2026-11-25 15:45:53
ᠣᠢᠷ᠎ᠠ᠎ᠳᠤ᠂ ᠬᠥᠬᠡᠬᠣᠲᠠ᠎ᠶᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ ᠬᠣᠷᠢᠶ᠎ᠠ 《ᠰᠢᠨ᠎ᠡ ᠴᠠᠭ ᠦᠶ᠎ᠡ᠎ᠶᠢᠨ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠰᠢᠭᠦᠨ ᠲᠠᠰᠤᠯᠬᠤ ᠠᠵᠢᠯ ᠢ᠋ ᠴᠢᠩᠭᠠᠳᠬᠠᠵᠤ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠤ ᠦᠢᠯᠡᠴᠢᠯᠡᠨ ᠪᠠᠲᠤᠯᠠᠬᠤ ᠲᠤᠬᠠᠢ ᠰᠠᠨᠠᠯ᠎ᠤᠳ》 ( ᠳᠣᠷᠣᠭ᠍ᠰᠢ 《ᠰᠠᠨᠠᠯ》 ᠭᠡᠵᠦ ᠲᠣᠪᠴᠢᠯᠠᠨ᠎ᠠ ) ᠢ᠋ ᠳᠠᠷᠤᠮᠠᠯᠯᠠᠨ ᠲᠠᠷᠬᠠᠭᠠᠵᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠭᠦᠨᠵᠡᠭᠡᠢ ᠠᠭᠤᠰᠤᠯᠴᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠢ ᠬᠠᠮᠠᠭᠠᠯᠠᠬᠤ᠂ ᠰᠢᠭᠦᠨ ᠲᠠᠰᠤᠯᠬᠤ ᠲᠣᠭᠲᠠᠴᠠ᠎ᠶᠢ ᠲᠡᠭᠦᠯᠳᠡᠷᠵᠢᠭᠦᠯᠬᠦ᠂ ᠬᠠᠤᠯᠢ ᠴᠠᠭᠠᠵᠠ᠎ᠶᠢᠨ ᠬᠠᠮᠠᠭᠠᠯᠠᠯᠲᠠ᠎ᠶᠢᠨ ᠦᠢᠯᠡᠳᠦᠯ ᠴᠢᠳᠠᠪᠬᠢ᠎ᠶᠢ ᠳᠡᠭᠡᠭᠰᠢᠯᠡᠭᠦᠯᠬᠦ ᠭᠤᠷᠪᠠᠨ ᠲᠠᠯ᠎ᠠ᠎ᠵᠢᠨ 18 ᠵᠤᠷᠪᠤᠰ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭᠵᠢᠭᠦᠯᠬᠦ᠎ᠶᠢ ᠲᠦᠷᠭᠡᠪᠴᠢᠯᠡᠨ ᠪᠡᠶᠡᠯᠡᠭᠦᠯᠬᠦ᠂ ᠣᠷᠣᠨ᠎ᠤ ᠲᠥᠪ᠎ᠤᠨ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠪᠠᠲᠤ ᠪᠡᠬᠢ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠪᠠ᠃
《ᠰᠠᠨᠠᠯ》 ᠨᠢ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠬᠣᠪᠣᠷ ᠰᠢᠷᠣᠢ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠡᠪᠡᠰᠦᠨ᠎ᠦ ᠦᠢᠯᠡᠰ᠂ ᠰᠦ᠎ᠶᠢᠨ ᠦᠢᠯᠡᠰ ᠵᠡᠷᠭᠡ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠲᠦ ᠴᠢᠭᠯᠡᠭᠦᠯᠦᠨ᠂ ᠬᠣᠯᠪᠣᠭᠳᠠᠯ ᠪᠦᠬᠦᠢ ᠬᠦᠷᠢᠶᠡᠨ᠎ᠦ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠦᠨ ᠬᠠᠤᠯᠢ ᠴᠠᠭᠠᠵᠠ᠎ᠶᠢᠨ ᠬᠠᠮᠠᠭᠠᠯᠠᠯᠲᠠ᠎ᠶᠢ ᠴᠢᠩᠭᠠᠳᠬᠠᠬᠤ᠎ᠶᠢᠨ ᠬᠠᠮᠲᠤ ᠭᠣᠣᠯᠯᠠᠬᠤ ᠮᠡᠷᠭᠡᠵᠢᠯ᠎ᠦᠨ ᠲᠤᠰᠬᠠᠢ ᠠᠰᠢᠭ᠋᠂ᠴᠢᠬᠤᠯᠠ ᠲᠤᠰᠬᠠᠢ ᠠᠰᠢᠭ᠋ ᠵᠡᠷᠭᠡ᠎ᠶᠢ ᠬᠠᠮᠠᠭᠠᠯᠠᠬᠤ ᠳᠦᠷᠢᠮ᠎ᠢ ᠰᠦᠪᠡᠭᠴᠢᠯᠡᠨ ᠲᠡᠭᠦᠯᠳᠡᠷᠵᠢᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠦᠵᠡᠭᠦᠯᠬᠦ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠬᠠᠤᠯᠢ ᠴᠠᠭᠠᠵᠠ᠎ᠶᠢᠨ ᠬᠠᠮᠠᠭᠠᠯᠠᠯᠲᠠ᠎ᠶᠢᠨ ᠤᠷᠮᠠᠰᠢᠭᠤᠯᠬᠤ ᠪᠠ ᠪᠠᠲᠤᠯᠠᠬᠤ ᠦᠢᠯᠡᠳᠦᠯ᠎ᠢ ᠬᠦᠴᠦᠯᠡᠨ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠳᠤᠷᠠᠳᠪᠠ᠃
ᠬᠥᠬᠡᠬᠣᠲᠠ᠎ᠶᠢᠨ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠰᠢᠭᠦᠬᠦ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠲᠥᠷᠥᠯ᠎ᠦᠨ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠨᠢᠭᠡᠳᠦᠭᠡᠷ ᠰᠢᠭᠦᠯᠲᠡ ᠢ᠋ᠢᠨ ᠬᠡᠷᠡᠭ ᠢ᠋ ᠲᠦᠪᠯᠡᠷᠡᠭᠦᠯᠦᠨ ᠬᠠᠷᠢᠶᠠᠯᠠᠵᠦ ᠪᠠᠢᠭ᠎ᠠ ᠡᠨᠡᠬᠦ ᠲᠠᠪᠠᠭᠤᠯᠢᠬ ᠲᠸ᠋ ᠲᠦᠰᠢᠭᠯᠡᠨ᠂ ᠬᠦᠬᠡᠬᠣᠲᠠ᠎ᠶᠢᠨ ᠳᠤᠮᠳᠠ ᠵᠡᠷᠭᠡ᠎ᠶᠢᠨ ᠠᠷᠠᠳ᠎ᠤᠨ ᠰᠢᠭᠦᠬᠦ ᠬᠣᠷᠢᠶ᠎ᠠ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠰᠢᠭᠦᠨ ᠲᠠᠰᠤᠯᠤᠯᠲᠠ᠎ᠶᠢᠨ ᠲᠤᠰᠬᠠᠢᠵᠢᠭ᠍ᠰᠠᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠰᠢᠭᠦᠨ ᠲᠠᠰᠤᠯᠬᠤ ᠲᠣᠭᠲᠠᠴᠠ᠎ᠶᠢᠨ ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠦᠨ᠂ 《ᠲᠥᠪ ᠭᠣᠥᠯᠴᠢ ᠪᠠ ᠦᠷ᠎ᠡ ᠪᠦᠲᠦᠮᠵᠢ》 ᠵᠢᠨ ᠠᠵᠢᠯ᠎ᠤᠨ ᠭᠣᠣᠯ ᠰᠡᠳᠦᠪ᠎ᠢ ᠪᠣᠳᠠᠲᠠᠢ ᠠᠳᠬᠤᠵᠤ᠂ ᠰᠢᠨ᠎ᠡ᠎ᠶᠢ ᠡᠭᠦᠳᠬᠦ ᠪᠡᠶᠡᠴᠢ ᠴᠣᠭᠴᠠ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠬᠠᠤᠯᠢ ᠶᠣᠰᠣᠭᠠᠷ ᠪᠠᠲᠤᠯᠠᠨ᠂ ᠬᠠᠤᠯᠢᠵᠢᠬᠰᠠᠨ ᠬᠤᠲᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠪᠠ ᠣᠷᠣᠨ᠎ᠤ ᠲᠥᠪ᠎ᠦᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠨᠠᠩ ᠬᠦᠴᠦᠲᠡᠢ ᠬᠠᠤᠯᠢ ᠴᠠᠭᠠᠵᠠ᠎ᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃