ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-10-03 14:43:11

ᠵᠣᠬᠢᠶᠠᠭ᠍ᠴᠢ᠄ ᠬᠠᠢ ᠵᠢᠶᠦ᠋ᠨ ᠢᠳᠡᠷᠡᠬᠦᠨ ᠬᠦᠭᠵᠢᠯᠲᠤ ᠣᠩᠱᠢᠭ᠍ᠰᠠᠨ ᠣᠳᠠᠭ᠎ᠠ᠄ 3

ᠬᠦᠷᠴᠢᠭᠢᠨᠡᠨ ᠠᠵᠢᠯᠯᠠᠬᠤ ᠦᠢᠯᠡᠴᠢᠯᠡᠭᠦᠷ ᠮᠠᠰᠢᠨ ᠨᠤᠭᠤᠳ ᠨᠢ ᠬᠢᠯᠢ ᠵᠢᠨ ᠨᠢᠭᠡᠨ ᠨᠠᠮ ᠵᠢᠮ ᠵᠢᠵᠢᠭ ᠪᠠᠯᠭᠠᠰᠤ ᠵᠢ ᠬᠦᠭᠵᠢᠶᠡᠨ ᠨᠠᠷᠬᠢᠶᠠᠨ ᠲᠠᠢ ᠪᠤᠯᠭᠠᠨ᠎ᠠ ᠬᠡᠳᠡᠭ ᠢ᠋ ᠬᠡᠨ ᠰᠠᠨᠠᠵᠤ ᠤᠯᠬᠤᠪ? ᠤᠷᠤᠢ᠎ᠶᠢᠨ 6 ᠴᠠᠭ᠎ᠲᠤ᠌᠂ ᠵᠢᠷᠭᠠᠬᠤ ᠨᠡᠷᠡᠨ ᠪ ᠤᠯᠠᠪᠤᠷ ᠲᠤᠶᠠᠭ᠎ᠠ 110 ᠨᠤᠮᠸᠷᠲᠤ ᠤᠯᠤᠰ᠎ᠤᠨ ᠵᠠᠮ᠎ᠤᠨ ᠬᠠᠵᠠᠭᠤᠳᠠᠬᠢ ᠤᠯᠠᠭᠠᠨᠴᠠᠪ ᠬᠤᠳᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤᠨ᠎ᠤ ᠪᠠᠶᠠᠨᠲᠠᠯ᠎ᠠ ᠪᠠᠯᠭᠠᠰᠤᠨ᠎ᠤ ᠨᠠᠢ᠍ᠮᠠᠳᠤᠭᠠᠷ ᠰᠤᠮᠤ ᠲᠣᠰᠬᠣᠨ᠎ᠤ ᠠᠷᠠᠳ᠎ᠤᠨ ᠬᠡᠷ ᠤ᠋ᠨ ᠰᠠᠷᠠᠪᠴᠢᠨ ᠳ᠋ᠤ ᠲᠤᠰᠬᠤ ᠳ᠋ᠤ᠂ ᠠᠯᠳᠠᠨ ᠰᠢᠷᠭᠠᠯ ᠦᠩᠭᠡ ᠨᠢ ᠬᠥᠳᠡᠭᠡ ᠲᠣᠰᠬᠣᠨ ᠤ᠋ ᠵᠡᠭᠡᠯᠢ ᠭᠤᠳᠤᠮᠵᠢ᠎ᠶᠢ ᠬᠡᠢᠭᠦᠯᠦᠨ᠎ᠠ᠃ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠤᠭᠤᠷᠢᠭ ᠤ᠋ᠨ ᠳ᠋ᠠᠢᠲ᠋ᠠ ᠵᠢᠨ ᠲᠥᠪ᠎ᠡᠴᠡ ᠠᠵᠢᠯ᠎ᠠᠴᠠ᠎ᠪᠠᠨ ᠪᠠᠭᠤᠭᠰᠠᠨ ᠬᠥᠮᠦᠨ᠎ᠦ ᠤᠷᠤᠰᠬᠠᠯ ᠤᠯᠤᠰ᠎ᠤᠨ ᠵᠠᠮ᠎ᠢᠶᠠᠷ ᠳᠡᠮᠵᠢᠨ ᠲᠣᠰᠬᠣᠨ᠎ᠳᠤ ᠣᠷᠣᠵᠤ᠂ ᠲᠡᠷᠭᠡ ᠬᠥᠰᠬᠡ ᠰᠦᠯᠵᠢᠯᠳᠦᠨ᠂ ᠬᠦᠮᠦᠨ ᠬᠠᠷ᠎ᠠ ᠨᠠᠭᠠᠰᠢ ᠴᠠᠭᠠᠰᠢ ᠵᠤᠷᠴᠢᠯᠳᠦᠨ᠎ᠠ; ᠵᠡᠭᠡᠯᠢ᠎ᠳᠠᠭᠠᠤ ᠵᠢᠨ ᠬᠤᠳᠠᠯᠳᠤᠭᠠᠨ ᠎ᠤ ᠡᠷᠦᠬᠡ ᠪᠡᠷ ᠤᠷᠤᠵᠦ ᠭᠠᠷᠬᠤ ᠬᠦᠯ᠎ᠤᠨ ᠴᠢᠮᠡᠭᠡ᠂ ᠬᠥᠯᠥᠰᠥᠨ ᠠᠵᠢᠯᠴᠢᠨ᠎ᠦ ᠭᠤᠷᠪᠠ ᠲᠠᠪᠤᠭᠤᠯᠠ ᠪᠡᠷ ᠵᠢᠡᠨ ᠢᠨᠢᠶᠡᠯᠴᠡᠨ ᠶᠠᠷᠢᠯᠴᠠᠬᠤ ᠲᠠᠭᠤᠨ ᠬᠠᠶᠠ ᠦᠭᠡᠢ ᠰᠣᠨᠣᠰᠳᠠᠨ᠎ᠠ ᠁

ᠲᠣᠰᠬᠣᠨ᠎ᠤ ᠵᠡᠭᠡᠯᠢ᠎ᠳᠤ᠂ ᠯᠦᠸᠧ ᠳ᠋ᠦᠩ ᠮᠧᠢ ᠡᠷ᠎ᠡ ᠡᠮ᠎ᠡ ᠬᠣᠶᠠᠭᠤᠯᠠ᠎ᠶᠢᠨ ᠡᠵᠡᠩᠨᠡᠵᠦ᠍ ᠪᠠᠶ᠋ᠢᠭ᠎ᠠ ᠬᠣᠭᠣᠯᠠᠨ ᠭᠡᠷ ᠨᠢ ᠶᠠᠭ ᠨᠢᠭᠡ ᠡᠳᠦᠷ᠎ᠦᠨ ᠬᠠᠮᠤᠭ᠎ᠤᠨ ᠶᠠᠭᠠᠷᠠᠯᠲᠠᠢ ᠴᠠᠭ ᠮᠥᠴᠡ ᠪᠠᠨ ᠤᠭᠳᠤᠯ᠎ᠠ᠃ ᠬᠣᠭᠣᠯᠠᠨ ᠭᠡᠷ ᠲᠤ᠌ ᠬᠦᠮᠤᠰ ᠳᠦᠭᠦᠷᠲᠡᠯ᠎ᠡ ᠰᠠᠭᠤᠯᠴᠠᠵᠤ᠂ ᠶᠠᠷᠢᠯᠴᠠᠨ ᠢᠨᠢᠶᠠᠯᠴᠡᠬᠦ ᠲᠠᠭᠤᠨ ᠲᠣᠭᠣᠭᠠᠨ ᠭᠡᠷ ᠡᠴᠡ ᠲᠤᠭᠤᠯᠳᠠᠬᠤ ᠲᠣᠭᠣᠭ᠎ᠠ ᠰᠢᠨᠠᠭ᠎ᠠ ᠵᠢᠨ ᠲᠠᠭᠤᠨ ᠲᠠᠢ ᠬᠦᠭ ᠨᠡᠢᠯᠡᠵᠦ ᠬᠦᠭᠵᠢᠶᠡᠨ ᠨᠡᠮᠡᠷᠢᠯᠡᠨ᠎ᠠ᠃ ᠡᠢᠮᠦ ᠭᠦᠭᠵᠢᠶᠠᠨ ᠲᠠᠢ ᠪᠤᠯᠤᠨ᠎ᠠ ᠭᠡᠵᠦ ᠡᠳᠡ ᠬᠣᠶᠠᠭᠤᠯᠠ ᠵᠢᠨ ᠰᠠᠨᠠᠭ᠎ᠠ ᠵᠡᠭᠦᠳᠦᠨ ᠳ᠋ᠤ ᠪᠠᠢᠭᠰᠠᠨ ᠦᠭᠡᠢ᠃

《ᠲᠣᠮᠣ ᠳ᠋ᠠᠶ᠋ᠢᠲ᠋ᠠ᠎ᠶᠢᠨ ᠠᠵᠤ ᠤᠢᠯᠡᠰ ᠬᠦᠭᠵᠢᠬᠦ ᠡᠴᠡ ᠡᠮᠦᠨ᠎ᠠ ᠲᠣᠰᠬᠣᠨ᠎ᠳᠤ ᠡᠯᠦᠶ ᠬᠤᠯᠤᠶ ᠪᠠᠶ᠋ᠢᠵᠤ᠂ ᠬᠣᠭᠣᠯᠠ ᠢᠳᠡᠬᠦ᠌᠎ᠪᠡᠷ ᠢᠷᠡᠬᠦ᠌ ᠬᠥᠮᠦᠨ ᠴᠦ᠍ ᠮᠠᠰᠢ ᠴᠥᠭᠡᠨ ᠪᠠᠶ᠋ᠢᠪᠠ᠃ ᠲᠡᠷᠡ ᠦᠶ᠎ᠠ ᠳ᠋ᠤ ᠡᠳᠦᠷ᠎ᠤᠨ ᠡᠵᠡᠩᠨᠡᠯᠳᠡ ᠵᠢᠨ ᠤᠷᠤᠯᠭ᠎ᠠ ᠬᠠᠮᠤᠭ᠎ᠤᠨ ᠦᠨᠳᠦᠷ ᠲᠡᠬᠡᠨ 500 ᠲᠥᠭᠥᠷᠢᠭ ᠣᠷᠴᠢᠮ ᠬᠦᠷᠴᠤ ᠪᠠᠢᠬᠰᠠᠨ᠂ ᠬᠡᠷ᠎ᠦᠨ ᠲᠦᠷᠢᠶᠡᠰᠦ᠂ ᠨᠤᠭᠤᠭ᠎ᠠ ᠴᠠᠭ᠎ᠠ ᠵᠢᠨ ᠥᠪᠡᠷ᠎ᠦᠨ ᠥᠷᠲᠡᠭ᠎ᠢ ᠭᠠᠷᠭᠠᠪᠠᠯ᠂ ᠵᠢᠯ᠎ᠳᠡᠭᠡᠨ ᠮᠤᠩᠭᠠᠨᠢᠭᠠᠳ ᠳᠡᠮᠡᠶ ᠶᠡᠭᠡ ᠵᠣᠭᠣᠰ ᠣᠯᠵᠤ ᠳᠡᠶ᠋ᠢᠯᠳᠡᠭ ᠦᠭᠡᠢ ᠪᠠᠢᠪᠠ︾ᠬᠡᠵᠤ ᠥᠩᠭᠡᠷᠡᠭᠰᠡᠨ᠎ᠦ ᠤᠷᠤᠯᠭ᠎ᠠ ᠲᠤᠤᠷ᠎ᠠ ᠠᠮᠢᠳᠤᠷᠠᠯ᠎ᠤᠨ᠎ᠢᠶᠠᠨ ᠲᠤᠬᠠᠢ ᠯᠦᠸᠧ ᠳ᠋ᠦᠩ ᠮᠧᠢ ᠡᠷᠭᠢᠴᠡᠭᠦᠯᠵᠤ ᠶᠠᠷᠢᠨ᠎ᠠ᠃

ᠡᠷᠭᠢᠨ ᠲᠣᠭᠣᠷᠢᠨ᠎ᠤ ᠳ᠋ᠠᠢᠲ᠋ᠠ ᠵᠢᠨ ᠲᠥᠪ᠎ᠦᠳ ᠵᠠᠯᠭᠠᠭ᠎ᠠ᠎ᠪᠠᠷ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ᠎ᠶᠢ ᠳᠠᠭᠠᠯᠳᠤᠨ᠂ ᠶᠡᠬᠡ ᠬᠡᠮᠵᠢᠶᠡᠨ᠎ᠦ ᠪᠦᠲᠦᠭᠡᠨ ᠪᠠᠶ᠋ᠢᠭᠤᠯᠤᠯᠲᠠ᠎ᠶᠢᠨ ᠠᠵᠢᠯᠴᠢᠨ᠂ ᠮᠡᠷᠭᠡᠵᠢᠯ᠎ᠦᠨ ᠠᠵᠢᠯᠯᠠᠭᠠᠨ᠎ᠤ ᠬᠠᠮᠠᠭᠠᠯᠠᠯᠲᠠ ᠵᠢᠨ ᠠᠵᠢᠯᠴᠢᠨ ᠲᠠᠰᠤᠷᠠᠯᠲᠠ ᠦᠭᠡᠢ ᠲᠣᠰᠬᠣᠨ᠎ᠳᠤ ᠣᠷᠣᠵᠤ ᠢᠷᠡᠪᠡ᠃ ᠭᠠᠳᠠᠨ᠎ᠠ᠎ᠠᠴᠠ ᠢᠷᠡᠭᠰᠡᠨ ᠬᠥᠮᠦᠨ ᠠᠮᠠ᠎ᠤᠯᠠᠰᠢᠷᠠᠬᠤ ᠵᠢ ᠲᠠᠭᠠᠯᠳᠤᠨ ᠬᠣᠭᠣᠯᠠᠨ ᠭᠡᠷ᠎ᠦᠨ ᠠᠷᠠᠯᠵᠢᠶ᠎ᠠ ᠨᠢ ᠨᠢᠬᠡ ᠯᠡ ᠲᠡᠬᠡᠷ᠎ᠠ ᠬᠥᠭᠵᠢᠶᠡᠨ᠎ᠲᠡᠶ ᠪᠣᠯᠵᠠᠢ᠃ ᠬᠣᠭᠣᠯᠠᠨ᠎ᠤ ᠴᠠᠭ ᠪᠣᠯᠤᠮᠠᠭᠴᠠ ᠯᠦᠸᠧ ᠳ᠋ᠦᠩ ᠮᠧᠢ ᠨᠦᠭᠦᠷ ᠲᠠᠢ ᠪᠠᠨ ᠪᠣᠷᠪᠢ ᠪᠣᠬᠢᠰᠬᠢᠯ ᠦᠭᠡᠢ ᠶᠠᠭᠠᠷᠠᠳᠠᠭ ᠪᠤᠯᠬᠤᠷ ᠨᠢᠭᠡ ᠲᠣᠰᠬᠣᠨ᠎ᠤ ᠠᠷᠠᠳ᠎ᠢ ᠬᠥᠯᠥᠰᠥᠯᠡᠵᠦ᠍ ᠬᠠᠪᠰᠤᠷᠤᠭᠤᠯᠪᠠ᠃

《ᠲᠣᠮᠣ ᠳ᠋ᠠᠶ᠋ᠢᠲ᠋ᠠ᠎ᠶᠢᠨ ᠠᠵᠤ ᠤᠢᠯᠡᠰ ᠬᠦᠭᠵᠢᠭᠰᠡᠨ᠎ᠦ ᠳᠠᠷᠠᠭ᠎ᠠ᠂ ᠡᠳᠦᠷ ᠪᠦᠷᠢ 2000 ᠭᠠᠷᠤᠶ ᠲᠥᠭᠥᠷᠢᠭ᠎ᠤᠨ ᠣᠷᠣᠯᠭ᠎ᠠ ᠤᠯᠵᠦ᠂ ᠠᠮᠢᠳᠤᠷᠠᠯ ᠮᠡᠳᠡᠭᠳᠡᠮ᠎ᠠ ᠰᠠᠢᠵᠢᠷᠠᠵᠦ ᠪᠠᠢᠨ᠎ᠠ︾ᠬᠡᠵᠤ ᠯᠦᠸᠧ ᠳ᠋ᠦᠩ ᠮᠧᠶ ᠰᠤᠷᠪᠤᠯᠵᠢᠯᠠᠭᠴᠢ᠎ᠳᠤ ᠶᠠᠷᠢᠨ᠎ᠠ᠃ ᠤᠳᠤ᠂ ᠲᠡᠳᠡ ᠡᠵᠡᠩᠨᠡᠯᠲᠡ᠎ᠪᠡᠨ ᠥᠷᠭᠡᠳᠬᠡᠵᠦ᠍᠂ ᠪᠠᠰᠠ ᠪᠠᠭᠤᠳᠠᠯ᠎ᠡᠷᠬᠢᠯᠡᠵᠦ ᠡᠬᠢᠯᠡᠬᠡᠳ ᠨᠤᠲᠤᠭ ᠵᠢᠡᠨ ᠰᠠᠬᠢᠭᠰᠠᠨ ᠡᠳᠡᠨ ᠤ᠋ ᠬᠢᠨ ᠠᠮᠢᠳᠤᠷᠠᠯ ᠡᠳᠦᠷ᠎ᠡᠴᠡ ᠡᠳᠦᠷ ᠥᠩᠭᠡ ᠳᠠᠢ ᠦᠭᠡᠳᠡ ᠳᠠᠢ ᠪᠤᠯᠵᠠᠢ᠃

ᠨᠢᠭᠡᠨ ᠡᠩ᠎ᠦᠨ ᠬᠣᠭᠣᠯᠠᠨ ᠭᠡᠷ᠎ᠦᠨ ᠬᠤᠪᠢᠷᠠᠯᠲᠠ ᠨᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠤᠨ ᠣᠷᠣᠨ ᠨᠤᠲᠤᠭ᠎ᠲᠤ᠌ ᠠᠰᠢᠭ ᠲᠤᠰᠠ ᠠᠪᠴᠢᠷᠠᠵᠤ ᠪᠠᠢᠭ᠎ᠠ ᠪᠤᠳᠠᠳᠤ ᠵᠢᠷᠤᠬᠯᠠᠯ ᠪᠤᠯᠵᠠᠢ᠃ ᠭᠠᠳᠠᠨ᠎ᠠ᠎ᠠᠴᠠ ᠢᠷᠡᠭᠰᠡᠨ ᠬᠥᠮᠦᠨ ᠠᠮᠠ ᠦᠷᠭᠦᠯᠵᠢᠯᠡᠨ ᠤᠯᠠᠰᠢᠷᠠᠵᠦ᠂ ᠪᠠᠭᠤᠳᠠᠯ᠂ ᠬᠠᠮ ᠳᠡᠯᠭᠡᠭᠦᠷ᠂ ᠪᠡᠶ᠎ᠠ ᠤᠬᠢᠶᠠᠬᠤ ᠭᠠᠵᠠᠷ ᠵᠡᠷᠭᠡ ᠤᠢᠯᠡᠴᠢᠯᠡᠭᠡᠨ᠎ᠦ ᠤᠢᠯᠡᠰ ᠬᠤᠷ᠎ᠠ᠎ᠶᠢᠨ ᠳᠠᠷᠠᠭᠠᠬᠢ ᠬᠤᠯᠤᠰᠤᠨ ᠰᠦᠶ᠎ᠡ ᠮᠡᠲᠦ᠍ ᠢᠯᠡᠷᠡᠵᠦ᠍᠂ ᠣᠯᠠᠨ ᠵᠢᠯ ᠨᠠᠮ ᠵᠢᠮ ᠪᠠᠢᠭᠰᠠᠨ ᠬᠥᠳᠡᠭᠡ ᠲᠣᠰᠬᠣᠨ᠎ᠤ ᠬᠡᠷᠡᠭᠯᠡᠭᠡᠨ᠎ᠦ ᠵᠠᠬ᠎ᠠ ᠳᠡᠯᠭᠡᠭᠦᠷ ᠲᠤᠶ᠋ᠢᠯᠪᠤᠷᠢᠲᠠᠶ ᠬᠦᠭᠵᠢᠶᠡᠨ ᠲᠠᠢ ᠪᠤᠯᠪᠠ᠃

《ᠥᠩᠭᠡᠷᠡᠭᠰᠡᠨ᠎ᠦ ᠪᠠᠶᠠᠨᠲᠠᠯ᠎ᠠ ᠪᠠᠯᠭᠠᠰᠤᠨ᠎ᠦ ᠤᠯᠠᠨ ᠲᠦᠮᠡᠨ ᠭᠤᠤᠯᠳᠠᠭᠤ ᠲᠠᠷᠢᠶ᠎ᠠ ᠲᠠᠷᠢᠵᠤ ᠲᠡᠵᠢᠭᠡᠨ ᠦᠷᠡᠵᠢᠭᠦᠯᠬᠦ ᠤᠢᠯᠡᠰ ᠡᠷᠬᠢᠯᠨᠨ ᠠᠵᠤ ᠲᠦᠷᠦᠵᠤ ᠪᠠᠢᠵᠠᠢ᠃ ᠠᠵᠤ ᠦᠢᠯᠡᠰ᠎ᠦᠨ ᠪᠦᠲᠦᠴᠡ ᠲᠠᠡᠭ ᠴᠤᠯᠭᠤᠢ᠂ ᠣᠷᠣᠯᠭ᠎ᠠ᠎ᠪᠠᠨ ᠨᠡᠮᠡᠭᠳᠡᠭᠦᠯᠬᠦ᠌ ᠠᠷᠭ᠎ᠠ ᠵᠠᠮ ᠢᠪᠴᠤᠤ᠂ ᠵᠠᠯᠠᠭᠤᠴᠤᠳ᠎ᠤᠨ ᠣᠯᠠᠩᠬᠢ ᠨᠢ ᠭᠠᠳᠠᠭᠰᠢ ᠭᠠᠷᠴᠤ᠌ ᠬᠥᠯᠥᠰᠥᠨ ᠠᠵᠢᠯ ᠬᠢᠵᠦ᠍ ᠪᠠᠶ᠋ᠢᠪᠠ᠃ ᠪᠤᠳᠤᠯᠳᠠ ᠵᠢᠨ ᠬᠦᠴᠦᠨ᠎ᠦ ᠠᠵᠤ ᠤᠢᠯᠡᠰ᠎ᠦᠨ ᠲᠥᠪᠯᠡᠷᠡᠭᠰᠡᠨ ᠳᠠᠪᠠᠭᠤᠯᠢᠭ᠎ᠲᠤ᠌ ᠲᠦᠰᠢᠭᠯᠡᠨ᠂ ᠮᠠᠨ᠎ᠤ ᠪᠠᠯᠭᠠᠰᠤ ᠴᠢᠨᠠᠷ᠎ᠤᠨ ᠦᠰᠦᠷᠦᠯᠲᠡ᠎ᠶᠢ ᠪᠡᠶᠡᠯᠡᠭᠦᠯᠪᠡ᠃ 2023 ᠣᠨ᠎ᠠᠴᠠ ᠡᠮᠦᠨ᠎ᠡ ᠪᠥᠬᠥ᠌ ᠪᠠᠯᠭᠠᠰᠤᠨ᠎ᠳᠤ ᠵᠥᠪᠬᠡᠨ 4 ᠬᠣᠭᠣᠯᠠᠨ ᠬᠡᠷ᠎ᠲᠡᠶ ᠪᠠᠶ᠋ᠢᠭᠰᠠᠨ᠎ᠠᠴᠠ᠎ᠪᠠᠨ ᠣᠲᠣ 35 ᠪᠣᠯᠵᠣ᠂ 10 ᠬᠠᠮ ᠳᠡᠯᠭᠡᠭᠦᠷ᠂ 4 ᠪᠡᠶ᠎ᠡ ᠤᠬᠢᠶᠠᠬᠤ ᠭᠠᠵᠠᠷ ᠲᠠᠢ ᠪᠤᠯᠵᠠᠢ》 ᠬᠡᠵᠤ ᠪᠠᠶᠠᠨᠲᠠᠯ᠎ᠠ ᠪᠠᠯᠭᠠᠰᠤᠨ᠎ᠤ ᠨᠠᠮ᠎ᠤᠨ ᠬᠣᠷᠢᠶᠠᠨ᠎ᠤ ᠭᠡᠰᠢᠭᠦᠨ ᠲᠦᠰᠢᠯᠭᠡ ᠨᠡᠭᠦᠳᠡᠯ ᠬᠥᠮᠦᠨ ᠠᠮᠠ᠎ᠶᠢᠨ ᠲᠠᠩᠰᠠ᠎ᠶᠢ ᠤᠷᠪᠠᠭᠤᠯᠵᠤ᠂ ᠵᠢᠵᠢᠭ ᠪᠠᠯᠭᠠᠰᠤᠨ᠎ᠤ ᠯᠤᠲᠤ᠌ ᠶᠡᠬᠡ ᠬᠤᠪᠢᠷᠠᠯᠲᠠ᠎ᠶᠢ ᠨᠠᠷᠢᠨ ᠲᠠᠨᠢᠯᠴᠠᠭᠤᠯᠤᠨ᠎ᠠ᠃

ᠰᠤᠯᠠ ᠲᠠᠯᠪᠢᠭᠳᠠᠵᠤ ᠪᠠᠢᠭᠰᠠᠨ ᠬᠡᠷ ᠪᠠᠶ᠋ᠢᠰᠢᠩ ᠨᠢ ᠬᠦᠮᠦᠰ ᠤ᠋ᠨ ᠪᠤᠯᠢᠶᠠᠯᠳᠤᠨ ᠲᠦᠷᠢᠶᠡᠰᠦᠯᠡᠬᠦ ᠭᠡᠷ ᠪᠠᠭᠤᠳᠠᠯ ᠪᠣᠯᠤᠭᠰᠠᠨ ᠨᠢ ᠨᠠᠩ ᠴᠤ᠌ ᠲᠣᠰᠬᠣᠨ᠎ᠤ ᠠᠷᠠᠳ᠎ᠤᠨ ᠣᠷᠣᠯᠭ᠎ᠠ᠎ᠶᠢ ᠨᠡᠮᠡᠭᠳᠡᠭᠦᠯᠦᠭᠰᠡᠨ ᠰᠢᠨ᠎ᠡ ᠬᠢᠯᠠᠰ ᠴᠡᠭ ᠪᠣᠯᠵᠠᠶ᠃ ᠠᠶ᠋ᠢᠯ ᠡᠷᠦᠬᠡ ᠨᠤᠬᠦᠳ᠎ᠤᠨ ᠰᠤᠯᠠ ᠲᠠᠯᠪᠢᠭᠳᠠᠵᠤ ᠪᠠᠢᠭᠰᠠᠨ ᠬᠠᠭᠤᠴᠢᠨ ᠬᠡᠷ ᠪᠠᠶ᠋ᠢᠰᠢᠩ ᠨᠢ 《ᠣᠷᠣᠯᠭ᠎ᠠ᠎ᠪᠠᠨ ᠨᠡᠮᠡᠭᠳᠡᠭᠦᠯᠬᠦ᠌ ᠬᠡᠷ》 ᠪᠤᠯᠵᠤ᠂ 20 ᠲᠡᠭᠰᠢ ᠳᠥᠷᠪᠡᠯᠵᠢᠨ ᠮᠧᠲ᠋ᠷ ᠲᠠᠯᠠᠪᠠᠶ ᠲᠠᠢ ᠨᠢᠭᠡ ᠲᠠᠰᠤᠯᠭ᠎ᠠ ᠭᠡᠷ ᠪᠠᠭᠤᠳᠠᠯ ᠤ᠋ᠨ ᠰᠠᠷ᠎ᠠ ᠪᠦᠷᠢ᠎ᠶᠢᠨ ᠲᠦᠷᠢᠶᠡᠰᠦᠨ ᠮᠥᠩᠭᠥ᠌ ᠨᠢ 1600 ᠲᠥᠭᠥᠷᠢᠭ᠎ᠲᠦ᠍ ᠬᠦᠷᠦᠭᠰᠡᠨ ᠪᠠᠶ᠋ᠢᠨ᠎ᠠ᠃ ᠣᠳᠣᠬᠠᠨ᠎ᠳᠤ᠂ ᠪᠥᠬᠥ᠌ ᠪᠠᠯᠭᠠᠰᠤᠨ᠎ᠤ ᠨᠡᠭᠦᠳᠡᠯ ᠬᠥᠮᠦᠨ ᠠᠮᠠ 4120 ᠳ᠋ᠤ ᠬᠦᠷᠴᠦ᠍᠂ 404 ᠢᠵᠢ ᠬᠡᠷ ᠪᠠᠶ᠋ᠢᠰᠢᠩ ᠢ᠋ ᠲᠦᠷᠢᠶᠡᠰᠦᠯᠡᠨ᠂ ᠡᠵᠡᠩᠨᠡᠯᠲᠡ᠎ᠶᠢᠨ ᠬᠡᠯᠪᠡᠷᠢ ᠪᠠᠶ᠋ᠢᠳᠠᠯ ᠢ᠋ ᠪᠥᠬᠥ᠌ ᠲᠠᠯ᠎ᠠ᠎ᠪᠠᠷ ᠲᠠᠰ ᠲᠠᠪᠰᠢᠬᠦᠯᠵᠤ᠂ ᠤᠯᠠᠮᠵᠢᠯᠠᠯᠲᠤ᠌ ᠲᠠᠷᠢᠶᠠᠯᠠᠩ ᠮᠠᠯ ᠠᠵᠤ ᠠᠬᠤᠶ᠎ᠶᠢᠨ ᠵᠢᠵᠢᠭ ᠪᠠᠯᠭᠠᠰᠤ᠎ᠶᠢᠨ ᠡᠯᠦᠶ ᠬᠤᠯᠤᠶ ᠪᠠᠶ᠋ᠢᠳᠠᠯ ᠪᠦᠷᠢᠮᠦᠰᠤᠨ ᠬᠤᠪᠢᠷᠠᠵᠦ᠂ ᠠᠮᠢᠵᠢᠷᠠᠯ᠎ᠤᠨ ᠬᠦᠴᠦᠨ ᠵᠢᠡᠷ ᠪᠢᠯᠬᠠᠮ᠎ᠠ ᠪᠣᠯᠭᠠᠪᠠ᠃

ᠪᠤᠳᠤᠯᠳᠠ ᠵᠢᠨ ᠬᠦᠴᠦᠨ᠎ᠦ ᠠᠵᠤ ᠦᠢᠯᠡᠰ ᠵᠢᠵᠢᠭ ᠪᠠᠯᠭᠠᠰᠤᠨ᠎ᠳᠤ ᠬᠦᠭᠵᠢᠶᠠᠨ ᠨᠠᠷᠬᠢᠶᠠᠨ ᠨᠡᠮᠡᠷᠢᠯᠡᠭᠰᠡᠨ᠎ᠢᠶᠡᠷ ᠪᠠᠷᠠᠬᠤ ᠦᠭᠡᠢ᠂ ᠨᠡᠩ ᠴᠤ᠌ ᠲᠤᠰ ᠭᠠᠵᠠᠷ᠎ᠤᠨ ᠵᠠᠯᠠᠭᠤᠴᠤᠳ ᠲᠤ᠌ ᠮᠡᠷᠭᠡᠵᠢᠯ᠎ᠦᠨ ᠲᠠᠯ᠎ᠠ ᠵᠢᠨ ᠠᠵᠢᠯ ᠣᠯᠭᠣᠯᠲᠠ᠎ᠶᠢᠨ ᠰᠢᠨ᠎ᠡ ᠵᠠᠮ᠎ᠢ ᠨᠡᠭᠡᠭᠡᠨ ᠦᠭᠪᠡ᠃

ᠵᠢᠨᠢᠡᠭ ᠨᠤᠲᠤᠭ ᠲᠠᠢ ᠵᠠᠯᠠᠭᠤ ᠵᠤᠤ ᠰᠢᠨ᠂ ᠤᠤᠯ ᠨᠢ ᠲᠤᠬᠠᠢ᠎ᠶᠢᠨ ᠭᠠᠵᠠᠷ᠎ᠤᠨ ᠪᠤᠰᠤᠳ ᠵᠠᠯᠠᠭᠤᠴᠤᠳ᠎ᠲᠠᠶ ᠠᠳᠠᠯᠢ᠎ᠪᠠᠷ 《ᠭᠠᠳᠠᠭᠰᠢ ᠭᠠᠷᠪᠠᠯ ᠰᠠᠶᠢ ᠭᠠᠷᠬᠤ ᠵᠠᠮ᠎ᠲᠠᠶ》 ᠭᠡᠮᠡᠨ ᠪᠤᠳᠤᠵᠤ᠂ ᠲᠢᠶᠠᠨᠵᠢᠨ᠎ᠳᠤ ᠬᠦᠷᠴᠦ᠍ ᠳ᠋ᠠᠢᠲ᠋ᠠ᠎ᠶᠢᠨ ᠬᠣᠯᠪᠣᠭᠳᠠᠯ ᠪᠦᠬᠦᠢ ᠠᠵᠢᠯ᠎ᠢ ᠬᠢᠵᠦ᠍ ᠪᠠᠶ᠋ᠢᠪᠠ᠃ ᠡᠳᠦᠭᠡ ᠨᠤᠲᠤᠭ᠎ᠤᠨ ᠵᠢᠡᠨ ᠯᠤᠲᠤ᠌ ᠶᠡᠬᠡ ᠬᠤᠪᠢᠷᠠᠯᠲᠠ ᠵᠢ ᠬᠠᠷᠠᠭᠠᠳ ᠡᠷᠡᠰ ᠰᠢᠭᠤᠷᠬᠠᠢ᠎ᠪᠠᠷ ᠨᠤᠲᠤᠭ᠎ᠲᠠᠭᠠᠨ ᠪᠤᠴᠠᠭᠰᠠᠨ ᠪᠠᠢᠨ᠎ᠠ᠃ ᠲᠡᠷᠡ ᠥᠪᠡᠷ᠎ᠦᠨ ᠲᠣᠭᠣᠭᠰᠠᠨ ᠠᠵᠤ ᠠᠬᠤᠶ᠋ᠢᠯᠠᠯ᠎ᠳᠠᠭᠠᠨ ᠠᠵᠢᠯᠯᠠᠵᠦ᠂ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ ᠳ᠋ᠤ ᠬᠢᠷᠢ ᠲᠡᠩᠴᠡᠭᠰᠡᠨ᠎ᠦ ᠳᠠᠷᠠᠭ᠎ᠠ ᠵᠢᠩᠬᠢᠨᠢ᠎ᠪᠡᠷ ᠠᠵᠢᠯ᠎ᠳᠤ ᠭᠠᠷᠬᠤ ᠪᠡᠷ ᠪᠤᠢ᠃ 《ᠥᠩᠭᠡᠷᠡᠭᠰᠡᠨ᠎ᠳᠦ ᠶᠡᠷᠦᠨᠢ ᠶᠡᠬᠡ ᠬᠤᠳᠠ ᠎ᠳᠤ ᠰᠠᠢ᠌ᠨ ᠠᠵᠠ ᠲᠣᠬᠢᠶᠠᠯ᠎ᠲᠠᠶ ᠭᠡᠮᠡᠨ ᠪᠤᠳᠤᠵᠥ᠍ ᠪᠠᠶ᠋ᠢᠵᠠᠢ᠂ ᠮᠠᠨ ᠤ᠋ ᠨᠤᠲᠤᠭ᠎ᠤᠨ ᠪᠤᠳᠤᠯᠳᠠ ᠵᠢᠨ ᠬᠦᠴᠦᠨ᠎ᠦ ᠠᠵᠤ ᠦᠢᠯᠡᠰ ᠡᠳᠦᠷ᠎ᠡᠴᠡ ᠡᠳᠦᠷ ᠥᠭᠡᠳᠡᠯᠡᠵᠦ᠍᠂ ᠠᠵᠢᠯ᠎ᠤᠨ ᠪᠠᠶ᠋ᠢᠷᠢ ᠤᠯᠠᠨ᠂ ᠲᠠᠪᠴᠠᠩ ᠥᠷᠭᠡᠨ ᠪᠤᠯᠵᠥ᠍ ᠪᠤᠢ᠂ ᠤᠳᠤ ᠨᠤᠲᠤᠭ᠎ᠠᠴᠠ᠎ᠪᠠᠨ ᠰᠠᠯᠬᠤ ᠦᠭᠡᠢ᠎ᠪᠡᠷ ᠲᠣᠭᠲᠠᠭᠤᠨ ᠠᠵᠢᠯ ᠣᠯᠵᠤ ᠴᠢᠳᠠᠨ᠎ᠠ》 ᠭᠡᠵᠦ᠍ ᠵᠤᠤ ᠰᠢᠨ ᠰᠢᠭᠤᠷᠬᠠᠢ ᠶᠠᠷᠢᠨ᠎ᠠ᠃

ᠪᠤᠳᠤᠯᠳᠠ ᠵᠢᠨ ᠬᠦᠴᠦᠨ᠎ᠦ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ᠎ᠶᠢᠨ ᠬᠡᠷᠡᠭᠴᠡᠭᠡ ᠱᠠᠭᠠᠷᠳᠠᠯᠭ᠎ᠠ᠎ᠳᠤ ᠵᠣᠬᠢᠴᠠᠭᠤᠯᠤᠨ᠂ ᠠᠵᠤ ᠤᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠂ ᠵᠠᠬᠢᠶᠠᠯᠠᠭ᠎ᠠ᠎ᠶᠢᠨ ᠮᠠᠶᠢᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌᠎ᠶᠢ ᠭᠦᠨᠵᠡᠭᠡᠶ᠋ᠢᠷᠡᠭᠦᠯᠬᠦ᠌᠎ᠶᠢᠨ ᠲᠤᠰᠠᠳᠠ᠂ ᠤᠯᠠᠭᠠᠨᠴᠠᠪ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠨ ᠬᠢᠨ ᠬᠤᠸᠠ ᠸᠧᠶ᠂ ᠵᠥᠩ ᠯᠢᠶᠠᠨ ᠳ᠋ᠠᠢᠲ᠋ᠠ᠎ᠶᠢᠨ ᠪᠦᠯᠦᠭᠯᠡᠯ ᠵᠡᠷᠭᠡ ᠪᠤᠳᠤᠯᠳᠠ ᠵᠢᠨ ᠬᠦᠴᠦᠨ᠎ᠦ ᠠᠵᠤ ᠠᠬᠤᠶ᠋ᠢᠯᠠᠯ ᠲᠠᠢ ᠬᠠᠮᠲᠤᠷᠠᠨ ᠬᠥᠳᠡᠯᠦᠯᠴᠡᠵᠤ ᠵᠠᠬᠢᠶᠠᠯᠠᠭ᠎ᠠ᠎ᠶᠢᠨ ᠠᠩᠭᠢ ᠭᠠᠷᠭᠠᠵᠤ᠂ ᠳᠠᠳᠤᠯᠭ᠎ᠠ᠎ᠶᠢᠨ ᠲᠠᠪᠴᠠᠩ ᠪᠠᠶ᠋ᠢᠭᠤᠯᠤᠨ᠂ ᠰᠤᠷᠭᠠᠭᠤᠯᠢ ᠪᠠ ᠠᠵᠤ ᠠᠬᠤᠶ᠋ᠢᠯᠠᠯ᠎ᠨᠢ ᠴᠢᠳᠠᠪᠤᠷᠢᠲᠠᠨ᠎ᠢ ᠬᠥᠮᠦᠵᠢᠭᠦᠯᠬᠦ᠌ ᠲᠥᠰᠦᠯ᠎ᠢ ᠬᠠᠮᠲᠤ᠎ᠪᠠᠷ ᠬᠢᠵᠦ᠂ ᠬᠡᠷᠡᠭᠴᠡᠭᠡ ᠶᠣᠰᠣᠭᠠᠷ ᠳ᠋ᠠᠢᠲ᠋ᠠ᠎ᠶᠢᠨ ᠲᠥᠪ᠎ᠦᠨ ᠠᠵᠢᠯᠯᠠᠭᠠᠨ᠎ᠤ ᠬᠠᠮᠠᠭᠠᠯᠠᠯᠲᠠ᠂ ᠰᠦᠯᠵᠢᠶ᠎ᠡ᠎ᠶᠢᠨ ᠪᠠᠲᠤᠯᠠᠭ᠎ᠠ᠂ ᠮᠠᠰᠢᠨ᠎ᠤ ᠬᠡᠷ᠎ᠦᠨ ᠲᠦᠭᠦᠭᠡᠷᠤᠮᠵᠢ᠎ᠶᠢᠨ ᠲᠤᠬᠠᠢ ᠪᠣᠳᠠᠲᠠᠶ ᠪᠣᠯᠪᠠᠰᠤᠷᠠᠯ ᠵᠡᠷᠭᠡ ᠬᠢᠴᠢᠶᠡᠯ᠎ᠢ ᠨᠡᠭᠡᠭᠡᠪᠡ᠃ ᠨᠢᠭᠡ ᠪᠦᠯᠦᠭ ᠲᠤᠬᠠᠶ᠎ᠶᠢᠨ ᠭᠠᠵᠠᠷ᠎ᠤᠨ ᠵᠠᠯᠠᠭᠤᠴᠤᠳ ᠰᠢᠰᠲ᠋ᠧᠮ᠎ᠲᠡᠶ ᠪᠣᠯᠪᠠᠰᠤᠷᠠᠯ ᠭᠥᠷᠳᠡᠵᠦ᠍᠂ ᠬᠢᠴᠢᠶᠡᠯ᠎ᠦᠨ ᠭᠡᠷ ᠡᠴᠡ ᠭᠠᠷᠤᠮᠠᠭᠴᠠ ᠰᠢᠭᠤᠳ ᠠᠵᠢᠯ᠎ᠤᠨ ᠪᠠᠶ᠋ᠢᠷᠢᠨ᠎ᠳᠤ ᠭᠠᠷᠴᠤ᠌᠂ ᠳ᠋ᠠᠶ᠋ᠢᠲ᠋ᠠ᠎ᠶᠢᠨ ᠲᠥᠪ᠎ᠲᠦ᠍ ᠤᠷᠤᠭᠰᠢᠲᠠᠶ ᠣᠷᠣᠵᠤ ᠮᠡᠷᠭᠡᠵᠢᠯ᠂ ᠠᠵᠢᠯᠯᠠᠭᠠᠨ᠎ᠤ ᠬᠠᠮᠠᠭᠠᠯᠠᠯᠲᠠ ᠵᠢᠨ ᠠᠵᠢᠯ ᠬᠢᠵᠤ᠂ ᠭᠡᠷ ᠤ᠋ᠨ ᠵᠢᠡᠨ ᠡᠬᠦᠳᠡᠨ ᠳ᠋ᠤ ᠲᠣᠭᠲᠠᠭᠤᠨ ᠠᠵᠢᠯ ᠤᠯᠬᠤ ᠪᠤᠯᠵᠠᠢ᠃

《ᠡᠨᠡ ᠵᠢᠯ ᠳᠡᠭᠡᠳᠦ ᠰᠤᠷᠭᠠᠭᠤᠯᠢ 200 ᠰᠣᠷᠣᠭᠴᠢ᠎ᠶᠢ ᠰᠣᠩᠭᠣᠨ ᠵᠥᠩ ᠯᠢᠶᠠᠨ ᠳ᠋ᠠᠢᠲ᠋ᠠ᠎ᠶᠢᠨ ᠪᠦᠯᠦᠭᠯᠡᠯ᠎ᠦᠨ ᠵᠠᠬᠢᠶᠠᠯᠠᠭ᠎ᠠ᠎ᠶᠢᠨ ᠠᠩᠭᠢ᠎ᠳᠤ ᠣᠷᠣᠭᠤᠯᠵᠤ ᠬᠠᠨᠳᠤᠯᠭ᠎ᠠ᠎ᠲᠠᠶ᠎ᠪᠠᠷ ᠬᠥᠮᠦᠵᠢᠭᠦᠯᠬᠦ ᠪᠤᠯᠤᠨ᠎ᠠ᠃ 2024 ᠣᠨ᠎ᠠᠴᠠ ᠨᠠᠭᠠᠰᠢ᠂ ᠳᠡᠭᠡᠳᠦ ᠰᠤᠷᠭᠠᠭᠤᠯᠢ᠎ᠶᠢᠨ 1000 ᠭᠠᠷᠤᠶ ᠰᠣᠷᠣᠭᠴᠢ ᠳ᠋ᠠᠢᠲ᠋ᠠ᠎ᠶᠢᠨ ᠠᠵᠤ ᠠᠬᠤᠶ᠋ᠢᠯᠠᠯ᠎ᠳᠤ ᠠᠵᠢᠯ ᠤᠯᠵᠦ᠂ ᠲᠡᠭᠦᠰᠬᠦ᠌ ᠰᠤᠷᠤᠭᠴᠢᠳ᠎ᠤᠨ ᠠᠵᠢᠯ ᠣᠯᠤᠭᠰᠠᠨ ᠨᠣᠷᠮ᠎ᠠ 90%᠎ᠠᠴᠠ ᠳᠡᠭᠡᠭᠰᠢ᠎ᠳᠦ ᠲᠣᠭᠲᠠᠪᠤᠷᠢᠵᠢᠪᠠ︾ᠬᠡᠵᠤ ᠤᠯᠠᠭᠠᠨᠴᠠᠪ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠵᠠᠬᠢᠷᠤᠯ ᠪᠠᠶ ᠶᠦᠩ ᠫᠢᠩ ᠲᠠᠨᠢᠯᠴᠠᠭᠤᠯᠪᠠ᠃

ᠨᠤᠲᠤᠭ ᠤ᠋ᠨ ᠴᠢᠳᠠᠪᠤᠷᠢᠲᠡᠨ ᠤ᠋ ᠬᠠᠡᠭᠭᠠᠯᠭ᠎ᠠ ᠲᠠᠰᠤᠷᠠᠯᠲᠠ ᠥᠬᠡᠶ ᠦᠷᠭᠡᠳᠴᠤ ᠪᠠᠢᠭ᠎ᠠ ᠨᠢ ᠤᠯᠠᠭᠠᠨᠴᠠᠪ᠎ᠤᠨ ᠳ᠋ᠠᠢᠲ᠋ᠠ᠎ᠶᠢᠨ ᠠᠵᠤ ᠤᠢᠯᠡᠰ᠎ᠦᠨ ᠦᠷᠭᠦᠯᠵᠢᠯᠡᠨ ᠦᠷᠨᠢᠨ ᠬᠦᠭᠵᠢᠵᠤ ᠪᠠᠢᠭ᠎ᠠ᠎ᠶᠢ ᠬᠠᠷᠠᠭᠤᠯᠵᠤ ᠪᠤᠢ᠃ ᠨᠢᠭᠡᠨᠲᠡ ᠵᠦᠪᠯᠡᠯᠴᠡᠭᠡᠷ ᠲᠣᠭᠲᠠᠭᠰᠠᠨ 109 ᠲᠥᠷᠥᠯ ᠵᠤᠢᠯ᠂ 19 ᠲᠦᠮᠡᠨ P ᠎ᠶ᠋ᠢᠨ ᠪᠣᠳᠣᠯᠳᠠ᠎ᠶᠢᠨ ᠬᠦᠴᠦᠨ᠎ᠨᠢ ᠲᠤᠬᠠᠶ᠎ᠶᠢᠨ ᠭᠠᠵᠠᠷ᠎ᠤᠨ 《ᠵᠡᠭᠦᠨᠳᠡᠬᠢ ᠳ᠋ᠠᠢᠲ᠋ᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠨᠷ ᠲᠤᠯᠭᠠᠭᠤᠷᠢᠯᠠᠬᠤ》 ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠤᠢᠯᠡᠳᠦᠯᠭᠡᠵᠢᠭᠦᠯᠦᠭᠰᠡᠨ ᠴᠢᠬᠤᠯᠠ ᠦᠷ᠎ᠡ ᠪᠦᠲᠦᠭᠡᠯ ᠪᠣᠯᠤᠨ᠎ᠠ᠃

ᠬᠦᠷᠴᠢᠭᠢᠨᠡᠭᠰᠡᠨ ᠮᠠᠰᠢᠨ᠎ᠤ ᠭᠡᠷ᠎ᠦᠨ ᠭᠠᠳᠠᠨ᠎ᠠ᠂ ᠵᠢᠵᠢᠭ ᠬᠣᠭᠣᠯᠠᠨ ᠭᠡᠷ᠎ᠦᠨ ᠲᠡᠮᠦᠷ ᠲᠣᠭᠣᠭ᠎ᠠ ᠨᠢ ᠰᠢᠨ᠎ᠡ ᠣᠷᠣᠯᠭ᠎ᠠ ᠡᠭᠦᠳᠴᠤ᠂ ᠰᠤᠯᠠ ᠲᠠᠯᠪᠢᠭᠳᠠᠵᠤ ᠪᠠᠢᠭᠰᠠᠨ ᠲᠤᠰᠬᠤᠨ ᠤ᠋ ᠠᠷᠠᠳ ᠤ᠋ᠨ ᠭᠡᠷ᠎ᠦᠨ ᠲᠦᠷᠢᠶᠡᠰᠦ ᠨᠢ ᠰᠠᠢ᠌ᠨ ᠦᠨ᠎ᠡ ᠳ᠋ᠤ ᠬᠦᠷᠴᠤ᠂ ᠭᠠᠳᠠᠨ᠎ᠠ ᠣᠷᠣᠨ᠎ᠳᠤ ᠬᠥᠯᠥᠰᠥᠨ ᠠᠵᠢᠯ ᠬᠢᠵᠦ᠍ ᠪᠠᠶ᠋ᠢᠭᠰᠠᠨ ᠵᠠᠯᠠᠭᠤᠴᠤᠳ ᠨᠤᠲᠤᠭ᠎ᠲᠠᠭᠠᠨ ᠪᠤᠴᠠᠵᠠᠢ᠃ ᠠᠤᠭ᠎ᠠ ᠶᠡᠬᠡ ᠤᠯᠤᠰ᠎ᠤᠨ ᠪᠠᠶ᠋ᠢᠯᠳᠤᠬᠤ ᠪᠤᠳᠤᠯᠭ᠎ᠠ ᠨᠢ ᠡᠴᠦᠰ᠎ᠲᠡᠬᠡᠨ ᠲᠦᠭ ᠲᠦᠮᠡᠨ ᠠᠶ᠋ᠢᠯ ᠡᠷᠦᠬᠡ᠎ᠳᠤ ᠦᠨᠡᠨ ᠪᠣᠳᠠᠲᠠᠢ ᠬᠦᠷᠲᠡᠮᠵᠢ᠎ᠶᠢᠨ ᠲᠦᠷᠦᠭᠳᠡᠯ ᠤᠯᠭᠤᠵᠤ᠂ ᠲᠣᠭᠠᠴᠢᠯᠠᠯᠲᠠ ᠵᠢᠨ ᠠᠰᠢᠭ ᠣᠯᠵᠠᠪᠤᠷᠢ᠎ᠶᠢ ᠡᠬᠡᠯ ᠠᠷᠠᠳ᠎ᠲᠤ᠌ ᠬᠦᠷᠲᠡᠭᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面