ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠮᠡᠳᠡᠭᠳᠡᠯ᠎ᠦᠨ ᠰᠠᠮᠪᠠᠷ᠎ᠠ

2026-10-29 09:17:15

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 26᠎ᠤ ᠡᠳᠦᠷ᠂ ᠬᠥᠬᠡᠬᠣᠲᠠ᠎ᠶᠢᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠲᠥᠪ 《ᠬᠥᠬᠡᠬᠣᠲᠠ᠎ᠶᠢᠨ 2027 ᠣᠨ᠎ᠤ ᠨᠢᠭᠡᠳᠦᠭᠡᠷ ᠪᠦᠯᠦᠭ ᠠᠵᠢᠯ ᠦᠢᠯᠡᠰ᠎ᠦᠨ ᠨᠢᠭᠡᠴᠢ᠎ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ》 (ᠳᠤᠷᠤᠬᠰᠢ《ᠠᠯᠪᠠᠨ ᠵᠠᠷᠯᠠᠯ》 ᠭᠡᠵᠦ ᠳᠦᠭᠦᠮᠴᠢᠯᠡᠨ᠎ᠡ)᠎ᠢ ᠨᠡᠢᠲᠡᠯᠡᠪᠡ᠃

《ᠠᠯᠪᠠᠨ ᠵᠠᠷᠯᠠᠯ》᠎ᠢ ᠦᠨᠳᠦᠰᠦᠯᠡᠪᠡᠯ᠂ ᠡᠨᠡ ᠤᠳᠠᠭ᠎ᠠ 406 ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠲᠥᠯᠥᠪᠯᠡᠵᠦ ᠪᠣᠶ᠃ ᠡᠭᠦᠨ᠎ᠳᠦ᠂ ᠬᠦᠬᠡᠬᠣᠲᠠ᠎ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠣᠰᠢᠭᠤ ᠰᠢᠶᠠᠨ ᠲᠣᠭᠣᠷᠢᠭ᠋᠎ᠤᠨ ᠬᠠᠷᠢᠶ᠎ᠠ ᠠᠵᠢᠯ ᠦᠢᠯᠡᠰ᠎ᠦᠨ ᠨᠢᠭᠡᠴᠢ ᠳ᠋ᠤ 131 ᠬᠥᠮᠥᠨ᠂ ᠬᠣᠲᠠ᠎ᠶᠢᠨ ᠰᠤᠷᠭᠠᠨ ᠬᠥᠮᠦᠵᠢᠯ᠎ᠦᠨ ᠰᠢᠰᠲᠧᠮ ᠳ᠋ᠤ 200 ᠬᠥᠮᠥᠨ᠂ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠢᠰᠲᠧᠮ ᠳ᠋ᠤ 75 ᠬᠥᠮᠥᠨ ᠪᠤᠯᠤᠨ᠎ᠠ᠃

ᠨᠡᠷ᠎ᠡ ᠮᠡᠳᠡᠭᠦᠯᠦᠭᠰᠡᠳ ᠬᠥᠬᠡᠬᠣᠲᠠ᠎ᠶᠢᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ (ᠰᠦᠯᠵᠢᠶᠡᠨ᠎ᠦ ᠬᠠᠶᠢᠭ᠋᠄ http᠄//www.hhpta.org.cn)᠎ᠳᠤ ᠭᠠᠷᠴᠤ ᠠᠵᠢᠯ᠎ᠤᠨ ᠪᠠᠢᠷᠢ᠎ᠶᠢᠨ ᠬᠡᠷᠡᠭᠴᠡᠭᠡᠨ᠎ᠤ ᠬᠦᠰᠦᠨᠦᠭᠲᠤ ᠵᠢ ᠪᠠᠢᠴᠠᠭᠠᠨ ᠯᠠᠪᠯᠠᠵᠤ ᠪᠣᠯᠣᠨ᠎ᠠ᠃

ᠲᠣᠰ ᠤᠳᠠᠭᠠᠨ᠎ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠳ᠋ᠤ ᠨᠡᠷ᠎ᠡ ᠮᠡᠳᠡᠭᠦᠯᠦᠭᠰᠡᠳ ᠬᠡᠷᠪᠡ ᠬᠦᠬᠡᠬᠣᠲᠠ᠎ᠶᠢᠨ ᠰᠢᠭᠤᠳ ᠬᠠᠷᠢᠶ᠎ᠠ ᠨᠢᠭᠡᠴᠢ ᠵᠢᠴᠢ ᠬᠣᠰᠢᠭᠤ ᠰᠢᠶᠠᠨ ᠲᠣᠭᠣᠷᠢᠭ᠋᠂ ᠰᠤᠷᠭᠠᠨ ᠬᠥᠮᠦᠵᠢᠯ᠎ᠦᠨ ᠰᠢᠰᠲᠧᠮ ᠪᠤᠶᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠢᠰᠲᠧᠮ᠎ᠦᠨ ᠠᠵᠢᠯ᠎ᠤᠨ ᠪᠠᠢᠷᠢ᠎ᠶᠢᠨ ᠱᠠᠭᠠᠷᠳᠠᠯᠭ᠎ᠠ᠎ᠳ᠋ᠤ  ᠬᠠᠮᠲᠤ ᠳ᠋ᠤᠨᠢ ᠨᠡᠢᠴᠡᠪᠡᠯ᠂ ᠰᠢᠰᠲᠧᠮ ᠠᠯᠤᠰᠯᠠᠨ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠵᠦ ᠪᠣᠯᠣᠨ᠎ᠠ (ᠠᠳᠠᠯᠢ ᠰᠢᠰᠲᠧᠮ ᠨᠢ ᠵᠥᠪᠬᠡᠨ ᠨᠢᠭᠡ ᠯᠡ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠦᠨ᠎ᠡ)᠃

ᠲᠥᠷᠥ᠎ᠶᠢᠨ ᠪᠣᠳᠣᠯᠭ᠎ᠠ᠎ᠶᠢᠨ ᠯᠠᠪᠯᠠᠭ᠎ᠠ᠎ᠶᠢᠨ ᠤᠲᠠᠰᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠮᠡᠷᠭᠡᠵᠢᠯ᠎ᠦᠨ ᠳᠡᠮᠵᠢᠯᠭᠡ᠎ᠶᠢᠨ ᠯᠠᠪᠯᠠᠭ᠎ᠠ᠎ᠶᠢᠨ ᠤᠲᠠᠰᠤ᠎ᠶᠢ ᠠᠵᠢᠯ᠎ᠤᠨ ᠪᠠᠢᠷᠢ᠎ᠶᠢᠨ ᠬᠡᠷᠡᠭᠴᠡᠭᠡᠨ᠎ᠦ ᠬᠦᠰᠦᠨᠦᠭᠲᠦ ᠡᠴᠡ ᠨᠠᠷᠢᠨ ᠦᠵᠡᠭᠡᠷᠡᠢ᠃

 ᠲᠤᠰ ᠬᠣᠯᠪᠣᠭᠠᠰᠤ᠎ᠶᠢ ᠲᠣᠪᠴᠢᠳᠠᠵᠤ ᠨᠠᠷᠢᠨ ᠠᠭᠤᠯᠭ᠎ᠠ ᠵᠢ ᠦᠵᠡᠭᠡᠷᠡᠢ᠃

ᠢᠷᠡᠯᠲᠡ ᠄ ᠬᠥᠬᠡᠬᠣᠲᠠ᠎ᠶᠢᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠲᠥᠪ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面