ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠮᠡᠳᠡᠭᠳᠡᠯ᠎ᠦᠨ ᠰᠠᠮᠪᠠᠷ᠎ᠠ

2026-10-29 20:33:04

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠶᠤᠯᠭᠦᠢ ᠦᠢᠯᠡᠳᠪᠦᠷᠢᠯᠡᠯ᠎ᠦᠨ ᠬᠦᠷᠢᠶᠡᠨ᠎ᠳᠡᠬᠢ ᠨᠡᠢᠭᠡᠮ᠎ᠦᠨ ᠬᠢᠨᠠᠯᠲᠠ᠎ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠎ᠦᠨ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭᠠᠳ ᠦᠭᠡᠢ ᠨᠡᠪᠲᠡᠷᠡᠬᠦᠯᠵᠦ᠂ ᠠᠶᠤᠯᠭᠦᠢ ᠦᠢᠯᠡᠳᠪᠦᠷᠢᠯᠡᠯ ᠎ᠤᠨ ᠲᠠᠯᠳᠠ ᠭᠡᠮ᠎ᠢ ᠣᠯᠵᠤ ᠮᠡᠳᠡᠬᠦ᠂ ᠬᠠᠤᠯᠢ ᠪᠤᠰᠤ ᠪᠠ ᠬᠠᠤᠯᠢ᠎ᠠᠴᠠ ᠵᠥᠷᠢᠴᠡᠭᠰᠡᠨ ᠥᠢᠯᠡ ᠠᠵᠢᠯᠯᠠᠭ᠎ᠠ᠎ᠶᠢ ᠪᠠᠢᠴᠠᠭᠠᠨ ᠰᠢᠢᠳᠪᠦᠷᠢᠯᠡᠬᠦ᠂ ᠬᠦᠨᠳᠦ ᠶᠡᠬᠡ ᠲᠦᠭᠰᠢᠭᠦᠷᠢ᠎ᠶᠢ ᠰᠡᠷᠭᠡᠢᠯᠡᠬᠦ᠂ ᠡ᠊ᠨᠳᠡᠯ ᠡᠴᠡ ᠰᠡᠷᠬᠡᠢᠯᠡᠬᠦ ᠶᠠᠪᠤᠴᠠ ᠳ᠋ᠡᠬᠢ ᠢᠯᠡᠴᠢᠯᠡᠨ ᠮᠡᠳᠡᠭᠦᠯᠬᠦ ᠢᠳᠡᠪᠬᠢ ᠦᠢᠯᠡᠳᠦᠯ᠎ᠢ ᠪᠠᠳᠠᠷᠠᠭᠤᠯᠤᠨ᠂ ᠠᠶᠤᠯᠭᠦᠢ ᠦᠢᠯᠡᠳᠪᠦᠷᠢᠯᠡᠯ᠎ᠤᠨ ᠨᠡᠢᠭᠡᠮ᠎ᠤᠨ ᠵᠠᠰᠠᠯᠲᠠ᠎ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠠᠬᠢᠭᠤᠯᠵᠤ᠂ ᠦᠢᠯᠡᠳᠪᠦᠷᠢᠯᠡᠯ ᠤ᠋ᠨ ᠡᠯ᠎ᠡ ᠲᠥᠷᠥᠯ᠎ᠤᠨ ᠡ᠊ᠨᠳᠡᠯ ᠭᠠᠷᠬᠤ᠎ᠶᠢ ᠪᠦᠲᠦᠮᠵᠢᠲᠡᠶ ᠰᠡᠷᠭᠡᠢᠯᠡᠬᠦ ᠵᠢᠨ ᠲᠦᠯᠦᠭᠡ᠂ ᠡᠳᠦᠭᠡ ᠠᠶᠤᠯᠭᠦᠢ ᠦᠢᠯᠡᠳᠪᠦᠷᠢᠯᠡᠯ᠎ᠤᠨ ᠬᠦᠷᠢᠶᠡᠨ᠎ᠳ᠋ᠡᠬᠢ ᠢᠯᠡᠴᠢᠯᠡᠨ ᠮᠡᠳᠡᠭᠦᠯᠬᠦ ᠬᠣᠯᠪᠣᠭᠳᠠᠯ ᠪᠦᠬᠦᠢ ᠵᠦᠢᠯᠡᠰ᠎ᠢ ᠨᠡᠢᠭᠡᠮ᠎ᠳᠤ ᠢᠯᠡ ᠪᠣᠯᠭᠠᠪᠠ᠃

ᠨᠢᠭᠡ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ

(ᠨᠢᠭᠡ) ᠪᠥᠬᠥ ᠤᠯᠤᠰ᠎ᠤᠨ ᠨᠢᠭᠡᠳᠦᠯᠲᠡᠢ ᠠᠶᠤᠯᠭᠦᠢ ᠦᠢᠯᠡᠳᠪᠦᠷᠢᠯᠡᠯ᠎ᠦᠨ ᠢᠯᠡᠴᠢᠯᠡᠨ ᠮᠡᠳᠡᠭᠦᠯᠵᠦ ᠵᠠᠭᠠᠯᠳᠤᠬᠤ ᠣᠨᠴᠠ ᠦᠢᠯᠡᠴᠢᠯᠡᠭᠡᠨ᠎ᠦ ᠤᠲᠠᠰᠤ 《12350》᠃

(ᠬᠣᠶᠠᠷ) ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠤ ᠠᠶᠤᠯᠭᠦᠢ ᠦᠢᠯᠡᠳᠪᠦᠷᠢᠯᠡᠯ᠎ᠦᠨ ᠵᠢᠷᠬᠢᠶ᠎ᠠ ᠵᠢᠨ ᠵᠢᠵᠢᠭ ᠫᠷᠣᠭ᠌ᠷᠠᠮ᠎ᠤᠨ ᠢᠯᠡᠴᠢᠯᠡᠨ ᠮᠡᠳᠡᠭᠦᠯᠬᠦ ᠲᠠᠪᠴᠠᠩ᠃

(ᠭᠤᠷᠪᠠ) ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠤ ᠠᠯᠪᠠᠨ᠎ᠤ ᠰᠦᠯᠵᠢᠶ᠎ᠡ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠎ᠦᠨ 《ᠠᠶᠤᠯᠭᠦᠢ ᠦᠢᠯᠡᠳᠪᠦᠷᠢᠯᠡᠯ᠎ᠦᠨ ᠢᠯᠡᠴᠢᠯᠡᠨ ᠮᠡᠳᠡᠭᠦᠯᠬᠦ ᠰᠢᠰᠲᠸᠮ》 ᠲᠠᠪᠴᠠᠩ

 (ᠳᠥᠷᠪᠡ) ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠤ ᠠᠯᠪᠠᠨ᠎ᠤ ᠰᠦᠯᠵᠢᠶ᠎ᠡ ᠵᠢᠨ ᠬᠥᠬᠡᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ᠎ᠶᠢᠨ 《ᠠᠶᠤᠯᠭᠦᠢ ᠦᠢᠯᠡᠳᠪᠦᠷᠢᠯᠡᠯ ᠦ᠋ᠨ ᠢᠯᠡᠴᠢᠯᠡᠨ ᠮᠡᠳᠡᠭᠦᠯᠬᠦ ᠰᠢᠰᠲᠸᠮ》 ᠲᠠᠪᠴᠠᠩ᠃

 (ᠲᠠᠪᠤ) ᠬᠥᠬᠡᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠠᠶᠤᠯᠭᠦᠢ ᠦᠢᠯᠡᠳᠪᠦᠷᠢᠯᠡᠯ᠎ᠦᠨ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠤᠲᠠᠰᠤ 0471 ︱ 5169922 (ᠹᠠᠺᠰ ᠪᠠᠭᠲᠠᠨ᠎ᠠ)᠃

(ᠵᠢᠷᠭᠤᠭ᠎ᠠ) ᠵᠠᠬᠢᠳᠠᠯ᠂ ᠰᠣᠷᠪᠤᠯᠵᠢᠯᠠᠯ ᠵᠡᠷᠭᠡ (ᠢᠯᠡᠴᠢᠯᠡᠨ ᠮᠡᠳᠡᠭᠦᠯᠬᠦ ᠬᠠᠶᠢᠭ᠋᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠨᠢᠰᠬᠡᠯ᠎ᠦᠨ ᠪᠠᠭᠤᠳᠠᠯ᠎ᠤᠨ ᠬᠤᠢᠳᠤ ᠰᠠᠯᠪᠤᠷᠢ ᠵᠠᠮ ᠳ᠋ᠤ ᠪᠠᠢᠷᠢᠯᠠᠭ᠎ᠠ G2 ᠳ᠋ᠤᠭᠠᠷ ᠠᠰᠠᠷ᠎ᠤᠨ 2 ᠳ᠋ᠤᠭᠠᠷ ᠳᠠᠪᠬᠤᠷᠯᠢᠭ᠋᠎ᠤᠨ 229 ᠥᠷᠥᠭᠡ ᠳ᠋ᠡᠬᠢ ᠬᠥᠬᠡᠬᠣᠲᠠ ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ᠂ ᠰᠢᠤᠳᠠᠨ᠎ᠤ ᠨᠤᠮᠸᠷ᠄ 010010)᠃

ᠬᠣᠶᠠᠷ᠂ ᠢᠯᠡᠴᠢᠯᠡᠨ ᠮᠡᠳᠡᠭᠦᠯᠦᠭᠰᠡᠨ᠎ᠢ ᠱᠠᠩᠨᠠᠨ ᠬᠥᠬᠢᠭᠦᠯᠬᠦ᠎ᠳᠦ ᠦᠨᠡᠨ ᠨᠡᠷ᠎ᠡ᠎ᠪᠡᠷ᠎ᠢᠶᠡᠨ ᠢᠯᠡᠴᠢᠯᠡᠨ ᠮᠡᠳᠡᠭᠦᠯᠬᠦ᠎ᠶᠢ ᠵᠣᠷᠢᠭ᠍ᠵᠢᠭᠤᠯᠵᠤ᠂ ᠬᠠᠷᠭᠤᠭᠤᠯᠤᠨ ᠪᠠᠢᠴᠠᠭᠠᠭᠰᠠᠨ ᠨᠢᠭᠡᠴᠢ ᠢᠯᠡᠴᠢᠯᠡᠨ ᠮᠡᠳᠡᠭᠦᠯᠦᠭᠴᠢ᠎ᠶᠢᠨ ᠮᠡᠳᠡᠭᠡ ᠵᠠᠩᠭᠢ᠎ᠶᠢᠨ ᠨᠢᠭᠤᠴᠠ᠎ᠶᠢ ᠴᠢᠩᠭ᠎ᠠ ᠬᠠᠮᠠᠭᠠᠯᠠᠬᠤ ᠬᠡᠷᠡᠭᠲᠡᠢ᠃ ᠢᠯᠡᠴᠢᠯᠡᠨ ᠮᠡᠳᠡᠭᠦᠯᠬᠦ ᠠᠭᠤᠯᠭ᠎ᠠ ᠨᠢ ᠪᠤᠰᠤᠳᠴᠢ ᠪᠥᠭᠡᠳ ᠦᠨᠡᠨ ᠪᠣᠳᠠᠲᠠᠢ ᠪᠠᠢᠵᠤ᠂ ᠴᠢᠳᠠᠬᠤ᠎ᠶᠢᠨ ᠳᠣᠲᠣᠷ᠎ᠠ ᠪᠣᠳᠠᠲᠠᠢ ᠴᠠᠭ᠂ ᠭᠠᠵᠠᠷ ᠣᠷᠣᠨ᠂ ᠬᠥᠮᠥᠨ ᠵᠢᠴᠢ ᠭᠡᠷᠡᠴᠢ ᠪᠠᠷᠢᠮᠲᠠ᠎ᠶᠢᠨ ᠰᠦᠪᠡᠭᠴᠢ᠎ᠶᠢ ᠬᠠᠩᠭᠠᠬᠤ ᠬᠡᠷᠡᠭᠲᠡᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠬᠦᠷᠢᠶᠡᠨ᠎ᠳᠡᠬᠢ ᠢᠯᠡᠴᠢᠯᠡᠨ ᠮᠡᠳᠡᠭᠦᠯᠬᠦ ᠪᠠ ᠱᠠᠩᠨᠠᠬᠤ ᠠᠷᠭ᠎ᠠ》᠂ 《ᠬᠥᠬᠡᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠶ᠋ᠢᠨ ᠲᠣᠪᠴᠢᠶ᠎ᠠ᠎ᠶᠢᠨ ᠠᠶᠤᠯᠭᠦᠢ ᠦᠢᠯᠡᠳᠪᠦᠷᠢᠯᠡᠯ᠎ᠦᠨ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠠᠷᠭ᠎ᠠ》᠎ᠶᠢᠨ ᠶᠣᠰᠣᠭᠠᠷ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠢ ᠪᠠᠢᠪᠠᠯ᠂ ᠬᠠᠮᠤᠭ ᠪᠠᠭ᠎ᠠ᠎ᠳᠠᠭᠠᠨ 100 ᠲᠥᠭᠥᠷᠢᠭ᠎ᠢᠶᠡᠷ ᠱᠠᠩᠨᠠᠵᠤ᠂ ᠬᠠᠮᠤᠭ ᠥᠨᠳᠥᠷ᠎ᠲᠡᠬᠡᠨ 30 ᠲᠦᠮᠡᠨ ᠲᠥᠭᠥᠷᠢᠭ᠎ᠡᠴᠡ ᠳᠠᠪᠠᠭᠤᠯᠬᠤ ᠦᠭᠡᠢ᠃

ᠬᠥᠬᠡᠬᠣᠲᠠ᠎ᠶᠢᠨ ᠠᠶᠤᠯᠭᠦᠢ ᠦᠢᠯᠡᠳᠪᠦᠷᠢᠯᠡᠯ᠎ᠦᠨ ᠵᠥᠪᠯᠡᠯ

2026 ᠣᠨ᠎ᠤ 10 ᠰᠠᠷ᠎ᠠ᠎ᠶᠢᠨ 26 ᠤ᠋ ᠡᠳᠦᠷ

ᠢᠷᠡᠯᠳᠡ᠄ ᠬᠦᠬᠡᠬᠤᠲᠠ ᠵᠢᠨ ᠬᠠᠮ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面