2026-11-10 11:48:48
ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠦᠨ ᠲᠥᠷᠥᠬᠥᠬᠡᠨ ᠬᠤᠷᠠᠯᠳᠤᠭᠤᠯᠤᠬᠰᠠᠨ ᠰᠣᠨᠢᠨ ᠮᠡᠳᠡᠭᠡ ᠨᠡᠢᠲᠡᠯᠡᠬᠦ ᠬᠤᠷᠠᠯ ᠠ᠋ᠴᠠ ᠣᠢᠯᠠᠭᠠᠭᠰᠠᠨ ᠢ᠋ᠢᠡᠷ᠂ ᠥᠪᠥᠷ ᠮᠣᠩᠭᠣᠯ 《ᠬᠠᠤᠯᠢ᠎ᠪᠠᠷ ᠵᠠᠰᠠᠬᠤ ᠳᠡᠳ᠋ ᠲᠣᠰᠬᠣᠨ᠎ᠤ ᠳᠠᠷᠤᠭ᠎ᠠ(ᠳᠡᠳ᠋ ᠡᠷᠬᠢᠯᠡᠭᠴᠢ)》 ᠢ᠋ᠢᠨ ᠠᠵᠢᠯ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠠᠤᠯᠢ ᠴᠠᠭᠠᠵᠠ᠎ᠪᠠᠷ ᠣᠯᠠᠨ ᠲᠦᠮᠡᠨ᠎ᠳᠦ ᠦᠢᠯᠡᠴᠢᠯᠡᠬᠦ 《ᠡᠴᠦᠰ᠎ᠦᠨ ᠨᠢᠭᠡ ᠺᠢᠯᠣᠮᠧᠲᠷ》 ᠢ᠋ ᠨᠠᠪᠲᠠᠷᠡᠭᠦᠯᠤᠨ᠂ ᠬᠥᠳᠡᠭᠡ ᠲᠣᠰᠬᠣᠨ᠎ᠤ ᠵᠠᠰᠠᠯᠲᠠ ᠪᠠ ᠬᠠᠤᠯᠢ᠎ᠪᠠᠷ ᠵᠠᠰᠠᠬᠤ ᠳᠤᠲᠠᠭᠤᠳᠠᠯ᠎ᠢ ᠨᠥᠬᠥᠪᠦᠷᠢᠯᠡᠵᠦ ᠪᠤᠢ᠃
《ᠬᠠᠤᠯᠢ᠎ᠪᠠᠷ ᠵᠠᠰᠠᠬᠤ ᠳᠡᠳ᠋ ᠲᠤᠰᠬᠤᠨ᠎ᠤ ᠳᠠᠷᠤᠭ᠎ᠠ(ᠳᠡᠳ᠋ ᠡᠷᠬᠢᠯᠡᠭᠴᠢ)》 ᠵᠢ ᠬᠠᠤᠯᠢ᠎ᠶᠢᠨ ᠤᠬᠠᠭᠠᠨ᠎ᠤ ᠮᠡᠲᠡᠯᠭᠡ ᠲᠠᠢ ᠪᠠ ᠬᠠᠤᠯᠢ ᠴᠠᠭᠠᠵᠠ᠎ᠶᠢᠨ ᠦᠢᠯᠡᠳᠦᠯᠭᠡ᠎ᠲᠠᠢ ᠬᠥᠮᠥᠰ᠎ᠢᠶᠡᠷ ᠬᠠᠷᠢᠭᠤᠴᠠᠭᠤᠯᠵᠦ᠂ ᠬᠠᠤᠯᠢ ᠴᠠᠭᠠᠵᠠ ᠢ᠋ᠢᠨ ᠵᠠᠰᠠᠭ ᠵᠠᠬᠢᠷᠭᠠᠨ᠎ᠤ ᠺᠠᠳ᠋ᠷ᠂ ᠭᠢᠨᠳᠠᠨ᠎ᠤ ᠬᠣᠣᠷ ᠲᠠᠲᠠᠬᠤ᠎ᠶᠢ ᠵᠣᠭᠰᠤᠭᠠᠬᠤ ᠠᠷᠠᠳ᠎ᠤᠨ ᠴᠠᠭᠳᠠᠭ᠎ᠠ᠂ 《ᠬᠠᠤᠯᠢ ᠴᠠᠭᠠᠵᠠ ᠵᠢ ᠰᠠᠢᠨ ᠮᠡᠲᠡᠲᠡᠭ ᠬᠦᠮᠦᠨ》 ᠡᠴᠡ ᠰᠤᠩᠭᠤᠬᠤ᠂ ᠬᠠᠤᠯᠢ ᠴᠠᠭᠠᠵᠠ᠎ᠶᠢᠨ ᠭᠠᠵᠠᠷ ᠡᠴᠡ ᠲᠤᠰᠬᠠᠢ ᠬᠠᠤᠯᠢᠴᠢ᠎ᠶᠢ ᠰᠣᠩᠭᠣᠨ ᠲᠣᠮᠢᠯᠠᠬᠤ᠂ ᠰᠢᠭᠦᠬᠦ ᠲᠤᠰᠢᠶᠠᠯᠲᠠᠨ᠂ ᠪᠠᠢᠴᠠᠭᠠᠬᠤ ᠲᠤᠰᠢᠶᠠᠯᠲᠠᠨ᠂ ᠳᠣᠲᠣᠭᠠᠳᠤ᠎ᠶᠢ ᠬᠠᠮᠠᠭᠠᠯᠠᠬᠤ ᠺᠠᠳ᠋ᠷ ᠴᠠᠭᠳᠠᠭ᠎ᠠ᠎ᠶᠢᠨ ᠲᠤᠰᠢᠶᠠᠯ ᠬᠠᠪᠰᠤᠷᠭᠠᠨ ᠡᠭᠦᠷᠭᠡᠯᠡᠬᠦ᠎ᠶᠢ ᠵᠣᠷᠢᠭ᠍ᠵᠢᠭᠤᠯᠬᠤ ᠵᠡᠷᠭᠡ ᠭᠤᠷᠪᠠᠨ ᠲᠠᠪᠬᠤᠷᠭ᠎ᠠ ᠡᠴᠡ ᠨᠢᠭᠡᠲᠦᠯᠲᠡᠢ ᠲᠦᠯᠦᠪᠵᠢᠭᠦᠯᠦᠨ᠎ᠡ᠃
《ᠬᠠᠤᠯᠢ᠎ᠪᠠᠷ ᠵᠠᠰᠠᠬᠤ ᠳᠡᠳ᠋ ᠲᠤᠰᠬᠤᠨ᠎ᠤ ᠳᠠᠷᠤᠭ᠎ᠠ (ᠳᠡᠳ᠋ ᠡᠷᠬᠢᠯᠡᠭᠴᠢ)》 ᠨᠢ ᠬᠠᠤᠯᠢ᠎ᠪᠠᠷ ᠵᠠᠰᠠᠬᠤ ᠤᠬᠠᠭᠤᠯᠭ᠎ᠠ᠎ᠶᠢ ᠭᠦᠨᠵᠡᠭᠡᠢᠷᠡᠭᠦᠯᠦᠨ᠂ ᠴᠢᠬᠤᠯᠠ ᠴᠠᠭ ᠬᠤᠭᠤᠴᠠᠭ᠎ᠠ᠎ᠶᠢᠨ ᠵᠠᠩᠭᠢᠯᠠᠭ᠎ᠠ᠎ᠶᠢᠨ ᠴᠡᠭ᠎ᠲᠠᠢ ᠨᠢᠭ᠍ᠲᠠ ᠤᠶᠠᠯᠳᠤᠭᠤᠯᠵᠤ᠂ ᠡᠷᠦᠬᠡ᠎ᠳᠦ ᠬᠦᠷᠴᠦ ᠤᠬᠠᠭᠤᠯᠤᠨ ᠲᠠᠢᠯᠪᠤᠷᠢᠯᠠᠬᠤ᠂ ᠲᠠᠷᠢᠶᠠᠨ ᠭᠠᠵᠠᠷ᠎ᠲᠤ ᠬᠡᠷᠡᠭ᠎ᠢᠶᠡᠷ ᠬᠠᠤᠯᠢ᠎ᠶᠢ ᠲᠠᠢᠯᠪᠤᠷᠢᠯᠠᠬᠤ ᠵᠡᠷᠭᠡ ᠬᠡᠯᠪᠡᠷᠢ᠎ᠪᠡᠷ ᠳᠠᠮᠵᠢᠨ ᠣᠯᠠᠨ ᠲᠦᠮᠡᠨ᠎ᠲᠠᠢ ᠣᠢᠷᠠᠲᠤᠭᠰᠠᠨ ᠬᠠᠤᠯᠢ᠎ᠪᠠᠷ ᠵᠠᠰᠠᠬᠤ ᠤᠬᠠᠭᠤᠯᠭ᠎ᠠ᠎ᠶᠢ ᠥᠷᠨᠢᠭᠦᠯᠦᠨ᠎ᠡ; ᠵᠥᠷᠢᠴᠡᠯ᠎ᠢ ᠪᠠᠢᠴᠠᠭᠠᠨ ᠨᠠᠮᠳᠠᠭᠤᠯᠵᠤ᠂ ᠰᠢᠨ᠎ᠡ ᠴᠠᠭ ᠦᠶ᠎ᠡ᠎ᠶᠢᠨ 《ᠹᠸᠨᠭᠴᠢᠶᠤᠤ ᠵᠢᠨ ᠲᠤᠷᠰᠢᠯᠭ᠎ᠠ》 ᠶ᠋ᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠬᠠᠤᠯᠢ ᠶᠣᠰᠣᠭᠠᠷ ᠭᠣᠮᠣᠳᠠᠯ ᠱᠠᠭᠠᠷᠳᠠᠯᠭ᠎ᠠ᠎ᠪᠠᠨ ᠢᠯᠡᠳᠬᠡᠬᠦ᠂ ᠮᠠᠷᠭᠤᠯᠳᠤᠭᠠᠨ᠎ᠢ ᠰᠢᠢᠳᠪᠦᠷᠢᠯᠡᠬᠦ᠂ ᠵᠥᠷᠢᠴᠡᠯ᠎ᠢ ᠦᠨᠳᠦᠰᠦᠨ ᠱᠠᠲᠤᠨ᠎ᠳᠤ ᠨᠠᠮᠳᠠᠭᠤᠯᠬᠤ᠂ ᠴᠤᠬᠤᠶ᠋ᠢᠯᠳᠠ ᠵᠢᠨ ᠬᠤᠭᠤᠴᠠᠭᠠᠨ ᠳ᠋ᠤᠨᠢ ᠨᠠᠮᠳᠠᠭᠤᠯᠬᠤ᠎ᠶᠢ ᠠᠬᠢᠭᠤᠯᠤᠨ᠎ᠠ; ᠬᠠᠤᠯᠢ ᠶᠣᠰᠣᠭᠠᠷ ᠵᠠᠰᠠᠬᠤ᠎ᠳᠤ ᠬᠠᠮᠵᠢᠯᠴᠠᠨ᠂ ᠲᠤᠰᠬᠤᠨ᠎ᠤ ᠲᠣᠭᠲᠠᠭᠠᠯ ᠠᠷᠠᠳ᠎ᠤᠨ ᠭᠡᠷ᠎ᠡ ᠪᠠ ᠲᠤᠰᠬᠤᠨ᠎ᠤ ᠱᠠᠲᠤᠨ᠎ᠤ ᠰᠢᠢᠳᠪᠦᠷᠢᠲᠦ ᠪᠣᠳᠣᠯᠭ᠎ᠠ᠎ᠶᠢᠨ ᠬᠠᠤᠯᠢ ᠶᠣᠰᠣᠴᠢ ᠴᠢᠨᠠᠷᠤᠨᠪᠣᠭᠣᠮᠲᠠᠶᠢ ᠡᠵᠡᠮᠳᠡᠬᠦ᠎ᠳᠦ ᠣᠷᠣᠯᠴᠠᠵᠤ᠂ ᠬᠠᠤᠯᠢ ᠴᠠᠭᠠᠵᠠ᠎ᠶᠢᠨ ᠵᠥᠪᠯᠡᠯᠭᠡ ᠪᠠ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠵᠢᠯᠣᠭᠣᠳᠤᠮᠵᠢ ᠬᠠᠩᠭᠠᠵᠤ᠂ ᠦᠨᠳᠦᠰᠦᠨ ᠱᠠᠲᠤᠨ᠎ᠤ ᠥᠪᠡᠰᠦᠪᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ᠌ ᠮᠣᠷᠠᠯ᠎ᠢᠶᠠᠷ ᠵᠠᠰᠠᠬᠤ᠎ᠶᠢ ᠤᠶᠠᠯᠳᠤᠭᠤᠯᠬᠤ᠎ᠶᠢ ᠠᠬᠢᠭᠤᠯᠤᠨ᠎ᠠ; ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠴᠢᠩᠭᠠᠳᠬᠠᠵᠤ᠂ ᠤᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠦᠨ ᠬᠣᠯᠪᠣᠯᠳᠤᠭᠤᠯᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠦ ᠬᠠᠤᠯᠢ ᠪᠡᠷ ᠵᠠᠰᠠᠬᠤ ᠬᠡᠷᠡᠭᠴᠡᠭᠡ᠎ᠶᠢ ᠤᠨᠢᠨ ᠳᠡᠭᠡᠷ᠎ᠡ ᠨᠢ ᠵᠣᠯᠭᠠᠭᠤᠯᠵᠤ᠂ ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠤᠯᠠᠨ ᠲᠦᠮᠡᠨ᠎ᠦ ᠡᠭᠦᠳᠡᠨ᠎ᠳᠦ ᠬᠦᠷᠭᠡᠨ᠎ᠡ᠃
ᠲᠣᠰ ᠠᠵᠢᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠦᠪᠡᠷᠲᠡᠭᠡᠨ ᠵᠠᠰᠬᠠᠤ ᠤᠷᠤᠨ᠎ᠤ ᠬᠠᠤᠯᠢ ᠴᠠᠭᠠᠵᠠ ᠢ᠋ᠢᠨ ᠲᠢᠩᠬᠢᠮ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠢᠯᠤᠭᠣᠳᠬᠤ ᠰᠠᠨᠠᠯ ᠨᠡᠢᠲᠡᠯᠡᠵᠦ᠂ 《ᠲᠠᠪᠤᠨ ᠵᠦᠢᠯ᠎ᠦᠨ ᠠᠵᠢᠯ᠎ᠤᠨ ᠲᠣᠭᠲᠠᠴᠠ》 ᠵᠢ ᠪᠠᠢᠭᠤᠯᠤᠨ᠂ ᠮᠡᠳᠡᠭᠡ ᠵᠠᠩᠭᠢ᠎ᠶᠢ ᠬᠠᠮᠲᠤ ᠪᠠᠷ ᠡᠳ᠋ᠯᠡᠬᠦ᠂ ᠬᠠᠮᠲᠤᠷᠠᠨ ᠰᠤᠳᠤᠯᠤᠨ ᠮᠠᠭᠠᠳᠯᠠᠬᠤ᠂ ᠦᠢᠯᠡᠴᠢᠯᠡᠬᠦ ᠠᠵᠢᠯ᠎ᠤᠨ ᠪᠢᠲᠡᠭᠦᠦ ᠴᠠᠭᠠᠷᠢᠭ᠋᠎ᠢ ᠪᠦᠷᠢᠯᠳᠦᠭᠦᠯᠵᠦ᠂ ᠭᠠᠴᠠᠭ᠎ᠠ ᠲᠣᠰᠬᠣᠨ᠎ᠳᠤ 《ᠬᠠᠤᠯᠢ᠎ᠪᠠᠷ ᠵᠠᠰᠠᠬᠤ ᠳᠡᠳ᠋ ᠲᠣᠰᠬᠣᠨ᠎ᠤ ᠳᠠᠷᠤᠭ᠎ᠠ (ᠳᠡᠳ᠋ ᠡᠷᠬᠢᠯᠡᠭᠴᠢ)》 ᠵᠢ ᠪᠦᠬᠦᠨ᠎ᠢ ᠪᠦᠷᠬᠦᠬᠦᠯᠬᠦ᠎ᠶᠢ ᠲᠦᠷᠭᠡᠬᠡᠨ ᠪᠡᠶᠡᠯᠡᠭᠦᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃