ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠮᠡᠳᠡᠭᠳᠡᠯ᠎ᠦᠨ ᠰᠠᠮᠪᠠᠷ᠎ᠠ

2026-11-24 16:31:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠯᠤᠰ᠎ᠤᠨ ᠠᠯᠪᠠᠲᠠᠨ᠎ᠤ ᠰᠢᠯᠭᠠᠯᠲᠠ᠎ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠠᠩᠬᠠᠷᠤᠭᠠᠷᠠᠶ᠂ ᠡᠨᠡ ᠡᠳᠦᠷ᠎ᠡᠴᠡ ᠡᠬᠢᠯᠡᠨ ᠰᠢᠯᠭᠠᠭᠤᠯᠬᠤ ᠦᠨᠡᠮᠯᠡᠯ ᠵᠢᠠᠨ ᠳᠠᠷᠤᠮᠠᠯᠯᠠᠵᠦ ᠪᠤᠯᠤᠨ᠎ᠠ᠂ ᠳᠠᠷᠤᠮᠠᠯᠯᠠᠬᠤ ᠴᠠᠭ ᠨᠢ 11 ᠰᠠᠷ᠎ᠠ᠎ᠶᠢᠨ 23᠎ᠤ ᠡᠳᠦᠷ᠎ᠦᠨ 00᠄ 00 ᠡᠴᠠ 11 ᠰᠠᠷ᠎ᠠ᠎ᠶᠢᠨ 29᠎ᠦ ᠡᠳᠦᠷ᠎ᠦᠨ 15᠄ 00 ᠴᠠᠭ ᠭᠦᠷᠳᠡᠯ᠎ᠠ᠃

ᠰᠢᠯᠭᠠᠯᠲᠠ ᠵᠢᠨ ᠴᠠᠭ ᠤᠢᠷᠠᠳᠤᠯ᠎ᠠ᠂ ᠳᠤᠤᠷᠠᠭᠢ ᠰᠠᠨᠠᠭᠤᠯᠤᠮᠵᠢ᠎ᠨᠤᠭᠤᠳ᠎ᠢ ᠠᠡᠭᠬᠠᠷᠤᠯ᠎ᠳᠠᠭᠠᠨ ᠠᠪᠤᠭᠠᠷᠠᠢ᠃




ᠳᠡᠭᠡᠷᠡᠭᠢ ᠵᠢᠷᠤᠭ᠎ᠢ ᠳᠤᠪᠴᠢᠳᠠᠵᠦ ᠰᠢᠯᠭᠠᠭᠤᠯᠬᠤ ᠦᠨᠡᠮᠯᠡᠯ ᠳᠠᠷᠤᠮᠠᠯᠯᠠᠬᠤ ᠨᠢᠭᠤᠷ᠎ᠲᠦ ᠭᠦᠷᠴᠦ ᠪᠤᠯᠤᠨ᠎ᠠ᠃ 

28᠎ᠤ ᠡᠳᠦᠷ᠎ᠡᠴᠡ ᠡᠬᠢᠯᠡᠨ ᠰᠢᠯᠭᠠᠨ᠎ᠠ! ᠡᠳᠡᠭᠡᠷ ᠨᠠᠷᠢᠨ ᠵᠦᠢᠯᠡᠰ᠎ᠢ ᠠᠡᠭᠬᠠᠷᠤᠭᠠᠷᠠᠢ

2027 ᠣᠨ᠎ᠤ ᠤᠯᠤᠰ᠎ᠤᠨ ᠠᠯᠪᠠᠲᠠᠨ᠎ᠤ ᠰᠢᠯᠭᠠᠯᠲᠠ᠎ᠶᠢᠨ ᠣᠯᠠᠨ ᠨᠡᠶ᠋ᠢᠲᠡ᠎ᠶᠢᠨ ᠬᠢᠴᠢᠶᠡᠯ᠎ᠦᠨ ᠰᠢᠯᠭᠠᠯᠲᠠ᠎ᠶᠢᠨ ᠴᠠᠭ᠄

2026 ᠣᠨ᠎ᠤ 11 ᠰᠠᠷ᠎ᠠ᠎ᠶᠢᠨ 29᠎ᠦ ᠡᠳᠦᠷ᠎ᠦᠨ 9᠄ 00 —  11᠄ 00᠎ᠲᠦ᠂ ᠵᠠᠰᠠᠭ ᠵᠠᠬᠢᠷᠭᠠᠨ᠎ᠤ ᠠᠵᠢᠯ ᠮᠡᠷᠭᠡᠵᠢᠯ᠎ᠦᠨ ᠴᠢᠳᠠᠪᠤᠷᠢ᠎ᠶᠢᠨ  ᠪᠠᠶ᠋ᠢᠴᠠᠭᠠᠯᠲᠠ

2026 ᠣᠨ᠎ᠤ 11 ᠰᠠᠷ᠎ᠠ᠎ᠶᠢᠨ 29᠎ᠦ ᠡᠳᠦᠷ᠎ᠦᠨ 14᠄ 00 — 17᠄ 00᠎ᠲᠦ᠂ ᠰᠢᠭᠦᠨ ᠦᠭᠦᠯᠡᠭᠦᠢ;

ᠨᠡᠶ᠋ᠢᠳᠡᠮ ᠬᠡᠷᠡᠭᠯᠡᠭᠳᠡᠬᠦ᠌ ᠪᠤᠰᠤ ᠬᠡᠯᠡᠨ᠎ᠦ 8 ᠲᠤᠰᠢᠶᠠᠯ᠎ᠤᠨ ᠪᠠᠶ᠋ᠢᠷᠢ᠎ᠶᠢᠨ ᠭᠠᠳᠠᠭᠠᠳᠤ ᠬᠡᠯᠡᠨ᠎ᠦ ᠬᠢᠷᠢ ᠲᠦᠪᠰᠢᠨ᠎ᠦ ᠰᠢᠯᠭᠠᠯᠲᠠ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ ᠵᠢᠴᠢ ᠲᠣᠮᠢᠯᠠᠭᠰᠠᠨ ᠪᠠᠶ᠋ᠢᠭᠤᠯᠤᠮᠵᠢ᠎ᠶᠢᠨ ᠲᠤᠰᠢᠶᠠᠯ᠎ᠤᠨ ᠪᠠᠶ᠋ᠢᠷᠢ᠂ ᠳᠤᠮᠳᠠᠳᠤ ᠤᠯᠤᠰ᠎ᠤᠨ ᠦᠨᠡᠲᠦ᠍ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ ᠵᠢᠴᠢ ᠲᠣᠮᠢᠯᠠᠭᠰᠠᠨ ᠪᠠᠶ᠋ᠢᠭᠤᠯᠤᠮᠵᠢ᠎ᠶᠢᠨ ᠲᠤᠰᠢᠶᠠᠯ᠎ᠤᠨ ᠪᠠᠶ᠋ᠢᠷᠢ᠂ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ᠎ᠶᠢᠨ ᠠᠷᠠᠳ᠎ᠤᠨ ᠴᠠᠭᠳᠠᠭ᠎ᠠ᠎ᠶᠢᠨ ᠲᠤᠰᠢᠶᠠᠯ᠎ᠤᠨ ᠪᠠᠶ᠋ᠢᠷᠢ᠎ᠶᠢᠨ ᠲᠤᠰᠬᠠᠶ ᠮᠡᠷᠭᠡᠵᠢᠯ᠎ᠦᠨ ᠬᠢᠴᠢᠶᠡᠯ᠎ᠦᠨ ᠪᠢᠴᠢᠭ᠎ᠦᠨ ᠰᠢᠯᠭᠠᠯᠲᠠ᠎ᠶᠢᠨ ᠴᠠᠭ᠄

2026 ᠣᠨ᠎ᠤ 11 ᠰᠠᠷ᠎ᠠ᠎ᠶᠢᠨ 28᠎ᠤ ᠡᠳᠦᠷ᠎ᠦᠨ 14᠄ 00 —  16᠄ 00᠃

ᠡᠨᠡ ᠵᠢᠯ᠎ᠦᠨ ᠤᠯᠤᠰ᠎ᠤᠨ ᠠᠯᠪᠠᠲᠠᠨ᠎ᠤ ᠰᠢᠯᠭᠠᠯᠲᠠ᠎ᠳᠤ ᠶᠠᠮᠠᠷ ᠶᠠᠮᠠᠷ ᠰᠢᠨ᠎ᠡ ᠬᠤᠪᠢᠷᠠᠯᠲᠠ ᠭᠠᠷᠤᠭᠰᠠᠨ ᠪᠣᠶ?

《ᠤᠯᠤᠰ᠎ᠤᠨ ᠠᠯᠪᠠᠳᠠᠨ᠎ᠤ ᠰᠢᠯᠭᠠᠯᠲᠠ ᠵᠢᠨ ᠠᠵᠢᠯ᠎ᠤᠨ ᠪᠠᠶ᠋ᠢᠷᠢ᠎ᠶᠢ ᠬᠤᠮᠤᠷᠭᠠᠯᠠᠬᠤ》 ᠪᠠᠢᠳᠠᠯ᠎ᠳᠦ ᠴᠣᠬᠢᠯᠲᠠ ᠥᠭᠴᠦ᠍ ᠰᠡᠷᠭᠡᠶ᠋ᠢᠯᠡᠨ ᠦᠨᠡᠨ ᠨᠡᠷ᠎ᠡ ᠦᠨᠡᠨ ᠬᠥᠮᠦᠨ᠎ᠢ ᠭᠡᠷᠡᠴᠢᠯᠡᠬᠦ᠌ ᠱᠠᠭᠠᠷᠳᠠᠯᠭ᠎ᠠ᠎ᠶᠢ ᠨᠡᠮᠡᠭᠳᠡᠭᠦᠯᠦᠨ᠎ᠡ᠃

《ᠤᠯᠤᠰ᠎ᠤᠨ ᠠᠯᠪᠠᠳᠠᠨ᠎ᠤ ᠰᠢᠯᠭᠠᠯᠲᠠ᠎ᠪᠠᠷ ᠠᠵᠢᠯ᠎ᠤᠨ ᠪᠠᠶ᠋ᠢᠷᠢ᠎ᠶᠢ ᠬᠤᠮᠤᠷᠭᠠᠯᠠᠬᠤ》 ᠵᠡᠷᠭᠡ ᠬᠡᠮᠳᠤ ᠠᠵᠢᠯᠯᠠᠭ᠎ᠠ᠎ᠳᠤ ᠴᠣᠬᠢᠯᠲᠠ ᠥᠭᠴᠦ᠍ ᠰᠡᠷᠭᠡᠶ᠋ᠢᠯᠡᠨ᠂ ᠠᠯᠪᠠᠲᠠᠨ ᠡᠯᠰᠡᠬᠦ ᠡᠷᠬᠡ ᠲᠡᠭᠰᠢ᠎ᠶᠢ ᠬᠠᠮᠠᠭᠠᠯᠠᠬᠤ᠎ᠶᠢᠨ ᠲᠥᠯᠥᠭᠡ᠂ ᠰᠢᠯᠭᠠᠭᠤᠯᠤᠭᠰᠠᠳ ᠡᠷᠬᠡᠪᠰᠢ ᠤᠷᠢᠳ᠎ᠢᠶᠠᠷ ᠠᠯᠪᠠᠲᠠᠨ ᠡᠯᠰᠡᠬᠦ᠌ ᠲᠤᠰᠬᠠᠶ ᠰᠦᠯᠵᠢᠶ᠎ᠡ᠎ᠳᠦ ᠳᠠᠩᠰᠠᠯᠠᠭᠤᠯᠵᠤ᠂ ᠡᠯᠧᠺᠲ᠋ᠷᠣᠨ ᠨᠡᠶ᠋ᠢᠭᠡᠮ᠎ᠦᠨ ᠪᠠᠲᠤᠯᠠᠭ᠎ᠠ᠎ᠶᠢᠨ ᠺᠠᠷᠲ ᠵᠡᠷᠭᠡ᠎ᠪᠡᠷ ᠳᠠᠮᠵᠢᠭᠤᠯᠤᠨ ᠦᠨᠡᠨ ᠨᠡᠷ᠎ᠡ᠎ᠪᠡᠷ᠎ᠢᠶᠡᠨ ᠭᠡᠷᠡᠴᠢᠯᠡᠭᠦᠯᠦᠭᠰᠡᠨ᠎ᠦ ᠳᠠᠷᠠᠭ᠎ᠠ ᠰᠠᠶᠢ ᠭᠤᠶᠤᠴᠢᠯᠠᠯ᠎ᠢᠶᠠᠨ ᠲᠤᠰᠢᠶᠠᠵᠤ ᠪᠣᠯᠤᠨ᠎ᠠ᠃

《ᠠᠵᠢᠯ᠎ᠤᠨ ᠪᠠᠶ᠋ᠢᠷᠢ ᠵᠢ ᠬᠤᠮᠤᠷᠭᠠᠯᠠᠬᠤ》 ᠭᠡᠳᠡᠭ ᠨᠢ ᠵᠠᠷᠢᠮ ᠬᠥᠮᠦᠨ ᠨᠡᠷ᠎ᠡ ᠮᠡᠳᠡᠭᠦᠯᠦᠭᠰᠡᠨ ᠬᠥᠮᠦᠨ᠎ᠦ ᠲᠣᠭ᠎ᠠ ᠮᠠᠰᠢ ᠣᠯᠠᠨ ᠪᠠᠢᠭ᠎ᠠ ᠪᠠᠢᠳᠠᠯ᠎ᠢ ᠬᠠᠭᠤᠷᠮᠠᠭᠯᠠᠨ ᠪᠤᠶ ᠪᠣᠯᠭᠠᠵᠦ᠂ ᠬᠡᠰᠡᠭ ᠥᠷᠢᠰᠥᠯᠳᠦᠭᠴᠢ᠎ᠪᠡᠨ ᠠᠶᠤᠯᠭᠠᠨ ᠤᠬᠤᠷᠢᠭᠤᠯᠵᠤ᠂ ᠨᠢᠭᠤᠷᠲᠠᠨ ᠰᠢᠯᠭᠠᠯᠲᠠ᠎ᠳᠤ ᠣᠷᠣᠬᠤ ᠲᠣᠬᠢᠶᠠᠯᠳᠤᠮᠵᠢ᠎ᠶᠢ ᠡᠬᠢ ᠡᠭᠦᠰᠦᠯ᠎ᠡᠴᠡ ᠨᠢ ᠳᠡᠭᠡᠭᠰᠢᠯᠡᠭᠦᠯᠬᠦ᠌᠎ᠶᠢ ᠵᠢᠭᠠᠵᠤ ᠪᠠᠶ᠋ᠢᠨ᠎ᠠ᠃

ᠰᠢᠯᠭᠠᠯᠲᠠ᠎ᠶᠢᠨ ᠲᠠᠯᠠᠪᠠᠢ᠎ᠳᠤ ᠣᠷᠣᠬᠤ ᠴᠠᠭ᠎ᠤᠨ ᠱᠠᠭᠠᠷᠳᠠᠯᠠᠭ᠎ᠠ ᠵᠢ ᠲᠣᠬᠢᠷᠠᠭᠤᠯᠪᠠ

ᠳᠡᠭᠡᠷ᠎ᠡ ᠵᠢᠯ᠎ᠦᠨ ᠲᠣᠭᠲᠠᠭᠠᠯ᠎ᠳᠤ᠂ ᠰᠢᠯᠭᠠᠯᠲᠠ ᠡᠬᠢᠯᠡᠭᠰᠡᠨ᠎ᠦ ᠳᠠᠷᠠᠭ᠎ᠠ 30 ᠮᠢᠨᠦ᠋ᠲ᠎ᠦᠨ ᠳᠠᠷᠠᠭ᠎ᠠ ᠲᠠᠯᠠᠪᠤᠷ᠎ᠲᠤ᠌ ᠣᠷᠣᠵᠤ ᠪᠣᠯᠬᠤ ᠥᠬᠡᠶ; ᠡᠨᠡ ᠵᠢᠯ ᠲᠣᠳᠣᠷᠬᠠᠶ ᠲᠣᠭᠲᠠᠭᠠᠭᠰᠠᠨ ᠵᠢᠠᠷ᠂ ᠰᠢᠯᠭᠠᠯᠲᠠ ᠡᠬᠢᠯᠡᠭᠡᠳ 15 ᠮᠢᠨᠦ᠋ᠲ᠎ᠦᠡᠭᠭᠡᠷᠡᠭᠰᠡᠨ᠎ᠤ ᠳᠠᠷᠠᠭ᠎ᠠ ᠰᠢᠯᠭᠠᠭᠤᠯᠤᠭᠴᠢ ᠰᠢᠯᠭᠠᠯᠲᠠ᠎ᠶᠢᠨ ᠲᠠᠯᠠᠪᠤᠷ᠎ᠲᠤ᠌ ᠣᠷᠣᠬᠤ᠎ᠶᠢ ᠴᠠᠭᠠᠵᠠᠯᠠᠨ᠎ᠠ᠃ ᠰᠢᠯᠭᠠᠭᠤᠯᠤᠭᠴᠢ ᠶᠠᠪᠤᠵᠤ ᠰᠠᠭᠤᠬᠤ᠎ᠪᠠᠨ ᠤᠷᠢᠳᠴᠢᠯᠠᠨ ᠲᠣᠬᠢᠷᠠᠭᠤᠯᠵᠤ᠂ ᠪᠡᠶ᠎ᠡ᠎ᠶᠢᠨ ᠭᠠᠷᠤᠯ᠎ᠢ ᠬᠢᠨᠠᠨ ᠰᠢᠯᠭᠠᠬᠤ ᠪᠠ ᠲᠠᠯᠠᠪᠤᠷ᠎ᠲᠤ᠌ ᠣᠷᠣᠬᠤ ᠴᠠᠭ᠎ᠢ ᠭᠦᠢᠴᠡᠳ ᠦᠯᠡᠳᠡᠭᠡᠬᠦ᠌ ᠬᠡᠷᠡᠭᠲᠡᠶ᠃

ᠡᠯᠰᠡᠬᠦ᠌ ᠬᠡᠪᠴᠢᠶ᠎ᠡ᠎ᠳᠦ ᠲᠣᠬᠢᠷᠠᠭᠤᠯᠤᠯᠲᠠ ᠬᠢᠪᠠ

ᠡᠨᠡ ᠵᠢᠯ 3.57 ᠲᠦᠮᠡᠨ ᠬᠥᠮᠦᠨ ᠡᠯᠰᠡᠬᠦ᠌᠎ᠪᠡᠷ ᠲᠥᠯᠥᠪᠯᠡᠵᠦ᠍᠂ ᠲᠦᠷᠦᠭᠦᠦ ᠵᠢᠯ᠎ᠦᠨ ᠬᠢ᠎ᠡᠴᠡ ᠪᠠᠷᠤᠭ 2400 ᠬᠥᠮᠦᠨ ᠬᠠᠰᠤᠭᠳᠠᠪᠠ᠃ ᠡᠯᠰᠡᠨ ᠬᠡᠷᠡᠭᠯᠡᠬᠦ᠌᠎ᠶᠢ ᠦᠷᠭᠦᠯᠵᠢᠯᠡᠨ ᠦᠨᠳᠦᠰᠦᠨ ᠱᠠᠲᠤ᠌ ᠳᠠᠢᠰᠢ ᠬᠡᠯᠪᠡᠶ᠋ᠢᠯᠭᠡᠵᠦ᠍᠂ 2.69 ᠲᠦᠮᠡᠨ ᠲᠥᠯᠥᠪᠯᠡᠭᠡ᠎ᠶᠢ ᠰᠢᠶᠠᠨ (ᠲᠣᠭᠣᠷᠢᠭ)᠎ᠤ ᠱᠠᠲᠤ᠌ ᠵᠢᠴᠢ ᠲᠡᠭᠦᠨ᠎ᠡᠴᠡ ᠳᠣᠷᠣᠭᠰᠢᠬᠢ ᠰᠢᠭᠤᠳ ᠬᠠᠷᠢᠶ᠎ᠠ ᠪᠠᠶ᠋ᠢᠭᠤᠯᠤᠮᠵᠢ᠎ᠳᠤ ᠨᠥᠬᠥᠪᠥᠷᠢᠯᠡᠨ᠎ᠡ; ᠲᠥᠪ᠎ᠦᠨ ᠪᠠᠶ᠋ᠢᠭᠤᠯᠭ᠎ᠠ᠎ᠶᠢᠨ ᠰᠢᠭᠤᠳ ᠬᠠᠷᠢᠶ᠎ᠠ ᠬᠣᠲᠠ(ᠲᠤᠰᠬᠠᠶ ᠣᠷᠣᠨ)᠎ᠶᠢᠨ ᠱᠠᠲᠤ᠌ ᠵᠢᠴᠢ ᠲᠡᠭᠦᠨ᠎ᠡᠴᠡ ᠳᠣᠷᠣᠭᠰᠢᠬᠢ ᠪᠠᠶ᠋ᠢᠭᠤᠯᠤᠮᠵᠢ᠎ᠨᠤᠭᠤᠳ᠎ᠲᠦ ᠭᠣᠣᠯᠳᠠᠭᠤ ᠲᠤᠰ ᠬᠤᠭᠤᠴᠠᠭᠠᠨ᠎ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠎ᠢ 2.46 ᠲᠦᠮᠡᠨ ᠬᠦᠮᠦᠨ ᠡᠯᠰᠡᠬᠦ ᠲᠥᠯᠥᠪᠯᠡᠭᠡ ᠲᠣᠬᠢᠷᠠᠭᠤᠯᠤᠨ᠎ᠠ᠃

ᠣᠨᠴᠠᠭᠠᠶ᠋ᠢᠯᠠᠨ ᠰᠠᠨᠠᠭᠤᠯᠬᠤ ᠨᠢ᠄ ᠡᠨᠡ ᠵᠢᠯ᠎ᠦᠨ 《ᠲᠥᠪ᠎ᠦᠨ ᠪᠠᠶ᠋ᠢᠭᠤᠯᠭ᠎ᠠ ᠵᠢᠴᠢ ᠲᠡᠭᠦᠨ᠎ᠦ ᠰᠢᠭᠤᠳ ᠬᠠᠷᠢᠶ᠎ᠠ ᠪᠠᠶ᠋ᠢᠭᠤᠯᠤᠮᠵᠢ᠎ᠶᠢᠨ 2027 ᠣᠨ᠎ᠤ ᠠᠯᠪᠠᠲᠠᠨ ᠰᠢᠯᠭᠠᠵᠤ ᠡᠯᠰᠡᠬᠦ᠌ ᠠᠯᠪᠠᠨ ᠵᠠᠷᠯᠠᠯ》 ᠳ᠋ᠤ᠌᠂ ᠲᠦᠷᠢᠮ ᠲᠣᠭᠲᠠᠭᠠᠯ ᠰᠠᠬᠢᠯᠭ᠎ᠠ ᠪᠠᠲᠤ᠎ᠶᠢ ᠵᠥᠷᠢᠴᠡᠭᠰᠡᠨ ᠰᠢᠯᠭᠠᠭᠤᠯᠤᠭᠴᠢ᠎ᠳᠤ ᠲᠣᠰ ᠬᠢᠴᠢᠶᠡᠯ ᠲᠥᠷᠥᠯ᠎ᠦᠨ ᠰᠢᠯᠭᠠᠯᠲᠠ᠎ᠶᠢᠨ ᠬᠢᠷᠢ ᠪᠦᠲᠦᠮᠵᠢ ᠨᠢ ᠬᠦᠴᠦᠨ ᠥᠬᠡᠶ᠂ ᠪᠥᠬᠥ᠌ ᠰᠢᠯᠭᠠᠯᠲᠠ᠎ᠶᠢᠨ ᠬᠢᠴᠢᠶᠡᠯ ᠲᠥᠷᠥᠯ᠎ᠦᠨ ᠬᠢᠷᠢ ᠪᠦᠲᠦᠮᠵᠢ ᠨᠢ ᠬᠦᠴᠦᠨ ᠥᠬᠡᠶ ᠪᠤᠶᠤ ᠨᠡᠷ᠎ᠡ ᠮᠡᠳᠡᠭᠦᠯᠬᠦ᠌᠎ᠶᠢ ᠨᠢ ᠬᠢᠵᠠᠭᠠᠷᠯᠠᠬᠤ ᠵᠡᠷᠭᠡ ᠰᠢᠢᠳᠬᠡᠯ ᠥᠭᠭᠦᠨ᠎ᠡ᠃ ᠬᠠᠷᠢᠭᠤᠴᠠᠯᠭ᠎ᠠ ᠠᠯᠳᠠᠵᠤ ᠲᠤᠰᠢᠶᠠᠯ᠎ᠢᠶᠠᠨ ᠭᠤᠲᠤᠭᠠᠭᠰᠠᠨ ᠪᠠ ᠢᠯᠵᠢᠷᠡᠯ᠎ᠦᠨ ᠠᠵᠢᠯᠯᠠᠭ᠎ᠠ ᠣᠷᠣᠰᠢᠵᠤ ᠪᠠᠶ᠋ᠢᠭ᠎ᠠ ᠠᠯᠪᠠᠨ ᠲᠤᠰᠢᠶᠠᠯᠲᠠᠨ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍᠂ ᠲᠣᠭᠲᠠᠭᠠᠯ ᠰᠠᠬᠢᠯᠭ᠎ᠠ ᠪᠠᠲᠤ᠌ ᠶᠣᠰᠣᠭᠠᠷ ᠬᠠᠤᠯᠢ ᠶᠣᠰᠣᠭᠠᠷ ᠵᠠᠯᠬᠠᠭᠠᠨ ᠰᠢᠢᠳᠬᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ ᠰᠢᠯᠵᠢᠶ᠎ᠡ
兼容浏览器的HTML页面