ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠮᠡᠳᠡᠭᠳᠡᠯ᠎ᠦᠨ ᠰᠠᠮᠪᠠᠷ᠎ᠠ

2026-11-16 14:02:04

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

  ᠮᠠᠨ᠎ᠤ ᠪᠠᠢᠭᠤᠯᠭ᠎ᠠ᠎ᠶᠢᠨ ᠬᠢᠨ ᠣᠢᠷ᠎ᠠ᠎ᠳᠤ ᠬᠡᠰᠡᠭ ᠠᠵᠢᠯ ᠡᠷᠢᠭᠰᠡᠳ᠎ᠦᠨ ᠲᠤᠰᠬᠠᠯ᠎ᠢ ᠤᠯᠤᠭᠰᠠᠨ ᠵᠢᠡᠷ᠂ ᠬᠠᠮᠢᠶ᠎ᠠ ᠪᠦᠬᠦᠢ ᠵᠢᠷᠬᠢᠶ᠎ᠡ ᠵᠢᠨ ᠨᠡᠶ᠋ᠢᠲᠡ᠎ᠶᠢᠨ ᠳ᠋ᠤᠭᠠᠷ᠎ᠲᠤ《ᠥᠪᠥᠷ ᠮᠣᠩᠭᠣᠯ᠎ᠤᠨ ᠲᠠᠩᠰᠠ ᠡᠪᠬᠡᠮᠡᠯ᠎ᠦᠨ ᠣᠷᠳᠣᠨ᠎ᠤ 2026 ᠣᠨ᠎ᠤ ᠣᠷᠣᠨ ᠲᠣᠭᠠᠨ᠎ᠤ ᠳᠣᠲᠣᠷᠠᠬᠢ 216 ᠠᠵᠢᠯᠲᠠᠨ ᠡᠯᠰᠡᠬᠦ ᠮᠡᠳᠡᠭᠡ ᠵᠠᠩᠭᠢ》 ᠵᠢᠨ ᠠᠵᠢᠯᠲᠠᠨ ᠡᠯᠰᠡᠬᠦ ᠮᠡᠳᠡᠭᠡ ᠵᠠᠩᠭᠢ᠎ᠶᠢ ᠨᠡᠢᠲᠡᠯᠡᠭᠰᠡᠨ ᠪᠠᠢᠨ᠎ᠠ᠃

  ᠨᠡᠢᠭᠡᠮ ᠨᠡᠶ᠋ᠢᠲᠡ ᠪᠠ ᠥᠷᠭᠡᠨ ᠤᠯᠠᠨ ᠠᠵᠢᠯ ᠡᠷᠢᠭᠰᠡᠳ᠎ᠢ ᠪᠤᠷᠤᠭᠤ᠎ᠪᠠᠷ ᠬᠥᠲᠥᠯᠬᠦ᠎ᠡᠴᠡ ᠵᠠᠢᠯᠠᠰᠬᠢᠬᠤ᠎ᠶᠢᠨ ᠲᠥᠯᠥᠭᠡ᠂ ᠤᠳᠤ ᠳᠣᠣᠷᠠᠬᠢ ᠮᠡᠲᠦ ᠲᠥᠪ ᠴᠢᠩᠭ᠎ᠠ᠎ᠪᠠᠷ ᠢᠯᠡᠷᠬᠡᠢᠯᠡᠶ᠎ᠡ᠄

  ᠨᠢᠭᠡ᠂ ᠰᠦᠯᠵᠢᠶ᠎ᠡ᠎ᠪᠡᠷ ᠳᠠᠮᠵᠢᠭᠳᠠᠭᠰᠠᠨ ᠬᠠᠮᠢᠶ᠎ᠠ ᠪᠦᠬᠦᠢ ᠠᠵᠢᠯᠲᠠᠨ ᠡᠯᠰᠡᠬᠦ ᠮᠡᠳᠡᠭᠡ ᠵᠠᠨᠭᠬᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ᠎ᠲᠠᠢ ᠬᠠᠮᠢᠶ᠎ᠠ ᠦᠭᠡᠢ᠂ ᠮᠠᠨ᠎ᠤ ᠪᠠᠢᠭᠤᠯᠭ᠎ᠠ᠎ᠶᠢᠨ ᠠᠵᠢᠯᠲᠠᠨ ᠡᠯᠰᠡᠬᠦ ᠠᠵᠢᠯᠯᠠᠭ᠎ᠠ᠎ᠳᠤ ᠬᠠᠷᠢᠶᠠᠯᠠᠭᠳᠠᠬᠤ ᠦᠭᠡᠢ᠃

  ᠬᠣᠶᠠᠷ᠂ ᠮᠠᠨ᠎ᠤ ᠪᠠᠢᠭᠤᠯᠭ᠎ᠠ᠎ᠶᠢᠨ ᠢᠯᠡ᠎ᠪᠡᠷ ᠠᠵᠢᠯᠲᠠᠨ ᠡᠯᠰᠡᠬᠦ ᠬᠠᠮᠢᠶ᠎ᠠ ᠪᠦᠬᠦᠢ ᠮᠡᠳᠡᠭᠳᠡᠯ᠎ᠦᠨ ᠠᠯᠪᠠᠨ ᠵᠠᠷᠯᠠᠯ᠎ᠢ ᠴᠥᠮ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ ᠵᠡᠷᠭᠡ ᠠᠯᠪᠠᠨ᠎ᠤ ᠲᠠᠯ᠎ᠠ᠎ᠶᠢᠨ ᠠᠷᠭ᠎ᠠ ᠵᠠᠮ᠎ᠢᠶᠠᠷ ᠳᠠᠮᠵᠢᠭᠤᠯᠤᠨ ᠨᠡᠢᠲᠡᠯᠡᠵᠦ᠂ ᠠᠯᠪᠠᠨ᠎ᠤ ᠪᠤᠰᠤ ᠠᠷᠭ᠎ᠠ ᠵᠠᠮ᠎ᠢᠶᠠᠷ ᠳᠠᠮᠵᠢᠭᠤᠯᠤᠨ ᠲᠠᠷᠬᠠᠭᠠᠭᠰᠠᠨ ᠮᠡᠳᠡᠭᠳᠡᠯ᠎ᠢ ᠥᠷᠭᠡᠨ ᠣᠯᠠᠨ ᠠᠵᠢᠯ ᠡᠷᠢᠭᠰᠡᠳ ᠨᠠᠷᠢᠨ ᠨᠢᠮᠪᠠᠢ ᠢᠯᠭᠠᠨ ᠲᠣᠳᠣᠯᠠᠵᠤ ᠬᠢᠨᠠᠨ ᠬᠠᠷᠭᠤᠭᠤᠯᠬᠤ᠎ᠶᠢ ᠬᠦᠰᠡᠵᠦ ᠪᠠᠢᠨ᠎ᠠ᠃

  ᠭᠤᠷᠪᠠ᠂ ᠮᠠᠨ᠎ᠤ ᠪᠠᠢᠭᠤᠯᠭ᠎ᠠ ᠶ᠋ᠢᠨ ᠨᠡᠷ᠎ᠡ ᠶ᠋ᠢ ᠬᠠᠭᠤᠷᠮᠠᠭᠯᠠᠨ ᠬᠡᠷᠡᠭᠯᠡᠵᠦ᠂ ᠡᠨᠳᠡᠭᠦᠦ ᠬᠡᠷᠡᠭᠯᠡᠵᠦ ᠠᠵᠢᠯᠲᠠᠨ ᠡᠯᠰᠡᠬᠦ ᠮᠡᠳᠡᠭᠡ ᠵᠠᠩᠭᠢ ᠨᠡᠢᠲᠡᠯᠡᠭᠡᠳ ᠣᠯᠠᠨ ᠨᠡᠶ᠋ᠢᠲᠡ᠎ᠳᠦ ᠡᠨᠳᠡᠭᠦᠦ ᠣᠢᠯᠠᠭᠠᠯᠲᠠ ᠥᠭᠭᠦᠭᠰᠡᠨ ᠪᠤᠶᠤ ᠮᠠᠨ᠎ᠤ ᠪᠠᠢᠭᠤᠯᠭ᠎ᠠ  ᠶ᠋ᠢᠨ ᠨᠡᠷ᠎ᠡ ᠬᠦᠨᠳᠦ  ᠶ᠋ᠢ ᠬᠣᠬᠢᠷᠠᠭᠤᠯᠤᠭᠰᠠᠨ ᠠᠵᠢᠯᠯᠠᠭ᠎ᠠ ᠶ᠋ᠢ ᠮᠠᠨ᠎ᠤ ᠪᠠᠢᠭᠤᠯᠭ᠎ᠠ ᠪᠠᠢᠳᠠᠯ ᠢ᠋ ᠦᠨᠳᠦᠰᠦᠯᠡᠵᠤ ᠬᠣᠯᠪᠣᠭᠳᠠᠯ ᠪᠦᠬᠦᠢ ᠭᠤᠤᠯ ᠴᠣᠭᠴᠠ ᠶ᠋ᠢᠨ ᠬᠠᠷᠢᠭᠤᠴᠠᠯᠭ᠎ᠠ ᠶ᠋ᠢ ᠬᠠᠤᠯᠢ ᠶᠣᠰᠣᠭᠠᠷ ᠨᠡᠬᠡᠮᠵᠢᠯᠡᠨ᠎ᠡ᠃

  ᠬᠠᠷᠢᠯᠴᠠᠬᠤ ᠤᠲᠠᠰᠤ᠄ 0471- 4861430

  ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ

  2026 ᠣᠨ᠎ᠤ 11 ᠰᠠᠷ᠎ᠠ᠎ᠶᠢᠨ 11᠎ᠦ ᠡᠳᠦᠷ

  ᠢᠷᠡᠯᠲᠡ ᠄  ᠳᠠᠯ᠎ᠠ ᠨᠤᠳᠤᠭ᠎ᠤᠨ ᠡᠬᠦᠯᠡ ᠰᠢᠯᠵᠢᠶ᠎ᠡ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面