬᠡᠯᠪᠡᠷᠢ᠎ᠶᠢᠨ ᠨᠡᠢᠭᠡᠮ᠎ᠦᠨ ᠪᠠᠢᠭᠤᠯᠤᠯᠲᠠ᠎ᠶᠢ ᠴᠢᠨᠠᠷ ᠰᠠᠢᠲᠠᠢ ᠠᠬᠢᠭᠤᠯᠪᠠ᠃

ᠳᠦᠷᠢᠮ᠎ᠦᠨ ᠲᠠᠯ᠎ᠠ᠎ᠪᠠᠷ᠂ ᠤᠰᠤᠨ᠎ᠤ ᠡᠬᠢ ᠪᠠᠶᠠᠯᠢᠭ᠋᠎ᠤᠨ 《ᠲᠥᠰᠥᠪ + ᠬᠢᠨᠠᠨ ᠵᠥᠪᠰᠢᠶᠡᠷᠡᠯ + ᠲᠣᠭᠲᠠᠭᠰᠠᠨ ᠬᠡᠮᠵᠢᠶ᠎ᠡ》 ᠵᠢᠨ ᠬᠠᠮᠢᠶᠠᠷᠤᠯᠲᠠ᠎ᠶᠢᠨ ᠵᠠᠭᠪᠤᠷ᠎ᠢ ᠡᠭᠦᠳᠴᠦ᠂ ᠤᠰᠤᠨ ᠠᠰᠢᠬᠯᠠᠯᠳᠠ ᠵᠢᠨ ᠲᠥᠰᠥᠪ᠎ᠢ ᠬᠢᠨᠠᠨ ᠵᠥᠪᠰᠢᠶᠡᠷᠡᠬᠦ᠂ ᠤᠰᠤᠨ᠎ᠤ ᠡᠷᠬᠡ᠎ᠶᠢ ᠠᠷᠠᠯᠵᠢᠶᠠᠯᠠᠬᠤ᠂ ᠲᠣᠭ᠎ᠠ ᠬᠡᠮᠵᠢᠶ᠎ᠡ᠎ᠶᠢ ᠬᠠᠷᠭᠤᠭᠤᠯᠤᠨ ᠪᠤᠳᠤᠬᠤ᠂ ᠦᠨᠡᠯᠡᠨ ᠵᠢᠱ᠌ᠢᠬᠦ ᠪᠠ ᠬᠢᠨᠠᠨ ᠬᠠᠮᠢᠶᠠᠷᠬᠤ ᠵᠡᠷᠭᠡ ᠲᠠᠯ᠎ᠠ᠎ᠪᠠᠷ ᠬᠦᠴᠦᠯᠡᠵᠦ᠂ ᠨᠠᠷᠢᠯᠢᠭ ᠤᠨᠤᠴᠠᠳᠠᠢ ᠤᠰᠤ ᠬᠡᠷᠡᠭᠯᠡᠬᠦ ᠳᠦᠷᠢᠮ ᠎ᠢ ᠪᠠᠢᠭᠤᠯᠪᠠ᠃

ᠦᠬᠠᠢ ᠬᠣᠲᠠ᠎ᠶᠢᠨ ᠤᠰᠤᠨ᠎ᠤ ᠶᠠᠪᠤᠳᠠᠯ᠎ᠤᠨ ᠲᠣᠪᠴᠢᠶ᠎ᠠ᠎ᠶᠢᠨ ᠳᠡᠳ᠋ ᠳᠠᠷᠤᠭ᠎ᠠ ᠯᠢ ᠵᠢᠩ ᠸᠧᠢ᠎ᠶᠢᠨ ᠲᠠᠨᠢᠯᠴᠠᠭᠤᠯᠤᠭᠰᠠᠨ᠎ᠢᠶᠠᠷ᠂ ᠦᠬᠠᠢ ᠬᠣᠲᠠ᠎ᠶᠢᠨ ᠠᠵᠤ ᠦᠢᠯᠡᠳᠪᠦᠷᠢ᠎ᠶᠢᠨ ᠤᠰᠤᠨ ᠠᠰᠢᠬᠯᠠᠯᠳᠠ ᠵᠢᠨ ᠲᠥᠰᠥᠪ᠎ᠢ᠋ ᠬᠠᠷᠭᠤᠭᠤᠯᠤᠨ ᠪᠤᠳᠤᠵᠤ ᠭᠠᠷᠭᠠᠨ ᠠᠪᠤᠭᠰᠠᠨ ᠲᠣᠭ᠎ᠠ ᠪᠦᠷᠢᠳᠬᠡᠯ᠎ᠦᠨ ᠠᠷᠭ᠎ᠠ᠂ ᠨᠣᠷᠮᠠᠴᠢᠯᠠᠬᠤ ᠠᠷᠭ᠎ᠠ᠂ ᠲᠥᠯᠥᠪᠯᠡᠭᠰᠡᠨ ᠤᠰᠤ ᠬᠡᠷᠡᠭᠯᠡᠬᠦ ᠥᠷᠲᠡᠭ ᠵᠡᠷᠭᠡ ᠭᠤᠷᠪᠠᠨ ᠵᠦᠢᠯ᠎ᠦᠨ ᠬᠠᠮᠤᠭ᠎ᠤᠨ ᠪᠠᠭ᠎ᠠ ᠬᠡᠮᠵᠢᠭᠳᠡᠯ᠎ᠢ ᠦᠨᠳᠦᠰᠦᠯᠡᠨ᠂ ᠲᠠᠷᠢᠶᠠᠯᠠᠩ᠎ᠤᠨ ᠤᠰᠤᠨ᠎ᠠᠰᠢᠬᠯᠠᠯᠳᠠ ᠵᠢᠨ ᠲᠥᠰᠥᠪ᠎ᠦᠨ ᠲᠣᠭ᠎ᠠ ᠬᠡᠮᠵᠢᠶ᠎ᠡ᠎ᠶᠢ 《ᠲᠠᠷᠢᠮᠠᠯ᠎ᠤᠨ ᠤᠰᠤᠯᠠᠯᠲᠠ᠎ᠶᠢᠨ ᠤᠷᠢᠳ ᠵᠢᠡᠷ ᠤᠰᠤ ᠬᠡᠷᠡᠭᠯᠡᠬᠦ ᠨᠣᠷᠮ᠎ᠠ× ᠤᠰᠤᠯᠠᠯᠲᠠ᠎ᠶᠢᠨ ᠲᠠᠯᠠᠪᠠᠶ》 ᠪᠠᠷ ᠲᠣᠭᠲᠠᠭᠠᠪᠠ᠃ ᠡᠭᠦᠨ᠎ᠦ ᠬᠠᠮᠲᠤ᠂ ᠤᠰᠤ ᠠᠷᠪᠢᠯᠠᠬᠤ᠎ᠡᠴᠡ ᠪᠣᠯᠤᠭᠰᠠᠨ 《ᠠᠷᠪᠢᠯᠠᠭᠰᠠᠨ ᠦᠯᠡᠳᠡᠪᠦᠷᠢ᠎ᠶᠢᠨ ᠬᠡᠮᠵᠢᠶ᠎ᠡ》 ᠵᠢ ᠤᠰᠤᠨ᠎ᠤ ᠡᠷᠬᠡ᠎ᠶᠢᠨ ᠵᠠᠬ᠎ᠠ ᠳᠡᠯᠭᠡᠭᠦᠷ᠎ᠦᠨ ᠠᠷᠠᠯᠵᠢᠶ᠎ᠠ᠎ᠡᠴᠡ ᠪᠡᠯᠡᠨ ᠵᠣᠭᠣᠰ ᠪᠣᠯᠭᠠᠨ ᠬᠤᠪᠢᠷᠠᠭᠤᠯᠵᠤ᠂ 《ᠤᠰᠤ ᠠᠷᠪᠢᠯᠠᠵᠤ ᠥᠪᠡᠷ᠎ᠦᠨ ᠥᠷᠲᠡᠭ᠎ᠢ ᠪᠠᠭᠤᠷᠠᠭᠤᠯᠬᠤ + ᠠᠷᠠᠯᠵᠢᠶ᠎ᠠ᠎ᠶᠢᠨ ᠣᠷᠣᠯᠭ᠎ᠠ᠎ᠶᠢ ᠨᠡᠮᠡᠭᠳᠡᠭᠦᠯᠬᠦ》 ᠳᠠᠪᠬᠤᠷ ᠤᠷᠮᠠᠰᠢᠭᠤᠯᠤᠯ᠎ᠢ ᠪᠣᠶ ᠪᠣᠯᠭᠠᠵᠤ᠂ ᠣᠲᠣ᠌ ᠨᠢᠭᠡᠨᠲᠡ ᠤᠰᠤᠨ᠎ᠤ ᠡᠷᠬᠡ᠎ᠶᠢᠨ ᠠᠷᠠᠯᠵᠢᠶ᠎ᠠ᠎ᠶᠢ 110 ᠤᠳᠠᠭ᠎ᠠ ᠪᠡᠶᠡᠯᠡᠭᠦᠯᠵᠦ᠂ 6192 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤᠨ᠎ᠤ ᠭᠦᠢᠴᠡᠳᠬᠡᠯ ᠲᠣᠭ᠎ᠠ᠎ᠶᠢ ᠠᠮᠢᠳᠤᠯᠢᠭ᠋ ᠪᠣᠯᠭᠠᠪᠠ᠃

ᠨᠠᠷᠢᠯᠢᠭ᠋ ᠣᠨᠣᠪᠴᠢᠲᠠᠶ ᠲᠥᠰᠥᠪ ᠨᠢ ᠬᠤᠷᠴᠠ ᠰᠡᠷᠭᠡᠭ ᠮᠡᠳᠡᠷᠡᠮᠵᠢ᠎ᠡᠴᠡ ᠰᠠᠯᠵᠤ ᠴᠢᠳᠠᠬᠤ ᠦᠭᠡᠢ ᠶᠤᠮ᠂ ᠦᠬᠠᠢ ᠬᠣᠲᠠ ᠲᠣᠭᠠᠴᠢᠯᠠᠭᠰᠠᠨ ᠬᠦᠴᠦᠨ ᠣᠯᠭᠣᠬᠤ᠂ ᠬᠥᠳᠡᠯᠦᠩᠭᠦᠢ ᠵᠠᠳᠠᠯᠤᠯᠲᠠ ᠬᠢᠬᠦ᠂ ᠠᠦ᠋ᠲ᠋ᠣ᠋᠎ᠤᠷᠢᠳᠴᠢᠯᠠᠨ ᠰᠡᠷᠡᠮᠵᠢᠯᠡᠭᠦᠯᠬᠦ᠎ᠶᠢ ᠪᠠᠷᠢᠮᠲᠠᠯᠠᠵᠤ᠂ ᠤᠰᠤᠨ᠎ᠤ ᠲᠥᠰᠥᠪ᠎ᠦᠨ ᠣᠶᠤᠨᠴᠢᠯᠠᠭᠰᠠᠨ ᠲᠤᠯᠭᠠᠭᠤᠷᠢᠯᠠᠬᠤ ᠰᠢᠰᠲᠧᠮ᠎ᠢ ᠪᠠᠢᠭᠤᠯᠪᠠ᠃ ᠪᠥᠬᠥ ᠬᠣᠲᠠ᠎ᠶᠢᠨ ᠤᠰᠤ ᠲᠠᠲᠠᠵᠤ ᠬᠡᠷᠡᠭᠯᠡᠬᠦ ᠡᠷᠦᠬᠡ ᠪᠦᠬᠦᠨ ᠰᠦᠯᠵᠢᠶᠡᠨ ᠳᠡᠭᠡᠷ᠎ᠡ ᠬᠡᠮᠵᠢᠨ ᠪᠤᠳᠤᠬᠤ᠎ᠶᠢ ᠪᠡᠶᠡᠯᠡᠭᠦᠯᠵᠦ᠂ 574 ᠲᠦᠮᠡᠨ ᠵᠤᠷᠪᠤᠰ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠷ ᠨᠢᠭᠡᠨ ᠪᠦᠬᠦᠨ᠎ᠢ ᠪᠦᠷᠬᠦᠭᠰᠡᠨ ᠤᠰᠤᠨ᠎ᠤ ᠡᠬᠢ ᠪᠠᠶᠠᠯᠢᠭ᠋᠎ᠤᠨ ᠮᠡᠳᠡᠷᠡᠬᠦ ᠲᠣᠣᠷ᠎ᠢ ᠰᠦᠯᠵᠢᠵᠦ᠂ ᠪᠦᠲᠦᠮᠵᠢᠲᠡᠶ ᠴᠤᠭᠯᠠᠭᠤᠯᠬᠤ ᠨᠣᠷᠮ᠎ᠠ᠎ᠶᠢ 98% ᠎ᠡᠴᠡ ᠳᠡᠭᠡᠭᠰᠢ᠎ᠳᠦ ᠬᠦᠷᠭᠡᠪᠡ᠃ ᠤᠰᠤᠨ᠎ᠤ ᠲᠥᠰᠥᠪ᠎ᠦᠨ ᠣᠶᠤᠨᠴᠢᠯᠠᠭᠰᠠᠨ ᠮᠡᠳᠡᠷᠡᠬᠦ ᠲᠤᠯᠭᠠᠭᠤᠷᠢᠯᠠᠯ᠎ᠤᠨ ᠲᠥᠷᠥᠯ ᠵᠦᠢᠯ᠎ᠢ ᠬᠡᠷᠡᠭᠵᠢᠭᠦᠯᠵᠦ᠂ ᠤᠰᠤ ᠬᠡᠷᠡᠭᠯᠡᠬᠦ ᠬᠦᠴᠦᠯᠡᠴᠡ᠎ᠶᠢ ᠴᠠᠭ ᠲᠤᠬᠠᠢ ᠳ᠋ᠤᠨᠢ ᠵᠠᠳᠠᠯᠵᠤ᠂ ᠠᠵᠤ ᠠᠬᠤᠢᠯᠠᠯ᠎ᠳᠤ ᠲᠥᠰᠥᠪ᠎ᠡᠴᠡ ᠳᠠᠪᠠᠭᠰᠠᠨ ᠰᠡᠷᠡᠮᠵᠢ᠎ᠶᠢ ᠦᠭᠴᠦ᠂ ᠬᠡᠷᠡᠭ᠎ᠦᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ᠂ ᠬᠡᠷᠡᠭ᠎ᠦᠨ ᠳᠤᠮᠳᠠ ᠬᠠᠮᠢᠶᠠᠷᠤᠨ ᠡᠵᠡᠮᠳᠡᠬᠦ᠂ ᠬᠡᠷᠡᠭ᠎ᠦᠨ ᠳᠠᠷᠠᠭ᠎ᠠ ᠬᠠᠷᠢᠭᠤᠴᠠᠯᠭ᠎ᠠ ᠨᠡᠬᠡᠮᠵᠢᠯᠡᠬᠦ᠎ᠶᠢ ᠬᠥᠳᠡᠯᠦᠩᠭᠦᠢ᠎ᠪᠡᠷ ᠬᠤᠯᠪᠤᠭᠠᠯᠠᠨ ᠬᠥᠳᠡᠯᠦᠯᠴᠡᠬᠦ᠎ᠶᠢ ᠪᠡᠶᠡᠯᠡᠭᠦᠯᠪᠡ᠃

ᠤᠰᠤᠨ᠎ᠠᠰᠢᠬᠯᠠᠯᠳᠠ ᠵᠢᠨ ᠲᠥᠰᠥᠪ ᠨᠢ ᠬᠠᠮᠢᠶᠠᠷᠤᠯᠲᠠ ᠡᠵᠡᠮᠳᠡᠯ᠎ᠢ ᠠᠪᠴᠢᠷᠠᠭᠰᠠᠨ᠎ᠢᠶᠠᠷ ᠪᠠᠷᠠᠬᠤ ᠦᠭᠡᠢ ᠨᠡᠩ ᠴᠤ᠌ ᠨᠢᠭᠡᠨ ᠤᠳᠠᠭᠠᠨ᠎ᠤ ᠭᠦᠨ ᠳᠠᠪᠬᠤᠷᠭ᠎ᠠ᠎ᠶᠢᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠋᠎ᠤᠨ ᠬᠤᠪᠢᠰᠤᠯᠲᠠ᠎ᠶᠢ ᠠᠪᠴᠢᠷᠠᠭᠰᠠᠨ ᠪᠠᠢᠨ᠎ᠠ᠃ ᠠᠵᠤ ᠦᠢᠯᠡᠳᠪᠦᠷᠢ᠎ᠶᠢᠨ ᠤᠰᠤ ᠠᠷᠪᠢᠯᠠᠵᠤ ᠭᠠᠳᠠᠭᠰᠢᠯᠠᠭᠤᠯᠬᠤ᠎ᠶᠢ ᠪᠠᠭᠠᠰᠬᠠᠬᠤ ᠳᠤᠮᠳᠠ᠂ ᠲᠣᠰ ᠬᠣᠲᠠ ᠲᠠᠪᠤᠰᠤᠨ᠎ᠤ ᠠᠭᠤᠯᠤᠭᠳᠠᠴᠠ ᠦᠨᠳᠦᠷ ᠪᠤᠬᠢᠷ ᠤᠰᠤ᠎ᠵᠢ ᠳᠠᠪᠤᠰᠤ ᠢᠯᠭᠠᠷᠠᠭᠤᠯᠤᠨ ᠳᠠᠬᠢᠨ ᠠᠭᠤᠷᠰᠢᠭᠤᠯᠵᠤ ᠥᠯᠥ ᠭᠠᠳᠠᠭᠰᠢᠯᠠᠭᠤᠯᠬᠤ ᠂ ᠴᠠᠷᠴᠠᠭᠰᠠᠨ ᠤᠰᠤ᠎ᠵᠢ ᠡᠭᠡᠭᠦᠯᠦᠨ ᠬᠤᠷᠢᠶᠠᠵᠤ ᠠᠰᠢᠭ᠍ᠯᠠᠬᠤ ᠵᠡᠷᠭᠡ ᠲᠡᠷᠢᠭᠦᠨ᠎ᠦ ᠤᠰᠤ ᠠᠷᠪᠢᠯᠠᠬᠤ ᠮᠡᠷᠭᠡᠵᠢᠯ᠎ᠦᠨ ᠲᠣᠨᠣᠭᠯᠠᠯ᠎ᠢ ᠶᠡᠬᠡ᠎ᠪᠡᠷ ᠳᠡᠯᠭᠡᠷᠡᠭᠦᠯᠵᠦ᠂ 23 ᠠᠵᠤ ᠠᠬᠤᠢᠯᠠᠯ᠎ᠢ ᠵᠣᠬᠢᠶᠠᠨ ᠪᠠᠢᠭᠤᠯᠤᠨ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶᠢ ᠬᠡᠷᠡᠭᠵᠢᠭᠦᠯᠵᠦ᠂ 680 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠠᠷᠪᠢᠯᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠵᠢᠱ᠌ᠢᠶᠡᠴᠢ ᠠᠵᠤ ᠠᠬᠤᠢᠯᠠᠯ᠎ᠢ 2᠂ ᠤᠰᠤ ᠠᠷᠪᠢᠯᠠᠬᠤ ᠬᠡᠯᠪᠡᠷᠢ᠎ᠶᠢᠨ ᠠᠵᠤ ᠠᠬᠤᠢᠯᠠᠯ᠎ᠢ 16᠂ ᠤᠰᠤ ᠠᠷᠪᠢᠯᠠᠬᠤ ᠬᠡᠯᠪᠡᠷᠢ᠎ᠶᠢᠨ ᠬᠦᠷᠢᠶᠡᠯᠡᠩ ᠲᠣᠭᠣᠷᠢᠭ᠋᠎ᠢ 2 ᠪᠠᠢᠭᠤᠯᠪᠠ; ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ ᠲᠠᠯ᠎ᠠ᠎ᠪᠠᠷ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠲᠠᠷᠢᠶᠠᠯᠠᠩ᠎ᠤᠨ ᠤᠰᠤᠨ᠎ᠤ ᠡᠷᠬᠡ᠎ᠶᠢ ᠡᠷᠦᠬᠡ᠎ᠳᠦ ᠬᠦᠷᠲᠡᠯ᠎ᠡ ᠬᠤᠪᠢᠶᠠᠷᠢᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 4.36 ᠲᠦᠮᠡᠨ ᠮᠦ᠍ ᠪᠠᠢᠭᠤᠯᠵᠤ᠂ ᠮᠦ᠍ ᠪᠦᠷᠢ᠎ᠳᠦ 20% ᠎ᠡᠴᠡ ᠳᠡᠭᠡᠭᠰᠢ ᠤᠰᠤ ᠠᠷᠪᠢᠯᠠᠪᠠ; ᠲᠣᠰ ᠬᠣᠲᠠ 100% ᠎ᠪᠠᠷ ᠤᠰᠤ ᠠᠷᠪᠢᠯᠠᠬᠤ ᠬᠡᠯᠪᠡᠷᠢ᠎ᠶᠢᠨ ᠪᠠᠢᠭᠤᠯᠭ᠎ᠠ᠂ ᠡᠮᠨᠡᠯᠭᠡ᠎ᠶᠢᠨ ᠬᠣᠷᠢᠶ᠎ᠠ᠎ᠶᠢ ᠪᠠᠢᠭᠤᠯᠵᠤ᠂ ᠤᠰᠤ ᠠᠷᠪᠢᠯᠠᠬᠤ ᠬᠡᠯᠪᠡᠷᠢ᠎ᠶᠢᠨ ᠰᠤᠷᠭᠠᠭᠤᠯᠢ᠂ ᠨᠡᠢᠭᠡᠮ ᠲᠣᠭᠣᠷᠢᠭ᠋ ᠪᠠᠶ᠋ᠢᠭᠤᠯᠬᠤ᠎ᠶᠢ ᠠᠯᠬᠤᠮ ᠠᠯᠬᠤᠮ᠎ᠢᠶᠠᠷ ᠠᠬᠢᠭᠤᠯᠵᠤ᠂ ᠪᠠᠢᠭᠤᠯᠤᠭᠰᠠᠨ ᠨᠣᠷᠮ᠎ᠠ ᠨᠢ 40% ᠎ᠵᠢ ᠳᠠᠪᠠᠪᠠ᠃ ᠦᠬᠠᠢ ᠬᠣᠲᠠ ᠪᠥᠬᠥ ᠤᠯᠤᠰ᠎ᠲᠤ ᠡᠩ ᠲᠡᠷᠢᠭᠦᠨ᠎ᠳᠦ ᠲᠤᠰᠬᠠᠢ ᠣᠷᠣᠨ᠎ᠤ ᠲᠠᠰ᠎ᠤᠨ ᠬᠣᠲᠠ᠎ᠶᠢᠨ ᠤᠰᠤ ᠠᠷᠪᠢᠯᠠᠬᠤ ᠠᠵᠤ ᠦᠢᠯᠡᠰ᠎ᠦᠨ ᠲᠥᠯᠦᠪᠵᠢᠭᠦᠯᠭᠡ᠎ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠤᠰᠤ ᠠᠷᠪᠢᠯᠠᠬᠤ ᠠᠵᠤ ᠦᠢᠯᠡᠰ᠎ᠦᠨ ᠬᠣᠯᠪᠣᠭ᠎ᠠ᠎ᠶᠢ ᠪᠠᠢᠭᠤᠯᠪᠠ᠃

ᠡᠭᠦᠨ᠎ᠡᠴᠡ ᠭᠠᠳᠠᠨ᠎ᠠ᠂ ᠦᠬᠠᠢ ᠬᠣᠲᠠ ᠪᠠᠰᠠ ᠤᠰᠤᠨ᠎ᠠᠰᠢᠭᠯᠠᠯᠳᠠ ᠵᠢᠨ ᠲᠥᠰᠥᠪ᠎ᠦᠨ ᠠᠮᠵᠢᠯᠲᠠ ᠪᠦᠲᠦᠮᠵᠢ᠎ᠶᠢ ᠦᠨᠡᠯᠡᠬᠦ ᠰᠢᠰᠲᠧᠮ᠎ᠢ ᠪᠠᠢᠭᠤᠯᠪᠠ᠃ ᠲᠥᠷᠥᠯ ᠵᠦᠢᠯ᠎ᠦᠨ ᠣᠷᠣᠬᠤ᠎ᠵᠢ ᠵᠦᠪᠰᠢᠶᠡᠷᠡᠬᠦ ᠭᠣᠭᠴᠣᠭ᠎ᠠ᠎ᠳᠤ᠂ ᠰᠢᠨ᠎ᠡ᠎ᠪᠡᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠠᠵᠤ ᠦᠢᠯᠡᠳᠪᠦᠷᠢ᠎ᠶᠢᠨ ᠲᠥᠷᠥᠯ ᠵᠦᠢᠯ᠎ᠳᠦ ᠳᠠᠭᠠᠭᠤᠯᠤᠨ ᠭᠦᠶᠦᠬᠦ ᠨᠤᠷᠮ᠎ᠠ ᠲᠣᠭᠲᠠᠭᠠᠬᠤ ᠪᠠ ᠬᠠᠲᠤᠨ ᠭᠣᠣᠯ᠎ᠤᠨ ᠰᠠᠪᠠ ᠭᠠᠵᠠᠷ᠎ᠤᠨ ᠠᠯᠪᠠᠳᠠᠯᠭ᠎ᠠ᠎ᠪᠠᠷ ᠤᠰᠤ ᠬᠡᠷᠡᠭᠯᠡᠬᠦ ᠨᠤᠷᠮ᠎ᠠ ᠲᠣᠭᠲᠠᠭᠠᠬᠤ ᠪᠠᠷᠢᠮᠵᠢᠶ᠎ᠠ᠎ᠶᠢ ᠬᠡᠷᠡᠭᠵᠢᠭᠦᠯᠪᠡ; ᠬᠣᠭᠣᠯᠠᠢ ᠲᠣᠣᠷ᠎ᠤᠨ ᠤᠰᠤ ᠬᠠᠩᠭᠠᠬᠤ ᠭᠣᠭᠴᠣᠭ᠎ᠠ᠎ᠳᠤ᠂ ᠬᠠᠲᠤᠨ ᠭᠣᠣᠯ᠎ᠤᠨ ᠤᠰᠤ᠎ᠶᠢ ᠲᠠᠲᠠᠵᠤ ᠤᠰᠤ ᠳᠠᠮᠵᠢᠭᠤᠯᠬᠤ ᠬᠣᠬᠢᠷᠠᠯ᠎ᠢ 8%᠎ᠡᠴᠡ ᠥᠨᠳᠥᠷ ᠪᠠᠢᠯᠭᠠᠵᠤ ᠪᠣᠯᠬᠤ ᠦᠭᠡᠢ ᠪᠠᠢᠵᠤ᠂ ᠠᠯᠬᠤᠮ ᠠᠯᠬᠤᠮ᠎ᠢᠶᠠᠷ ᠬᠢᠵᠠᠭᠠᠷᠯᠠᠵᠤ 5%᠎ᠡᠴᠡ ᠳᠣᠷᠣᠭ᠍ᠰᠢ ᠪᠤᠯᠭᠠᠪᠠ; ᠭᠠᠳᠠᠭᠰᠢᠯᠠᠭᠤᠯᠬᠤ ᠲᠠᠯ᠎ᠠ᠎ᠪᠠᠷ᠂ ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠦᠨ ᠲᠥᠰᠥᠪ᠎ᠢ ᠬᠢᠨᠠᠨ ᠵᠥᠪᠰᠢᠶᠡᠷᠡᠬᠦ᠎ᠳᠦ ᠠᠵᠤ ᠠᠬᠤᠢᠯᠠᠯ᠎ᠤᠨ ᠳᠠᠬᠢᠯᠲᠠ ᠤᠰᠤ᠎ᠶᠢ ᠠᠰᠢᠭ᠍ᠯᠠᠬᠤ ᠨᠣᠷᠮ᠎ᠠ᠎ᠶᠢ 80% ᠎ᠡᠴᠡ ᠳᠡᠭᠡᠭᠰᠢ᠎ᠳᠦ ᠬᠦᠷᠦᠭᠦᠯᠬᠦ᠎ᠪᠡᠷ ᠱᠠᠭᠠᠷᠳᠠᠵᠤ᠂ ᠥᠳᠬᠡᠨ ᠳᠠᠪᠤᠰᠤ ᠲᠠᠢ ᠤᠰᠤ᠎ᠶᠢ ᠰᠢᠢᠳᠪᠦᠷᠢᠯᠡᠬᠦ ᠲᠦᠬᠦᠭᠡᠷᠦᠮᠵᠢ ᠵᠡᠷᠭᠡ᠎ᠶᠢ ᠪᠠᠶ᠋ᠢᠭᠤᠯᠬᠤ᠎ᠪᠠᠷ ᠳᠠᠮᠵᠢᠭᠤᠯᠤᠨ᠂ ᠪᠣᠬᠢᠷ ᠤᠰᠤ᠎ᠶᠢ 《ᠥᠯᠥ ᠭᠠᠳᠠᠭᠰᠢᠯᠠᠭᠤᠯᠬᠤ》᠎ᠵᠢ ᠪᠡᠶᠡᠯᠡᠭᠦᠯᠪᠡ᠃ 2025 ᠣᠨ᠎ᠳᠤ᠂ ᠦᠬᠠᠢ ᠬᠣᠲᠠ᠎ᠶᠢᠨ ᠲᠦᠮᠡᠨ ᠲᠥᠭᠥᠷᠢᠭ᠎ᠦᠨ GDP ᠎ᠢ᠋ᠢᠨ ᠬᠡᠷᠡᠭᠯᠡᠬᠦ ᠤᠰᠤᠨ᠎ᠤ ᠬᠡᠮᠵᠢᠶ᠎ᠡ 2020 ᠣᠨ᠎ᠤ ᠬᠢ᠎ᠡᠴᠡ 16% ᠎ᠪᠠᠷ ᠪᠠᠭᠤᠷᠠᠵᠤ᠂ ᠳᠠᠬᠢᠨ ᠠᠰᠢᠭ᠍ᠯᠠᠯᠲᠠ᠎ᠶᠢᠨ ᠬᠡᠮᠵᠢᠶ᠎ᠡ 2600 ᠲᠦᠮᠡᠨ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ᠂ ᠠᠰᠢᠭ᠍ᠯᠠᠯᠲᠠ᠎ᠶᠢᠨ ᠨᠣᠷᠮ᠎ᠠ ᠨᠢ 94% ᠎ᠡᠴᠡ ᠳᠡᠭᠡᠭᠰᠢ᠎ᠳᠦ ᠬᠥᠷᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面