ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-10-10 09:58:56

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

ᠤᠢᠷ᠎ᠠ ᠳ᠋ᠤ ᠤᠯᠤᠰ᠎ᠤᠨ ᠴᠠᠬᠢᠯᠭᠠᠨ ᠲᠣᠤᠷ᠎ᠤᠨ ᠰᠢᠨ ᠶᠤᠸᠠᠨ ᠥᠪᠦᠷ ᠮᠣᠩᠭᠤᠯ᠎ᠤᠨ ᡁᠢ ᠷᠦᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠎ᠶ᠋ᠢᠨ ᠪᠦᠳᠦᠭᠡᠨ ᠪᠠᠶ᠋ᠢᠭᠤᠯᠤᠯᠲᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠮᠠᠰᠢᠨ ᠮᠧᠬᠠᠨᠢᠭ ᠬᠦᠩᠭᠢᠨᠡᠵᠦ᠍᠂ ᠠᠵᠢᠯᠴᠢᠳ ᠴᠠᠭ ᠮᠥᠴᠡ᠎ᠲᠠᠢ ᠤᠷᠤᠯᠳᠤᠨ ᠪᠠᠷᠢᠯᠭ᠎ᠠ᠎ᠶ᠋ᠢᠨ ᠬᠤᠭᠤᠴᠠᠭ᠎ᠠ᠎ᠶ᠋ᠢ ᠠᠮᠵᠢᠵᠤ ᠠᠵᠢᠯᠯᠠᠨ᠎ᠠ᠃ ᠥᠪᠦᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠤᠨ᠎ᠤ ᠠᠩᠬᠠᠳᠠᠭᠴᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠣᠯᠤᠭᠰᠠᠨ᠎ᠤ ᠬᠤᠪᠢ᠎ᠳᠤ ᠤᠰᠤᠨ ᠴᠥᠭᠦᠷᠦᠮ ᠨᠢ ᠨᠢᠭᠡᠨᠲᠡ ᠤᠰᠤ ᠬᠠᠳᠠᠭᠠᠯᠠᠬᠤ ᠰᠢᠯᠭᠠᠨ ᠬᠤᠷᠢᠶᠠᠯᠲᠠ ᠵᠢ ᠦᠩᠭᠡᠷᠡᠭᠡᠵᠦ᠂ ᠤᠰᠤ ᠲᠠᠲᠠᠬᠤ᠂ᠦᠯᠡᠳᠡᠭᠳᠡᠯ ᠤᠰᠤᠨ᠎ᠤ ᠰᠢᠰᠲᠧᠮ ᠎ᠤᠨ ᠪᠠᠶ᠋ᠢᠭᠤᠯᠤᠯᠲᠠ ᠵᠢ᠎ᠯᠠᠪᠳᠠᠭᠤᠨ ᠵᠢᠡᠷ ᠠᠬᠢᠭᠤᠯᠵᠤ᠂ ᠮᠠᠰᠢᠨ ᠴᠠᠬᠢᠯᠭᠠᠨ᠎ᠤ ᠲᠥᠬᠦᠭᠡᠷᠦᠮᠵᠢ ᠎ᠶ᠋ᠢ ᠤᠭᠰᠠᠷᠠᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠪᠥᠬᠦ᠌ ᠬᠦᠴᠦᠨ᠎ᠢᠶᠠᠷ᠎ᠢᠶᠠᠨ ᠡᠴᠦᠰ᠎ᠤᠨ ᠰᠢᠪᠲᠤᠯᠤᠯᠲᠠ ᠬᠢᠵᠦ᠍ ᠪᠠᠶ᠋ᠢᠨ᠎ᠠ᠃

《ᠵᠢᠱ᠌ᠢᠯᠲᠡ᠎ᠪᠠᠷ 2026 ᠣᠨ ᠎ᠤ 12 ᠰᠠᠷ᠎ᠠ᠎ᠳᠤ ᠠᠩᠬᠠᠳᠠᠭᠴᠢ ᠮᠠᠰᠢᠨ ᠴᠣᠭᠴᠠᠯᠠᠪᠤᠷᠢ ᠵᠢ ᠠᠰᠢᠭᠯᠠᠯᠲᠠ᠎ᠳᠤ ᠣᠷᠤᠭᠤᠯᠵᠤ ᠴᠠᠬᠢᠯᠭᠠᠨ ᠭᠠᠷᠭᠠᠨ᠂ 2027 ᠣᠨ᠎ᠤ 9 ᠰᠠᠷ᠎ᠠ᠎ᠳᠤ ᠪᠥᠬᠦ᠌ ᠲᠠᠯ᠎ᠠ᠎ᠪᠠᠷ ᠠᠰᠢᠭᠯᠠᠯᠲᠠ᠎ᠳᠤ ᠣᠷᠤᠭᠤᠯᠤᠨ ᠴᠠᠬᠢᠯᠭᠠᠨ ᠭᠠᠷᠭᠠᠨ᠎ᠠ 》 ᠭᠡᠵᠦ ᠤᠯᠤᠰ᠎ᠤᠨ ᠴᠠᠬᠢᠯᠭᠠᠨ ᠲᠣᠤᠷ᠎ᠤᠨ ᠰᠢᠨ ᠶᠤᠸᠠᠨ ᠥᠪᠦᠷ ᠮᠣᠩᠭᠤᠯ᠎ᠤᠨ ᠤᠯᠠᠭᠠᠨᠬᠠᠳᠠ᠎ᠶ᠋ᠢᠨ ᠤᠰᠤ ᠲᠠᠲᠠᠵᠤ ᠡᠨᠧᠷᠭᠢ ᠬᠠᠳᠠᠭᠠᠯᠠᠬᠤ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭᠴᠢᠳ᠎ᠤᠨ ᠳᠠᠷᠤᠭ᠎ᠠ ᠬᠠᠨ ᠱᠤ᠌ ᠵᠢᠶᠦ᠋ᠨ ᠲᠠᠨᠢᠯᠴᠠᠭᠤᠯᠪᠠ᠃

ᠤᠯᠤᠰ᠎ᠤᠨ ᠴᠠᠬᠢᠯᠭᠠᠨ ᠲᠣᠤᠷ᠎ᠤᠨ ᠰᠢᠨ ᠶᠤᠸᠠᠨ ᠥᠪᠦᠷ ᠮᠣᠩᠭᠤᠯ᠎ᠤᠨ ᡁᠢ ᠷᠦᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠨᠢ ᠤᠯᠠᠭᠠᠨᠬᠠᠳᠠ ᠬᠤᠲᠠ᠎ᠶ᠋ᠢᠨ ᠬᠡᠰᠢᠭᠲᠡᠨ ᠬᠤᠰᠢᠭᠤᠨ᠎ᠤ ᡁᠢ ᠷᠦᠢ ᠪᠠᠯᠭᠠᠰᠤᠨ ᠎ᠳᠤ ᠪᠠᠶ᠋ᠢᠷᠢᠯᠠᠵᠤ᠂ ᠶᠡᠷᠦᠩᠬᠡᠢ ᠪᠡᠯᠡ ᠡᠣᠷᠤᠭᠤᠯᠤᠯᠲᠠ᠎ᠨᠢ 83.08 ᠳ᠋ᠦᠩᠰᠢᠭᠤᠷ ᠲᠥᠭᠦᠷᠢᠭ ᠎ᠲᠤ᠌ ᠬᠦᠷᠴᠦ᠍᠂ ᠮᠠᠰᠢᠨ ᠴᠣᠭᠴᠠᠯᠠᠪᠤᠷᠢ᠎ᠶ᠋ᠢᠨ ᠬᠡᠪᠴᠢᠶ᠎ᠡ 120 ᠲᠦᠮᠡᠨ ᠺᠢᠯᠤᠸᠠᠲ᠎ᠲᠤ᠌ ᠬᠦᠷᠴᠦ᠍᠂ ᠵᠢᠯ᠎ᠤᠨ ᠴᠠᠬᠢᠯᠭᠠᠨ ᠭᠠᠷᠭᠠᠬᠤ ᠬᠡᠮᠵᠢᠶ᠎ᠡ 20.08 ᠳ᠋ᠦᠩᠰᠢᠭᠤᠷ ᠺᠢᠯᠤᠸᠠᠲ ᠴᠠᠭ ᠎ᠲᠤ᠌ ᠬᠦᠷᠦᠨ᠎ᠡ᠃ ᠲᠥᠷᠦᠯ ᠵᠦᠢᠯ ᠨᠢ ᠠᠰᠢᠭᠯᠠᠯᠲᠠ᠎ᠳᠤ ᠣᠷᠤᠭᠰᠠᠨ᠎ᠤ ᠳᠠᠷᠠᠭ᠎ᠠ᠂ ᠴᠠᠬᠢᠯᠭᠠᠨ ᠪᠠᠭ᠎ᠠ ᠬᠡᠷᠡᠭᠰᠡᠬᠦ ᠦᠶ᠎ᠡ᠎ᠳᠤ ᠤᠰᠤ ᠲᠠᠲᠠᠵᠤ ᠡᠨᠧᠷᠭᠢ ᠬᠠᠳᠠᠭᠠᠯᠠᠵᠤ᠂ ᠴᠠᠬᠢᠯᠭᠠᠨ ᠬᠡᠷᠡᠭᠯᠡᠬᠦ᠌ ᠣᠷᠭᠢᠯ᠎ᠤᠨ ᠦᠶ᠎ᠡ᠎ᠳᠤ ᠤᠰᠤ ᠲᠠᠯᠪᠢᠵᠤ ᠴᠠᠬᠢᠯᠭᠠᠨ ᠭᠠᠷᠭᠠᠵᠤ᠂ ᠥᠪᠦᠷ ᠮᠣᠩᠭᠤᠯ ᠎ᠤᠨ ᠵᠡᠭᠦᠨ ᠬᠡᠰᠡᠭ᠎ᠤᠨ ᠭᠠᠵᠠᠷ ᠣᠷᠤᠨ᠎ᠤ ᠰᠢᠨ᠎ᠡ ᠡᠨᠧᠷᠭᠢ᠎ᠶ᠋ᠢ ᠰᠢᠩᠭᠡᠭᠡᠬᠦ᠌ ᠴᠢᠳᠠᠪᠤᠷᠢ ᠎ᠶ᠋ᠢ ᠪᠦᠲᠦᠮᠵᠢᠲᠡᠢ ᠳᠡᠭᠡᠭᠰᠢᠯᠡᠭᠦᠯᠬᠦ᠌ ᠪᠣᠯᠤᠨ᠎ᠠ᠃

ᠤᠯᠠᠭᠠᠨᠬᠠᠳᠠ ᠬᠤᠲᠠ ᠤᠯᠤᠰ ᠎ᠤᠨ ᠬᠤᠶᠠᠳᠤᠭᠠᠷ ᠲᠥᠷᠦᠯ᠎ᠤᠨ ᠭᠡᠷᠡᠯ ᠰᠡᠯᠬᠢᠨ᠎ᠤ ᠡᠬᠢ ᠪᠠᠶᠠᠯᠢᠭ ᠡᠯᠪᠡᠭ ᠭᠠᠵᠠᠷ ᠣᠷᠤᠨ ᠪᠣᠯᠤᠭᠰᠠᠨ᠎ᠤ ᠬᠤᠪᠢ᠎ᠳᠤ᠂ ᠨᠡᠭᠡᠭᠡᠨ ᠬᠥᠭᠵᠢᠭᠦᠯᠵᠦ᠍ ᠪᠣᠯᠬᠤ ᠰᠢᠨ᠎ᠡ ᠡᠨᠧᠷᠭᠢ᠎ᠶ᠋ᠢᠨ ᠣᠷᠤᠨ ᠵᠠᠢ᠎ᠨᠢ 5300 ᠲᠦᠮᠡᠨ ᠺᠢᠯᠤᠸᠠᠲ ᠎ᠢ ᠳᠠᠪᠠᠨ᠎ᠠ ᠃ ᠡᠯᠪᠡᠭ ᠪᠠᠶᠠᠯᠢᠭ ᠭᠡᠷᠡᠯ ᠰᠡᠯᠬᠢᠨ᠎ᠤ ᠡᠬᠢ ᠪᠠᠶᠠᠯᠢᠭ᠎ᠨᠢ ᠰᠢᠨ᠎ᠡ ᠡᠨᠧᠷᠭᠢ ᠎ᠶ᠋ᠢᠨ ᠬᠡᠪᠴᠢᠶᠡᠵᠢᠭᠰᠡᠨ᠂ ᠡᠷᠴᠢᠮᠵᠢᠭᠦᠯᠦᠭᠰᠡᠨ ᠨᠡᠭᠡᠭᠡᠨ ᠠᠰᠢᠭᠯᠠᠬᠤ᠎ᠳᠤ ᠰᠠᠭᠤᠷᠢ ᠎ᠶ᠋ᠢ ᠪᠠᠲᠤᠳᠭᠠᠬᠤ᠎ᠪᠠᠷ ᠪᠠᠷᠠᠬᠤ᠎ᠦᠭᠡᠢ᠂ ᠪᠠᠰᠠ ᠶᠡᠭᠡ ᠬᠡᠪᠴᠢᠶᠡᠨ᠎ᠤ ᠴᠠᠬᠢᠯᠭᠠᠨ ᠬᠡᠷᠡᠭᠯᠡᠬᠦ ᠣᠷᠭᠢᠯ ᠎ᠤᠨ ᠦᠶ᠎ᠡ ᠵᠢ ᠲᠤᠬᠢᠷᠠᠭᠤᠯᠤᠨ ᠰᠢᠨ᠎ᠡ ᠡᠨ᠋ᠸᠷᠭᠢ ᠵᠢ ᠰᠢᠩᠭᠡᠭᠡᠨ ᠠᠪᠬᠤ ᠵᠠᠬ᠎ᠠ ᠳᠡᠯᠭᠡᠭᠦᠷ᠎ᠤᠨ ᠬᠡᠷᠡᠭᠴᠡᠭᠡ᠎ᠶ᠋ᠢ ᠪᠤᠢ ᠪᠣᠯᠭᠠᠭᠰᠠᠨ ᠪᠠᠶ᠋ᠢᠨ᠎ᠠ᠃ ᠥᠪᠡᠷᠮᠢᠴᠡ ᠡᠬᠢ ᠪᠠᠶᠠᠯᠢᠭ᠎ᠤᠨ ᠨᠥᠬᠦᠴᠡᠯ᠎ᠳᠤ ᠰᠠᠭᠤᠷᠢᠯᠠᠨ᠂ ᠤᠯᠠᠭᠠᠨᠬᠠᠳᠠ ᠬᠤᠲᠠ ᠰᠢᠨᠵᠢᠯᠡᠬᠦ᠌ ᠤᠬᠠᠭᠠᠨᠴᠢ᠎ᠪᠠᠷ ᠪᠠᠶ᠋ᠢᠷᠢᠰᠢᠭᠤᠯᠵᠤ᠂ ᠨᠢᠭᠡᠳᠦᠯᠲᠡᠢ ᠲᠥᠯᠦᠪᠵᠢᠭᠦᠯᠦᠨ ᠬᠦᠴᠦᠯᠡᠵᠦ᠍᠂ ᠡᠨᠧᠷᠭᠢ ᠬᠠᠳᠠᠭᠠᠯᠠᠬᠤ ᠲᠥᠷᠦᠯ ᠵᠦᠢᠯ ᠎ᠤᠨ ᠪᠥᠲᠦᠭᠡᠨ ᠪᠠᠶ᠋ᠢᠭᠤᠯᠤᠯᠲᠠ᠎ᠶ᠋ᠢ ᠪᠣᠳᠠᠲᠠᠶ᠋ᠢᠵᠢᠭᠤᠯᠬᠤ᠎ᠶ᠋ᠢ ᠲᠦᠷᠭᠡᠳᠬᠡᠨ ᠠᠬᠢᠭᠤᠯᠵᠤ᠂ ᠣᠷᠤᠨ ᠪᠦᠰᠡ᠎ᠶ᠋ᠢᠨ ᠡᠨᠧᠷᠭᠢ᠎ᠶ᠋ᠢᠨ ᠠᠮᠤᠷ ᠲᠦᠪᠰᠢᠨ᠎ᠤ ᠬᠠᠩᠭᠠᠯᠭ᠎ᠠ᠎ᠶ᠋ᠢ ᠪᠠᠲᠤᠯᠠᠬᠤ᠎ᠳᠤ ᠬᠠᠲᠠᠭᠤ ᠲᠤᠯᠭᠠᠭᠤᠷᠢᠯᠠᠯ ᠬᠠᠩᠭᠠᠵᠠᠢ᠃

ᠡᠨᠧᠷᠭᠢ ᠬᠠᠳᠠᠭᠠᠯᠠᠬᠤ ᠲᠥᠷᠦᠯ ᠵᠦᠢᠯ᠎ᠤᠨ ᠪᠥᠲᠦᠭᠡᠨ ᠪᠠᠶ᠋ᠢᠭᠤᠯᠤᠯᠲᠠ᠎ᠶ᠋ᠢᠨ ᠥᠨᠳᠦᠷ ᠪᠦᠲᠦᠮᠵᠢᠲᠡᠢ ᠶᠠᠪᠤᠭᠳᠠᠬᠤ ᠵᠢ ᠠᠬᠢᠭᠤᠯᠬᠤ᠎ᠶ᠋ᠢᠨ ᠲᠥᠯᠦᠭᠡ᠂ ᠤᠯᠠᠭᠠᠨᠬᠠᠳᠠ ᠬᠤᠲᠠ ᠰᠢᠨ᠎ᠡ ᠡᠨᠧᠷᠭᠢ᠎ᠶ᠋ᠢᠨ 《ᠬᠤᠶᠠᠷ ᠎ᠢ ᠳᠠᠬᠢᠨ᠎ᠢᠶᠠᠷ ᠨᠡᠮᠡᠭᠳᠡᠭᠦᠯᠬᠦ᠂ ᠬᠤᠶᠠᠷ ᠎ᠢ ᠳᠡᠭᠡᠭᠰᠢᠯᠡᠭᠦᠯᠬᠦ᠂ ᠬᠤᠶᠠᠷ᠎ᠢ ᠬᠤᠪᠢᠷᠠᠭᠤᠯᠬᠤ》 ᠪᠣᠭᠤᠮᠲᠠ ᠰᠢᠪᠲᠤᠯᠬᠤ ᠠᠵᠢᠯᠯᠠᠭ᠎ᠠ ᠎ᠪᠠᠷ ᠭᠠᠷᠳᠠᠴᠠ ᠪᠣᠯᠭᠠᠵᠤ᠂ 《ᠤᠷᠢᠳᠴᠢᠯᠠᠨ ᠵᠢᠯᠤᠭᠤᠳᠭᠤ᠂ ᠨᠢᠭᠡ ᠤᠴᠢᠷ᠎ᠢ ᠨᠢᠭᠡ ᠵᠥᠪᠯᠡᠬᠦ᠂ ᠳᠤᠲᠠᠭᠤᠳᠠᠯ᠎ᠢ ᠭᠥᠯᠢᠶᠡᠨ ᠠᠪᠴᠤ᠌ ᠰᠢᠢᠳᠪᠦᠷᠢᠯᠡᠬᠦ᠂ ᠶᠡᠷᠦᠩᠬᠡᠶ᠋ᠢᠯᠡᠨ ᠭᠦᠢᠴᠡᠳᠬᠡᠵᠦ᠍ ᠣᠷᠤᠯᠠᠨ ᠭᠦᠢᠴᠡᠳᠬᠡᠬᠦ᠌ 》 ᠰᠠᠭᠠᠳ ᠥᠬᠡᠢ ᠨᠡᠪᠲᠡᠷᠡᠬᠦ᠌ ᠵᠠᠮ᠎ᠢᠶᠠᠷ ᠳᠠᠮᠵᠢᠭᠤᠯᠤᠨ᠂ 《ᠨᠢᠭᠤᠷᠲᠠᠨ ᠲᠣᠬᠢᠷᠠᠭᠤᠯᠬᠤ 》᠂ 《ᠴᠡᠭ᠎ᠡᠴᠡ ᠴᠡᠭ᠎ᠲᠤ᠌ ᠬᠠᠷᠭᠤᠭᠤᠯᠬᠤ 》 ᠶ᠋ᠢ ᠠᠬᠢᠭᠤᠯᠬᠤ᠂《ᠨᠢᠭᠡ᠎ᠳᠤ ᠨᠢᠭᠡ᠎ᠶ᠋ᠢ ᠬᠠᠷᠭᠤᠭᠤᠯᠬᠤ》 ᠱᠠᠯᠠᠪᠳᠠᠭᠤᠯᠤᠨ ᠭᠦᠢᠴᠡᠳᠬᠡᠬᠦ᠎ᠶ᠋ᠢ ᠴᠢᠩᠭᠠᠳᠭᠠᠵᠤ᠂ ᠪᠥᠬᠦ᠌ ᠬᠦᠴᠦᠨ᠎ᠢᠶᠠᠷ᠎ᠢᠶᠠᠨ ᠡᠨᠧᠷᠭᠢ ᠬᠠᠳᠠᠭᠠᠯᠠᠬᠤ ᠲᠥᠷᠦᠯ ᠵᠦᠢᠯ ᠎ᠢ ᠡᠷᠲᠡᠬᠡᠨ ᠪᠠᠶ᠋ᠢᠭᠤᠯᠵᠤ ᠠᠰᠢᠭᠯᠠᠯᠲᠠ᠎ᠳᠤ ᠣᠷᠤᠭᠤᠯᠤᠨ᠂ ᠦᠷ᠎ᠡ ᠪᠦᠲᠦᠮᠵᠢ ᠭᠠᠷᠭᠠᠬᠤ ᠶ᠋ᠢ ᠠᠬᠢᠭᠤᠯᠪᠠ᠃

ᠴᠢᠨᠠᠷ ᠰᠠᠶ᠋ᠢᠲᠠᠢ ᠡᠵᠡᠩᠨᠡᠯᠲᠡ᠎ᠶ᠋ᠢᠨ ᠣᠷᠴᠢᠨ ᠲᠣᠭᠤᠷᠢᠨ ᠪᠠ ᠡᠯᠪᠡᠭ ᠪᠠᠶᠠᠯᠢᠭ ᠠᠵᠤ ᠦᠢᠯᠡᠰ᠎ᠤᠨ ᠰᠠᠭᠤᠷᠢ ᠨᠢ ᠰᠢᠨ᠎ᠡ ᠡᠨᠧᠷᠭᠢ᠎ᠶ᠋ᠢᠨ ᠬᠦᠷᠢᠶᠡᠨ᠎ᠤ ᠳᠠᠭᠠᠭᠤᠯᠤᠭᠴᠢ ᠠᠵᠤ ᠠᠬᠤᠶ᠋ᠢᠯᠠᠯ᠎ᠢ ᠲᠠᠲᠠᠵᠤ ᠤᠯᠠᠭᠠᠨᠬᠠᠳᠠ ᠬᠤᠲᠠ᠎ᠳᠤ ᠨᠤᠲᠤᠭᠰᠢᠭᠤᠯᠵᠤ᠂ ᠲᠤᠬᠠᠢ᠎ᠶ᠋ᠢᠨ ᠭᠠᠵᠠᠷ᠎ᠤᠨ ᠪᠣᠬᠢᠷᠲᠤᠯ ᠥᠬᠡᠢ ᠡᠨᠧᠷᠭᠢ ᠬᠠᠳᠠᠭᠠᠯᠠᠬᠤ ᠠᠵᠤ ᠦᠢᠯᠡᠰ᠎ᠤᠨ ᠵᠢᠭᠰᠠᠭᠠᠯ᠎ᠢ ᠪᠤᠵᠠᠭᠠᠶ᠋ᠢᠷᠠᠭᠤᠯᠪᠠ᠃

2024 ᠣᠨ᠎ᠤ 12 ᠰᠠᠷ᠎ᠠ᠎ᠳᠤ᠂ ᠥᠪᠦᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠤᠨ᠎ᠤ ᠠᠩᠬᠠᠳᠠᠭᠴᠢ ᠴᠠᠬᠢᠯᠭᠠᠨ ᠲᠣᠤᠷ᠎ᠤᠨ ᠲᠠᠯ᠎ᠠ ᠳ᠋ᠤ ᠪᠠᠢᠭᠤᠯᠤᠭᠰᠠᠨ ᠪᠡᠶ᠎ᠡ ᠪᠠᠨ ᠳᠠᠭᠠᠭᠠᠭᠰᠠᠨ ᠰᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠎ᠶ᠋ᠢᠨ ᠵᠢᠱ᠌ᠢᠶ᠎ᠡ ᠦᠵᠡᠭᠦᠯᠬᠦ᠌ ᠲᠦᠷᠦᠯ ᠵᠦᠢᠯ — ᠠᠤᠬᠠᠨ ᠬᠤᠰᠢᠭᠤᠨ᠎ᠤ ᠳ᠋ᠠ ᠲᠠᠩ᠎ᠤᠨ ᠺᠠᠩ ᠵᠢᠶᠠ ᠶᠢᠩ᠎ᠤᠨ 15 ᠲᠦᠮᠡᠨ ᠺᠢᠯᠤᠸᠠᠲ / 60 ᠲᠦᠮᠡᠨ ᠺᠢᠯᠤᠸᠠᠲ᠎ᠴᠠᠭ᠎ᠤᠨ ᠪᠡᠶ᠎ᠡ ᠪᠠᠨ ᠳᠠᠭᠠᠭᠠᠭᠰᠠᠨ ᠰᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠠᠰᠢᠭᠯᠠᠯᠲᠠ᠎ᠳᠤ ᠣᠷᠤᠪᠠ᠃ᠲᠥᠷᠦᠯ ᠵᠦᠢᠯ᠎ᠢ ᠠᠵᠢᠯ ᠡᠬᠢᠯᠡᠭᠦᠯᠦᠭᠰᠡᠨ᠎ᠡᠴᠡ ᠠᠪᠤᠭᠠᠳ ᠲᠤᠤᠷ ᠲᠤ᠌ ᠨᠡᠶ᠋ᠢᠯᠡᠭᠦᠯᠬᠦ᠌ ᠬᠦᠷᠲᠡᠯ᠎ᠡ ᠵᠥᠪᠬᠡᠨ 55 ᠡᠳᠦᠷ ᠬᠡᠷᠡᠭᠯᠡᠵᠦ᠍᠂ᠡᠨᠧᠷᠭᠢ ᠬᠠᠳᠠᠭᠠᠯᠠᠬᠤ ᠲᠥᠷᠦᠯ ᠵᠦᠢᠯ᠎ᠤᠨ ᠪᠦᠲᠦᠭᠡᠨ ᠪᠠᠶ᠋ᠢᠭᠤᠯᠤᠯᠲᠠ᠎ᠶ᠋ᠢᠨ 《ᠤᠯᠠᠭᠠᠨᠬᠠᠳᠠ᠎ᠶ᠋ᠢᠨ ᠬᠤᠷᠳᠤᠴᠠ 》 ᠶ᠋ᠢ ᠡᠭᠦᠳᠴᠡᠢ ᠃ ᠲᠥᠷᠦᠯ ᠵᠦᠢᠯ ᠨᠢ ᠠᠰᠢᠭᠯᠠᠯᠲᠠ᠎ᠳᠤ ᠤᠷᠤᠭᠰᠠᠨ᠎ᠤ ᠳᠠᠷᠠᠭ᠎ᠠ᠂ ᠵᠢᠯ᠎ᠤᠨ ᠴᠠᠬᠢᠯᠭᠠᠨ ᠭᠠᠷᠭᠠᠬᠤ ᠬᠡᠮᠵᠢᠶ᠎ᠡ ᠨᠢ 1.46 ᠳ᠋ᠦᠩᠰᠢᠭᠤᠷ ᠺᠢᠯᠤᠸᠠᠲ ᠴᠠᠭ᠎ᠲᠤ᠌ ᠬᠦᠷᠴᠦ᠍ ᠂ ᠪᠥᠬᠦ᠌ ᠬᠤᠲᠠ᠎ᠶ᠋ᠢᠨ ᠭᠤᠤᠯᠳᠠᠯᠭ᠎ᠠ᠎ᠲᠠᠢ ᠣᠷᠤᠨ ᠪᠦᠰᠡ᠎ᠶ᠋ᠢᠨ ᠰᠢᠨ᠎ᠡ ᠡᠨᠧᠷᠭᠢ᠎ᠶ᠋ᠢᠨ ᠴᠠᠬᠢᠯᠭᠠᠨ ᠬᠦᠴᠦᠨ᠎ᠢ ᠭᠠᠳᠠᠭᠰᠢ ᠬᠦᠷᠭᠡᠬᠦ ᠪᠠ ᠲᠤᠬᠠᠢ ᠵᠢᠨ ᠭᠠᠵᠠᠷ ᠲᠤ᠌ ᠪᠠᠨ ᠰᠢᠩᠭᠡᠭᠡᠨ ᠬᠡᠷᠡᠭᠯᠡᠬᠦ ᠪᠡᠷᠬᠡ ᠰᠡᠳᠦᠪ᠎ᠢ ᠪᠦᠲᠦᠮᠵᠢᠲᠡᠢ ᠰᠢᠢᠳᠪᠦᠷᠢᠯᠡᠪᠡ ᠃

2025 ᠣᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠤᠨ᠎ᠤ ᠰᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠢᠰᠲᠧᠮ᠎ᠤᠨ ᠬᠡᠪ ᠳᠠᠭᠤᠷᠢᠶᠠᠯ᠎ᠤᠨ ᠴᠢᠨᠠᠷᠲᠠᠢ ᠢᠨᠵᠧᠨᠧᠷᠢᠩ — ᠥᠪᠦᠷ ᠮᠣᠩᠭᠤᠯ᠎ᠤᠨ ᠡᠨᠧᠷᠭᠢ᠎ᠶ᠋ᠢᠨ ᠪᠠᠭᠠᠷᠢᠨ ᠵᠡᠭᠦᠨ ᠬᠤᠰᠢᠭᠤᠨ᠎ᠤ 40 ᠲᠦᠮᠡᠨ ᠺᠢᠯᠤᠸᠠᠲ / 160 ᠲᠦᠮᠡᠨ ᠺᠢᠯᠤᠸᠠᠲ ᠴᠠᠭ᠎ᠤᠨ ᠪᠡᠶ᠎ᠡ᠎ᠪᠠᠨ ᠳᠠᠭᠠᠭᠠᠭᠰᠠᠨ ᠰᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠢᠩᠬᠢᠨᠢ᠎ᠪᠠᠷ ᠠᠰᠢᠭᠯᠠᠯᠲᠠ᠎ᠳᠤ ᠣᠷᠤᠪᠠ᠃ ᠲᠤᠰ ᠢᠨᠵᠧᠨᠧᠷᠢᠩ᠎ᠨᠢ ᠲᠤᠬᠠᠢ᠎ᠶ᠋ᠢᠨ ᠵᠢᠯ ᠳ᠋ᠤ ᠲᠥᠯᠦᠪᠵᠢᠭᠦᠯᠬᠦ᠂ ᠲᠤᠬᠠᠢ᠎ᠶ᠋ᠢᠨ ᠵᠢᠯ ᠳ᠋ᠤ ᠲᠥᠷᠦᠯ ᠵᠦᠢᠯ ᠲᠣᠭᠲᠠᠭᠠᠬᠤ᠂ ᠲᠤᠬᠠᠢ ᠵᠢᠨ ᠵᠢᠯ ᠳ᠋ᠤ ᠠᠵᠢᠯ ᠡᠬᠢᠯᠡᠭᠦᠯᠬᠦ᠂ ᠲᠤᠬᠠᠢ᠎ᠶ᠋ᠢᠨ ᠵᠢᠯ ᠳ᠋ᠤ ᠠᠰᠢᠭᠯᠠᠯᠲᠠ᠎ᠳᠤ ᠣᠷᠤᠭᠤᠯᠬᠤ ᠬᠤᠷᠳᠤᠴᠠ᠎ᠪᠠᠷ ᠥᠪᠡᠷᠲᠡᠭᠡᠨ ᠵᠠᠰᠠᠬᠤ ᠣᠷᠤᠨ᠎ᠤ ᠰᠢᠨ᠎ᠡ ᠡᠨᠧᠷᠭᠢ᠎ᠶ᠋ᠢᠨ ᠲᠥᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠰᠢᠨ᠎ᠡ ᠲᠡᠮᠳᠡᠭᠯᠡᠯ᠎ᠢ ᠡᠭᠦᠳᠴᠡᠢ᠃ ᠠᠰᠢᠭᠯᠠᠯᠲᠠ᠎ᠳᠤ ᠣᠷᠤᠭᠤᠯᠤᠭᠰᠠᠨ᠎ᠤ ᠳᠠᠷᠠᠭ᠎ᠠ᠂ ᠵᠢᠯ ᠪᠦᠷᠢ ᠳᠤᠮᠳᠠᠴᠢ᠎ᠪᠠᠷ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 3.52 ᠳ᠋ᠦᠩᠰᠢᠭᠤᠷ ᠺᠢᠯᠤᠸᠠᠲ ᠴᠠᠭ᠎ᠲᠤ᠌ ᠬᠦᠷᠴᠦ᠍᠂ ᠵᠢᠯ ᠪᠦᠷᠢ 10 ᠲᠦᠮᠡᠨ ᠲᠣᠨ ᠪᠠᠷᠢᠮᠵᠢᠶᠠᠲᠤ᠌ ᠨᠡᠭᠦᠷᠡᠰᠦ᠎ᠶ᠋ᠢ ᠠᠷᠪᠢᠯᠠᠨ᠂ ᠪᠠᠭᠠᠷᠢᠨ ᠵᠡᠭᠦᠨ ᠬᠤᠰᠢᠭᠤᠨ᠎ᠤ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ ᠲᠤ᠌ ᠪᠣᠬᠢᠷᠲᠤᠯ᠎ᠦᠭᠡᠢ ᠴᠠᠬᠢᠯᠭᠠᠨ ᠣᠷᠤᠭᠤᠯᠬᠤ᠎ᠶ᠋ᠢ ᠪᠡᠶᠡᠯᠡᠭᠦᠯᠵᠦ᠍᠂ ᠨᠡᠭᠦᠷᠡᠰᠦᠲᠦ᠋ᠷᠦᠭᠴᠢ ᠦᠭᠡᠢ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ᠎ᠳᠤ ᠪᠠᠲᠤ᠌ ᠪᠠᠬᠢ ᠰᠠᠭᠤᠷᠢ᠎ᠬᠠᠩᠭᠠᠵᠠᠢ᠃

ᠬᠡᠪ ᠳᠠᠭᠤᠷᠢᠶᠠᠯ ᠎ᠤᠨ ᠲᠥᠷᠦᠯ ᠵᠦᠢᠯ᠎ᠢ ᠲᠦᠷᠭᠡᠨ ᠨᠠᠶ᠋ᠢᠳᠠᠪᠤᠷᠢᠵᠢᠭᠤᠯᠤᠭᠰᠠᠨ᠎ᠨᠢ ᠤᠯᠠᠭᠠᠨᠬᠠᠳᠠ ᠬᠤᠲᠠ ᠎ᠶ᠋ᠢᠨ ᠡᠨᠧᠷᠭᠢ ᠬᠠᠳᠠᠭᠠᠯᠠᠬᠤ ᠠᠵᠤ ᠦᠢᠯᠡᠰ᠎ᠤᠨ ᠦᠷᠨᠢᠭᠦᠨ ᠬᠥᠭᠵᠢᠯᠲᠡ᠎ᠶ᠋ᠢᠨ ᠬᠠᠨᠳᠤᠰᠢ᠎ᠶ᠋ᠢ ᠭᠡᠷᠡᠴᠢᠯᠡᠵᠦ᠍ ᠪᠠᠶ᠋ᠢᠨ᠎ᠠ᠃ ᠲᠥᠷᠦ᠎ᠶ᠋ᠢᠨ ᠪᠣᠳᠤᠯᠭ᠎ᠠ᠎ᠵᠢᠨ ᠬᠦᠴᠦᠲᠡᠢ ᠲᠤᠯᠭᠠᠭᠤᠷᠢᠯᠠᠯ ᠳᠤᠤᠷ᠎ᠠ᠂ ᠤᠯᠠᠭᠠᠨᠬᠠᠳᠠ ᠬᠤᠲᠠ ᠨᠢᠭᠡ ᠪᠦᠯᠦᠭ ᠪᠠᠯᠠ ᠣᠷᠤᠭᠤᠯᠤᠯᠲᠠ᠎ᠶ᠋ᠢᠨ ᠬᠡᠪᠴᠢᠶ᠎ᠡ᠎ᠪᠠᠷ ᠶᠡᠭᠡ᠂ ᠳᠠᠶ᠋ᠢᠴᠢᠯᠠᠬᠤ ᠴᠢᠳᠠᠪᠤᠷᠢ᠎ᠪᠠᠷ ᠴᠢᠩᠭ᠎ᠠ ᠲᠥᠷᠦᠯ ᠵᠦᠢᠯ᠎ᠢ ᠨᠢᠭᠲᠠ ᠪᠠᠢᠷᠢᠯᠠᠭᠤᠯᠵᠤ ᠪᠤᠢ᠃

ᠶᠤᠸᠠᠨ ᠵᠢᠩ᠎ᠤᠨ 400 ᠲᠦᠮᠡᠨ ᠺᠢᠯᠤᠸᠠᠲ ᠴᠠᠭ ᠤ᠋ᠨ ᠥᠪᠡᠷᠲᠡᠭᠡᠨ ᠵᠠᠰᠠᠬᠤ ᠣᠷᠤᠨ᠎ᠤ ᠵᠢᠱ᠌ᠢᠶ᠎ᠡ ᠦᠵᠡᠭᠦᠯᠦᠨ ᠡᠨᠧᠷᠭᠢ ᠬᠠᠳᠠᠭᠠᠯᠠᠬᠤ ᠲᠥᠷᠦᠯ ᠵᠦᠢᠯ᠎ᠢ ᠡᠬᠢᠯᠡᠨ ᠪᠥᠲᠦᠭᠡᠨ ᠪᠠᠶ᠋ᠢᠭᠤᠯᠪᠠ; ᠶᠤᠸᠠᠨ ᠪᠤᠤ ᠱᠠᠨ ᠲᠤᠭᠤᠷᠢᠭ᠂ᠤᠡᠭᠨᠢᠭᠤᠳ ᠬᠤᠰᠢᠭᠤ᠂ᠬᠡᠰᠢᠭᠲᠡᠨ ᠬᠤᠰᠢᠭᠤ᠂ᠠᠤᠬᠠᠨ ᠬᠤᠰᠢᠭᠤ᠎ᠵᠢᠨ 4 ᠪᠡᠶ᠎ᠡ᠎ᠪᠠᠨ ᠲᠠᠭᠠᠭᠠᠭᠰᠠᠨ ᠰᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠎ᠶ᠋ᠢ ᠦᠪᠡᠷᠳᠡᠭᠡᠨ ᠵᠠᠰᠠᠬᠤ ᠤᠷᠤᠨ᠎ᠤ ᠲᠤᠰᠭᠠᠢ ᠲᠦᠷᠦᠯ᠎ᠤᠨ ᠲᠦᠯᠦᠪᠵᠢᠭᠦᠯᠭᠡ᠎ᠳᠤ ᠠᠮᠵᠢᠯᠳᠠ᠎ᠲᠠᠢ ᠤᠷᠤᠭᠤᠯᠪᠠ; ᠨᠢᠩᠴᠧᠩ ᠪᠠᠯᠭᠠᠰᠤ᠂ ᠪᠠᠭᠠᠷᠢᠨ ᠵᠡᠭᠦᠨ ᠬᠤᠰᠢᠭᠤᠨ ᠎ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠶ᠋ᠢ ᠥᠪᠡᠷᠲᠡᠭᠡᠨ ᠵᠠᠰᠠᠬᠤ ᠣᠷᠤᠨ ᠎ᠤ ᠬᠢᠨᠠᠨ ᠵᠥᠪᠰᠢᠶᠡᠷᠡᠬᠦ᠌ ᠲᠥᠯᠦᠪᠯᠡᠭᠡ᠎ᠳᠤ ᠣᠷᠤᠭᠤᠯᠪᠠ᠃

2025 ᠣᠨ᠎ᠤ ᠡᠴᠦᠰ ᠪᠣᠯᠲᠠᠯ᠎ᠠ᠂ ᠤᠯᠠᠭᠠᠨᠬᠠᠳᠠ ᠬᠤᠲᠠ᠎ᠵᠢᠨ ᠨᠢᠭᠡᠨᠲᠡ ᠪᠠᠶ᠋ᠢᠭᠤᠯᠤᠭᠰᠠᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ᠎ᠶ᠋ᠢᠨ ᠬᠡᠪᠴᠢᠶ᠎ᠡ 150 ᠲᠦᠮᠡᠨ ᠺᠢᠯᠤᠸᠠᠲ᠎ᠢ ᠳᠠᠪᠠᠵᠤ᠂ ᠲᠣᠮᠤ ᠬᠡᠯᠪᠡᠷᠢ᠎ᠶ᠋ᠢᠨ ᠪᠡᠶ᠎ᠡ᠎ᠪᠠᠨ ᠳᠠᠭᠠᠭᠠᠭᠰᠠᠨ ᠰᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠶ᠋ᠢᠨ ᠰᠦᠷᠦᠭᠵᠢᠯ ᠪᠠ ᠬᠡᠰᠢᠭᠲᠡᠨ ᠬᠤᠰᠢᠭᠤ᠂ᠨᠢᠩᠴᠧᠩ ᠰᠢᠶᠠᠨ᠂ ᠪᠠᠭᠠᠷᠢᠨ ᠵᠡᠭᠦᠨ ᠬᠤᠰᠢᠭᠤ᠎ᠵᠢᠨ ᠭᠤᠷᠪᠠᠨ ᠶᠡᠭᠡ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠪᠠᠷ ᠭᠤᠤᠯ ᠪᠣᠯᠭᠠᠭᠰᠠᠨ᠂ ᠰᠢᠨ᠎ᠡ ᠡᠨᠧᠷᠭᠢ᠎ᠶ᠋ᠢᠨ ᠢᠵᠢ ᠪᠥᠷᠢᠳᠦᠭᠦᠯᠦᠭᠰᠡᠨ ᠡᠨᠧᠷᠭᠢ ᠬᠠᠳᠠᠭᠠᠯᠠᠬᠤ᠎ᠪᠠᠷ ᠨᠥᠬᠦᠪᠦᠷᠢ ᠪᠣᠯᠭᠠᠭᠰᠠᠨ ᠣᠯᠠᠨ ᠡᠰᠢᠴᠢᠯᠡᠭᠰᠡᠨ ᠡᠨᠧᠷᠭᠢ ᠬᠠᠳᠠᠭᠠᠯᠠᠬᠤ ᠰᠢᠰᠲᠧᠮ ᠠᠭᠠᠵᠢᠮ ᠵᠢᠡᠷ ᠪᠤᠢ ᠪᠤᠯᠪᠠ᠃

《ᠪᠢᠳᠡ ᠦᠷᠭᠦᠯᠵᠢᠯᠡᠨ ᠤᠨᠤᠴᠠᠲᠠᠢ ᠬᠦᠴᠦᠯᠡᠵᠦ᠍᠂ ᠡᠯ᠎ᠡ ᠲᠦᠷᠦᠯ᠎ᠤᠨ ᠡᠨᠧᠷᠭᠢ ᠬᠠᠳᠠᠭᠠᠯᠠᠬᠤ ᠲᠦᠷᠦᠯ ᠵᠦᠢᠯ᠎ᠤᠨ ᠪᠦᠲᠦᠭᠡᠨ ᠪᠠᠢᠭᠤᠯᠵᠤ ᠠᠰᠢᠭᠯᠠᠯᠲᠠ᠎ᠳᠤ ᠣᠷᠤᠭᠤᠯᠬᠤ᠎ᠶ᠋ᠢ ᠠᠬᠢᠭᠤᠯᠵᠤ᠂ ᠦᠷ᠎ᠡ ᠪᠦᠲᠦᠮᠵᠢ ᠭᠠᠷᠭᠠᠨ᠎ᠠ᠃ ᠡᠭᠦᠨ᠎ᠤ ᠬᠠᠮᠲᠤ᠌ ᠳᠡᠭᠡᠳᠦ ᠱᠠᠲᠤᠨ ᠎ᠤ ᠰᠠᠯᠠᠭ᠎ᠠ ᠮᠥᠴᠢᠷ᠎ᠲᠠᠢ ᠢᠳᠡᠪᠬᠢᠲᠡᠢ ᠵᠣᠯᠭᠠᠭᠤᠯᠵᠤ᠂ ᠨᠠᠩ ᠣᠯᠠᠨ ᠴᠢᠨᠠᠷ ᠰᠠᠶ᠋ᠢᠲᠠᠢ ᠡᠨᠧᠷᠭᠢ ᠬᠠᠳᠠᠭᠠᠯᠠᠬᠤ ᠲᠥᠷᠦᠯ ᠵᠦᠢᠯ᠎ᠢ ᠪᠥᠬᠦ᠌ ᠬᠦᠴᠦᠨ᠎ᠢᠶᠠᠷ᠎ᠢᠶᠠᠨ ᠨᠠᠶ᠋ᠢᠳᠠᠪᠤᠷᠢᠵᠢᠭᠤᠯᠵᠤ᠂ ᠡᠨᠧᠷᠭᠢ ᠬᠠᠳᠠᠭᠠᠯᠠᠬᠤ ᠠᠵᠤ ᠦᠢᠯᠡᠰ᠎ᠤᠨ ᠬᠡᠪᠴᠢᠶ᠎ᠡ ᠎ᠶ᠋ᠢ ᠦᠷᠭᠦᠯᠵᠢᠯᠡᠨ ᠪᠤᠵᠠᠭᠠᠶ᠋ᠢᠷᠠᠭᠤᠯᠤᠨ ᠬᠦᠴᠦᠷᠬᠡᠭᠵᠢᠭᠦᠯᠦᠨ᠎ᠡ 》 ᠭᠡᠵᠦ ᠤᠯᠠᠭᠠᠨᠬᠠᠳᠠ ᠬᠤᠳᠠ ᠎ᠶ᠋ᠢᠨ ᠡᠨᠧᠷᠭᠢ᠎ᠶ᠋ᠢᠨ ᠲᠣᠪᠴᠢᠶᠠᠨ᠎ᠤ ᠴᠠᠬᠢᠯᠭᠠᠨ ᠬᠦᠴᠦᠨ ᠎ᠦ ᠰᠠᠯᠠᠭᠠᠨ᠎ᠤ ᠳᠠᠷᠤᠭ᠎ᠠ ᠯᠢᠦ ᠵᠤᠤ ᠢᠯᠡᠳᠭᠡᠪᠡ᠃

ᠪᠤᠬᠢᠷᠳᠤᠯ ᠦᠭᠡᠢ ᠡᠨᠧᠷᠭᠢ᠎ᠵᠢᠨ ᠬᠦᠳᠡᠯᠭᠡᠭᠴᠢ ᠬᠦᠴᠦᠨ᠎ᠨᠢ ᠤᠯᠠᠭᠠᠨᠬᠠᠳᠠ ᠬᠤᠳᠠ᠎ᠶ᠋ᠢᠨ ᠠᠵᠤ ᠠᠬᠤᠢ᠎ᠶ᠋ᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠷᠬᠡᠭ ᠶᠡᠭᠡ ᠬᠦᠴᠦᠨ ᠨᠡᠮᠡᠷᠢᠯᠡᠬᠦ᠎ᠪᠠᠷ ᠪᠠᠷᠠᠬᠤ᠎ᠦᠭᠡᠢ ᠣᠷᠤᠨ ᠪᠦᠰᠡ᠎ᠶ᠋ᠢᠨ 《ᠬᠤᠤᠰ ᠨᠡᠭᠦᠷᠡᠰᠦᠲᠦ᠋ᠷᠦᠭᠴᠢ 》 ᠶ᠋ᠢᠨ ᠬᠠᠷᠠᠯᠲᠠ᠎ᠶ᠋ᠢ ᠪᠡᠶᠡᠯᠡᠭᠦᠯᠬᠦ᠎ᠳᠤ ᠤᠯᠠᠭᠠᠨᠬᠠᠳᠠ᠎ᠶ᠋ᠢᠨ ᠬᠦᠴᠦᠨ ᠴᠢᠳᠠᠯ᠎ᠢᠶᠠᠨ ᠡᠷᠬᠦᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面