2026-11-04 18:26:32
2026 ᠣᠨ᠎ᠤ ᠳᠣᠣᠷ᠎ᠠ ᠬᠠᠭᠠᠰ ᠵᠢᠯ ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ (ᠪᠢᠴᠢᠭ᠎ᠦᠨ ᠰᠢᠯᠭᠠᠯᠲᠠ)᠎ᠶᠢᠨ ᠬᠢᠷᠢ ᠪᠦᠲᠦᠮᠵᠢ᠎ᠶᠢ 11 ᠰᠠᠷ᠎ᠠ᠎ᠶᠢᠨ 6᠎ᠤ ᠡᠳᠦᠷ ᠨᠡᠢᠲᠡᠯᠡᠨ᠎ᠡ᠂ ᠣᠲᠣ᠌ ᠬᠣᠯᠪᠣᠭᠳᠠᠯ ᠪᠦᠬᠦᠢ ᠤᠴᠢᠷ ᠶᠠᠪᠤᠳᠠᠯ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠨᠡᠢᠲᠡᠯᠡᠬᠦ ᠴᠠᠭ
11 ᠰᠠᠷ᠎ᠠ᠎ᠶᠢᠨ 6᠎ᠤ ᠡᠳᠦᠷ᠎ᠦᠨ 10 ᠴᠠᠭ
ᠬᠣᠶᠠᠷ᠂ ᠪᠠᠢᠴᠠᠭᠠᠨ ᠯᠠᠪᠯᠠᠬᠤ ᠠᠷᠭ᠎ᠠ ᠮᠠᠶᠢᠭ᠋
ᠳᠤᠮᠳᠠᠳᠤ ᠤᠯᠤᠰ᠎ᠤᠨ ᠰᠤᠷᠭᠠᠨ ᠬᠥᠮᠦᠵᠢᠯ ᠰᠢᠯᠭᠠᠯᠲᠠ᠎ᠶᠢᠨ ᠰᠦᠯᠵᠢᠶ᠎ᠡ
ᠰᠦᠯᠵᠢᠶᠡᠨ᠎ᠦ ᠬᠠᠶᠢᠭ᠋ ᠄ http://ntce.neea.edu.cn/ntce/
ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠰᠦᠯᠵᠢᠶᠡᠨ᠎ᠦ ᠵᠢᠷᠬᠢᠶ᠎ᠡ ᠵᠢᠨ ᠵᠢᠵᠢᠭ ᠫᠷᠣᠭ᠌ᠷᠠᠮ
ᠵᠢᠷᠬᠢᠶ᠎ᠡ ᠵᠢᠨ APP ᠪᠡᠷ ᠳᠤᠤᠷᠠᠬᠢ ᠮᠡᠷᠭᠡᠨ ᠴᠤᠬᠤᠷ᠎ᠢ ᠰᠢᠷᠪᠢᠬᠦ ᠪᠤᠶᠤ 《ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠰᠦᠯᠵᠢᠶ᠎ᠡ》᠎ᠶᠢᠨ ᠵᠢᠵᠢᠭ ᠫᠷᠣᠭ᠌ᠷᠠᠮ᠎ᠢ ᠬᠠᠢᠨ᠎ᠠ᠃
ᠳᠤᠮᠳᠠᠳᠤ ᠤᠯᠤᠰ᠎ᠤᠨ ᠰᠤᠷᠭᠠᠨ ᠬᠥᠮᠦᠵᠢᠯ ᠦᠨ ᠰᠢᠯᠭᠠᠯᠲᠠ ᠶᠢᠨ ᠰᠦᠯᠵᠢᠶᠡᠨ᠎ᠤ ᠪᠠᠢ ᠳᠦ ᠵᠢᠨ ᠵᠢᠵᠢᠭ ᠫᠷᠣᠭ᠌ᠷᠠᠮ
ᠪᠠᠢ ᠳᠦ APP ᠪᠡᠷ ᠳᠤᠤᠷᠠᠬᠢ ᠮᠡᠷᠭᠡᠨ ᠴᠤᠬᠤᠷ᠎ᠢ ᠰᠢᠷᠪᠢᠬᠦ ᠪᠤᠶᠤ 《ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠰᠦᠯᠵᠢᠶ᠎ᠡ 》᠎ᠶᠢᠨ ᠵᠢᠵᠢᠭ ᠫᠷᠣᠭ᠌ᠷᠠᠮ᠎ᠢ ᠬᠠᠢᠨ᠎ᠠ᠃
ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠰᠦᠯᠵᠢᠶᠡᠨ᠎ᠦ ᡁᠢ ᠹᠦ ᠪᠤᠤ ᠵᠢᠨ ᠵᠢᠵᠢᠭ ᠫᠷᠣᠭ᠌ᠷᠠᠮ
ᡁᠢ ᠹᠦ ᠪᠤᠤ APP ᠪᠡᠷ ᠳᠤᠤᠷᠠᠬᠢ ᠮᠡᠷᠭᠡᠨ ᠴᠤᠬᠤᠷ᠎ᠢ ᠰᠢᠷᠪᠢᠬᠦ ᠪᠤᠶᠤ 《ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠰᠦᠯᠵᠢᠶ᠎ᠡ 》᠎ᠶᠢᠨ ᠵᠢᠵᠢᠭ ᠫᠷᠣᠭ᠌ᠷᠠᠮ᠎ᠢ ᠬᠠᠢᠨ᠎ᠠ᠃
ᠭᠤᠷᠪᠠ᠂ ᠬᠢᠷᠢ ᠪᠦᠲᠦᠮᠵᠢ᠎ᠶᠢ ᠳᠠᠬᠢᠨ ᠬᠢᠨᠠᠬᠤ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠣᠰ ᠤᠳᠠᠭᠠᠨ᠎ᠤ ᠪᠢᠴᠢᠭ᠎ᠦᠨ ᠰᠢᠯᠭᠠᠯᠲᠠ᠎ᠳᠤ ᠣᠷᠣᠯᠴᠠᠭᠰᠠᠨ ᠰᠢᠯᠭᠠᠭᠤᠯᠤᠭ᠍ᠴᠢ ᠬᠡᠷᠪᠡ ᠬᠤᠪᠢ ᠬᠥᠮᠥᠨ᠎ᠦ ᠬᠢᠷᠢ ᠪᠦᠲᠦᠮᠵᠢ᠎ᠳᠦ ᠣᠨᠳᠣᠣ ᠰᠠᠨᠠᠯ᠎ᠲᠠᠢ ᠪᠠᠢᠪᠠᠯ᠂ 11 ᠰᠠᠷ᠎ᠠ᠎ᠶᠢᠨ 6᠎ᠤ ᠡᠳᠦᠷ᠎ᠡᠴᠡ 11 ᠰᠠᠷ᠎ᠠ᠎ᠶᠢᠨ 15᠎ᠤ ᠡᠳᠦᠷ᠎ᠦᠨ 17 ᠴᠠᠭ ᠪᠣᠯᠲᠠᠯ᠎ᠠ ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ (https://www.nm.zsks.cn/)᠎ᠶᠢᠨ 《ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ》ᠪᠤᠯᠤᠩ᠎ᠳᠠᠬᠢ 《ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ (ᠪᠢᠴᠢᠭ᠎ᠦᠨ ᠰᠢᠯᠭᠠᠯᠲᠠ)᠎ᠶᠢᠨ ᠬᠢᠷᠢ ᠪᠦᠲᠦᠮᠵᠢ᠎ᠶᠢ ᠳᠠᠬᠢᠨ ᠬᠢᠨᠠᠬᠤ ᠰᠢᠰᠲᠧᠮ》᠎ᠢᠶᠡᠷ ᠳᠡᠮᠵᠢᠨ ᠬᠢᠷᠢ ᠪᠦᠲᠦᠮᠵᠢ᠎ᠶᠢ ᠳᠠᠬᠢᠨ ᠬᠢᠨᠠᠬᠤ ᠭᠤᠶᠤᠴᠢᠯᠠᠯ᠎ᠢᠶᠠᠨ ᠳᠡᠪᠰᠢᠭᠦᠯᠵᠦ ᠪᠣᠯᠬᠤ ᠪᠥᠭᠡᠳ 11 ᠰᠠᠷ᠎ᠠ᠎ᠶᠢᠨ 20᠎ᠤ ᠡᠳᠦᠷ᠎ᠡᠴᠡ 12 ᠰᠠᠷ᠎ᠠ᠎ᠶᠢᠨ 6᠎ᠤ ᠡᠳᠦᠷ᠎ᠦᠨ 17 ᠴᠠᠭ ᠪᠣᠯᠲᠠᠯ᠎ᠠ ᠳᠠᠬᠢᠨ ᠬᠢᠨᠠᠬᠤ ᠰᠢᠰᠲᠧᠮ᠎ᠳᠦ ᠤᠷᠤᠵᠤ ᠦᠷ᠎ᠡ ᠳ᠋ᠦᠡᠭ᠎ᠢ ᠯᠠᠪᠯᠠᠵᠤ ᠪᠤᠯᠤᠨ᠎ᠠ᠃ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠪᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ ᠮᠡᠳᠡᠭᠡ ᠵᠠᠩᠭᠢ᠎ᠶᠢ ᠬᠤᠷᠢᠶᠠᠩᠭᠤᠢᠯᠠᠭᠰᠠᠨᠤ ᠳᠠᠷᠠᠭ᠎ᠠ ᠰᠤᠷᠭᠠᠨ ᠬᠥᠮᠦᠵᠢᠯ᠎ᠦᠨ ᠶᠠᠮᠤᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠳᠦ ᠮᠡᠳᠡᠭᠦᠯᠦᠨ ᠬᠦᠷᠭᠡᠵᠦ ᠨᠢᠭᠡᠳᠦᠯᠲᠡᠢ ᠳᠠᠬᠢᠨ ᠬᠢᠨᠠᠭᠤᠯᠵᠤ᠂ ᠵᠥᠪᠬᠡᠨ ᠳᠠᠩᠰᠠᠯᠠᠭᠤᠯᠤᠭᠰᠠᠨ ᠬᠢᠷᠢ ᠪᠦᠳᠦᠮᠵᠢ᠎ᠶᠢᠨ ᠣᠨᠣᠪᠴᠢᠲᠤ ᠴᠢᠨᠠᠷ᠎ᠢ ᠳᠠᠬᠢᠨ ᠬᠢᠨᠠᠨ᠎ᠠ᠃
ᠰᠢᠯᠭᠠᠭᠤᠯᠤᠭ᠍ᠴᠢ ᠬᠢᠷᠢ ᠪᠦᠲᠦᠮᠵᠢ᠎ᠶᠢ ᠳᠠᠬᠢᠨ ᠬᠢᠨᠠᠭᠤᠯᠬᠤ ᠭᠤᠶᠤᠴᠢᠯᠠᠯ᠎ᠤᠨ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠣᠨᠣᠪᠴᠢᠲᠠᠶ ᠲᠠᠭᠯᠠᠵᠤ᠂ ᠲᠣᠭᠲᠠᠭᠰᠠᠨ ᠴᠠᠭ᠎ᠤᠨ ᠳᠣᠲᠣᠷ᠎ᠠ ᠳᠠᠬᠢᠨ ᠬᠢᠨᠠᠭᠤᠯᠬᠤ ᠭᠤᠶᠤᠴᠢᠯᠠᠯ᠎ᠢᠶᠠᠨ ᠲᠤᠰᠢᠶᠠᠬᠤ ᠬᠡᠷᠡᠭᠲᠡᠢ᠃ ᠲᠣᠭᠲᠠᠭᠠᠭᠰᠠᠨ ᠴᠠᠭ ᠪᠠ ᠠᠷᠭ᠎ᠠ ᠮᠠᠶᠢᠭ᠋᠎ᠢᠶᠠᠷ ᠳᠠᠬᠢᠨ ᠬᠢᠨᠠᠭᠤᠯᠬᠤ ᠭᠤᠶᠤᠴᠢᠯᠠᠯ ᠭᠠᠷᠭᠠᠭᠰᠠᠨ ᠦᠭᠡᠢ ᠪᠤᠶᠤ ᠬᠠᠩᠭᠠᠭᠰᠠᠨ ᠮᠡᠳᠡᠭᠡ ᠵᠠᠩᠭᠢ ᠳ᠋ᠤᠨᠢ ᠠᠯᠳᠠᠭ᠎ᠠ ᠪᠤᠷᠤᠭᠤ᠎ᠲᠠᠢ ᠠ᠋ᠴᠠ ᠪᠣᠯᠵᠤ ᠬᠢᠷᠢ ᠪᠦᠲᠦᠮᠵᠢ᠎ᠶᠢ ᠬᠠᠷᠭᠤᠭᠤᠯᠤᠨ ᠪᠠᠢᠴᠠᠭᠠᠬᠤ᠎ᠶᠢᠨ ᠠᠷᠭ᠎ᠠ ᠦᠭᠡᠢ ᠪᠣᠯᠤᠭᠰᠠᠨ ᠪᠠᠢᠪᠠᠯ᠂ ᠬᠠᠷᠢᠭᠤᠴᠠᠯᠭ᠎ᠠ᠎ᠶᠢ ᠰᠢᠯᠭᠠᠭᠤᠯᠤᠭ᠍ᠴᠢ ᠥᠪᠡᠷ᠎ᠢᠶᠡᠨ ᠡᠭᠦᠷᠭᠡᠯᠡᠨ᠎ᠡ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃