ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠡᠷᠡᠭᠦᠯ ᠡᠩᠬᠡ

2026-10-22 12:06:15

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠪᠤᠯᠤᠨ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠬᠤᠯᠪᠤᠭᠳᠠᠯ ᠪᠦᠬᠦᠢ ᠠᠵᠤ ᠠᠬᠤᠢᠯᠠᠯ ᠢ᠋ ᠵᠤᠬᠢᠶᠠᠨ ᠪᠠᠢᠭᠤᠯᠤᠨ ᠪᠦᠬᠦ ᠤᠷᠤᠨ ᠤ᠋ ᠳᠦᠭᠦᠬᠡᠢ ᠡᠳ᠋ ᠤ᠋ᠨ ᠡᠮ ᠤ᠋ᠨ ᠠᠵᠤ ᠠᠬᠤᠢᠯᠠᠯ ᠤ᠋ᠨ ᠭᠠᠭᠴᠠᠭᠠᠷ ᠡᠵᠡᠮᠰᠢᠬᠦ ᠶ᠋ᠢ ᠡᠰᠡᠷᠭᠦᠴᠡᠨ ᠳᠤᠭᠳᠠᠭᠠᠯ ᠳ᠋ᠤ ᠨᠡᠢᠴᠡᠭᠦᠯᠬᠦ ᠲᠤᠰᠬᠠᠢ ᠪᠤᠯᠪᠠᠰᠤᠷᠠᠯ ᠢ᠋ ᠡᠷᠬᠢᠯᠡᠨ ᠶᠠᠪᠤᠭᠳᠠᠭᠤᠯᠵᠤ᠂ ᠪᠦᠬᠦ ᠤᠷᠤᠨ ᠤ᠋ ᠲᠦᠬᠦᠭᠡᠢ ᠡᠳ᠋ ᠤ᠋ᠨ ᠡᠮ ᠤ᠋ᠨ ᠵᠠᠬ᠎ᠠ ᠳᠡᠯᠭᠡᠭᠦᠷ ᠤ᠋ᠨ ᠡᠮᠬᠢ ᠲᠢᠭᠯᠢᠮ ᠢ᠋ ᠴᠢᠨᠠᠭᠰᠢᠳᠠ ᠵᠢᠷᠦᠮᠵᠢᠭᠤᠯᠪᠠ᠃

ᠲᠤᠰ ᠤᠳᠠᠭ᠎ᠠ ᠵᠢᠨ ᠪᠤᠯᠪᠠᠰᠤᠷᠠᠯ ᠳ᠋ᠤ ᠪᠦᠬᠦ ᠤᠷᠤᠨ ᠤ᠋ 68 ᠠᠵᠤ ᠠᠬᠤᠢᠯᠠᠯ ᠤ᠋ᠨ ᠬᠢᠨ ᠰᠦᠯᠵᠢᠶ᠎ᠠ ᠬᠢᠭᠡᠳ ᠲᠤᠬᠠᠢ ᠶ᠋ᠢᠨ ᠲᠠᠯᠠᠪᠤᠷ ᠢ᠋ ᠤᠶᠠᠯᠳᠤᠭᠤᠯᠬᠤ ᠬᠡᠯᠪᠡᠷᠢ ᠪᠡᠷ ᠤᠷᠤᠯᠴᠠᠵᠤ᠂ ᠬᠠᠷᠢᠶ᠎ᠠ ᠤᠷᠤᠨ ᠤ᠋ ᠳᠦᠭᠦᠭᠡᠢ ᠡᠳ᠋ ᠤ᠋ᠨ ᠡᠮ ᠦᠢᠯᠡᠳᠪᠤᠷᠢᠯᠡᠬᠦ ᠠᠵᠤ ᠠᠬᠤᠢᠯᠠᠯ ᠢ᠋ ᠪᠦᠬᠦᠨ ᠢ᠋ ᠬᠠᠮᠤᠷᠴᠠᠢ᠃ ᠪᠤᠯᠪᠠᠰᠤᠷᠠᠯ ᠳ᠋ᠤ ᠭᠠᠭᠴᠠᠭᠠᠷ ᠡᠵᠡᠮᠰᠢᠬᠦ ᠶ᠋ᠢ ᠡᠰᠡᠷᠭᠦᠴᠡᠬᠦ ᠲᠤᠰᠬᠠᠢ ᠮᠡᠷᠭᠡᠵᠢᠯᠳᠡᠨ ᠢ᠋ ᠤᠷᠢᠨ ᠬᠢᠴᠢᠶᠡᠯᠯᠡᠵᠦ᠂ ᠬᠢᠴᠢᠶᠡᠯ ᠨᠢ ᠳᠦᠬᠦᠭᠡᠢ ᠡᠳ᠋ ᠤ᠋ᠨ ᠡᠮ ᠤ᠋ᠨ ᠠᠵᠢᠯ ᠲᠦᠷᠦᠯ ᠤ᠋ᠨ ᠬᠢᠨᠠᠯᠳᠠ ᠬᠠᠮᠢᠶᠠᠷᠤᠯᠳᠠ ᠶ᠋ᠢᠨ ᠦᠢᠯᠡᠳᠦᠯᠭᠡ ᠲᠠᠢ ᠨᠢᠭᠳᠠ ᠤᠶᠠᠯᠳᠤᠭᠤᠯᠤᠨ᠂ ᠲᠦᠭᠦᠭᠡᠢ ᠡᠳ᠋ ᠤ᠋ᠨ ᠡᠮ ᠤ᠋ᠨ ᠬᠦᠷᠢᠶᠡᠨ ᠤ᠋ ᠭᠠᠭᠴᠠᠭᠠᠷ ᠡᠵᠡᠮᠰᠢᠬᠦ ᠠᠵᠢᠯᠯᠠᠭ᠎ᠠ ᠶ᠋ᠢᠨ ᠤᠨᠴᠠᠯᠢᠭ ᠬᠢᠭᠡᠳ ᠬᠠᠤᠯᠢ ᠬᠡᠷᠡᠭᠵᠢᠭᠦᠯᠬᠦ ᠪᠤᠳᠠᠳᠤ ᠶᠠᠪᠤᠳᠠᠯ᠂ ᠭᠠᠭᠴᠠᠭᠠᠷ ᠡᠵᠡᠮᠰᠢᠬᠦ ᠵᠦᠪᠯᠡᠯᠴᠡᠭᠡᠷ᠂ ᠵᠠᠬ᠎ᠠ ᠳᠡᠯᠭᠡᠭᠦᠷ ᠢ᠋ ᠡᠵᠡᠮᠰᠢᠬᠦ ᠪᠠᠢᠷᠢ ᠰᠠᠭᠤᠷᠢ ᠪᠡᠨ ᠳᠤᠷ᠎ᠠ ᠪᠡᠷ ᠬᠡᠷᠡᠭᠯᠡᠬᠦ᠂ ᠡᠵᠡᠩᠨᠡᠭᠴᠢ ᠲᠦᠪᠯᠡᠷᠡᠭᠦ᠂ ᠠᠵᠤ ᠠᠬᠤᠢᠯᠠᠯ ᠤ᠋ᠨ ᠭᠠᠭᠴᠠᠭᠠᠷ ᠡᠵᠡᠮᠰᠢᠬᠦ ᠶ᠋ᠢ ᠡᠰᠡᠷᠭᠦᠴᠡᠨ ᠳᠤᠭᠳᠠᠭᠠᠯ ᠳ᠋ᠤ ᠨᠡᠢᠴᠡᠭᠦᠯᠬᠦ ᠰᠢᠰᠲᠧᠮ ᠤ᠋ᠨ ᠪᠠᠢᠭᠤᠯᠤᠯᠳᠠ ᠵᠡᠷᠭᠡ ᠭᠤᠤᠯᠳᠠᠯᠭ᠎ᠠ ᠲᠠᠢ ᠠᠭᠤᠯᠭ᠎ᠠ ᠶ᠋ᠢ ᠰᠢᠰᠲᠧᠮ ᠲᠠᠢ ᠲᠠᠢᠯᠪᠤᠷᠢᠯᠡᠵᠠᠢ᠃ ᠲᠤᠬᠠᠢ ᠶ᠋ᠢᠨ ᠲᠠᠯᠠᠪᠤᠷ ᠲᠤ᠌ ᠪᠠᠰᠠ ᠭᠠᠭᠴᠠᠭᠠᠷ ᠡᠵᠡᠮᠰᠢᠬᠦ ᠶ᠋ᠢ ᠡᠰᠡᠷᠭᠦᠴᠡᠨ ᠳᠤᠭᠳᠠᠭᠠᠯ ᠳ᠋ᠤ ᠨᠡᠢᠴᠡᠭᠦᠯᠬᠦ ᠰᠠᠨᠠᠭᠤᠯᠤᠮᠵᠢ ᠶ᠋ᠢᠨ ᠰᠠᠷᠡᠮᠵᠢᠯᠡᠭᠦᠯᠦᠯ ᠭᠠᠷᠭᠠᠨ᠂ ᠠᠵᠤ ᠠᠬᠤᠢᠯᠠᠯ ᠳ᠋ᠤ ᠰᠡᠷᠡᠮᠵᠢᠯᠡᠭᠦᠯᠦᠯ ᠤ᠋ᠨ ᠪᠢᠴᠢᠭ ᠲᠠᠷᠬᠠᠭᠠᠵᠤ᠂ ᠡᠵᠡᠩᠨᠡᠯᠳᠡ ᠶ᠋ᠢᠨ ᠬᠤᠷᠢᠭ᠎ᠠ ᠱᠤᠭᠤᠮ ᠢ᠋ ᠲᠤᠳᠤᠷᠬᠠᠢᠯᠠᠨ᠂ ᠠᠵᠤ ᠠᠬᠤᠢᠯᠠᠯ ᠤ᠋ᠨ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠬᠢᠴᠢᠶᠡᠬᠦ᠂ ᠬᠤᠷᠢᠭ᠎ᠠ ᠱᠤᠭᠤᠮ ᠢ᠋ ᠰᠠᠬᠢᠬᠤ ᠶ᠋ᠢ ᠬᠦᠲᠦᠯᠦᠨ ᠵᠢᠯᠤᠭᠤᠳᠴᠤ᠂ ᠪᠡᠶᠡᠴᠢ ᠴᠤᠭᠴᠠ ᠶ᠋ᠢᠨ ᠬᠠᠷᠢᠭᠤᠴᠠᠯᠭ᠎ᠠ ᠪᠡᠨ ᠦᠨᠡᠨ ᠬᠦ᠌ ᠡᠭᠦᠷᠭᠡᠯᠡᠬᠦ ᠶ᠋ᠢ ᠱᠠᠭᠠᠷᠳᠠᠪᠠ᠃ ᠪᠤᠯᠪᠠᠰᠤᠷᠠᠯ ᠳ᠋ᠤ ᠤᠷᠤᠯᠴᠠᠭᠰᠠᠨ ᠠᠵᠤ ᠠᠬᠤᠢᠯᠠᠯ ᠤ᠋ᠨ ᠬᠢᠨ ᠲᠤᠰ ᠤᠳᠠᠭ᠎ᠠ ᠵᠢᠨ ᠪᠤᠯᠪᠠᠰᠤᠷᠠᠯ ᠶ᠋ᠢᠡᠷ ᠳᠤᠬᠢᠶᠠᠯ ᠪᠤᠯᠭᠠᠨ ᠲᠤᠳᠤᠭᠠᠳᠤ ᠶ᠋ᠢᠨ ᠲᠦᠭᠰᠢᠭᠦᠷᠢ ᠶ᠋ᠢ ᠰᠡᠷᠭᠡᠢᠯᠡᠬᠦ ᠳᠤᠭᠳᠠᠴᠠ ᠶ᠋ᠢ ᠴᠢᠨᠠᠭᠰᠢᠳᠠ ᠲᠡᠭᠦᠯᠳᠡᠷᠵᠢᠭᠦᠯᠦᠨ᠂ ᠲᠦᠪ ᠭᠤᠤᠯᠴᠢ ᠪᠡᠷ ᠦᠷᠢᠰᠦᠯᠳᠦᠬᠦ ᠬᠤᠷᠢᠭ᠎ᠠ ᠱᠤᠭᠤᠮ ᠢ᠋ ᠪᠠᠳᠤ ᠰᠠᠬᠢᠵᠤ᠂ ᠠᠵᠢᠯ ᠲᠦᠷᠦᠯ ᠤ᠋ᠨ ᠡᠷᠡᠭᠦᠯ ᠪᠦᠭᠡᠳ ᠡᠮᠬᠢ ᠵᠢᠷᠦᠮ ᠲᠠᠢ ᠬᠦᠭᠵᠢᠬᠦ ᠶ᠋ᠢ ᠠᠬᠢᠭᠤᠯᠤᠨ᠎ᠠ ᠭᠡᠵᠦ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面