2026-11-05 11:37:56
ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠠᠵᠢᠯ ᠲᠦᠷᠦᠯ ᠤ᠋ᠨ ᠨᠡᠢᠭᠡᠮᠯᠢᠭ ᠤᠢᠷ᠎ᠠ ᠳ᠋ᠤ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠤᠯᠠᠷᠢᠭᠤᠯᠵᠤ ᠬᠡᠷᠡᠭᠯᠡᠭᠡᠨ ᠳ᠋ᠤ ᠤᠷᠤᠭᠤᠯᠬᠤ 《ᠬᠠᠪᠤᠷ ᠤ᠋ᠨ ᠬᠤᠷ᠎ᠠ ᠶ᠋ᠢᠨ ᠠᠵᠢᠯᠯᠠᠭ᠎ᠠ》 ᠶ᠋ᠢᠨ ᠲᠤᠬᠠᠢ ᠵᠤᠯᠭᠠᠯᠴᠠᠨ ᠶᠠᠷᠢᠯᠴᠠᠵᠤ᠂ ᠠᠵᠢᠯᠯᠠᠭ᠎ᠠ ᠶ᠋ᠢ ᠪᠤᠳᠠᠳᠠᠢ ᠳ᠋ᠤ ᠨᠠᠢᠳᠠᠪᠤᠷᠢᠵᠢᠭᠤᠯᠬᠤ ᠶ᠋ᠢ ᠡᠷᠴᠢᠮᠳᠠᠢ ᠠᠬᠢᠭᠤᠯᠪᠠ᠃
ᠲᠤᠰ ᠤᠳᠠᠭ᠎ᠠ ᠵᠢᠨ ᠠᠵᠢᠯᠯᠠᠭ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ 《ᠬᠠᠪᠤᠷ ᠤ᠋ᠨ ᠬᠤᠷ᠎ᠠ ᠶ᠋ᠢᠨ ᠠᠵᠢᠯᠯᠠᠭ᠎ᠠ》 ᠶ᠋ᠢᠨ ᠠᠵᠢᠯ ᠤ᠋ᠨ ᠪᠠᠢᠷᠢᠯᠠᠭᠤᠯᠤᠯᠳᠠ ᠶ᠋ᠢ ᠨᠠᠷᠢᠯᠢᠭ ᠲᠠᠢᠯᠪᠤᠷᠢᠯᠠᠵᠤ᠂ ᠡᠮᠴᠢᠯᠡᠬᠡᠨ ᠤ᠋ ᠦᠷᠳᠡᠭ ᠶ᠋ᠢᠡᠷ ᠤᠳᠤᠷᠢᠳᠤᠮᠵᠢ ᠪᠤᠯᠭᠠᠬᠤ ᠶ᠋ᠢ ᠪᠠᠷᠢᠮᠳᠠᠯᠠᠨ᠂ ᠡᠮᠴᠢᠯᠡᠭᠡ ᠬᠢᠭᠡᠳ ᠠᠵᠤ ᠦᠢᠯᠡᠳᠪᠤᠷᠢ ᠶ᠋ᠢᠨ ᠭᠦᠨᠵᠡᠭᠡᠢ ᠠᠭᠤᠰᠤᠯᠴᠠᠯ ᠢ᠋ ᠠᠬᠢᠭᠤᠯᠬᠤ ᠳ᠋ᠤ ᠠᠩᠬᠠᠷᠤᠯ ᠶ᠋ᠢᠡᠨ ᠲᠦᠪᠯᠡᠷᠡᠭᠦᠯᠵᠦ᠂ ᠪᠦᠬᠦ ᠠᠵᠤ ᠦᠢᠯᠡᠰ ᠤ᠋ᠨ ᠬᠡᠯᠬᠢᠶ᠎ᠠ ᠶ᠋ᠢᠨ ᠰᠢᠨ᠎ᠠ ᠡᠭᠦᠳᠦᠯᠳᠡ ᠶ᠋ᠢ ᠪᠤᠢ ᠪᠤᠯᠭᠠᠬᠤ ᠳᠤᠭᠳᠠᠴᠠ ᠶ᠋ᠢ ᠪᠠᠢᠭᠤᠯᠤᠨ᠂ ᠡᠮᠴᠢᠯᠡᠭᠡᠨ ᠳ᠋ᠤ ᠬᠡᠷᠡᠭᠯᠡᠬᠦ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠤᠯᠠᠷᠢᠭᠤᠯᠬᠤ ᠠᠷᠭ᠎ᠠ ᠵᠠᠮ ᠢ᠋ ᠲᠠᠰᠤᠷᠠᠯᠳᠠ ᠦᠭᠡᠢ ᠰᠢᠯᠤᠭᠤᠳᠬᠠᠨ᠎ᠠ ᠭᠡᠵᠠᠢ᠃ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠠᠵᠢᠯ ᠲᠦᠷᠦᠯ ᠤ᠋ᠨ ᠨᠡᠢᠭᠡᠮᠯᠢᠭ ᠡᠴᠡ ᠠᠵᠤ ᠦᠢᠯᠡᠰ ᠤ᠋ᠨ ᠪᠤᠳᠠᠳᠤ ᠪᠠᠢᠳᠠᠯ ᠲᠠᠢ ᠪᠡᠨ ᠤᠶᠠᠯᠳᠤᠭᠤᠯᠵᠤ᠂ ᠲᠦᠷᠦᠯ ᠵᠦᠢᠯ ᠡᠯᠰᠡᠬᠦ ᠬᠦᠷᠢᠶ᠎ᠠ ᠬᠡᠪᠴᠢᠶ᠎ᠠ ᠶ᠋ᠢ ᠦᠷᠭᠡᠳᠭᠡᠨ᠂ ᠡᠮᠴᠢᠯᠡᠭᠡᠨ ᠤ᠋ ᠲᠤᠰᠬᠠᠢ ᠮᠡᠷᠭᠡᠵᠢᠯᠳᠡᠨ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠵᠡᠷᠭᠡ ᠶ᠋ᠢᠨ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠰᠢᠩᠭᠡᠭᠡᠵᠦ᠂ ᠦᠢᠯᠡᠳᠭᠦᠨ ᠢ᠋ ᠲᠦᠷᠦᠯ ᠬᠤᠪᠢᠶᠠᠬᠤ᠂ ᠳᠠᠩᠰᠠᠯᠠᠭᠤᠯᠬᠤ ᠠᠷᠭ᠎ᠠ ᠵᠠᠮ᠂ ᠮᠠᠲᠧᠷᠢᠶᠠᠯ ᠳᠡᠪᠰᠢᠭᠦᠯᠬᠦ ᠠᠵᠢᠯ ᠢ᠋ ᠰᠠᠢᠵᠢᠷᠠᠭᠤᠯᠬᠤ ᠵᠡᠷᠭᠡ ᠲᠠᠯ᠎ᠠ ᠶ᠋ᠢᠨ ᠰᠠᠨᠠᠯ ᠰᠠᠨᠠᠭᠤᠯᠭ᠎ᠠ ᠪᠡᠨ ᠳᠡᠪᠰᠢᠭᠦᠯᠪᠠ᠃
ᠠᠵᠢᠯ ᠲᠦᠷᠦᠯ ᠤ᠋ᠨ ᠨᠡᠢᠭᠡᠮᠯᠢᠭ ᠤ᠋ᠨ ᠰᠠᠨᠠᠯ ᠰᠠᠨᠠᠭᠤᠯᠭ᠎ᠠ ᠳ᠋ᠤ ᠴᠢᠭᠯᠡᠭᠦᠯᠦᠨ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠳᠡᠰ ᠬᠤᠪᠢᠶᠠᠭᠰᠠᠨ ᠨᠠᠷᠢᠨ ᠤᠨᠤᠴᠠᠳᠠᠢ ᠳᠡᠳᠬᠦᠨ ᠳᠡᠮᠵᠢᠬᠦ ᠲᠦᠷᠦ ᠶ᠋ᠢᠨ ᠪᠤᠳᠤᠯᠭ᠎ᠠ ᠶ᠋ᠢ ᠳᠤᠳᠤᠷᠬᠠᠢᠯᠠᠬᠤ ᠶ᠋ᠢᠨ ᠬᠠᠮᠳᠤ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠤᠯᠠᠷᠢᠭᠤᠯᠬᠤ ᠳᠠᠪᠴᠠᠩ ᠳ᠋ᠤ ᠲᠦᠰᠢᠭᠯᠡᠵᠤ᠂ ᠲᠦᠷᠦᠯ ᠵᠦᠢᠯ ᠢ᠋ ᠬᠦᠳᠡᠯᠦᠩᠭᠦᠢ ᠪᠡᠷ ᠬᠠᠮᠢᠶᠠᠷᠬᠤ ᠳᠤᠭᠳᠠᠴᠠ ᠶ᠋ᠢ ᠪᠠᠢᠭᠤᠯᠤᠨ᠂ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠳ᠋ᠤ ᠪᠦᠬᠦ ᠶᠠᠪᠤᠴᠠ ᠶ᠋ᠢᠨ ᠮᠦᠷᠳᠡᠭᠰᠡᠨ ᠦᠢᠯᠡᠴᠢᠯᠡᠭᠡ ᠬᠠᠩᠭᠠᠵᠤ᠂ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠡᠷᠳᠡᠬᠡᠨ ᠬᠡᠷᠡᠭᠯᠡᠭᠡᠨ ᠳ᠋ᠤ ᠤᠷᠤᠭᠤᠯᠬᠤ ᠶ᠋ᠢ ᠠᠬᠢᠭᠤᠯᠤᠨ᠎ᠠ ᠭᠡᠵᠦ ᠢᠯᠡᠷᠬᠡᠢᠯᠡᠪᠡ᠃ᠤᠳᠤᠬᠠᠨ ᠳ᠋ᠤ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠤᠯᠠᠷᠢᠭᠤᠯᠬᠤ ᠳᠠᠪᠴᠠᠩ ᠨᠢᠭᠡᠨᠳᠡ 16 ᠲᠦᠷᠦᠯ ᠵᠦᠢᠯ ᠢ᠋ ᠡᠯᠰᠡᠨ ᠴᠤᠭᠯᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃