ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠬᠠᠤᠯᠢ ᠵᠦᠪᠯᠡᠯᠭᠡ

2026-11-16 13:59:22

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

  11 ᠰᠠᠷ᠎ᠠ᠎ᠶᠢᠨ 11᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠂ ᠳᠤᠮᠳᠠᠳᠤ ᠤᠯᠤᠰ᠎ᠤᠨ ᠤᠯᠤᠰ ᠲᠦᠷᠦ ᠬᠠᠤᠯᠢ ᠴᠠᠭᠠᠵᠠ᠎ᠶᠢᠨ ᠶᠡᠬᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠬᠥᠬᠡᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠵᠤ ᠭᠣᠣᠯᠯᠠᠨ ᠡᠷᠬᠢᠯᠡᠭᠰᠡᠨ《ᠬᠠᠤᠯᠢ ᠪᠡᠷ ᠵᠠᠰᠠᠬᠤ ᠬᠠᠮᠠᠭᠠᠯᠠᠯᠲᠠ ᠨᠡᠭᠡᠭᠡᠯᠲᠡ᠎ᠳᠦ ᠬᠦᠴᠦᠨ ᠨᠡᠮᠡᠷᠢᠯᠡᠨ᠎ᠡ》  — ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠭᠠᠳᠠᠭᠠᠳᠤ᠎ᠳᠤ ᠬᠣᠯᠪᠣᠭᠳᠠᠬᠤ ᠬᠠᠤᠯᠢ ᠪᠡᠷ ᠵᠠᠰᠠᠬᠤ ᠤᠬᠠᠭᠤᠯᠭ᠎ᠠ᠎ᠶᠢᠨ ᠠᠵᠢᠯᠯᠠᠭ᠎ᠠ ᠵᠢᠴᠢ ᠬᠠᠤᠯᠢ ᠪᠡᠷ ᠵᠠᠰᠠᠬᠤ ᠰᠤᠳᠤᠯᠭᠠᠨ᠎ᠤ ᠲᠥᠪ ᠪᠠᠢᠭᠤᠯᠤᠭᠳᠠᠭᠰᠠᠨ ᠶᠠᠷᠢᠯᠴᠠᠬᠤ ᠬᠤᠷᠠᠯ ᠬᠥᠬᠡᠬᠣᠲᠠ᠎ᠳᠤ ᠶᠠᠪᠤᠭᠳᠠᠪᠠ᠃《ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠠᠤᠯᠢ ᠪᠡᠷ ᠵᠠᠰᠠᠬᠤ ᠰᠤᠳᠤᠯᠭᠠᠨ᠎ᠤ ᠲᠥᠪ》ᠵᠢᠴᠢ ᠬᠥᠬᠡᠬᠣᠲᠠ᠂ ᠮᠠᠨᠵᠤᠤᠷ᠂ ᠡᠷᠢᠶᠡᠨ ᠵᠡᠷᠭᠡ ᠭᠤᠷᠪᠠᠨ ᠭᠠᠵᠠᠷ ᠤᠷᠤᠨ᠎ᠤ ᠰᠤᠳᠤᠯᠭᠠᠨ᠎ᠤ ᠰᠠᠭᠤᠷᠢᠨ ᠴᠦᠮ ᠫᠠᠢᠰᠠ ᠰᠡᠬᠦᠪᠡ᠃

  ᠣᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠡᠴᠡ ᠳᠤᠮᠳᠠᠳᠤ ᠤᠯᠤᠰ᠎ᠤᠨ ᠤᠯᠤᠰ ᠲᠥᠷᠥ ᠬᠠᠤᠯᠢ ᠴᠠᠭᠠᠵᠠ᠎ᠶᠢᠨ ᠶᠡᠬᠡ ᠰᠤᠷᠭᠠᠭᠤᠯᠢ᠎ᠲᠠᠢ ᠬᠠᠮᠲᠤ᠎ᠪᠠᠷ ᠪᠠᠢᠭᠤᠯᠤᠭᠰᠠᠨ 《ᠨᠢᠭᠡ ᠲᠥᠪ ᠭᠤᠷᠪᠠᠨ ᠰᠠᠭᠤᠷᠢᠨ》 ᠨᠢ ᠭᠤᠷᠪᠠᠨ ᠭᠠᠵᠠᠷ ᠣᠷᠣᠨ᠎ᠤ ᠬᠠᠤᠯᠢ ᠪᠡᠷ ᠵᠠᠰᠠᠬᠤ ᠬᠡᠷᠡᠭᠴᠡᠭᠡ᠎ᠶᠢ ᠣᠨᠣᠴᠠᠲᠠᠢ ᠵᠣᠯᠭᠠᠭᠤᠯᠬᠤ᠎ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ  (ᠥᠪᠥᠷ ᠮᠣᠩᠭᠣᠯ)  ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠬᠤ ᠪᠣᠯᠣᠨ᠎ᠠ᠃

  ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ ᠪᠠᠰᠠ 《ᠥᠪᠥᠷ ᠮᠣᠩᠭᠣᠯ ᠎ᠤᠨ ᠠᠵᠤ ᠠᠬᠤᠢᠯᠡᠯ᠎ᠤᠨ ᠭᠠᠳᠠᠭᠠᠳᠦ ᠡᠵᠡᠨᠭᠨᠡᠯᠳᠡ ᠵᠢᠨ ᠬᠥᠬᠡ ᠭᠠᠳᠠᠷᠲᠤ ᠪᠢᠴᠢᠭ》᠂ 《ᠬᠥᠬᠡᠬᠣᠲᠠ ᠣᠷᠣᠨ᠎ᠤ ᠠᠵᠤ ᠠᠬᠤᠢᠯᠡᠯ᠎ᠤᠨ ᠭᠠᠳᠠᠭᠠᠳᠤ᠎ᠳᠤ ᠬᠣᠯᠪᠣᠭᠳᠠᠬᠤ ᠠᠷᠠᠯᠵᠢᠶᠠᠨ ᠎ᠤ ᠲᠦᠭᠰᠢᠭᠦᠷᠢ ᠎ᠶᠢ ᠰᠡᠷᠭᠡᠢᠯᠡᠬᠦ ᠵᠢᠯᠣᠭᠣᠳᠤᠮᠵᠢ》᠂《ᠳᠤᠮᠳᠠᠳᠤ ᠤᠯᠤᠰ᠎ᠤᠨ ᠠᠵᠤ ᠠᠬᠤᠢᠯᠡᠯ ᠎ᠤᠨ ᠬᠢᠯᠢ  ᠪᠡᠷ ᠭᠠᠷᠴᠤ ᠮᠣᠩᠭᠣᠯ ᠤᠯᠤᠰ  ᠲᠦ᠍ ᠰᠠᠭᠤᠷᠢᠰᠢᠬᠤ ᠵᠢᠯᠣᠭᠣᠳᠤᠮᠵᠢ》᠂  《ᠬᠥᠬᠡᠬᠣᠲᠠ᠎ᠶᠢᠨ ᠭᠠᠳᠠᠭᠠᠳᠤ᠎ᠳᠤ ᠬᠣᠯᠪᠣᠭᠳᠠᠬᠤ ᠬᠠᠤᠯᠢᠴᠢ ᠎ᠶᠢᠨ ᠬᠠᠤᠯᠢ ᠴᠠᠭᠠᠵᠠ ᠎ᠶᠢᠨ ᠦᠢᠯᠡᠴᠢᠯᠡᠭᠡᠨ ᠎ᠦ ᠵᠢᠯᠣᠭᠣᠳᠤᠮᠵᠢ》ᠵᠡᠷᠭᠡ 《ᠭᠠᠳᠠᠭᠠᠳᠤ᠎ᠳᠤ ᠬᠣᠯᠪᠣᠭᠳᠠᠬᠤ +》ᠠᠷᠪᠠᠨ ᠶᠡᠬᠡ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠦᠢᠯᠡᠳᠬᠦᠨ ᠎ᠢ ᠨᠡᠢᠲᠡᠯᠡᠵᠦ᠂ ᠴᠢᠯᠦᠭᠡᠲᠦ ᠠᠷᠠᠯᠵᠢᠶᠠᠨ ᠎ᠤ ᠲᠤᠷᠰᠢᠯᠲᠠ᠎ᠶᠢᠨ ᠣᠷᠣᠨ ᠎ᠤ ᠵᠠᠬ᠎ᠠ ᠳᠡᠯᠭᠡᠭᠦᠷ ᠎ᠦᠨ ᠭᠣᠣᠯ ᠴᠣᠭᠴᠠ᠎ᠳᠤ ᠨᠡᠢᠳᠬᠡᠭᠰᠡᠨ᠂ ᠳᠥᠭᠥᠮᠴᠢᠯᠡᠭᠰᠡᠨ᠂ ᠨᠠᠷᠢᠯᠢᠭ᠍ᠵᠢᠭᠤᠯᠤᠭᠰᠠᠨ ᠪᠥᠬᠥ ᠶᠠᠪᠤᠴᠠ᠎ᠶᠢᠨ ᠬᠠᠤᠯᠢ᠎ᠪᠠᠷ ᠵᠠᠰᠠᠬᠤ ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠰᠠᠨᠠᠭ᠎ᠠ ᠠᠮᠤᠷ ᠡᠵᠡᠩᠨᠡᠯᠲᠡ ᠬᠢᠵᠦ᠂ ᠰᠠᠨᠠᠭ᠎ᠠ ᠠᠮᠤᠷ ᠬᠥᠭᠵᠢᠬᠦ᠎ᠶᠢ ᠬᠠᠮᠠᠭᠠᠯᠠᠨ᠎ᠠ︔ ᠡᠭᠦᠨ ᠎ᠦ ᠬᠠᠮᠲᠤ ᠭᠠᠳᠠᠭᠠᠳᠤ᠎ᠳᠤ ᠬᠣᠯᠪᠣᠭᠳᠠᠬᠤ ᠬᠠᠤᠯᠢ ᠎ᠪᠠᠷ ᠵᠠᠰᠠᠬᠤ ᠤᠬᠠᠭᠤᠯᠭ᠎ᠠ᠎ᠶᠢᠨ ᠰᠠᠨᠠᠭᠠᠴᠢᠯᠠᠭ᠎ᠠ᠎ᠶᠢᠨ ᠪᠢᠴᠢᠭ ᠭᠠᠷᠭᠠᠵᠤ᠂ ᠥᠷᠭᠡᠨ ᠤᠯᠠᠨ ᠠᠵᠤ ᠠᠬᠤᠢᠯᠡᠯ ᠎ᠤᠨ ᠬᠠᠤᠯᠢ ᠶᠣᠰᠣᠭᠠᠷ ᠲᠣᠭᠲᠠᠭᠠᠯ᠎ᠳᠤ ᠨᠡᠢᠴᠡᠭᠦᠯᠦᠨ ᠡᠵᠡᠩᠨᠡᠬᠦ᠂ ᠨᠡᠢᠭᠡᠮ ᠎ᠦᠨ ᠡᠯ᠎ᠡ ᠡᠲᠡᠭᠡᠳ ᠎ᠦᠨ ᠬᠢᠨ ᠭᠠᠳᠠᠭᠠᠳᠤ᠎ᠳᠤ ᠬᠣᠯᠪᠣᠭᠳᠠᠬᠤ ᠬᠠᠤᠯᠢ᠎ᠪᠠᠷ ᠵᠠᠰᠠᠬᠤ ᠪᠠᠢᠭᠤᠯᠤᠯᠲᠠ᠎ᠳᠤ ᠬᠠᠮᠲᠤ᠎ᠪᠠᠷ ᠣᠷᠣᠯᠴᠠᠬᠤ ᠎ᠶᠢ ᠰᠠᠨᠠᠭᠠᠴᠢᠯᠠᠪᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面