ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠡᠷᠡᠭᠦᠯ ᠡᠩᠬᠡ

2026-10-29 20:32:33

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠮᠡᠳᠡᠭᠳᠡᠯ ᠨᠡᠢᠲᠡᠯᠡᠵᠦ᠂ ᠪᠤᠭᠤᠲᠤ ᠬᠣᠲᠠ᠎ᠶᠢᠨ ᠬᠢᠲᠠᠳ ᠡᠮ᠎ᠦᠨ ᠤᠮᠠᠷᠠᠲᠤ᠎ᠶᠢᠨ ᠡᠮᠨᠡᠯᠭᠡ᠎ᠶᠢᠨ ᠬᠣᠷᠢᠶ᠎ᠠ᠂ ᠤᠯᠠᠭᠠᠨᠴᠠᠪ ᠬᠣᠲᠠ᠎ᠶᠢᠨ ᠭᠤᠤᠯ ᠡᠮᠨᠡᠯᠭᠡ᠎ᠶᠢᠨ ᠬᠣᠷᠢᠶ᠎ᠠ᠂ ᠰᠢᠯᠢ᠎ᠶᠢᠨ ᠭᠣᠣᠯ ᠠᠢᠮᠠᠭ᠎ᠤᠨ ᠭᠤᠤᠯ ᠡᠮᠨᠡᠯᠭᠡ᠎ᠶᠢᠨ ᠬᠣᠷᠢᠶ᠎ᠠ᠂ ᠲᠦᠩᠯᠢᠶᠣᠣ ᠬᠣᠲᠠ᠎ᠶᠢᠨ ᠠᠷᠠᠳ᠎ᠤᠨ ᠡᠮᠨᠡᠯᠭᠡ᠎ᠶᠢᠨ ᠬᠣᠷᠢᠶ᠎ᠠ ᠵᠡᠷᠭᠡ 4 ᠡᠮᠴᠢᠯᠡᠭᠡᠨ᠎ᠦ ᠪᠠᠢᠭᠤᠯᠤᠮᠵᠢ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶᠢᠨ ᠨᠠᠰᠤᠲᠠᠢᠴᠤᠳ᠎ᠤᠨ ᠠᠨᠠᠭᠠᠬᠤ ᠤᠬᠠᠭᠠᠨ᠎ᠤ ᠲᠥᠪ ᠪᠣᠯᠭᠠᠬᠤ᠎ᠪᠠᠷ ᠲᠤᠭᠲᠠᠪᠠ᠃  

ᠲᠣᠰ ᠤᠳᠠᠭᠠᠨ᠎ᠤ ᠨᠡᠷᠡᠰ᠎ᠢ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ 《ᠨᠠᠰᠤᠲᠠᠢᠴᠤᠳ᠎ᠤᠨ ᠠᠨᠠᠭᠠᠬᠤ ᠤᠬᠠᠭᠠᠨ᠎ᠤ ᠡᠮᠴᠢᠯᠡᠭᠡᠨ᠎ᠦ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ ᠲᠤᠬᠠᠢ ᠮᠡᠳᠡᠭᠳᠡᠯ》᠂ 《ᠨᠠᠰᠤᠲᠠᠢᠴᠤᠳ᠎ᠤᠨ ᠠᠨᠠᠭᠠᠬᠤ ᠤᠬᠠᠭᠠᠨ᠎ᠤ ᠰᠠᠯᠠᠭ᠎ᠠ᠎ᠶᠢᠨ ᠪᠠᠢᠭᠤᠯᠤᠯᠲᠠ ᠬᠢᠭᠡᠳ ᠬᠠᠮᠢᠶᠠᠷᠤᠯᠲᠠ᠎ᠶᠢᠨ ᠵᠦᠭᠯᠡᠭᠦᠷ(2025 ᠤᠨ)》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶᠢᠨ ᠨᠠᠰᠤᠲᠠᠢᠴᠤᠳ ᠤ᠋ᠨ ᠠᠨᠠᠭᠠᠬᠤ ᠤᠬᠠᠭᠠᠨ᠎ᠤ ᠲᠥᠪ᠎ᠦᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ》 ᠢ᠋ ᠦᠨᠳᠦᠰᠦᠯᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠨᠢ ᠭᠤᠶᠤᠴᠢᠯᠠᠨ ᠮᠡᠳᠡᠭᠦᠯᠬᠦ᠂ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠂ ᠥᠪᠡᠰᠦᠪᠡᠨ ᠦᠨᠡᠯᠡᠨ ᠮᠡᠳᠡᠭᠦᠯᠵᠦ ᠭᠤᠶᠤᠴᠢᠯᠠᠨ ᠮᠡᠳᠡᠭᠦᠯᠬᠦ᠂ ᠱᠠᠲᠤ ᠳᠠᠷᠠᠭᠠᠯᠠᠨ ᠬᠢᠨᠠᠨ ᠬᠠᠷᠭᠤᠭᠤᠯᠬᠤ᠂ ᠲᠤᠰᠬᠠᠢ ᠮᠡᠷᠭᠡᠵᠢᠯᠲᠡᠨ ᠲᠥᠪᠯᠡᠷᠡᠭᠦᠯᠦᠨ ᠦᠨᠡᠯᠡᠨ ᠵᠢᠱ᠌ᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ ᠵᠢᠩᠬᠢᠨᠢ᠎ᠪᠡᠷ ᠨᠡᠢᠲᠡᠯᠡᠪᠡ᠃

ᠮᠡᠳᠡᠭᠳᠡᠯ ᠳ᠋ᠤ᠂ ᠡᠯ᠎ᠡ ᠣᠷᠣᠨ ᠪᠦᠰᠡ᠎ᠶᠢᠨ ᠨᠠᠰᠤᠲᠠᠢᠴᠤᠳ᠎ᠤᠨ ᠠᠨᠠᠭᠠᠬᠤ ᠤᠬᠠᠭᠠᠨ᠎ᠤ ᠲᠥᠪ ᠦ᠋ᠨ ᠬᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠢᠴᠢᠯᠠᠬᠤ ᠦᠢᠯᠡᠳᠦᠯ᠎ᠢᠶᠡᠨ ᠪᠠᠳᠠᠷᠠᠭᠤᠯᠵᠤ᠂ ᠨᠠᠰᠤᠲᠠᠢᠴᠤᠳ᠎ᠤᠨ ᠡᠪᠡᠳᠴᠢᠨ ᠡᠮᠭᠡᠭ᠎ᠢ ᠶᠡᠷᠦᠩᠬᠡᠢᠯᠡᠨ ᠣᠨᠣᠰᠢᠯᠠᠨ ᠡᠮᠴᠢᠯᠡᠬᠦ᠂ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ ᠵᠡᠷᠭᠡ ᠠᠵᠢᠯ᠎ᠢ ᠭᠣᠣᠯᠳᠠᠯᠭ᠎ᠠ᠎ᠲᠠᠢ ᠠᠬᠢᠭᠤᠯᠵᠤ᠂ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠦᠢᠯᠡᠴᠢᠯᠡᠭᠡᠨ᠎ᠦ ᠴᠢᠳᠠᠪᠤᠷᠢ ᠶ᠋ᠢ ᠳᠡᠭᠡᠭᠰᠢᠯᠡᠭᠦᠯᠵᠦ᠂ ᠣᠷᠣᠨ ᠪᠦᠰᠡ᠎ᠶᠢᠨ ᠨᠠᠰᠤᠲᠠᠢᠴᠤᠳ᠎ᠤᠨ ᠡᠮᠴᠢᠯᠡᠭᠡᠨ᠎ᠦ ᠦᠢᠯᠡᠴᠢᠯᠡᠭᠡ᠎ᠶᠢ ᠢᠵᠢᠯᠰᠢᠭᠦᠯᠦᠨ ᠬᠥᠭᠵᠢᠭᠦᠯᠬᠦ ᠶ᠋ᠢ ᠠᠬᠢᠭᠤᠯᠬᠤ ᠬᠡᠷᠡᠭᠲᠡᠢ᠃ ᠡᠯ᠎ᠡ ᠠᠢᠮᠠᠭ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠨᠢ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠵᠤ᠂ ᠬᠠᠷᠢᠶ᠎ᠠ ᠣᠷᠣᠨ᠎ᠤ ᠨᠠᠰᠤᠲᠠᠢᠴᠤᠳ᠎ᠤᠨ ᠠᠨᠠᠭᠠᠬᠤ ᠤᠬᠠᠭᠠᠨ᠎ᠤ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶᠢ ᠠᠬᠢᠭᠤᠯᠤᠨ᠂ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠰᠢᠯᠢᠳᠡᠭᠵᠢᠭᠦᠯᠵᠦ᠂ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠦᠢᠯᠡᠴᠢᠯᠡᠭᠡᠨ᠎ᠤ ᠱᠠᠭᠠᠷᠳᠠᠯᠭ᠎ᠠ ᠵᠢ ᠬᠠᠨᠭᠭᠠᠬᠤ ᠬᠡᠷᠡᠭᠳᠡᠢ ᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠦᠪᠦᠷ ᠮᠤᠨᠭᠭᠤᠯ᠎ᠤᠨ ᠡᠳᠦᠷ᠎ᠤᠨ ᠰᠤᠨᠢᠨ ᠤ᠋ ᠵᠢᠷᠬᠢᠶ᠎ᠠ ᠵᠢᠨ ᠳᠠᠪᠴᠠᠡᠭ
兼容浏览器的HTML页面