ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠮᠡᠳᠡᠭᠳᠡᠯ᠎ᠦᠨ ᠰᠠᠮᠪᠠᠷ᠎ᠠ

2026-11-05 16:30:41

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠨᠡᠢᠭᠡᠮ᠎ᠦᠨ ᠰᠢᠯᠢᠳᠡᠭ ᠴᠢᠳᠠᠪᠤᠷᠢᠲᠠᠨ᠎ᠢ ᠥᠷᠭᠡᠨ᠎ᠢᠶᠡᠷ ᠤᠷᠢᠨ ᠠᠪᠴᠢᠷᠠᠵᠤ ᠴᠡᠷᠢᠭ ᠠᠩᠭᠢ᠎ᠶᠢᠨ ᠪᠠᠢᠭᠤᠯᠤᠯᠲᠠ᠎ᠳᠤ ᠦᠢᠯᠡᠴᠢᠯᠡᠬᠦᠯᠬᠦ᠎ᠶᠢᠨ ᠲᠥᠯᠥᠭᠡ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠤᠯᠤᠰ ᠲᠥᠷᠥ᠎ᠶᠢᠨ ᠠᠵᠢᠯ᠎ᠤᠨ ᠬᠡᠯᠲᠡᠰ ᠣᠢᠷ᠎ᠠ᠎ᠳᠤ 2027 ᠣᠨ᠎ᠤ ᠴᠡᠷᠢᠭ ᠠᠩᠭᠢ᠎ᠶᠢᠨ ᠪᠢᠴᠢᠭ᠎ᠦᠨ ᠠᠵᠢᠯᠳᠠᠨ᠎ᠢ ᠢᠯᠡ᠎ᠪᠡᠷ ᠰᠢᠯᠭᠠᠨ ᠡᠯᠰᠡᠬᠦ ᠠᠵᠢᠯ᠎ᠢ ᠪᠠᠢᠷᠢᠯᠠᠭᠤᠯᠪᠠ᠃

ᠰᠢᠯᠭᠠᠭᠤᠯᠤᠭᠰᠠᠳ 2026 ᠣᠨ᠎ᠤ 11 ᠰᠠᠷ᠎ᠠ᠎ᠶᠢᠨ 5 ᠎ᠤ ᠡᠳᠦᠷ᠎ᠦᠨ  8᠄ 00 ᠴᠠᠭ᠎ᠠᠴᠠ 10 ᠎ᠤ ᠡᠳᠦᠷ᠎ᠦᠨ 18᠄ 00 ᠴᠠᠭ᠎ᠤᠨ ᠬᠣᠭᠣᠷᠣᠨᠳᠤ ᠴᠡᠷᠢᠭ ᠠᠩᠭᠢ᠎ᠶᠢᠨ ᠴᠢᠳᠠᠪᠤᠷᠢᠲᠠᠨ᠎ᠤ ᠰᠦᠯᠵᠢᠶᠡᠨ᠎ᠳᠦ ᠭᠠᠷᠴᠤ ᠨᠡᠷ᠎ᠡ ᠮᠡᠳᠡᠭᠦᠯᠵᠦ ᠪᠣᠯᠣᠨ᠎ᠠ᠃ ᠪᠥᠬᠥ ᠴᠡᠷᠢᠭ᠎ᠦᠨ ᠨᠢᠭᠡᠳᠦᠯᠲᠡᠢ ᠪᠢᠴᠢᠭ᠎ᠦᠨ ᠰᠢᠯᠭᠠᠯᠲᠠ᠎ᠶᠢ 2026 ᠣᠨ᠎ᠤ 12 ᠰᠠᠷ᠎ᠠ᠎ᠶᠢᠨ 13 ᠎ᠤ ᠡᠳᠦᠷ ᠪᠥᠬᠥ ᠤᠯᠤᠰ᠎ᠤᠨ ᠡᠯ᠎ᠡ ᠰᠢᠭᠤᠳ ᠬᠠᠷᠢᠶ᠎ᠠ ᠬᠣᠲᠠ᠂ ᠮᠤᠵᠢ᠎ᠶᠢᠨ ᠲᠥᠪ ᠬᠣᠲᠠ᠂ ᠥᠪᠡᠷᠲᠡᠭᠡᠨ ᠵᠠᠰᠠᠬᠤ ᠣᠷᠣᠨ᠎ᠤ ᠲᠥᠪ ᠬᠣᠲᠠ ᠪᠣᠯᠣᠨ ᠪᠤᠰᠤᠳ ᠬᠡᠰᠡᠭ ᠬᠣᠲᠠ᠎ᠳᠤ ᠵᠡᠷᠭᠡ ᠪᠡᠷ ᠶᠠᠪᠤᠬᠳᠠᠭᠤᠯᠬᠤ ᠪᠤᠯᠤᠨ᠎ᠠ᠃ ᠲᠥᠯᠥᠪᠯᠡᠭᠡ᠎ᠶᠢᠨ ᠲᠣᠬᠢᠷᠠᠭᠤᠯᠤᠯᠲᠠ᠎ᠶᠢ ᠦᠨᠳᠦᠰᠦᠯᠡᠪᠡᠯ᠂ 2027 ᠣᠨ᠎ᠤ 5 ᠰᠠᠷ᠎ᠠ᠎ᠠᠴᠠ ᠡᠬᠢᠯᠡᠨ ᠬᠢᠨᠠᠨ ᠵᠥᠪᠰᠢᠶᠡᠷᠡᠵᠦ ᠡᠯᠰᠡᠨ ᠬᠡᠷᠡᠭᠯᠡᠬᠦ ᠠᠵᠢᠯ᠎ᠢ ᠥᠷᠨᠢᠭᠦᠯᠦᠨ᠎ᠡ᠃ ᠡᠨᠡ ᠤᠳᠠᠭ᠎ᠠ᠎ᠶᠢᠨ ᠢᠯᠡ᠎ᠪᠡᠷ ᠰᠢᠯᠭᠠᠨ ᠡᠯᠰᠡᠬᠦ ᠠᠵᠢᠯ ᠨᠢ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ᠂ ᠪᠢᠴᠢᠭ᠎ᠦᠨ ᠠᠵᠢᠯᠳᠠᠨ᠎ᠤ ᠡᠩᠨᠡᠭᠡ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠢ ᠪᠣᠳᠣᠯᠬᠢᠯᠠᠵᠤ᠂ ᠤᠯᠤᠰ ᠲᠥᠷᠥ᠎ᠶᠢᠨ ᠪᠣᠭᠣᠮᠲᠠ᠎ᠶᠢ ᠴᠢᠩᠭ᠎ᠠ ᠰᠠᠬᠢᠵᠤ᠂ ᠰᠢᠯᠢᠳᠡᠭ᠎ᠢ ᠨᠢ ᠰᠣᠩᠭᠣᠬᠤ ᠤᠳᠤᠷᠢᠳᠤᠮᠵᠢ᠎ᠶᠢ ᠪᠠᠲᠤ ᠪᠣᠶ ᠪᠣᠯᠭᠠᠵᠤ᠂ ᠡᠷᠬᠡ ᠲᠡᠭᠰᠢ ᠲᠥᠪ ᠭᠤᠤᠯᠴᠢ ᠪᠠᠢᠬᠤ᠎ᠶᠢ ᠪᠠᠷᠢᠮᠲᠠᠯᠠᠵᠤ᠂ ᠳᠦᠷᠢᠮ ᠲᠣᠭᠲᠠᠴᠠ᠎ᠶᠢ ᠲᠡᠭᠦᠯᠳᠡᠷᠵᠢᠭᠦᠯᠵᠦ᠂ ᠰᠢᠯᠭᠠᠨ ᠡᠯᠰᠡᠬᠦ ᠦᠷ᠎ᠡ ᠠᠰᠢᠭ᠋᠎ᠢ ᠦᠷᠭᠦᠯᠵᠢᠯᠡᠨ ᠳᠡᠭᠡᠭᠰᠢᠯᠡᠭᠦᠯᠤᠨ᠎ᠠ᠃ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠤᠯᠤᠰ ᠲᠥᠷᠥ᠎ᠶᠢᠨ ᠠᠵᠢᠯ᠎ᠤᠨ ᠬᠡᠯᠲᠡᠰ᠎ᠦᠨ ᠪᠢᠴᠢᠭ᠎ᠦᠨ ᠠᠵᠢᠯᠳᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠯᠭᠠᠯᠲᠠ᠎ᠶᠢᠨ ᠡᠮᠬᠢ ᠵᠢᠷᠤᠮ᠎ᠢ ᠬᠠᠮᠲᠤ᠎ᠪᠠᠷ ᠬᠠᠮᠠᠭᠠᠯᠠᠵᠤ᠂ ᠢᠯᠡ ᠲᠣᠳᠣ᠌ ᠲᠥᠪ ᠭᠤᠤᠯᠴᠢ᠂ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠰᠢᠯᠭᠠᠯᠲᠠ᠎ᠶᠢᠨ ᠣᠷᠴᠢᠨ ᠨᠥᠬᠥᠴᠡᠯ᠎ᠢ ᠪᠣᠶ ᠪᠣᠯᠭᠠᠨ᠎ᠠ᠃

ᠢᠷᠡᠯᠲᠡ᠄ ᠰᠢᠨᠬᠤᠸᠠ ᠬᠤᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面