2026-10-11 11:33:48
ᠡᠨᠡ ᠵᠢᠯ ᠡᠴᠡ ᠨᠠᠭᠠᠰᠢ᠂ ᠮᠠᠨ ᠤ᠋ ᠤᠷᠤᠨ 《ᠮᠠᠯ ᠠᠵᠤ ᠠᠬᠤᠢ ᠲᠠᠷᠢᠶᠠᠯᠠᠡᠭ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》 ᠤ᠋ ᠪᠡᠯᠡ ᠤᠷᠤᠭᠤᠯᠤᠯᠲᠠ ᠶ᠋ᠢᠨ ᠡᠷᠴᠢᠮ ᠢ ᠦᠷᠬᠦᠯᠵᠢᠯᠡᠨ ᠴᠢᠡᠭᠭᠠᠷᠠᠭᠤᠯᠵᠤ᠂ ᠮᠠᠯ ᠠᠵᠤ ᠠᠬᠤᠢ ᠲᠠᠷᠢᠶᠠᠯᠠᠡᠭ ᠢ᠋ ᠬᠦᠴᠦᠷᠭᠡᠭᠵᠢᠭᠦᠯᠦᠨ ᠮᠠᠯᠴᠢᠨ ᠲᠠᠷᠢᠶᠠᠴᠢᠨ ᠳ᠋ᠤ ᠠᠰᠢᠭ ᠬᠦᠷᠲᠡᠭᠡᠵᠦ ᠮᠠᠯᠴᠢᠨ ᠲᠠᠷᠢᠶᠠᠴᠢᠨ ᠢ᠋ ᠪᠠᠶᠠᠵᠢᠭᠤᠯᠬᠤ ᠲᠦᠷᠦ ᠶ᠋ᠢᠨ ᠪᠤᠳᠤᠯᠭ᠎ᠠ ᠵᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠪᠡᠷ ᠬᠦᠴᠦᠯᠡᠵᠤ᠂ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠳ᠋ᠦ ᠬᠦᠴᠦᠷᠬᠡᠭ ᠶᠡᠬᠡ ᠡᠳ᠋ ᠤ᠋ᠨ ᠵᠠᠰᠠᠭ ᠤ᠋ᠨ ᠬᠦᠴᠦᠨ ᠤᠯᠭᠤᠪᠠ᠃
ᠮᠠᠯ ᠠᠵᠤ ᠠᠬᠤᠢ ᠲᠠᠷᠢᠶᠠᠯᠠᠡᠭ ᠢ᠋ ᠳᠡᠮᠵᠢᠬᠦ ᠲᠠᠯ᠎ᠠ ᠪᠡᠷ᠂ 2026 ᠣᠨ ᠳ᠋ᠤ ᠪᠥᠬᠥ᠌ ᠣᠷᠣᠨ ᠤ᠋ ᠡᠩ ᠤ᠋ᠨ ᠣᠯᠠᠨ ᠨᠡᠶ᠋ᠢᠲᠡ ᠶ᠋ᠢᠨ ᠲᠥᠰᠦᠪ ᠲᠦ᠍ ᠮᠠᠯ ᠠᠵᠤ ᠠᠬᠤᠢ ᠲᠠᠷᠢᠶᠠᠯᠠᠩ ᠣᠶ ᠰᠢᠭᠤᠶ ᠤᠰᠤᠨ ᠠᠰᠢᠭᠯᠠᠯᠲᠠ ᠶ᠋ᠢᠨ ᠵᠠᠷᠤᠯᠭ᠎ᠠ ᠵᠢ 577 ᠳ᠋ᠦᠩᠰᠢᠭᠤᠷ ᠲᠥᠭᠥᠷᠢᠭ ᠲᠣᠬᠢᠷᠠᠭᠤᠯᠤᠨ᠂ ᠲᠥᠪ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠪᠠᠶ᠋ᠢᠩᠭᠤᠵᠢᠭᠰᠠᠨ ᠬᠠᠪᠰᠤᠷᠤᠨ ᠲᠡᠳᠬᠦᠬᠦ᠌ ᠪᠡᠯᠡ ᠮᠥᠩᠭᠥᠵᠢ 93.94 ᠳ᠋ᠦᠩᠰᠢᠭᠤᠷ ᠲᠥᠭᠥᠷᠢᠭ ᠲᠤᠬᠢᠷᠠᠭᠤᠯᠵᠤ᠂ ᠠᠵᠤ ᠦᠢᠯᠡᠰ ᠶ᠋ᠢᠡᠷ ᠬᠠᠪᠰᠤᠷᠤᠨ ᠲᠡᠳᠬᠦᠬᠦ᠌᠂ ᠠᠵᠢᠯ ᠣᠯᠭᠣᠯᠲᠠ ᠪᠡᠷ ᠬᠠᠪᠰᠤᠷᠤᠨ ᠲᠡᠳᠬᠦᠬᠦ᠌ ᠪᠠ ᠬᠥᠭᠵᠢᠭᠡᠳᠦᠢ ᠭᠠᠵᠠᠷ ᠣᠷᠣᠨ ᠢ᠋ ᠨᠡᠭᠡᠭᠡᠨ ᠬᠥᠭᠵᠢᠭᠦᠯᠬᠦ᠌ ᠲᠠᠯ᠎ᠠ ᠶ᠋ᠢᠨ ᠬᠠᠪᠰᠤᠷᠤᠨ ᠲᠡᠳᠬᠦᠬᠦ᠌ ᠠᠵᠢᠯ ᠢ᠋ ᠭᠣᠣᠯᠳᠠᠯᠭ᠎ᠠ ᠲᠠᠶ ᠳᠡᠮᠵᠢᠵᠦ᠍᠂ ᠬᠥᠳᠡᠭᠡ ᠲᠣᠰᠬᠣᠨ ᠢ᠋ ᠪᠦᠬᠦ᠌ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠳ᠋ᠤ ᠬᠦᠴᠦᠲᠡᠢ ᠲᠤᠯᠭᠠᠭᠤᠷᠢᠯᠠᠯ ᠬᠠᠩᠭᠠᠪᠠ᠃
ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤ᠌ ᠰᠠᠬᠢᠬᠤ ᠲᠠᠯ᠎ᠠ ᠪᠠᠷ᠂ ᠡᠨᠡ ᠵᠢᠯ ᠨᠡᠶ᠋ᠢᠲᠡ 188.31 ᠳ᠋ᠦᠩᠰᠢᠭᠤᠷ ᠲᠥᠭᠥᠷᠢᠭ ᠤ᠋ᠨ ᠪᠠᠯᠠ ᠣᠷᠣᠭᠤᠯᠵᠤ᠂ 708.89 ᠲᠦᠮᠡᠨ ᠮᠥ᠍ ᠵᠢᠨ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠥᠲᠥᠭᠡᠨ ᠪᠠᠶ᠋ᠢᠭᠤᠯᠤᠯᠲᠠ ᠵᠢ ᠳᠡᠮᠵᠢᠪᠡ; ᠬᠠᠷ᠎ᠠ ᠬᠦᠷᠦᠰᠦᠲᠦ ᠭᠠᠵᠠᠷ ᠢ᠋ ᠬᠠᠮᠠᠭᠠᠯᠠᠯᠲᠠ ᠶ᠋ᠢᠨ ᠴᠢᠨᠠᠷᠲᠠᠢ ᠪᠡᠷ ᠠᠰᠢᠭᠯᠠᠬᠤ ᠪᠠᠯᠠ ᠮᠥᠩᠭᠥ ᠵᠢ 1.77 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭᠠᠵᠤ᠂ ᠵᠡᠭᠦᠨ ᠪᠠᠶ᠎ᠠ ᠵᠢᠨ ᠬᠠᠷ᠎ᠠ ᠬᠥᠷᠥᠰᠥᠲᠦ᠍ ᠣᠷᠣᠨ ᠤ᠋ ᠬᠣᠰᠢᠭᠤ ᠰᠢᠶᠠᠨ ᠤ᠋ ᠠᠮᠤ ᠪᠤᠳᠠᠭᠠᠨ ᠤ᠋ ᠶᠡᠷᠦᠩᠬᠡᠶ᠋ᠢᠯᠡᠭᠰᠡᠨ ᠦᠢᠯᠡᠳᠪᠦᠷᠢᠯᠡᠯ ᠤ᠋ᠨ ᠴᠢᠳᠠᠪᠤᠷᠢ ᠪᠠ ᠬᠠᠷ᠎ᠠ ᠬᠦᠷᠦᠰᠦᠲᠦ ᠭᠠᠵᠠᠷ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ᠌ ᠵᠢ ᠦᠷᠭᠦᠯᠵᠢᠯᠡᠨ ᠠᠬᠢᠭᠤᠯᠵᠠᠢ᠃ ᠠᠮᠤ ᠪᠤᠳᠠᠭ᠎ᠠ ᠨᠥᠭᠡᠴᠡᠯᠡᠬᠦ᠌ ᠲᠥᠬᠥᠭᠡᠷᠦᠮᠵᠢ ᠵᠢ ᠰᠡᠯᠪᠢᠨ ᠵᠠᠰᠠᠵᠤ ᠥᠭᠡᠷᠡᠴᠢᠯᠡᠬᠦ᠌ ᠪᠡᠯᠡ ᠮᠥᠩᠭᠥ᠌ ᠵᠢ 1667 ᠲᠦᠮᠡᠨ ᠲᠥᠭᠥᠷᠢᠭ ᠲᠣᠬᠢᠷᠠᠭᠤᠯᠵᠤ᠂ ᠠᠮᠤ ᠪᠤᠳᠠᠭᠠᠨ ᠤ᠋ ᠠᠵᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠪᠠ᠃
《ᠮᠡᠷᠭᠡᠵᠢᠯ ᠶ᠋ᠢᠡᠷ ᠠᠮᠤ ᠪᠤᠳᠠᠭᠠᠨ ᠤ᠋ ᠤᠨᠠᠯᠲᠠ ᠵᠢ ᠨᠡᠮᠡᠭᠳᠡᠭᠦᠯᠬᠦ》 ᠵᠢ ᠠᠬᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ᠋ ᠡᠳ᠋ ᠤ᠋ᠨ ᠵᠠᠰᠠᠭ ᠡᠴᠡ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠰᠬᠠᠶ ᠵᠦᠢᠯ ᠤ᠋ᠨ ᠪᠠᠯᠠ ᠮᠥᠩᠭᠥ ᠵᠢ 1.39 ᠳ᠋ᠦᠩᠰᠢᠭᠤᠷ ᠲᠥᠭᠥᠷᠢᠭ ᠲᠣᠬᠢᠷᠠᠭᠤᠯᠤᠨ᠂ 《ᠦᠷ᠎ᠡ ᠶ᠋ᠢᠨ ᠴᠢᠫ》 ᠤ᠋ᠨ ᠢᠨᠵᠧᠨᠧᠷᠢᠩ ᠤ᠋ᠨ ᠴᠢᠬᠤᠯᠠ ᠶᠡᠬᠡ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 29 ᠲᠥᠷᠥᠯ ᠵᠦᠢᠯ ᠳ᠋ᠦ ᠵᠠᠷᠤᠴᠠᠭᠤᠯᠵᠤ᠂ ᠦᠪᠤᠷ ᠮᠤᠩᠭᠤᠯ ᠤ᠋ᠨ ᠦᠷ᠎ᠡ ᠶ᠋ᠢᠨ ᠦᠢᠯᠡᠰ ᠤ᠋ᠨ ᠪᠡᠶ᠎ᠡ ᠪᠡᠨ ᠳᠠᠭᠠᠭᠠᠵᠤ ᠰᠢᠨ᠎ᠡ ᠵᠢ ᠡᠭᠦᠳᠬᠦ᠌ ᠴᠢᠳᠠᠪᠤᠷᠢ ᠵᠢ ᠳᠡᠭᠡᠭᠰᠢᠯᠡᠭᠦᠯᠪᠡ; 3000 ᠲᠦᠮᠡᠨ ᠲᠥᠭᠥᠷᠢᠭ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠰᠬᠠᠢ ᠪᠡᠯᠡ ᠮᠥᠩᠭᠥ᠌ ᠲᠣᠬᠢᠷᠠᠭᠤᠯᠵᠤ᠂ ᠪᠠᠶᠠᠨᠨᠠᠭᠤᠷ ᠤ᠋ᠨ ᠤᠯᠤᠰ ᠤ᠋ᠨ ᠲᠠᠷᠢᠶᠠᠯᠠᠡᠭ ᠤ᠋ᠨ ᠳᠡᠭᠡᠳᠦ ᠰᠢᠨ᠎ᠡ ᠮᠡᠷᠭᠡᠵᠢᠯ ᠤ᠋ᠨ ᠠᠵᠤ ᠦᠢᠯᠡᠰ ᠤ᠋ᠨ ᠵᠢᠱ᠌ᠢᠶ᠎ᠡ ᠦᠵᠡᠭᠦᠯᠬᠦ ᠤᠷᠤᠨ ᠤ᠋ ᠪᠦᠲᠦᠭᠡᠨ ᠪᠠᠢᠭᠤᠯᠤᠯᠲᠠ ᠵᠢ ᠳᠡᠮᠵᠢᠪᠡ; 1.58 ᠳ᠋ᠦᠩᠰᠢᠭᠤᠷ ᠲᠥᠭᠥᠷᠢᠭ ᠲᠣᠬᠢᠷᠠᠭᠤᠯᠤᠨ ᠮᠠᠯ ᠠᠵᠤ ᠠᠬᠤᠶ ᠲᠠᠷᠢᠶᠠᠯᠠᠡᠭ ᠤ᠋ᠨ ᠴᠢᠬᠤᠯᠠ ᠶᠡᠬᠡ ᠮᠡᠷᠭᠡᠵᠢᠯ ᠢ᠋ ᠬᠠᠮᠵᠢᠯᠴᠠᠨ ᠳᠡᠯᠭᠡᠷᠡᠭᠦᠯᠬᠦ᠌ ᠵᠢᠴᠢ ᠣᠳᠣ ᠦᠶ᠎ᠡ ᠶ᠋ᠢᠨ ᠮᠠᠯ ᠠᠵᠤ ᠠᠬᠤᠶ ᠲᠠᠷᠢᠶᠠᠯᠠᠡᠭ ᠤ᠋ᠨ ᠠᠵᠤ ᠦᠢᠯᠡᠰ ᠤ᠋ᠨ ᠮᠡᠷᠭᠡᠵᠢᠯ ᠤ᠋ᠨ ᠰᠢᠨ᠎ᠡ ᠵᠢ ᠡᠭᠦᠳᠬᠦ᠌ ᠰᠢᠰᠲᠸᠮ ᠤ᠋ᠨ ᠪᠠᠶ᠋ᠢᠭᠤᠯᠤᠯᠲᠠ ᠵᠢ ᠳᠡᠮᠵᠢᠵᠤ᠂ 5.45 ᠳ᠋ᠦᠩᠰᠢᠭᠤᠷ ᠲᠥᠭᠥᠷᠢᠭ ᠤ᠋ᠨ ᠲᠤᠰᠬᠠᠶ ᠵᠦᠢᠯ ᠤ᠋ᠨ ᠪᠡᠯᠡ ᠮᠥᠩᠭᠥ᠌ ᠲᠣᠬᠢᠷᠠᠭᠤᠯᠤᠨ ᠡᠷᠳᠡᠨᠢ ᠰᠢᠰᠢ ᠰᠢᠷ᠎ᠠ ᠪᠤᠷᠴᠠᠭ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ᠌ ᠪᠠ ᠭᠣᠣᠯᠳᠠᠯᠭ᠎ᠠ ᠲᠠᠶ ᠲᠠᠷᠢᠮᠠᠯ ᠤ᠋ᠨ ᠪᠣᠬᠢᠷᠲᠤᠯ ᠦᠭᠡᠶ ᠥᠨᠳᠥᠷ ᠤᠨᠠᠯᠲᠠ ᠥᠨᠳᠥᠷ ᠦᠷ᠎ᠡ ᠪᠦᠲᠦᠮᠵᠢ ᠤᠯᠬᠤ ᠳ᠋ᠦ ᠬᠦᠴᠦᠨ ᠨᠡᠮᠡᠷᠢᠯᠡᠪᠡ; ᠰᠢᠨ᠎ᠡ ᠬᠡᠯᠪᠡᠷᠢ ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠡᠵᠡᠩᠨᠡᠯᠲᠡ ᠶ᠋ᠢᠨ ᠭᠤᠤᠯ ᠴᠣᠭᠴᠠ ᠵᠢ ᠪᠣᠶ᠋ᠢᠵᠢᠭᠤᠯᠬᠤ᠂ ᠥᠨᠳᠥᠷ ᠬᠡᠪ ᠪᠤᠯᠪᠠᠰᠤᠷᠠᠯ ᠪᠦᠬᠦᠢ ᠮᠠᠯᠴᠢᠨ ᠲᠠᠷᠢᠶᠠᠴᠢᠨ ᠢ᠋ ᠬᠥᠮᠦᠵᠢᠭᠦᠯᠬᠦ᠌ ᠪᠡᠯᠡ ᠮᠥᠩᠭᠥ ᠵᠢ 5.76 ᠳ᠋ᠦᠩᠰᠢᠭᠤᠷ ᠲᠥᠭᠥᠷᠢᠭ ᠳᠤᠬᠢᠷᠠᠭᠤᠯᠵᠤ᠂ ᠮᠠᠯᠴᠢᠨ ᠲᠠᠷᠢᠶᠠᠴᠢᠨ ᠤ᠋ ᠮᠡᠳᠡᠯᠭᠡ ᠮᠡᠷᠭᠡᠵᠢᠯ ᠤ᠋ᠨ ᠳᠦᠪᠰᠢᠨ ᠢ᠋ ᠳᠡᠭᠡᠭᠰᠢᠯᠡᠭᠦᠯᠵᠠᠢ᠃
ᠦᠪᠡᠷᠮᠢᠴᠠ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠢ᠋ ᠪᠣᠶ᠋ᠢᠵᠢᠭᠤᠯᠬᠤ ᠲᠠᠯ᠎ᠠ ᠪᠠᠷ᠂ 5.34 ᠳ᠋ᠦᠩᠰᠢᠭᠤᠷ ᠲᠥᠭᠥᠷᠢᠭ ᠤ᠋ᠨ ᠲᠥᠪ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠪᠡᠯᠡ ᠮᠥᠩᠭᠥ ᠵᠢ ᠲᠣᠬᠢᠷᠠᠭᠤᠯᠤᠨ ᠤᠯᠤᠰ ᠤ᠋ᠨ ᠲᠡᠰ ᠤ᠋ᠨ 2 ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠤ᠋ᠨ ᠪᠦᠯᠦᠭᠵᠢᠯ᠂ 2 ᠣᠳᠣ ᠦᠶ᠎ᠡ ᠶ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠪᠤᠯᠤᠨ 6 ᠠᠵᠤ ᠦᠢᠯᠡᠰ ᠤ᠋ᠨ ᠬᠦᠴᠦᠷᠬᠡᠭ ᠪᠠᠯᠭᠠᠰᠤ ᠶ᠋ᠢᠨ ᠪᠦᠲᠦᠭᠡᠨ ᠪᠠᠢᠭᠤᠯᠤᠯᠲᠠ ᠵᠢ ᠳᠡᠮᠵᠢᠵᠦ᠂ ᠠᠮᠤ ᠪᠤᠳᠠᠭ᠎ᠠ᠂ ᠰᠢᠬᠢᠷ ᠯᠤᠤᠪᠠᠩ᠂ ᠲᠡᠮᠡᠭᠡ᠂ ᠮᠢᠬᠠᠨ ᠤ᠋ ᠦᠬᠡᠷ᠂ ᠢᠳᠡᠰᠢᠨ ᠨᠣᠭᠣᠭ᠎ᠠ ᠵᠡᠷᠭᠡ ᠣᠨᠴᠠᠯᠢᠭᠲᠤ᠌ ᠠᠵᠤ ᠦᠢᠯᠡᠰ ᠤ᠋ᠨ ᠬᠥᠭᠵᠢᠯᠲᠡ ᠵᠢ ᠭᠣᠣᠯᠳᠠᠯᠭ᠎ᠠ ᠲᠠᠶ ᠠᠬᠢᠭᠤᠯᠵᠤ᠂ ᠨᠡᠶ᠋ᠢᠭᠡᠮ ᠤ᠋ᠨ ᠬᠥᠷᠥᠩᠭᠡ ᠶ᠋ᠢᠨ ᠣᠷᠣᠭᠤᠯᠤᠯᠲᠠ ᠵᠢ ᠵᠠᠭᠤᠨ ᠳ᠋ᠦᠩᠰᠢᠭᠤᠷ ᠭᠠᠷᠤᠢ ᠲᠦᠭᠦᠷᠢᠭ ᠳᠠᠢᠴᠢᠯᠠᠪᠠ; 1.58 ᠳ᠋ᠦᠩᠰᠢᠭᠤᠷ ᠲᠥᠭᠥᠷᠢᠭ ᠤ᠋ᠨ ᠦᠷ᠎ᠡ ᠶ᠋ᠢᠨ ᠦᠢᠯᠡᠰ ᠢ᠋ ᠬᠥᠭᠵᠢᠭᠦᠯᠦᠨ ᠮᠠᠨᠳᠤᠭᠤᠯᠬᠤ ᠪᠠᠯᠠ ᠮᠥᠩᠭᠥ᠌ ᠲᠣᠬᠢᠷᠠᠭᠤᠯᠵᠤ᠂ ᠪᠥᠬᠥ᠌ ᠣᠷᠣᠨ ᠤ᠋ ᠰᠢᠯᠢᠳᠡᠭ ᠦᠷ᠎ᠡ ᠡᠭᠦᠯᠳᠡᠷ ᠤ᠋ᠨ ᠪᠦᠷᠬᠦᠴᠡ ᠶ᠋ᠢᠨ ᠨᠣᠷᠮ᠎ᠠ ᠵᠢ 90% ᠡᠴᠡ ᠳᠡᠭᠡᠭᠰᠢ ᠳ᠋ᠦ ᠬᠦᠷᠦᠭᠦᠯᠬᠦ᠌ ᠵᠢ ᠠᠬᠢᠭᠤᠯᠵᠤ᠂ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤᠰᠠᠭᠤᠷᠢ ᠵᠢ ᠪᠡᠬᠢᠵᠢᠭᠦᠯᠪᠡ᠃
ᠪᠠᠲᠤᠯᠠᠭ᠎ᠠ ᠶ᠋ᠢᠨ ᠰᠢᠰᠲ᠋ᠧᠮ ᠢ᠋ ᠪᠦᠷᠢᠨᠰᠢᠬᠦᠯᠬᠦ᠌ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ᠋ ᠡᠳ᠋ ᠤ᠋ᠨ ᠵᠠᠰᠠᠭ ᠤ᠋ᠨ ᠲᠢᠩᠬᠢᠮ ᠡᠴᠡ ᠲᠥᠷᠥ ᠶ᠋ᠢᠨ ᠪᠣᠳᠣᠯᠭ᠎ᠠ ᠶ᠋ᠢᠨ ᠴᠢᠨᠠᠷᠲᠠᠶ ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠤ᠋ᠨ ᠪᠠᠶ᠋ᠢᠷᠢᠰᠢᠯ ᠢ᠋ ᠬᠦᠴᠦᠯᠡᠨ ᠪᠠᠢᠭᠤᠯᠵᠤ᠂ ᠡᠷᠳᠡᠨᠢ ᠰᠢᠰᠢ᠂ ᠪᠣᠭᠣᠳᠠᠶ᠂ ᠣᠶ ᠰᠢᠭᠤᠶ᠂ ᠰᠠᠭᠠᠯᠢ ᠶ᠋ᠢᠨ ᠦᠨᠢᠶ᠎ᠡ ᠵᠡᠷᠭᠡ 28 ᠵᠤᠢᠯ ᠤ᠋ᠨ ᠲᠦᠪ ᠤ᠋ᠨ ᠳᠠᠭᠠᠳᠬᠠᠯ ᠤ᠋ᠨ ᠲᠥᠷᠥᠯ ᠵᠦᠢᠯ ᠢ᠋ ᠬᠡᠷᠡᠭᠵᠢᠬᠦᠯᠤᠨ᠂ ᠨᠤᠲᠤᠭ ᠪᠡᠯᠴᠢᠭᠡᠷ᠂ ᠮᠢᠬᠠᠨ ᠤ᠋ ᠦᠬᠡᠷ᠂ ᠮᠢᠬᠠᠨ ᠤ᠋ ᠬᠣᠨᠢ᠂ ᠰᠠᠭᠠᠯᠢ ᠶ᠋ᠢᠨ ᠢᠮᠠᠭ᠎ᠠ᠂ ᠲᠦᠭᠦᠬᠡᠶ ᠰᠦ᠋ ᠵᠡᠷᠭᠡ 12 ᠵᠤᠢᠯ ᠤ᠋ᠨ ᠤᠷᠤᠨ ᠨᠤᠲᠤᠭ ᠤ᠋ᠨ ᠤᠨᠴᠠᠯᠢᠭᠲᠦ ᠳᠠᠭᠠᠳᠬᠠᠯ ᠤ᠋ᠨ ᠲᠥᠷᠥᠯ ᠵᠦᠢᠯ ᠢ᠋ ᠬᠡᠷᠡᠭᠵᠢᠬᠦᠯᠵᠠᠢ᠃ ᠡᠭᠦᠨ ᠡᠴᠡ ᠭᠠᠳᠠᠨ᠎ᠠ᠂ ᠡᠨᠡ ᠵᠢᠯ ᠪᠠᠰᠠ ᠲᠥᠪ ᠤ᠋ᠨ ᠪᠠᠯᠠ ᠮᠥᠩᠭᠥ ᠵᠢ 30.52 ᠳ᠋ᠦᠩᠰᠢᠭᠤᠷ ᠲᠥᠭᠥᠷᠢᠭ ᠣᠯᠵᠤ᠂ ᠥᠪᠡᠷᠲᠡᠭᠡᠨ ᠵᠠᠰᠠᠬᠤ ᠣᠷᠣᠨ ᠡᠴᠡ 25.81 ᠳ᠋ᠦᠩᠰᠢᠭᠤᠷ ᠲᠥᠭᠥᠷᠢᠭ ᠤ᠋ᠨ ᠪᠡᠯᠡ ᠮᠦᠡᠭᠬᠦ ᠳᠣᠭᠢᠷᠠᠭᠤᠯᠵᠤ ᠪᠠᠢᠭᠠᠳ 141 ᠲᠦᠮᠡᠨ ᠮᠠᠯᠵᠢᠬᠤ ᠲᠠᠷᠢᠶᠠᠯᠠᠬᠤ ᠡᠷᠦᠬᠡ ᠳ᠋ᠦ 3202 ᠳ᠋ᠦᠩᠰᠢᠭᠤᠷ ᠲᠥᠭᠥᠷᠢᠭ ᠤ᠋ᠨ ᠠᠶᠤᠯ ᠲᠦᠭᠰᠢᠭᠦᠷᠢ ᠶ᠋ᠢᠨ ᠪᠠᠲᠤᠯᠠᠭ᠎ᠠ ᠬᠠᠩᠭᠠᠭᠰᠠᠨ ᠪᠠᠢᠨ᠎ᠠ᠃ ᠡᠨᠡ ᠵᠢᠯᠡᠴᠡ ᠨᠠᠭᠠᠰᠢ᠂ ᠮᠠᠨ ᠤ᠋ ᠤᠷᠤᠨ ᠮᠠᠯᠴᠢᠨ ᠲᠠᠷᠢᠶᠠᠴᠢᠨ ᠳ᠋ᠦ ᠠᠰᠢᠭ ᠬᠦᠷᠲᠡᠭᠡᠬᠦ᠌ 《ᠪᠦᠷᠢᠨ ᠴᠢᠳᠠᠮᠵᠢᠲᠦ ᠺᠠᠷᠲ》 ᠶ᠋ᠢᠡᠷ ᠳᠠᠮᠵᠢᠨ ᠡᠳ᠋ ᠤ᠋ᠨ ᠵᠠᠰᠠᠭ ᠤ᠋ᠨ ᠨᠥᠬᠥᠪᠥᠷᠢ ᠮᠥᠩᠭᠥ ᠵᠢ ᠨᠡᠢᠳᠡ 259.03 ᠳ᠋ᠦᠩᠰᠢᠭᠤᠷ ᠲᠥᠭᠥᠷᠢᠭ ᠲᠠᠷᠬᠠᠭᠠᠵᠤ᠂ 3983.8 ᠲᠦᠮᠡᠨ ᠬᠥᠮᠦᠨ ᠤᠳᠠᠭ᠎ᠠ ᠳ᠋ᠦ ᠠᠰᠢᠭ ᠭᠥᠷᠳᠡᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃