ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠡᠷᠡᠭᠦᠯ ᠡᠩᠬᠡ

2026-11-02 17:32:23

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2026 ᠣᠨ᠎ᠳᠤ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ᠎ᠶᠢᠨ ᠬᠢᠨ ᠪᠦᠬᠦ ᠤᠯᠤᠰ᠎ᠤᠨ ᠡᠮᠡᠭᠲᠡᠢᠴᠦᠳ᠎ᠦᠨ ᠬᠣᠯᠪᠣᠭ᠎ᠠ᠎ᠶᠢᠨ ᠲᠥᠪ᠎ᠦᠨ ᠲᠤᠰᠬᠠᠢ ᠬᠣᠨᠵᠢᠪᠤᠷᠢᠲᠤ ᠰᠤᠭᠤᠯᠤᠭ᠎ᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠮᠥᠩᠭᠥ ᠶ᠋ᠢᠨ ᠳᠡᠮᠵᠢᠯᠭᠡ᠎ᠶᠢ ᠣᠯᠬᠤ᠎ᠪᠠᠷ ᠢᠳᠡᠪᠬᠢᠲᠡᠢ ᠴᠢᠷᠮᠠᠢᠵᠤ᠂ ᠬᠠᠢᠷ᠎ᠠ ᠬᠠᠯᠠᠮᠵᠢ ᠶ᠋ᠢᠨ ᠠᠵᠤ ᠠᠬᠤᠢᠯᠠᠯ᠎ᠤᠨ ᠨᠡᠶ᠋ᠢᠲᠡ᠎ᠶᠢᠨ ᠠᠰᠠᠷᠠᠮᠵᠢ᠎ᠶᠢᠨ ᠬᠠᠨᠳᠢᠪ᠎ᠢ ᠰᠢᠩᠭᠡᠬᠡᠨ ᠠᠪᠴᠤ᠂《ᠬᠣᠶᠠᠷ ᠥᠮᠡᠨ》᠎ᠤ ᠠᠪᠤᠷᠠᠨ ᠲᠤᠰᠠᠯᠠᠬᠤ ᠪᠡᠯᠡ ᠮᠥᠩᠭᠥ᠎ᠶᠢ ᠨᠡᠢ᠍ᠢᠳᠡ 2104 ᠲᠦᠮᠡᠨ ᠲᠥᠭᠥᠷᠢᠭ ᠴᠤᠭᠯᠠᠭᠤᠯᠵᠤ᠂ 2026 ᠣᠨ᠎ᠤ ᠨᠥᠬᠥᠴᠡᠯ᠎ᠳᠦ ᠨᠡᠢᠴᠡᠬᠦ ᠣᠷᠣᠯᠭ᠎ᠠ ᠪᠠᠭᠠᠲᠠᠢ 《ᠬᠣᠶᠠᠷ ᠥᠮᠡᠨ》᠎ᠳᠦ ᠨᠡᠷᠪᠡᠭᠳᠡᠭᠰᠡᠨ ᠡᠮᠡᠭᠲᠡᠢᠴᠦᠳ᠎ᠲᠦ ᠬᠥᠮᠥᠨ ᠪᠦᠷᠢ᠎ᠳᠦ 1 ᠲᠦᠮᠡᠨ ᠲᠥᠭᠥᠷᠢᠭ᠎ᠦᠨ ᠠᠪᠤᠷᠠᠨ ᠲᠤᠰᠠᠯᠠᠬᠤ ᠮᠦᠨᠭᠭᠦ ᠤᠯᠭᠤᠬᠤ ᠵᠢ ᠪᠦᠬᠦᠨ᠎ᠢ ᠪᠦᠷᠬᠦᠭᠦᠯᠵᠡᠢ᠃

ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ᠎ᠶᠢᠨ ᠬᠢᠨ ᠨᠥᠬᠥᠴᠡᠯ᠎ᠳᠦ ᠨᠡᠢᠴᠡᠬᠦ ᠣᠷᠣᠯᠭ᠎ᠠ ᠪᠠᠭᠠᠲᠠᠢ ᠡᠮᠡᠭᠲᠡᠢᠴᠦᠳ᠎ᠦᠨ 《ᠬᠣᠶᠠᠷ ᠥᠮᠡᠨ》 ᠢ᠋ ᠠᠪᠤᠷᠠᠨ ᠲᠤᠰᠠᠯᠠᠬᠤ ᠭᠣᠣᠯᠳᠠᠯᠭ᠎ᠠ᠎ᠲᠠᠢ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠤᠬᠠᠭᠤᠯᠬᠤ + ᠠᠪᠤᠷᠠᠨ ᠲᠤᠰᠠᠯᠠᠬᠤ + ᠨᠡᠶ᠋ᠢᠲᠡ᠎ᠶᠢᠨ ᠠᠰᠠᠷᠠᠮᠵᠢ + ᠳᠠᠭᠠᠳᠬᠠᠯ + ᠬᠠᠢᠷᠠᠯᠠᠨ ᠬᠠᠯᠠᠮᠵᠢᠯᠠᠬᠤ》ᠦᠢᠯᠡᠴᠢᠯᠡᠭᠡᠨ᠎ᠦ ᠰᠢᠰᠲᠧᠮ ᠢ᠋ ᠪᠠᠢᠭᠤᠯᠵᠤ᠂ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠨᠠᠷᠢᠯᠢᠭ᠋ ᠣᠨᠣᠴᠠᠲᠠᠢ᠎ᠪᠠᠷ ᠣᠢᠯᠠᠭᠠᠨ ᠵᠢᠭ᠍ᠰᠠᠭᠠᠬᠤ᠂ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ᠂ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠬᠦᠯᠬᠦ᠂ ᠵᠢᠷᠤᠮᠵᠢᠭᠤᠯᠤᠨ ᠲᠠᠷᠬᠠᠭᠠᠬᠤ᠂ ᠮᠥᠷᠳᠡᠨ ᠬᠠᠯᠠᠮᠵᠢᠯᠠᠬᠤ ᠪᠥᠬᠥ ᠬᠡᠯᠬᠢᠶ᠎ᠡ᠎ᠶᠢᠨ ᠠᠵᠢᠯ᠎ᠤᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠪᠠ᠃

ᠤᠷᠢᠳᠴᠢᠯᠠᠨ ᠰᠡᠷᠭᠡᠢᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠣᠷᠣᠨ ᠪᠦᠰᠡ᠎ᠵᠢᠨ ᠡᠷᠡᠭᠦᠯ ᠮᠡᠨᠳᠦ᠎ᠶᠢᠨ ᠤᠬᠠᠭᠤᠯᠤᠨ ᠲᠠᠢᠯᠪᠤᠷᠢᠯᠠᠬᠤ᠎ᠠᠵᠢᠯᠯᠠᠭ᠎ᠠ ᠥᠷᠨᠢᠭᠦᠯᠵᠦ᠂ ᠡᠮᠡᠭᠲᠡᠢᠴᠦᠳ᠎ᠦᠨ ᠡᠷᠡᠭᠦᠯ ᠮᠡᠨᠳᠦ᠎ᠶᠢᠨ ᠬᠠᠮᠠᠭᠠᠯᠠᠯᠲᠠ᠎ᠶᠢᠨ ᠲᠣᠣᠷ᠎ᠢ ᠨᠢᠭ᠍ᠲᠠ ᠰᠦᠯᠵᠢᠪᠡ᠃ ᠡᠨᠡ ᠵᠢᠯ᠎ᠦᠨ 6 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ 《ᠡᠷᠡᠭᠦᠯ ᠡᠩᠬᠡ ᠳᠤᠮᠳᠠᠳᠤ ᠤᠯᠤᠰ ᠤ᠋ᠨ ᠡᠬᠡᠴᠦᠦᠯ᠎ᠦᠨ ᠠᠵᠢᠯᠯᠠᠭ᠎ᠠ》 ᠵᠢ ᠪᠥᠬᠥ ᠲᠠᠯ᠎ᠠ᠎ᠪᠠᠷ ᠡᠬᠢᠯᠡᠭᠦᠯᠵᠦ᠂ 《ᠬᠣᠶᠠᠷ ᠥᠮᠡᠨ》᠎ᠢ ᠰᠡᠷᠭᠡᠢᠯᠡᠨ ᠵᠠᠰᠠᠬᠤ ᠮᠡᠳᠡᠯᠭᠡ᠎ᠶᠢ ᠦᠨᠳᠦᠰᠦᠨ ᠱᠠᠲᠤᠨ᠎ᠳᠤ ᠬᠦᠷᠭᠡᠬᠦ ᠰᠢᠷᠢᠰ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠪᠡ᠃ ᠡᠯ᠎ᠡ ᠱᠠᠲᠤᠨ᠎ᠤ ᠡᠮᠡᠭᠲᠡᠢᠴᠦᠳ᠎ᠦᠨ ᠬᠣᠯᠪᠣᠭ᠎ᠠ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ᠎ᠲᠠᠢ ᠬᠣᠯᠪᠤᠭᠠᠯᠠᠨ ᠬᠥᠳᠡᠯᠦᠯᠴᠡᠵᠦ᠂ ᠵᠦᠢ ᠵᠣᠬᠢᠰᠲᠠᠢ ᠬᠣᠭᠣᠯᠠ ᠤᠮᠳᠠ᠂ ᠰᠡᠳᠬᠢᠴᠡ᠎ᠶᠢᠨ ᠡᠷᠡᠭᠦᠯ ᠮᠡᠨᠳᠦ᠂ ᠰᠢᠨᠵᠢᠯᠡᠬᠦ ᠤᠬᠠᠭᠠᠨᠴᠢ᠎ᠪᠠᠷ ᠪᠡᠶ᠎ᠡ ᠴᠢᠭᠢᠷᠠᠭᠵᠢᠭᠤᠯᠬᠤ᠂ ᠡᠬᠡ ᠨᠢᠯᠬᠠᠰ᠎ᠤᠨ ᠡᠷᠡᠭᠦᠯᠵᠢᠯ᠂ 《ᠬᠣᠶᠠᠷ ᠥᠮᠡᠨ》᠎ᠢ ᠰᠡᠷᠭᠡᠢᠯᠡᠨ ᠵᠠᠰᠠᠬᠤ᠂ ᠡᠷᠲᠡ ᠪᠠᠢᠴᠠᠭᠠᠵᠤ ᠡᠷᠲᠡ ᠵᠠᠰᠠᠬᠤ ᠵᠡᠷᠭᠡ ᠡᠷᠡᠭᠦᠯ ᠮᠡᠨᠳᠦ᠎ᠶᠢᠨ ᠮᠡᠳᠡᠯᠭᠡ᠎ᠶᠢ ᠥᠷᠭᠡᠨ᠎ᠢᠶᠡᠷ ᠲᠦᠭᠡᠮᠡᠯᠵᠢᠭᠦᠯᠵᠦ᠂ ᠰᠦᠢᠳᠬᠡᠯ ᠬᠤᠷᠢᠶᠠᠬᠤ ᠦᠭᠡᠢ᠎ᠪᠡᠷ ᠠᠯᠪᠠᠨ ᠵᠢᠷᠤᠮ᠎ᠤᠨ ᠡᠮᠴᠢᠯᠡᠭᠡ ᠬᠢᠬᠦ᠂ ᠡᠷᠡᠭᠦᠯ ᠮᠡᠨᠳᠦ᠎ᠶᠢᠨ ᠵᠥᠪᠯᠡᠯᠭᠡ ᠥᠭᠬᠦ᠂ ᠰᠢᠭ᠌ᠰᠢᠨ ᠪᠠᠢᠴᠠᠭᠠᠬᠤ ᠵᠡᠷᠭᠡ ᠠᠷᠠᠳ᠎ᠲᠤ ᠠᠰᠢᠭ᠋ ᠬᠦᠷᠲᠡᠭᠡᠬᠦ ᠦᠢᠯᠡᠴᠢᠯᠡᠭᠡ᠎ᠶᠢ ᠵᠡᠷᠭᠡ ᠪᠡᠷ ᠥᠷᠨᠢᠭᠦᠯᠵᠦ᠂ ᠥᠷᠭᠡᠨ ᠣᠯᠠᠨ ᠡᠮᠡᠭᠲᠡᠢᠴᠦᠳ᠎ᠦᠨ ᠥᠪᠡᠷ᠎ᠢ᠎ᠪᠡᠨ ᠡᠷᠡᠭᠦᠯᠵᠢᠭᠦᠯᠬᠦ ᠤᠬᠠᠮᠰᠠᠷ ᠪᠠ ᠡᠷᠡᠭᠦᠯ ᠮᠡᠨᠳᠦ᠎ᠶᠢᠨ ᠰᠡᠷᠭᠡᠢᠯᠡᠨ ᠬᠠᠮᠠᠭᠠᠯᠠᠬᠤ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠪᠡ᠃ 10 ᠰᠠᠷ᠎ᠠ ᠪᠣᠯᠲᠠᠯ᠎ᠠ᠂ ᠪᠥᠬᠥ ᠣᠷᠣᠨ᠎ᠳᠤ ᠡᠷᠡᠭᠦᠯ ᠮᠡᠨᠳᠦ᠎ᠶᠢᠨ ᠤᠬᠠᠭᠤᠯᠤᠨ ᠲᠠᠢᠯᠪᠤᠷᠢᠯᠠᠬᠤ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠦᠢᠯᠡᠴᠢᠯᠡᠭᠡ᠂ ᠠᠯᠪᠠᠨ ᠵᠢᠷᠤᠮ᠎ᠤᠨ ᠡᠮᠴᠢᠯᠡᠭᠡᠨ᠎ᠦ ᠠᠵᠢᠯᠯᠠᠭ᠎ᠠ᠎ᠶᠢ ᠨᠡᠶ᠋ᠢᠲᠡ 884 ᠤᠳᠠᠭ᠎ᠠ ᠥᠷᠨᠢᠭᠦᠯᠵᠦ᠂ ᠡᠮᠡᠭᠲᠡᠢ ᠣᠯᠠᠨ ᠲᠦᠮᠡᠨ ᠳ᠋ᠦ 4.69 ᠲᠦᠮᠡᠨ ᠬᠥᠮᠥᠨ ᠤᠳᠠᠭ᠎ᠠ ᠠᠰᠢᠭ᠋ ᠬᠦᠷᠲᠡᠭᠡᠵᠦ᠂ ᠡᠯ᠎ᠡ ᠲᠥᠷᠥᠯ᠎ᠦᠨ ᠤᠬᠠᠭᠤᠯᠭ᠎ᠠ᠎ᠶᠢᠨ ᠮᠠᠲᠧᠷᠢᠶᠠᠯ ᠵᠢᠴᠢ ᠡᠳ᠋ ᠪᠣᠳᠠᠰ᠎ᠢ 2.5 ᠲᠦᠮᠡ ᠭᠠᠷᠤᠢ ᠬᠤᠪᠢ ᠲᠠᠷᠬᠠᠭᠠᠵᠠᠢ᠃

2026 ᠣᠨ᠎ᠳᠤ ᠪᠥᠬᠥ ᠣᠷᠣᠨ᠎ᠳᠤ ᠠᠪᠤᠷᠠᠨ ᠲᠤᠰᠠᠯᠠᠬᠤ ᠨᠥᠬᠥᠴᠡᠯ᠎ᠳᠦ ᠨᠡᠢᠴᠡᠬᠦ 2123 ᠡᠮᠡᠭᠲᠡᠢ᠎ᠶᠢ ᠪᠠᠢᠴᠠᠭᠠᠨ ᠭᠠᠷᠭᠠᠵᠤ᠂ ᠡᠪᠡᠳᠴᠢᠨ᠎ᠢᠶᠡᠷ ᠨᠠᠰᠤ ᠪᠠᠷᠠᠭᠰᠠᠨ᠂ ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ ᠠ᠋ᠴᠠ ᠭᠠᠷᠤᠭᠰᠠᠨ ᠵᠡᠷᠭᠡ ᠨᠥᠬᠥᠴᠡᠯ᠎ᠳᠦ ᠥᠯᠥ ᠨᠡᠢᠴᠡᠬᠦ 19 ᠬᠥᠮᠥᠨ᠎ᠢ ᠲᠣᠭᠲᠠᠭᠠᠯ ᠶᠣᠰᠣᠭᠠᠷ ᠬᠢᠨᠠᠨ ᠬᠠᠰᠤᠵᠤ᠂ ᠡᠴᠦᠰ᠎ᠲᠡᠬᠡᠨ 2104 ᠪᠦᠲᠦᠮᠵᠢᠲᠡᠶ ᠠᠪᠤᠷᠠᠨ ᠲᠤᠰᠠᠯᠠᠬᠤ ᠡᠲᠡᠭᠡᠳ᠎ᠢ ᠲᠣᠭᠲᠠᠭᠠᠪᠠ᠃ ᠪᠥᠬᠥ ᠵᠢᠯ᠎ᠳᠦ ᠪᠥᠬᠥ ᠤᠯᠤᠰ᠎ᠤᠨ ᠡᠮᠡᠭᠲᠡᠢᠴᠦᠳ᠎ᠦᠨ ᠬᠣᠯᠪᠣᠭ᠎ᠠ ᠶ᠋ᠢᠨ ᠲᠥᠪ᠎ᠦᠨ ᠱᠠᠩᠨᠠᠯᠲᠤ ᠰᠤᠭᠤᠯᠤᠭ᠎ᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠮᠥᠩᠭᠥ᠎ᠶᠢ 1938 ᠲᠦᠮᠡᠨ ᠲᠥᠭᠥᠷᠢᠭ ᠣᠯᠵᠤ᠂ ᠥᠪᠡᠰᠦᠪᠡᠨ ᠢᠵᠢ ᠪᠦᠷᠢᠳᠦᠭᠦᠯᠬᠦ ᠪᠡᠯᠡ ᠮᠥᠩᠭᠥ᠎ᠶᠢ 166 ᠲᠦᠮᠡᠨ ᠲᠥᠭᠥᠷᠢᠭ ᠴᠤᠭᠯᠠᠭᠤᠯᠵᠤ᠂ ᠣᠷᠣᠯᠭ᠎ᠠ ᠪᠠᠭᠠᠲᠠᠢ ᠡᠮᠡᠭᠲᠡᠢᠴᠦᠳ᠎ᠢ ᠠᠪᠤᠷᠠᠨ ᠲᠤᠰᠠᠯᠠᠬᠤ᠎ᠶᠢ ᠪᠦᠬᠦᠨ᠎ᠢ ᠪᠦᠷᠬᠦᠭᠦᠯᠵᠦ᠂ 2026 ᠣᠨ᠎ᠤ《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠤ᠋ᠨ ᠭᠣᠣᠯᠳᠠᠯᠭ᠎ᠠ᠎ᠲᠠᠢ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠬᠦ᠎ᠶᠢᠨ ᠬᠠᠮᠲᠤ 1 ᠲᠦᠮᠡ ᠭᠠᠷᠤᠢ ᠬᠦᠴᠢᠷᠳᠡᠯᠲᠡᠢ ᠡᠮᠡᠭᠲᠡᠢᠴᠦᠳ᠎ᠢ ᠰᠦᠢᠳᠬᠡᠯ ᠬᠤᠷᠢᠶᠠᠬᠤ ᠦᠭᠡᠢ ᠪᠡᠷ ᠳᠠᠭᠠᠳᠬᠠᠯ᠎ᠳᠤ ᠣᠷᠣᠭᠤᠯᠵᠤ᠂ ᠬᠦᠴᠢᠷᠳᠡᠯ᠎ᠳᠦ ᠲᠤᠯᠭᠠᠷᠠᠭᠰᠠᠨ ᠡᠮᠡᠭᠲᠡᠢᠴᠦᠳ᠎ᠦᠨ ᠡᠷᠡᠭᠦᠯ ᠮᠡᠨᠳᠦ᠎ᠶᠢᠨ ᠲᠦᠭᠰᠢᠭᠦᠷᠢ᠎ᠶᠢᠨ ᠪᠠᠲᠤᠯᠠᠭ᠎ᠠ᠎ᠶᠢᠨ ᠳᠤᠲᠠᠭᠤᠳᠠᠯ᠎ᠢ ᠪᠦᠲᠦᠮᠵᠢᠲᠡᠶ᠎ᠪᠡᠷ ᠨᠥᠬᠥᠪᠦᠷᠢᠯᠡᠪᠡ᠃

《2027 ᠣᠨ᠎ᠳᠤ ᠪᠢᠳᠡ ᠮᠥᠷᠳᠡᠨ ᠰᠤᠷᠪᠤᠯᠵᠢᠯᠠᠬᠤ ᠠᠵᠢᠯ᠎ᠢ ᠪᠣᠳᠠᠲᠠᠢ᠎ᠪᠠᠷ ᠠᠳᠬᠤᠵᠤ᠂ ᠲᠤᠰᠠᠯᠠᠮᠵᠢ ᠭᠥᠷᠳᠡᠭᠰᠡᠨ ᠡᠮᠡᠭᠲᠡᠢᠴᠦᠳ᠎ᠦᠨ ᠠᠮᠢᠳᠤᠷᠠᠯ ᠤ᠋ᠨ ᠪᠠᠢᠳᠠᠯ᠂ ᠡᠷᠡᠭᠦᠯᠵᠢᠯ᠎ᠦᠨ ᠪᠠᠢᠳᠠᠯ ᠵᠢᠴᠢ ᠪᠣᠳᠠᠲᠠᠢ ᠬᠡᠷᠡᠭᠴᠡᠭᠡ ᠱᠠᠭᠠᠷᠳᠠᠯᠭ᠎ᠠ᠎ᠶᠢ ᠬᠥᠳᠡᠯᠦᠩᠭᠦᠢ᠎ᠪᠡᠷ ᠡᠵᠡᠮᠰᠢᠨ᠂ ᠬᠣᠢᠰᠢᠳᠠ᠎ᠶᠢᠨ ᠬᠠᠢᠷᠠᠯᠠᠨ ᠬᠠᠯᠠᠮᠵᠢᠯᠠᠵᠤ ᠬᠠᠪᠰᠤᠷᠤᠨ ᠲᠡᠳᠬᠦᠬᠦ ᠠᠵᠢᠯ᠎ᠢ ᠪᠣᠳᠠᠲᠠᠢ᠎ᠪᠠᠷ ᠨᠠᠷᠢᠯᠢᠭ᠋ ᠬᠢᠨ᠎ᠡ᠃ ᠲᠥᠷᠥᠯ ᠵᠦᠢᠯ᠎ᠦᠨ ᠲᠠᠩᠰᠠ ᠡᠪᠬᠡᠮᠡᠯ᠎ᠢ ᠴᠤᠭᠯᠠᠭᠤᠯᠤᠨ ᠡᠮᠬᠢᠯᠡᠵᠦ᠂ ᠲᠥᠷᠥᠯ ᠬᠤᠪᠢᠶᠠᠨ ᠲᠠᠩᠰᠠ ᠡᠪᠬᠡᠮᠡᠯ᠎ᠳᠦ ᠣᠷᠣᠭᠤᠯᠵᠤ᠂ ᠪᠢᠲᠡᠭᠦᠦ ᠴᠠᠭᠠᠷᠢᠭ᠋᠎ᠢᠶᠠᠷ ᠬᠠᠮᠢᠶᠠᠷᠬᠤ᠎ᠶᠢ ᠵᠢᠷᠤᠮᠵᠢᠭᠤᠯᠵᠤ᠂ ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠦᠨ ᠵᠢᠷᠤᠮᠵᠢᠭ᠍ᠰᠠᠨ᠂ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠪᠡᠯᠡ ᠮᠥᠩᠭᠥ ᠣᠯᠬᠤ ᠠᠷᠭ᠎ᠠ ᠵᠠᠮ᠎ᠢ ᠦᠷᠭᠦᠯᠵᠢᠯᠡᠨ ᠥᠷᠭᠡᠳᠬᠡᠵᠦ᠂ ᠪᠥᠬᠥ ᠤᠯᠤᠰ᠎ᠤᠨ ᠡᠮᠡᠭᠲᠡᠢᠴᠦᠳ᠎ᠦᠨ ᠬᠣᠯᠪᠣᠭ᠎ᠠ᠎ᠶᠢᠨ ᠲᠥᠪ᠎ᠦᠨ ᠲᠤᠰᠬᠠᠢ ᠵᠦᠢᠯ᠎ᠦᠨ ᠱᠠᠩᠨᠠᠯᠲᠤ ᠰᠤᠭᠤᠯᠤᠭ᠎ᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠮᠥᠩᠭᠥ᠂ ᠨᠡᠢᠭᠡᠮ᠎ᠦᠨ ᠨᠡᠶ᠋ᠢᠲᠡ᠎ᠶᠢᠨ ᠠᠰᠠᠷᠠᠮᠵᠢ᠎ᠶᠢᠨ ᠠᠪᠤᠷᠠᠨ ᠲᠤᠰᠠᠯᠠᠬᠤ ᠮᠥᠩᠭᠥ ᠶ᠋ᠢᠨ ᠳᠡᠮᠵᠢᠯᠭᠡ᠎ᠶᠢ ᠣᠯᠬᠤ᠎ᠪᠠᠷ ᠢᠳᠡᠪᠬᠢᠲᠡᠢ ᠴᠢᠷᠮᠠᠢᠵᠤ᠂ ᠣᠷᠳᠣ᠌ ᠬᠤᠭᠤᠴᠠᠭᠠᠨ᠎ᠤ ᠪᠦᠲᠦᠮᠵᠢᠲᠡᠶ ᠪᠠᠲᠤᠯᠠᠭ᠎ᠠ᠎ᠶᠢᠨ ᠲᠣᠭᠲᠠᠴᠠ᠎ᠶᠢ ᠪᠦᠷᠢᠨᠰᠢᠭᠦᠯᠦᠨ᠂ ᠣᠷᠣᠯᠭ᠎ᠠ ᠪᠠᠭᠠᠲᠠᠢ ᠡᠮᠡᠭᠲᠡᠢᠴᠦᠳ᠎ᠦᠨ 〈ᠬᠣᠶᠠᠷ ᠥᠮᠡᠨ〉᠎ᠢ ᠠᠪᠤᠷᠠᠨ ᠲᠤᠰᠠᠯᠠᠬᠤ ᠠᠷᠠᠳ᠎ᠤᠨ ᠠᠮᠢᠳᠤᠷᠠᠯ᠎ᠤᠨ ᠲᠦᠷᠦᠯ ᠲᠡᠮᠳᠡᠭ᠎ᠢ ᠦᠷᠭᠦᠯᠵᠢᠯᠡᠨ ᠪᠣᠳᠠᠲᠠᠢᠵᠢᠭᠤᠯᠤᠨ ᠰᠠᠢᠲᠤᠷ ᠬᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃

ᠢᠷᠡᠯᠳᠡ᠄ ᠳᠠᠯ᠎ᠠ ᠨᠤᠲᠤᠭ᠎ᠤᠨ ᠡᠭᠦᠯᠡ ᠰᠢᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面