ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠡᠷᠡᠭᠦᠯ ᠡᠩᠬᠡ

2026-10-24 17:40:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠠᠮᠠᠷ᠎ᠤᠨ ᠸᠢᠷᠦ᠋ᠰ ᠪᠣᠯ ᠠᠮᠢᠰᠬᠤᠯ᠎ᠤᠨ ᠵᠠᠮ᠎ᠤᠨ ᠬᠠᠯᠳᠠᠪᠤᠷᠢᠯᠠᠯ᠎ᠤᠨ ᠳᠤᠮᠳᠠ ᠦᠷᠭᠦᠯᠵᠢ ᠲᠣᠬᠢᠶᠠᠯᠳᠤᠳᠠᠭ ᠡᠪᠡᠳᠴᠢᠨ ᠡᠭᠦᠰᠬᠡᠭᠴᠢ᠎ᠶᠢᠨ ᠨᠢᠭᠡ ᠮᠥᠨ᠂ ᠪᠠᠰᠠ ᠴᠤ᠌ ᠡᠩ᠎ᠦᠨ ᠲᠠᠭᠰᠢᠭᠤᠷ᠎ᠢ ᠡᠭᠦᠰᠬᠡᠬᠦ ᠭᠣᠣᠯ ᠸᠢᠷᠦ᠋ᠰ ᠮᠥᠨ᠃ ᠬᠠᠮᠠᠷ᠎ᠤᠨ ᠸᠢᠷᠦ᠋ᠰ᠎ᠦᠨ ᠬᠠᠯᠳᠠᠪᠤᠷᠢᠯᠠᠯ᠎ᠤᠨ ᠬᠠᠮᠤᠭ᠎ᠤᠨ ᠨᠡᠢᠲᠡᠯᠢᠭ ᠢᠯᠡᠷᠡᠯ ᠨᠢ ᠳᠡᠭᠡᠳᠦ ᠠᠮᠢᠰᠬᠤᠯ᠎ᠤᠨ ᠵᠠᠮ᠎ᠳᠤ ᠲᠥᠪᠯᠡᠷᠡᠵᠦ ᠪᠠᠢᠳᠠᠬ᠃ ᠡᠪᠡᠳᠴᠢᠲᠡᠨ ᠬᠠᠮᠠᠷ ᠪᠥᠭᠯᠡᠷᠡᠬᠦ᠂ ᠨᠢᠰᠤ ᠭᠣᠭᠣᠵᠢᠬᠤ᠂ ᠨᠠᠢᠲᠠᠭᠠᠬᠤ ᠵᠡᠷᠭᠡ ᠬᠠᠮᠠᠷ᠎ᠤᠨ ᠬᠡᠰᠡᠭ᠎ᠦᠨ ᠡᠪᠡᠳᠴᠢᠨ᠎ᠦ ᠢᠯᠡᠷᠡᠯ᠎ᠲᠠᠢ᠂ ᠵᠠᠷᠢᠮ ᠬᠡᠦᠬᠡᠳ ᠪᠠᠰᠠ ᠬᠤᠭᠤᠯᠠᠢ ᠡᠪᠡᠳᠬᠦ᠂ ᠬᠥᠩᠭᠡᠪᠲᠦᠷ ᠬᠠᠨᠢᠶᠠᠬᠤ᠂ ᠳᠠᠭᠤ ᠰᠥᠭᠡᠩᠭᠢᠲᠦᠬᠦ ᠪᠤᠶᠤ ᠬᠠᠯᠠᠭᠤᠷᠠᠬᠤ ᠵᠡᠷᠭᠡ ᠢᠯᠡᠷᠡᠯ᠎ᠲᠠᠢ ᠪᠠᠢᠳᠠᠭ᠃

ᠡᠭᠡᠯᠢᠯᠡᠭᠡ᠎ᠶᠢᠨ ᠴᠢᠳᠠᠪᠤᠷᠢ ᠳᠣᠣᠷ᠎ᠠ ᠬᠥᠮᠥᠰ᠂ ᠬᠢᠷᠬᠢᠷ᠎ᠠ᠂ ᠰᠠᠯᠪᠤᠷᠢ ᠮᠥᠭᠡᠷᠰᠦᠨ ᠬᠣᠭᠣᠯᠠᠢ ᠪᠤᠯᠤᠨ ᠠᠭᠤᠰᠬᠢᠨ᠎ᠤ ᠪᠣᠶ᠋ᠢᠵᠢᠯᠲᠠ ᠮᠠᠭᠤ ᠵᠡᠷᠭᠡ ᠤᠳᠠᠭᠠᠨ ᠴᠢᠨᠠᠷᠲᠠᠢ ᠠᠮᠢᠰᠬᠤᠯ᠎ᠤᠨ ᠰᠢᠰᠲᠧᠮ᠎ᠦᠨ ᠡᠪᠡᠳᠴᠢᠨ᠎ᠲᠠᠢ ᠬᠥᠮᠥᠰ᠂ 3 ᠨᠠᠰᠤᠨ᠎ᠠᠴᠠ ᠳᠣᠷᠣᠭ᠍ᠰᠢᠬᠢ ᠨᠢᠯᠬ᠎ᠠ ᠬᠡᠦᠬᠡᠳ ᠵᠢᠴᠢ ᠤᠳᠠᠭᠠᠨ ᠴᠢᠨᠠᠷᠲᠠᠢ ᠠᠭᠤᠰᠬᠢᠨ᠎ᠤ ᠡᠪᠡᠳᠴᠢᠨ ᠳᠠᠪᠬᠤᠴᠠᠭᠰᠠᠨ ᠨᠠᠰᠤᠲᠠᠢᠴᠤᠳ᠂ ᠬᠠᠮᠠᠷ᠎ᠤᠨ ᠸᠢᠷᠦ᠋ᠰ ᠬᠠᠯᠳᠠᠪᠤᠷᠢᠯᠠᠭᠰᠠᠨ᠎ᠤ ᠳᠠᠷᠠᠭ᠎ᠠ ᠡᠪᠡᠳᠴᠢᠨ᠎ᠦ ᠪᠠᠢᠳᠠᠯ᠎ᠤᠨ ᠬᠤᠪᠢᠷᠠᠯᠲᠠ᠎ᠶᠢ ᠨᠠᠩ ᠢᠯᠡᠭᠦᠦ ᠠᠩᠬᠠᠷᠴᠤ᠂ ᠬᠢᠷᠬᠢᠷ᠎ᠡ᠎ᠶᠢ ᠲᠦᠷᠭᠡᠨ ᠴᠢᠨᠠᠷᠲᠠᠢ ᠪᠡᠷ ᠬᠥᠳᠡᠯᠭᠡᠵᠦ ᠮᠡᠳᠡᠬᠦ ᠪᠥᠭᠡᠳ ᠴᠢᠨᠠᠭᠰᠢᠯᠠᠪᠠᠯ ᠠᠭᠤᠰᠬᠢᠨ ᠦᠷᠪᠢᠰᠦᠯ ᠪᠣᠯᠵᠤ ᠮᠡᠳᠡᠨ᠎ᠡ᠃

ᠬᠡᠷᠪᠡ ᠦᠷᠭᠦᠯᠵᠢᠯᠡᠨ ᠶᠡᠬᠡᠪᠡᠷ ᠬᠠᠯᠠᠭᠤᠷᠠᠭᠠᠳ ᠪᠠᠭᠤᠷᠠᠬᠤ ᠦᠭᠡᠢ᠂ ᠠᠮᠢᠰᠬᠤᠯ ᠲᠦᠷᠭᠡᠰᠬᠦ᠂ ᠪᠡᠶ᠎ᠠ ᠠᠨᠠᠢ᠂ ᠢᠳᠡᠬᠦ ᠤᠤᠭᠤᠬᠤ ᠨᠢ ᠢᠯᠡᠷᠬᠡᠢ ᠪᠠᠭᠠᠰᠬᠤ ᠵᠡᠷᠭᠡ ᠪᠠᠢᠳᠠᠯ ᠢᠯᠡᠷᠡᠪᠡᠯ ᠴᠠᠭ ᠲᠤᠬᠠᠢ ᠳ᠋ᠤᠨᠢ ᠡᠮᠨᠡᠭᠦᠯᠬᠦ ᠬᠡᠷᠡᠭᠲᠡᠢ᠃

ᠰᠡᠷᠭᠡᠢᠯᠡᠬᠦ ᠰᠠᠨᠠᠭᠤᠯᠤᠮᠵᠢ

1. ᠬᠤᠪᠢ ᠬᠥᠮᠥᠨ᠎ᠦ ᠡᠷᠡᠭᠦᠯ ᠬᠠᠮᠠᠭᠠᠯᠠᠯ᠎ᠢ ᠠᠩᠬᠠᠷᠤᠨ᠎ᠠ᠄ ᠭᠠᠷ᠎ᠢᠶᠠᠨ ᠦᠷᠭᠦᠯᠵᠢ ᠤᠬᠢᠶᠠᠵᠤ᠂ ᠰᠠᠪᠤᠩ ᠪᠤᠶᠤ ᠭᠠᠷ ᠤᠬᠢᠶᠠᠬᠤ ᠰᠢᠩᠭᠡᠨ᠎ᠢ ᠬᠡᠷᠡᠭᠯᠡᠵᠦ᠂  ᠤᠷᠤᠰᠬᠠᠯ ᠤᠰᠤ ᠪᠡᠷ ᠤᠬᠢᠶᠠᠵᠤ ᠴᠡᠪᠡᠷᠯᠡᠨ᠎ᠡ᠃ ᠬᠠᠨᠢᠶᠠᠬᠤ ᠪᠤᠶᠤ ᠨᠠᠢᠲᠠᠭᠠᠬᠤ ᠦᠶ᠎ᠡ᠎ᠳᠦ ᠴᠠᠭᠠᠰᠤ᠂ ᠠᠯᠴᠢᠭᠤᠷ ᠵᠡᠷᠭᠡ᠎ᠪᠡᠷ ᠠᠮᠠ ᠬᠠᠮᠠᠷ᠎ᠢᠶᠠᠨ ᠬᠠᠯᠬᠠᠯᠠᠪᠠᠯ ᠵᠤᠬᠢᠨ᠎ᠠ᠃

2.ᠬᠤᠪᠢ ᠬᠥᠮᠥᠨ᠎ᠦ ᠬᠠᠮᠠᠭᠠᠯᠠᠯᠲᠠ᠎ᠶᠢ ᠰᠠᠢᠲᠤᠷ ᠬᠢᠨ᠎ᠠ᠄ ᠬᠥᠮᠥᠨ ᠣᠯᠠᠨᠳᠠᠢ ᠭᠠᠵᠠᠷ᠎ᠲᠤ ᠬᠦᠷᠬᠦ ᠪᠤᠶᠤ ᠣᠯᠠᠨ ᠨᠡᠶ᠋ᠢᠲᠡ᠎ᠶᠢᠨ ᠵᠠᠮ ᠬᠠᠷᠢᠯᠴᠠᠭ᠎ᠠ᠎ᠳᠤ ᠰᠠᠭᠤᠬᠤ᠎ᠳᠠᠭᠠᠨ ᠠᠮᠠᠪᠴᠢ ᠵᠡᠭᠦᠬᠦ᠎ᠵᠢ ᠪᠠᠷᠢᠮᠳᠠᠯᠠᠵᠦ᠂ ᠭᠠᠳᠠᠭ᠍ᠰᠢ ᠭᠠᠷᠬᠤ᠎ᠳᠠᠭᠠᠨ ᠠᠷᠢᠭᠤᠳᠬᠠᠬᠤ ᠨᠣᠢᠲᠠᠨ ᠠᠯᠴᠢᠭᠤᠷ ᠪᠠ ᠥᠯᠥ ᠤᠬᠢᠶᠠᠬᠤ ᠭᠠᠷ ᠠᠷᠢᠭᠤᠳᠬᠠᠬᠤ ᠰᠢᠩᠭᠡᠨ᠎ᠢ ᠰᠠᠢᠲᠤᠷ ᠪᠡᠯᠡᠳᠬᠡᠵᠦ᠂ ᠲᠡᠷᠭᠡ ᠬᠦᠯᠢᠶᠡᠬᠦ᠎ᠳᠡᠭᠡᠨ ᠠᠯᠢ ᠴᠢᠳᠠᠬᠤ᠎ᠪᠠᠷ ᠪᠤᠰᠤᠳ ᠬᠥᠮᠥᠨ᠎ᠲᠠᠢ ᠵᠠᠢᠳᠠᠢ  ᠪᠠᠢᠪᠠᠯ ᠵᠤᠬᠢᠨ᠎ᠠ᠃

3.ᠪᠡᠶ᠎ᠡ ᠮᠠᠬᠠᠪᠤᠳ ᠎ᠢᠶᠠᠨ ᠴᠢᠭᠢᠷᠠᠭᠵᠢᠭᠤᠯᠵᠤ᠂ ᠪᠡᠶ᠎ᠡ᠎ᠪᠡᠨ ᠪᠣᠯᠪᠠᠰᠤᠷᠠᠭᠤᠯᠤᠨ᠎ᠠ᠄ ᠢᠳᠡᠭᠡᠨ ᠤᠮᠳᠠᠭᠠᠨ᠎ᠢᠶᠠᠨ ᠲᠡᠩᠴᠡᠭᠦᠷᠢᠲᠡᠢ ᠪᠠᠢᠯᠭᠠᠵᠤ᠂ ᠰᠢᠨ᠎ᠡ ᠰᠣᠷᠭᠣᠭ ᠨᠣᠭᠣᠭ᠎ᠠ ᠵᠢᠮᠢᠰ᠎ᠢ ᠢᠯᠡᠭᠦᠬᠡᠨ ᠢᠳᠡᠵᠦ᠂ ᠭᠡᠷ᠎ᠦᠨ ᠭᠠᠳᠠᠨ᠎ᠠ ᠵᠣᠬᠢᠰᠲᠠᠢ ᠬᠥᠳᠡᠯᠭᠡᠭᠡᠨ ᠬᠢᠵᠦ᠂ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠤᠨ᠂ ᠡᠭᠡᠯᠢᠯᠡᠭᠡ᠎ᠶᠢᠨ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃

4.ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠪᠠᠲᠤᠯᠠᠬᠤ ᠪᠠ ᠰᠠᠯᠬᠢ ᠨᠡᠪᠲᠡᠷᠡᠭᠦᠯᠤᠨ᠎ᠠ᠄ ᠡᠳᠦᠷ ᠪᠦᠷᠢ ᠲᠣᠭᠲᠠᠭᠰᠠᠨ ᠴᠠᠭ᠎ᠲᠤ ᠴᠣᠩᠬᠣ᠌᠎ᠪᠠᠨ ᠨᠡᠭᠡᠭᠡᠵᠦ ᠰᠠᠯᠬᠢ ᠨᠡᠪᠲᠡᠷᠡᠭᠦᠯᠤᠨ᠎ᠠ; ᠡᠭᠦᠳᠡᠨ᠎ᠦ ᠪᠠᠷᠢᠭᠤᠯ᠂ ᠨᠡᠭᠡᠭᠡᠯᠭᠡ᠂ ᠰᠢᠷᠡᠭᠡᠨ ᠨᠢᠭᠤᠷ ᠵᠡᠷᠭᠡ ᠭᠠᠷ ᠵᠢᠡᠷ ᠤᠯᠠᠨᠳᠠ ᠬᠦᠷᠦᠯᠴᠡᠳᠡᠭ ᠵᠦᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠠᠷᠢᠭᠤᠳᠬᠠᠨ᠎ᠠ᠃

ᠢᠷᠡᠯᠲᠡ ᠄ ᠥᠪᠥᠷ ᠮᠣᠩᠭᠣᠯ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠵᠢᠷᠬᠢᠶ᠎ᠡ ᠵᠢᠨ ᠲᠠᠪᠴᠠᠩ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面