2026-11-11 16:31:58
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠡᠴᠡ ᠣᠶ᠋ᠢᠯᠠᠭᠠᠭᠰᠠᠨ ᠢᠶᠡᠷ᠂ ᠲᠦᠬᠦᠭᠡᠷᠤᠮᠵᠢᠳᠤ ᠲᠠᠷᠢᠶᠠᠯᠠᠩ ᠤ᠋ᠨ ᠬᠦᠷᠢᠶᠡᠨ ᠳ᠋ᠤ ᠲᠠᠰᠤᠷᠠᠯᠲᠠ ᠥᠬᠡᠶ ᠰᠢᠨ᠎ᠡ ᠪᠡᠷ ᠢᠯᠡᠷᠡᠵᠦ ᠪᠠᠢᠭ᠎ᠠ ᠮᠡᠬᠡᠯᠡᠯ ᠤ᠋ᠨ ᠠᠵᠢᠯᠯᠠᠭ᠎ᠠ ᠵᠢ ᠪᠦᠲᠦᠮᠵᠢᠲᠡᠢ ᠰᠡᠷᠭᠡᠢᠯᠡᠬᠦ ᠶ᠋ᠢᠨ ᠲᠦᠯᠦᠭᠡ᠂ ᠮᠠᠨ ᠤ᠋ ᠤᠷᠤᠨ ᠡᠯ᠎ᠡ ᠲᠥᠷᠥᠯ ᠤ᠋ᠨ ᠲᠦᠬᠦᠭᠡᠷᠤᠮᠵᠢᠳᠤ ᠲᠠᠷᠢᠶᠠᠯᠠᠩ ᠤ᠋ᠨ ᠬᠦᠷᠢᠶᠡᠨ ᠳ᠋ᠡᠬᠢ ᠮᠡᠬᠡᠯᠡᠯ ᠤ᠋ᠨ ᠲᠦᠭᠰᠢᠭᠦᠷᠢ ᠵᠢ ᠰᠡᠷᠭᠡᠶ᠋ᠢᠯᠡᠬᠦ᠌ ᠰᠠᠨᠠᠭᠤᠯᠤᠮᠵᠢ ᠵᠢ ᠨᠡᠶ᠋ᠢᠲᠡᠯᠡᠪᠠ᠃
ᠣᠶ᠋ᠢᠷ᠎ᠠ ᠶ᠋ᠢᠨ ᠵᠢᠯ ᠳ᠋ᠤ ᠮᠠᠨ ᠤ᠋ ᠤᠷᠤᠨ ᠲᠥᠬᠦᠭᠡᠷᠦᠮᠵᠢᠲᠦ᠍ ᠲᠠᠷᠢᠶᠠᠯᠠᠩ ᠢ᠋ ᠶᠡᠬᠡ ᠪᠡᠷ ᠬᠥᠭᠵᠢᠭᠦᠯᠤᠨ᠂ ᠣᠲᠣ ᠦᠶ᠎ᠡ ᠶ᠋ᠢᠨ ᠲᠥᠬᠦᠭᠡᠷᠦᠮᠵᠢᠲᠦ᠍ ᠲᠠᠷᠢᠶᠠᠯᠠᠩ ᠤ᠋ᠨ ᠪᠥᠲᠥᠭᠡᠨ ᠪᠠᠶ᠋ᠢᠭᠤᠯᠤᠯᠲᠠ ᠶ᠋ᠢᠨ ᠵᠢᠭᠡᠯᠡᠯᠭᠡ ᠶ᠋ᠢᠨ ᠳᠠᠮ ᠬᠦᠦ ᠮᠦᠡᠭᠬᠦ ᠤᠯᠭᠤᠬᠤ ᠲᠦᠷᠦᠯ ᠵᠦᠢᠯ᠂ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠰᠠᠭᠤᠷᠢ ᠵᠢ ᠴᠢᠩᠭᠠᠳᠬᠠᠬᠤ ᠢᠨᠵᠧᠨᠧᠷᠢᠩ ᠢ᠋ ᠵᠠᠯᠭᠠᠭ᠎ᠠ ᠪᠠᠷ ᠬᠡᠷᠡᠭᠵᠢᠭᠦᠯᠵᠦ᠍᠂ ᠲᠥᠬᠦᠭᠡᠷᠦᠮᠵᠢᠲᠦ᠍ ᠲᠠᠷᠢᠶᠠᠯᠠᠩ ᠤ᠋ᠨ ᠬᠡᠪᠴᠢᠶᠡᠵᠢᠭᠰᠡᠨ᠂ ᠪᠠᠷᠢᠮᠵᠢᠶᠠᠵᠢᠭᠰᠡᠨ ᠲᠦᠪᠰᠢᠨ ᠢ᠋ ᠢᠯᠡᠳᠲᠡ ᠳᠡᠭᠡᠭᠰᠢᠯᠡᠭᠦᠯᠪᠡ᠃ ᠬᠡᠬᠦ ᠳ᠋ᠤ ᠵᠠᠷᠢᠮ ᠬᠠᠤᠯᠢ ᠪᠤᠰᠤ ᠡᠲᠡᠭᠡᠳ ᠬᠠᠷᠢᠨ ᠲᠥᠷᠥ ᠶ᠋ᠢᠨ ᠪᠣᠳᠣᠯᠭ᠎ᠠ ᠶ᠋ᠢᠨ ᠠᠰᠢᠭ ᠬᠠᠷᠠᠭᠠᠯᠵᠠᠯ ᠪᠤᠯᠤᠨ ᠠᠵᠤ ᠦᠢᠯᠡᠰ ᠤ᠋ᠨ ᠬᠥᠭᠵᠢᠯᠲᠡ ᠵᠢ ᠲᠠᠯᠢᠮᠳᠠᠭᠤᠯᠤᠨ ᠲᠥᠬᠦᠭᠡᠷᠦᠮᠵᠢᠲᠦ᠍ ᠲᠠᠷᠢᠶᠠᠯᠠᠩ ᠤ᠋ᠨ ᠪᠦᠲᠦᠭᠡᠨ ᠪᠠᠶ᠋ᠢᠭᠤᠯᠤᠯᠲᠠ᠂ ᠲᠣᠨᠣᠭ ᠲᠥᠬᠥᠭᠡᠷᠦᠮᠵᠢ ᠬᠤᠳᠠᠯᠳᠤᠨ ᠠᠪᠬᠤ᠂ ᠲᠥᠷᠥᠯ ᠵᠦᠢᠯ ᠢ᠋ ᠳᠠᠭᠠᠭᠠᠴᠢᠯᠠᠬᠤ ᠵᠡᠷᠭᠡ ᠭᠣᠭᠴᠣᠭ᠎ᠠ ᠳ᠋ᠤ ᠮᠡᠬᠡᠯᠡᠯ ᠤ᠋ᠨ ᠠᠵᠢᠯᠯᠠᠭ᠎ᠠ ᠬᠢᠵᠤ ᠪᠠᠶ᠋ᠢᠨ᠎ᠠ᠃
ᠮᠠᠨ ᠤ᠋ ᠤᠷᠤᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ ᠤ᠋ᠨ ᠬᠢᠨ ᠪᠠᠶ᠋ᠢᠴᠠᠭᠠᠯᠲᠠ ᠵᠢᠨ ᠲᠤᠮᠳᠠ᠂ ᠬᠦᠯᠡᠮᠵᠢ ᠵᠢ ᠰᠢᠨ᠎ᠡ ᠪᠡᠷ ᠪᠠᠶ᠋ᠢᠭᠤᠯᠬᠤ᠂ ᠥᠭᠡᠷᠡᠴᠢᠯᠡᠵᠦ᠍ ᠥᠷᠭᠡᠳᠬᠡᠨ ᠪᠠᠶ᠋ᠢᠭᠤᠯᠬᠤ ᠪᠠ ᠢᠵᠢ ᠪᠥᠷᠢᠳᠦᠭᠦᠯᠬᠦ᠌ ᠲᠥᠬᠥᠭᠡᠷᠦᠮᠵᠢ ᠶ᠋ᠢᠨ ᠪᠥᠲᠥᠭᠡᠨ ᠪᠠᠶ᠋ᠢᠭᠤᠯᠤᠯᠲᠠ ᠶ᠋ᠢᠨ ᠶᠠᠪᠤᠴᠠ ᠳ᠋ᠦ ᠵᠠᠷᠢᠮ ᠬᠠᠤᠯᠢ ᠪᠤᠰᠤ ᠡᠲᠡᠭᠡᠳ ᠬᠢᠷᠢ ᠬᠡᠮ ᠢ᠋ ᠬᠠᠭᠤᠷᠮᠠᠭᠯᠠᠨ ᠵᠣᠬᠢᠶᠠᠬᠤ᠂ ᠲᠣᠭᠲᠠᠭᠠᠯ ᠡᠴᠡ ᠵᠥᠷᠢᠴᠡᠨ ᠬᠤᠪᠢᠶᠠᠨ ᠳᠠᠭᠠᠭᠠᠴᠢᠯᠠᠭᠤᠯᠬᠤ ᠵᠡᠷᠭᠡ ᠠᠷᠭ᠎ᠠ ᠪᠠᠷᠢᠯ ᠵᠢᠡᠷ ᠮᠡᠬᠡᠯᠡᠯ ᠤ᠋ᠨ ᠠᠵᠢᠯᠯᠠᠭ᠎ᠠ ᠬᠢᠵᠤ ᠪᠠᠢᠬᠤ ᠵᠢ ᠢᠯᠡᠷᠡᠬᠦᠯᠪᠡ᠃ ᠲᠡᠢᠮᠤ ᠪᠤᠯᠬᠤᠷ ᠥᠷᠭᠡᠨ ᠣᠯᠠᠨ ᠮᠠᠯᠴᠢᠨ ᠲᠠᠷᠢᠶᠠᠴᠢᠨ ᠪᠤᠯᠤᠨ ᠡᠵᠡᠩᠨᠡᠯᠲᠡ ᠶ᠋ᠢᠨ ᠭᠤᠤᠯ ᠴᠣᠭᠴᠠ ᠵᠢ ᠲᠦᠬᠦᠭᠡᠷᠦᠮᠵᠢᠲᠦ᠍ ᠲᠠᠷᠢᠶᠠᠯᠠᠩ ᠤ᠋ᠨ ᠢᠨᠵᠧᠨᠧᠷᠢᠩ ᠤ᠋ᠨ ᠲᠥᠷᠥᠯ ᠵᠦᠢᠯ ᠢ᠋ ᠳᠠᠭᠠᠭᠠᠴᠢᠯᠠᠨ ᠠᠪᠬᠤ ᠮᠡᠬᠡᠯᠡᠯ ᠢ᠋ ᠰᠡᠷᠡᠮᠵᠢᠯᠡᠵᠦ᠍᠂ ᠦᠨᠳᠦᠰᠦᠨ ᠪᠥᠲᠥᠭᠡᠨ ᠪᠠᠶ᠋ᠢᠭᠤᠯᠤᠯᠲᠠ ᠶ᠋ᠢᠨ ᠪᠠᠯᠠ ᠣᠷᠣᠭᠤᠯᠤᠯᠲᠠ ᠶ᠋ᠢᠨ ᠤᠨᠠᠭᠤᠯᠢ ᠵᠢ ᠴᠢᠩᠭ᠎ᠠ ᠰᠡᠷᠭᠡᠶ᠋ᠢᠯᠡᠬᠦ᠌ ᠬᠡᠷᠡᠭᠲᠡᠶ ᠭᠡᠵᠦ ᠣᠨᠴᠠᠭᠠᠶ᠋ᠢᠯᠠᠨ ᠰᠠᠨᠠᠭᠤᠯᠵᠤ ᠪᠠᠢᠨ᠎ᠠ ᠃
ᠡᠭᠦᠨ ᠡᠴᠡ ᠭᠠᠳᠠᠨ᠎ᠠ᠂ ᠲᠥᠬᠥᠭᠡᠷᠦᠮᠵᠢᠲᠦ ᠲᠠᠷᠢᠶᠠᠯᠠᠩ ᠤ᠋ᠨ ᠲᠤᠰᠬᠠᠶ ᠲᠥᠬᠥᠭᠡᠷᠦᠮᠵᠢ ᠵᠢ ᠬᠤᠳᠠᠯᠳᠤᠨ ᠠᠪᠬᠤ ᠶᠠᠪᠤᠴᠠ ᠳ᠋ᠤ ᠵᠠᠷᠢᠮ ᠬᠠᠤᠯᠢ ᠪᠤᠰᠤ ᠡᠲᠡᠭᠡᠳ ᠬᠠᠭᠤᠷᠮᠠᠭ ᠮᠠᠭᠤ ᠲᠤᠰᠬᠠᠶ ᠲᠥᠬᠥᠭᠡᠷᠦᠮᠵᠢ ᠵᠢ ᠪᠣᠷᠣᠯᠠᠭᠤᠯᠬᠤ ᠂ ᠣᠶᠤᠨᠴᠢ ᠰᠢᠰᠲ᠋ᠧᠮ ᠢ᠋ ᠬᠤᠳᠠᠯ ᠬᠠᠭᠤᠷᠮᠠᠭ ᠶ᠋ᠢᠡᠷ ᠤᠬᠠᠭᠤᠯᠬᠤ᠂ ᠬᠠᠭᠤᠷᠮᠠᠭ ᠮᠠᠭᠤ ᠲᠦᠷᠦᠯ ᠲᠡᠮᠳᠡᠭᠲᠦ ᠪᠠᠷ ᠰᠠᠶ᠋ᠢᠨ ᠢ᠋ ᠣᠷᠣᠯᠠᠭᠤᠯᠬᠤ ᠵᠡᠷᠭᠡ ᠠᠷᠭ᠎ᠠ ᠪᠡᠷ ᠮᠡᠬᠡᠯᠡᠯ ᠤ᠋ᠨ ᠠᠵᠢᠯᠯᠠᠭ᠎ᠠ ᠬᠢᠵᠤ ᠪᠤᠢ᠃ ᠵᠠᠷᠢᠮ ᠬᠠᠤᠯᠢ ᠪᠤᠰᠤ ᠡᠲᠡᠭᠡᠳ ᠪᠠᠰᠠ ᠣᠲᠣ ᠦᠶ᠎ᠡ ᠶ᠋ᠢᠨ ᠲᠦᠬᠦᠭᠡᠷᠦᠮᠵᠢᠲᠦ ᠲᠠᠷᠢᠶᠠᠯᠠᠩ ᠤ᠋ᠨ ᠪᠥᠲᠥᠭᠡᠨ ᠪᠠᠶ᠋ᠢᠭᠤᠯᠤᠯᠲᠠ ᠶ᠋ᠢᠨ ᠵᠢᠭᠡᠯᠡᠯᠭᠡ ᠶ᠋ᠢᠨ ᠳᠠᠮ ᠬᠦᠦ ᠮᠦᠡᠭᠬᠦ ᠤᠯᠭᠤᠬᠤ ᠵᠡᠷᠭᠡ ᠲᠥᠷᠥ ᠶ᠋ᠢᠨ ᠪᠣᠳᠣᠯᠭ᠎ᠠ ᠶ᠋ᠢᠨ ᠨᠡᠷ᠎ᠡ ᠪᠡᠷ ᠲᠦᠬᠦᠭᠡᠷᠦᠮᠵᠢᠲᠦ ᠲᠠᠷᠢᠶᠠᠯᠠᠩ ᠤ᠋ᠨ ᠪᠠᠯᠠ ᠣᠷᠣᠭᠤᠯᠤᠯᠲᠠ ᠶ᠋ᠢᠨ ᠲᠦᠷᠦᠯ ᠵᠦᠢᠯ ᠢ᠋ ᠬᠤᠳᠠᠯ ᠵᠢᠡᠷ ᠵᠣᠬᠢᠶᠠᠬᠤ ᠵᠡᠷᠭᠡ ᠠᠷᠭ᠎ᠠ ᠪᠡᠷ ᠮᠡᠬᠡᠯᠡᠯ ᠤ᠋ᠨ ᠠᠵᠢᠯᠯᠠᠭ᠎ᠠ ᠬᠢᠵᠤ ᠪᠤᠢ᠃ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ ᠡᠴᠡ ᠥᠷᠭᠡᠨ ᠣᠯᠠᠨ ᠮᠠᠯᠴᠢᠨ ᠲᠠᠷᠢᠶᠠᠴᠢᠨ ᠪᠤᠯᠤᠨ ᠡᠵᠡᠩᠨᠡᠯᠲᠡ ᠶ᠋ᠢᠨ ᠭᠤᠤᠯ ᠴᠣᠭᠴᠠ ᠵᠢ ᠲᠦᠬᠦᠭᠡᠷᠦᠮᠵᠢᠲᠦ᠍ ᠲᠠᠷᠢᠶᠠᠯᠠᠩ ᠤ᠋ᠨ ᠲᠥᠬᠥᠭᠡᠷᠦᠮᠵᠢ ᠬᠤᠳᠠᠯᠳᠤᠨ ᠠᠪᠬᠤ ᠮᠡᠬᠡᠯᠡᠯ ᠢ᠋ ᠰᠡᠷᠭᠡᠶ᠋ᠢᠯᠡᠨ᠂ ᠡᠳ᠋ ᠪᠣᠳᠠᠰ ᠤ᠋ᠨ ᠣᠷᠣᠭᠤᠯᠤᠯᠲᠠ ᠶ᠋ᠢᠨ ᠲᠦᠭᠰᠢᠭᠦᠷᠢ ᠡᠴᠡ ᠵᠠᠶ᠋ᠢᠯᠠᠰᠬᠢᠵᠦ᠍᠂ ᠮᠡᠷᠭᠡᠵᠢᠯ ᠤ᠋ᠨ ᠤᠬᠠᠭᠳᠠᠬᠤᠨ ᠤ᠋ ᠲᠠᠢᠯᠪᠤᠷᠢᠯᠠᠯᠲᠠ ᠶ᠋ᠢᠨ ᠠᠷᠤ ᠳ᠋ᠠᠬᠢ ᠬᠡᠷᠡᠭᠯᠡᠭᠡᠨ ᠤ᠋ ᠤᠨᠠᠭᠤᠯᠢ ᠵᠢ ᠰᠡᠷᠭᠡᠶ᠋ᠢᠯᠡᠬᠦ᠌ ᠬᠡᠷᠡᠭᠲᠡᠶ;ᠲᠦᠬᠦᠭᠡᠷᠦᠮᠵᠢᠲᠦ᠍ ᠲᠠᠷᠢᠶᠠᠯᠠᠩ ᠤ᠋ᠨ ᠮᠥᠩᠭᠥᠨ ᠭᠦᠢᠯᠭᠡᠭᠡᠨ ᠤ᠋ ᠮᠡᠬᠡᠯᠡᠯ ᠡᠴᠡ ᠰᠡᠷᠡᠮᠵᠢᠯᠡᠵᠦ᠍᠂ ᠬᠠᠤᠯᠢ ᠪᠤᠰᠤ ᠪᠠᠷ ᠪᠠᠯᠠ ᠴᠤᠭᠯᠠᠭᠤᠯᠬᠤ ᠤᠨᠠᠭᠤᠯᠢ ᠵᠢ ᠰᠡᠷᠬᠡᠢᠯᠡᠬᠦ ᠴᠢᠬᠤᠯᠠᠳᠠᠢ ᠭᠡᠵᠦ᠍ ᠣᠨᠴᠠᠭᠠᠶ᠋ᠢᠯᠠᠨ ᠰᠠᠨᠠᠭᠤᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃