ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠬᠠᠤᠯᠢ ᠵᠦᠪᠯᠡᠯᠭᠡ

2026-11-05 16:31:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 4 ᠎ᠦ ᠡᠳᠦᠷ᠂ ᠪᠠᠶᠠᠠᠨᠠᠭᠤᠷ ᠬᠤᠲᠠ ᠵᠢᠨ ᠤᠷᠠᠳ᠎ᠤᠨ ᠡᠮᠦᠨᠡᠲᠦ ᠬᠣᠰᠢᠭᠤᠨ᠎ᠤ ᠬᠠᠢᠷ ᠴᠢᠯᠠᠭᠤᠨ ᠮᠠᠲᠧᠷᠢᠶᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠢᠯᠠᠩ 《ᠬᠠᠢᠷ ᠴᠢᠯᠠᠭᠤᠨ ᠮᠠᠲᠧᠷᠢᠶᠠᠯ᠎ᠢ ᠬᠠᠤᠯᠢ ᠪᠤᠰᠤ᠎ᠪᠠᠷ ᠮᠠᠯᠲᠠᠭᠰᠠᠨ ᠬᠠᠤᠯᠢ ᠪᠤᠰᠤ ᠠᠵᠢᠯᠯᠠᠭ᠎ᠠ᠎ᠶᠢᠨ ᠰᠦᠪᠡᠭᠴᠢ ᠎ᠶᠢ ᠱᠠᠩᠨᠠᠯ ᠲᠠᠢ ᠴᠤᠭᠯᠠᠭᠤᠯᠬᠤ ᠠᠯᠪᠠᠨ ᠵᠠᠷᠯᠠᠯ》 (ᠳᠤᠷᠤᠬᠰᠢ 《ᠠᠯᠪᠠᠨ ᠵᠠᠷᠯᠠᠯ》 ᠭᠡᠵᠦ ᠳᠦᠭᠦᠮᠴᠢᠯᠡᠨ᠎ᠡ) ᠨᠡᠢᠲᠡᠯᠡᠪᠡ᠃  

《ᠠᠯᠪᠠᠨ ᠵᠠᠷᠯᠠᠯ》 ᠳ᠋ᠤ ᠨᠡᠢᠲᠡᠯᠡᠭᠰᠡᠨ ᠵᠢᠨᠷ᠂ ᠤᠷᠠᠳ᠎ᠤᠨ ᠡᠮᠦᠨᠡᠲᠦ ᠬᠣᠰᠢᠭᠤᠨ᠎ᠤ ᠬᠠᠢᠷ ᠴᠢᠯᠠᠭᠤᠨ ᠮᠠᠲᠧᠷᠢᠶᠠᠯ᠎ᠢ ᠬᠤᠪᠢ᠎ᠪᠠᠷ᠎ᠢᠶᠠᠨ ᠬᠤᠯᠠᠭᠠᠢᠯᠠᠨ ᠮᠠᠯᠲᠠᠬᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠥᠭᠴᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠠᠮᠤᠷ ᠲᠦᠪᠰᠢᠨ ᠪᠠ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠤ᠎ᠶᠢᠨ ᠲᠤᠰᠠᠳᠠ᠂ ᠨᠡᠢᠭᠡᠮ᠎ᠡᠴᠡ ᠠᠰᠠᠭᠤᠳᠠᠯ᠎ᠤᠨ ᠰᠦᠪᠡᠭᠴᠢ᠎ᠶᠢ ᠥᠷᠭᠡᠨ᠎ᠢᠶᠡᠷ ᠴᠤᠭᠯᠠᠭᠤᠯᠬᠤ᠎ᠪᠠᠷ ᠲᠣᠭᠲᠠᠪᠠ᠃

ᠬᠦᠯᠢᠶᠡᠨ ᠠᠪᠬᠤ ᠬᠡᠪᠴᠢᠶ᠎ᠡ

ᠵᠥᠪᠰᠢᠶᠡᠷᠡᠯ ᠦᠭᠡᠢ᠎ᠪᠡᠷ ᠠᠭᠤᠯᠠᠨ ᠪᠡᠯ᠂ ᠭᠣᠣᠯ᠎ᠤᠨ ᠵᠠᠮ᠂ ᠨᠤᠲᠤᠭ ᠪᠡᠯᠴᠢᠭᠡᠷ ᠵᠡᠷᠭᠡ ᠣᠷᠣᠨ ᠪᠦᠰᠡ᠎ᠳᠦ ᠬᠠᠢᠷ ᠴᠢᠯᠠᠭᠤᠨ ᠮᠠᠲᠧᠷᠢᠶᠠᠯ᠎ᠢ ᠬᠤᠯᠠᠭᠠᠢᠯᠠᠨ ᠮᠠᠯᠲᠠᠬᠤ᠂ ᠳᠤᠷ᠎ᠠ᠎ᠪᠠᠷ᠎ᠢᠶᠠᠨ ᠪᠣᠷᠣᠯᠠᠭᠤᠯᠬᠤ᠂ ᠬᠦᠴᠦᠷᠬᠡᠭᠯᠡᠯ᠂ ᠰᠦᠷᠳᠡᠭᠦᠯᠦᠯ ᠵᠡᠷᠭᠡ ᠠᠷᠭ᠎ᠠ ᠪᠠᠷᠢᠯ᠎ᠢᠶᠠᠷ ᠬᠠᠢᠷ ᠴᠢᠯᠠᠭᠤᠨ᠎ᠤ ᠡᠬᠢ ᠪᠠᠶᠠᠯᠢᠭ᠋᠎ᠢ ᠬᠦᠴᠦᠷᠬᠡᠭᠯᠡᠨ ᠡᠵᠡᠯᠡᠬᠦ᠂ ᠬᠠᠢᠷ ᠴᠢᠯᠠᠭᠤᠨ᠎ᠤ ᠵᠠᠬ᠎ᠠ ᠳᠡᠯᠭᠡᠭᠦᠷ᠎ᠢ ᠭᠠᠭᠴᠠᠭᠠᠷ ᠡᠵᠡᠮᠰᠢᠬᠦ ᠵᠡᠷᠭᠡ ᠬᠠᠤᠯᠢ᠎ᠠᠴᠠ ᠵᠥᠷᠢᠴᠡᠭᠰᠡᠨ ᠰᠦᠪᠡᠭᠴᠢ᠃

ᠬᠦᠯᠢᠶᠡᠨ ᠠᠪᠬᠤ ᠴᠠᠭ ᠵᠢᠴᠢ ᠠᠷᠭ᠎ᠠ ᠮᠠᠶᠢᠭ᠋

ᠭᠥᠯᠢᠶᠡᠨ ᠠᠪᠴᠤ ᠰᠢᠢᠳᠪᠦᠷᠢᠯᠡᠬᠦ ᠴᠠᠭ᠄ 2026 ᠤᠨ᠎ᠤ 11ᠰᠠᠷ᠎ᠠ ᠵᠢᠨ 4᠎ᠤ ᠡᠳᠦᠷ᠎ᠡᠴᠡ 2027 ᠣᠨ᠎ᠤ 1 ᠰᠠᠷ᠎ᠠ᠎ᠶᠢᠨ 31 ᠎ᠦ ᠡᠳᠦᠷ ᠪᠤᠯᠲᠠᠯ᠎ᠠ᠃

ᠬᠦᠯᠢᠶᠡᠨ ᠠᠪᠬᠤ ᠠᠷᠭ᠎ᠠ ᠮᠠᠶᠢᠭ᠋᠄ ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ ᠪᠣᠯᠣᠨ᠎ᠠ᠃

ᠢᠯᠡᠴᠢᠯᠡᠨ ᠮᠡᠳᠡᠭᠦᠯᠬᠦ ᠤᠲᠠᠰᠤ ᠄

ᠤᠷᠠᠳ᠎ᠤᠨ ᠡᠮᠦᠨᠡᠲᠦ ᠬᠣᠰᠢᠭᠤᠨ᠎ᠤ ᠬᠠᠢᠷ ᠴᠢᠯᠠᠭᠤᠨ ᠮᠠᠲᠧᠷᠢᠶᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠭᠡᠷ ᠄ 0478 — 3607920

ᠵᠠᠬᠢᠳᠠᠯ ᠢᠯᠡᠭᠡᠬᠦ᠂ ᠰᠢᠤᠳᠠᠨ᠎ᠢᠶᠠᠷ ᠢᠯᠡᠭᠡᠬᠦ ᠬᠠᠶᠢᠭ᠋᠄ ᠤᠷᠠᠳ᠎ᠤᠨ ᠡᠮᠦᠨᠡᠲᠦ ᠬᠣᠰᠢᠭᠤᠨ᠎ᠤ ᠨᠠᠮ ᠵᠠᠰᠠᠭ᠎ᠤᠨ ᠠᠰᠠᠷ᠎ᠤᠨ ᠬᠣᠰᠢᠭᠤᠨ᠎ᠤ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭᠠᠵᠠ᠎ᠶᠢᠨ ᠵᠥᠪᠯᠡᠯ᠎ᠦᠨ 641 ᠨᠤᠮᠸᠷᠳᠦ ᠠᠯᠪᠠᠨ ᠭᠡᠷ᠃

ᠱᠠᠩᠨᠠᠬᠤ ᠪᠠᠷᠢᠮᠵᠢᠶ᠎ᠠ

ᠪᠠᠢᠳᠠᠯ᠎ᠢ ᠲᠤᠰᠬᠠᠭᠰᠠᠨ ᠨᠢ ᠦᠨᠡᠨ ᠪᠣᠳᠠᠲᠠᠢ᠂ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠢᠴᠠᠭᠠᠨ ᠰᠢᠢᠳᠪᠦᠷᠢᠯᠡᠬᠦ ᠪᠠᠷᠢᠮᠵᠢᠶ᠎ᠠ᠎ᠳᠤ ᠭᠦᠷᠦᠭᠰᠡᠨ ᠢᠯᠡᠴᠢᠯᠡᠨ ᠮᠡᠳᠡᠭᠦᠯᠦᠭᠰᠡᠨ ᠰᠦᠪᠡᠭᠴᠢ᠎ᠶᠢ ᠬᠡᠷᠡᠭ᠎ᠲᠦ ᠬᠣᠯᠪᠣᠭᠳᠠᠭᠰᠠᠨ ᠵᠣᠭᠣᠰ᠎ᠤᠨ ᠲᠣᠭ᠎ᠠ᠎ᠶᠢ ᠦᠨᠳᠦᠰᠦᠯᠡᠨ ᠢᠯᠡᠴᠢᠯᠡᠨ ᠮᠡᠳᠡᠭᠦᠯᠦᠭᠴᠢ᠎ᠳᠦ 500 — 5000 ᠲᠥᠭᠥᠷᠢᠭ᠎ᠦᠨ ᠠᠳᠠᠯᠢ ᠪᠤᠰᠤ ᠵᠢᠨ ᠱᠠᠩᠨᠠᠯ ᠣᠯᠭᠣᠨ᠎ᠠ᠂ ᠬᠡᠷᠡᠭ᠎ᠲᠦ ᠬᠣᠯᠪᠣᠭᠳᠠᠭᠰᠠᠨ ᠵᠣᠭᠣᠰ᠎ᠤᠨ ᠲᠣᠭ᠎ᠠ ᠨᠢ ᠯᠤᠲᠤ ᠶᠡᠬᠡ ᠪᠠᠢᠪᠠᠯ 5000 ᠲᠥᠭᠥᠷᠢᠭ᠎ᠡᠴᠡ ᠳᠡᠭᠡᠭᠰᠢᠬᠢ ᠱᠠᠩᠨᠠᠯ ᠣᠯᠭᠣᠨ᠎ᠠ᠃

ᠢᠷᠡᠯᠲᠡ᠄ ᠤᠷᠠᠳ᠎ᠤᠨ ᠡᠮᠦᠨᠡᠲᠦ ᠬᠣᠰᠢᠭᠤ᠎ᠶᠢᠨ ᠬᠠᠤᠯᠢ᠎ᠪᠠᠷ ᠵᠠᠰᠠᠬᠤ ᠵᠢᠷᠬᠢᠶ᠎ᠡ ᠵᠢᠨ ᠲᠠᠪᠴᠠᠩ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面