ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠬᠠᠤᠯᠢ ᠵᠦᠪᠯᠡᠯᠭᠡ

2026-11-10 09:01:41

ᠵᠣᠬᠢᠶᠠᠭ᠍ᠴᠢ᠄ ᠱᠢ ᠹᠸᠩ ᠣᠩᠱᠢᠭ᠍ᠰᠠᠨ ᠣᠳᠠᠭ᠎ᠠ᠄ 3

ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠭᠡ ᠨᠡᠪᠲᠡᠷᠡᠭᠦᠯᠦᠭᠰᠡᠨ ᠦᠭᠡᠢ᠂ ᠣᠷᠣᠯᠠᠨ ᠰᠠᠭᠤᠯᠭᠠᠨ ᠠᠪᠬᠤ ᠬᠡᠯᠡᠯᠴᠡᠭᠡᠷ᠎ᠢ ᠴᠦ᠍ ᠵᠦᠪᠰᠢᠶᠡᠷᠡᠭᠰᠡᠨ ᠦᠭᠡᠢ ᠪᠠᠢᠳᠠᠯ ᠲᠣᠣᠷ᠎ᠠ᠂ ᠲᠠᠪᠴᠠᠩ ᠡᠴᠡ ᠵᠣᠭᠣᠰ ᠮᠥᠩᠭᠥ᠎ᠶᠢ ᠰᠠᠷ᠎ᠠ ᠪᠦᠷᠢ ᠬᠠᠰᠤᠵᠦ ᠯᠡ ᠪᠠᠢᠨ᠎ᠠ᠃ ᠣᠢᠷ᠎ᠠ᠎ᠳᠤ ᠢᠯᠡᠴᠢᠯᠡᠭᠰᠡᠨ ᠬᠡᠷᠡᠭ᠎ᠦᠨ ᠵᠢᠱ᠌ᠢᠶ᠎ᠡ᠎ᠡᠴᠡ ᠦᠵᠡᠪᠡᠯ᠂ ᠴᠥᠭᠡᠨ ᠪᠤᠰᠤ ᠬᠡᠷᠡᠭᠯᠡᠭᠴᠢᠳ ᠲᠠᠩᠰᠠ ᠬᠠᠷ᠎ᠠ᠎ᠪᠠᠨ ᠤᠷᠪᠠᠭᠤᠯᠵᠤ ᠦᠵᠡᠭᠡᠳ ᠰᠠᠶᠢ ᠡᠨᠡ ᠬᠦ᠌ ᠠᠰᠠᠭᠤᠳᠠᠯ᠎ᠢ ᠣᠯᠵᠤ ᠮᠠᠲᠠᠵᠠᠢ᠂ ᠴᠢᠨᠠᠭᠰᠢᠯᠠᠪᠠᠯ ᠵᠠᠷᠢᠮ ᠨᠢ ᠬᠡᠳᠦᠨ ᠵᠢᠯ ᠦᠷᠭᠦᠯᠵᠢᠯᠡᠨ ᠬᠠᠰᠣᠬᠰᠠᠨ ᠪᠠᠢᠳᠠᠯ ᠪᠣᠢ᠃



ᠠᠶᠠᠨᠳᠠᠭᠠᠨ  ᠣᠷᠣᠯᠠᠨ ᠰᠠᠭᠣᠯᠭᠠᠵᠦ ᠠᠪᠬᠣ᠎ᠶᠢᠨ ᠵᠣᠷᠢᠯᠭ᠎ᠠ ᠨᠢ ᠰᠦᠢᠳᠬᠡᠯ ᠲᠤᠰᠢᠶᠠᠬᠤ ᠶᠠᠪᠤᠴᠠ᠎ᠶᠢ ᠳᠥᠭᠥᠮᠴᠢᠯᠡᠵᠦ᠂ ᠬᠡᠷᠡᠭᠯᠡᠭᠴᠢᠳ᠎ᠦᠨ ᠪᠡᠶᠡᠴᠢ ᠣᠢᠯᠠᠭᠠᠯᠲᠠ᠎ᠶᠢ ᠰᠠᠢᠵᠢᠷᠠᠭᠤᠯᠬᠤ ᠶᠠᠪᠤᠳᠠᠯ ᠪᠣᠯᠣᠨ᠎ᠠ᠂ ᠭᠡᠪᠡᠴᠦ ᠪᠣᠳᠠᠲᠠᠢ ᠡᠵᠡᠩᠨᠡᠯᠲᠡ ᠵᠢᠨ ᠲᠤᠮᠳᠠ ᠴᠥᠭᠡᠨ ᠪᠤᠰᠤ ᠬᠡᠷᠡᠭᠯᠡᠭᠴᠢᠳ ᠲᠤᠳᠤᠷᠬᠠᠢ ᠪᠤᠰᠤ ᠪᠡᠷ 《ᠰᠦᠢᠳᠬᠡᠯ ᠲᠤᠰᠢᠶᠠᠴᠢᠬᠠᠬᠰᠠᠨ》 ᠠᠰᠠᠭᠤᠳᠠᠯ᠎ᠳᠤ ᠤᠴᠠᠷᠠᠵᠤ ᠪᠠᠢᠨ᠎ᠠ᠃ ᠨᠢᠭᠡᠨ ᠴᠢᠬᠤᠯᠠ ᠰᠢᠯᠲᠠᠭᠠᠨ ᠭᠡᠪᠡᠯ᠂ ᠲᠠᠪᠴᠠᠩ ᠪᠣᠯᠣᠨ ᠲᠣᠭᠠᠴᠠᠭ᠎ᠠ ᠬᠢᠬᠦ ᠪᠠᠢᠭᠤᠯᠤᠮᠵᠢ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠠᠵᠢᠯ᠎ᠢ ᠰᠠᠢᠲᠤᠷ ᠬᠢᠭᠰᠡᠨ ᠦᠭᠡᠢ᠂ ᠵᠠᠷᠢᠮ ᠬᠤᠳᠠᠯᠳᠤᠭᠠᠴᠢᠨ ᠬᠡᠷᠡᠭᠯᠡᠭᠴᠢᠳ᠎ᠢ ᠥᠳᠥᠭᠡᠵᠦ ᠪᠠᠢᠭᠠᠳ ᠠᠶᠠᠨᠳᠠᠭᠠᠨ ᠰᠦᠢᠳᠬᠡᠯ ᠲᠤᠰᠢᠶᠠᠯᠭᠠᠬᠤ ᠠᠷᠭ᠎ᠠ ᠵᠠᠮ᠎ᠢ ᠨᠡᠭᠡᠭᠡᠯᠭᠡᠭᠰᠡᠨ᠎ᠦ ᠲᠠᠷᠠᠭ᠎ᠠ ᠬᠠᠢᠬᠤᠷᠬᠤ ᠦᠭᠡᠢ ᠪᠤᠯᠴᠢᠬᠠᠳᠠᠭ ᠡᠴᠡ ᠪᠣᠯᠵᠠᠢ᠃ 《ᠪᠠᠩᠬᠢ᠎ᠶᠢᠨ ᠪᠤᠰᠤ ᠲᠣᠭᠠᠴᠠᠭ᠎ᠠ ᠬᠢᠬᠦ ᠪᠠᠢᠭᠤᠯᠤᠮᠵᠢ᠎ᠶᠢᠨ ᠰᠦᠯᠵᠢᠶ᠎ᠡ᠎ᠪᠡᠷ ᠲᠣᠭᠠᠴᠠᠭ᠎ᠠ ᠬᠢᠬᠦ ᠲᠤᠬᠠᠢᠯᠠᠭᠰᠠᠨ ᠠᠵᠢᠯ᠎ᠤᠨ ᠬᠠᠮᠢᠶᠠᠷᠤᠯᠲᠠ᠎ᠶᠢᠨ ᠠᠷᠭ᠎ᠠ》 ᠶᠣᠰᠣᠭᠠᠷ᠂ ᠲᠣᠭᠠᠴᠠᠭ᠎ᠠ ᠬᠢᠬᠦ ᠪᠠᠢᠭᠤᠯᠤᠮᠵᠢ ᠨᠢ ᠪᠠᠩᠬᠢ᠎ᠶᠢᠨ ᠺᠠᠷᠲ᠎ᠠᠴᠠ ᠵᠣᠭᠣᠰ ᠰᠠᠭᠤᠯᠭᠠᠨ ᠠᠪᠬᠤ᠎ᠳᠤ ᠡᠷᠬᠡᠪᠰᠢ ᠤᠷᠢᠳ ᠵᠢᠡᠷ ᠪᠤᠶᠤ ᠠᠩᠬᠠᠨ᠎ᠤ ᠠᠷᠠᠯᠵᠢᠶ᠎ᠠ ᠬᠢᠬᠦ ᠦᠶ᠎ᠡ᠎ᠳᠦ ᠬᠡᠷᠡᠭᠯᠡᠭᠴᠢ᠎ᠶᠢᠨ ᠪᠡᠶ᠎ᠡ ᠭᠠᠷᠤᠯ᠎ᠢ ᠰᠠᠨᠠᠭᠠᠴᠢᠯᠠᠭ᠎ᠠ᠎ᠠᠴᠠ᠎ᠪᠠᠨ ᠢᠯᠭᠠᠨ ᠲᠠᠨᠢᠬᠤ᠎ᠶᠢᠨ ᠬᠠᠮᠲᠤ᠂ ᠬᠡᠷᠡᠭᠯᠡᠭᠴᠢ ᠪᠠ ᠪᠠᠩᠬᠢ᠎ᠶᠢᠨ ᠵᠥᠪᠯᠡᠯᠴᠡᠭᠡᠷ᠎ᠢᠶᠡᠷ ᠡᠷᠬᠡ ᠣᠯᠭᠣᠭᠰᠠᠨ ᠪᠠᠢᠬᠤ ᠬᠡᠷᠡᠭᠲᠡᠢ᠃ ᠲᠣᠳᠣᠷᠬᠠᠢ ᠪᠣᠰᠣ ᠪᠡᠷ ᠣᠷᠣᠯᠠᠨ ᠰᠠᠭᠣᠯᠭᠠᠨ ᠠᠪᠬᠣ ᠬᠡᠯᠬᠢᠶ᠎ᠡ ᠵᠢ ᠲᠠᠰᠣᠯᠵᠦ᠂ ᠲᠠᠪᠴᠠᠩ ᠪᠣᠯᠣᠨ ᠲᠣᠭᠠᠴᠠᠭ᠎ᠠ ᠬᠢᠬᠦ ᠪᠠᠢᠭᠤᠯᠤᠮᠵᠢ ᠪᠣᠭᠣᠮᠲᠠ᠎ᠶᠢ ᠰᠠᠢᠲᠤᠷ ᠰᠠᠬᠢᠬᠣ ᠬᠡᠷᠡᠭᠲᠡᠢ᠃ ᠬᠣᠳᠠᠯᠳᠣᠭᠠᠴᠢᠨ᠎ᠢ ᠴᠢᠩᠭ᠎ᠠ ᠪᠠᠢᠴᠠᠭᠠᠵᠤ᠂ ᠲᠣᠭᠲᠠᠭᠠᠯ᠎ᠠᠴᠠ ᠵᠥᠷᠢᠴᠡᠭᠰᠡᠨ ᠰᠦᠢᠳᠬᠡᠯ ᠰᠠᠭᠣᠯᠭᠠᠵᠦ ᠠᠪᠬᠤ ᠥᠪᠡᠷ᠎ᠦᠨ ᠥᠷᠲᠡᠭ᠎ᠢ ᠳᠡᠭᠡᠭᠰᠢᠯᠡᠭᠦᠯᠦᠨ᠎ᠡ᠃   

 — 《ᠠᠵᠦ ᠠᠬᠣᠢ ᠵᠢᠨ ᠡᠳᠦᠷ᠎ᠦᠨ ᠰᠣᠨᠢᠨ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面