ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠡᠷᠡᠭᠦᠯ ᠡᠩᠬᠡ

2026-11-10 09:02:20

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠲᠦᠷᠦᠬᠦᠭᠡᠨ᠂ ᠪᠡᠭᠡᠵᠢᠩ ᠶᠡᠬᠡ ᠰᠤᠷᠭᠠᠭᠤᠯᠢ ᠵᠢᠨ ᠬᠠᠪᠤᠳᠠᠷ ᠤ᠋ᠨ ᠡᠮᠨᠡᠯᠭᠡ ᠵᠢᠨ ᠬᠣᠷᠢᠶ᠎ᠠ ᠵᠢᠨ ᠥᠪᠥᠷ ᠮᠣᠩᠭᠣᠯ ᠤ᠋ᠨ ᠡᠮᠨᠡᠯᠭᠡ ᠵᠢᠨ ᠬᠣᠷᠢᠶ᠎ᠠ ᠡᠴᠡ ᠭᠣᠣᠯᠯᠠᠨ ᠡᠷᠬᠢᠯᠡᠭᠰᠡᠨ 2026 ᠣᠨ ᠤ᠋ ᠬᠠᠪᠤᠳᠠᠷ ᠤ᠋ᠨ ᠴᠢᠨᠠᠷᠲᠠᠢ ᠡᠪᠡᠳᠴᠢᠨ ᠢ᠋ ᠵᠢᠷᠤᠮᠵᠢᠭᠤᠯᠤᠨ ᠤᠨᠤᠰᠢᠯᠠᠨ ᠡᠮᠨᠡᠬᠦ ᠪᠣᠯᠪᠠᠰᠤᠷᠠᠯ ᠵᠢᠴᠢ ᠥᠪᠥᠷ ᠮᠣᠩᠭᠣᠯ ᠤ᠋ᠨ ᠯᠢᠮᠹᠠ ᠵᠢᠨ ᠬᠠᠪᠤᠳᠠᠷ ᠤ᠋ᠨ ᠣᠷᠣᠨ ᠪᠦᠰᠡ ᠵᠢᠨ ᠴᠢᠨᠠᠷᠳᠠᠢ ᠣᠨᠣᠰᠢᠯᠠᠬᠤ ᠲᠥᠪ ᠪᠠᠢᠭᠤᠯᠤᠭᠳᠠᠬᠤ ᠬᠤᠷᠠᠯ ᠬᠥᠬᠡᠬᠣᠲᠠ ᠳ᠋ᠤ᠌ ᠶᠠᠪᠤᠭᠳᠠᠪᠠ ᠃

ᠪᠡᠭᠡᠵᠢᠩ ᠶᠡᠬᠡ ᠰᠤᠷᠭᠠᠭᠤᠯᠢ ᠵᠢᠨ ᠬᠠᠪᠤᠳᠠᠷ ᠤ᠋ᠨ ᠡᠮᠨᠡᠯᠭᠡ ᠵᠢᠨ ᠬᠣᠷᠢᠶ᠎ᠠ ᠵᠢᠨ ᠥᠪᠥᠷ ᠮᠣᠩᠭᠣᠯ ᠤ᠋ᠨ ᠡᠮᠨᠡᠯᠭᠡ ᠵᠢᠨ ᠬᠣᠷᠢᠶ᠎ᠠ᠂ ᠪᠤᠭᠤᠲᠤ ᠵᠢᠨ ᠠᠨᠠᠭᠠᠬᠤ ᠤᠬᠠᠭᠠᠨ ᠤ᠋ ᠳᠡᠭᠡᠳᠦ ᠰᠤᠷᠭᠠᠭᠤᠯᠢ ᠵᠢᠨ ᠬᠣᠶᠠᠳᠤᠭᠠᠷ ᠬᠠᠷᠢᠶᠠᠲᠤ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ᠂ ᠲᠣᠭᠲᠠᠬᠤ ᠰᠢᠶᠠᠨ ᠤ᠋ ᠡᠮᠨᠡᠯᠭᠡ ᠵᠢᠨ ᠬᠣᠷᠢᠶ᠎ᠠ ᠵᠡᠷᠭᠡ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠤ᠋ 8 ᠡᠮᠨᠡᠯᠭᠡ ᠵᠢᠨ ᠬᠣᠷᠢᠶ᠎ᠠ ᠨᠢ ᠬᠠᠮᠳᠤᠷᠠᠨ ᠬᠣᠯᠪᠣᠭᠠᠨ ᠤ᠋ ᠨᠢᠭᠡᠴᠢ ᠵᠢ ᠪᠠᠢᠭᠤᠯᠵᠤ᠂ ᠡᠨᠡ ᠨᠢ ᠥᠪᠥᠷ ᠮᠣᠩᠭᠣᠯ ᠤ᠋ᠨ ᠣᠷᠣᠨ ᠪᠦᠰᠡ ᠵᠢᠨ ᠴᠢᠨᠠᠷᠳᠠᠢ ᠯᠢᠮᠹᠠ ᠵᠢᠨ ᠬᠠᠪᠤᠳᠠᠷ ᠢ᠋ ᠣᠨᠣᠰᠢᠯᠠᠨ ᠡᠮᠨᠡᠬᠦ ᠬᠠᠮᠵᠢᠯᠴᠠᠭᠠᠨ ᠤ᠋ ᠲᠣᠣᠷ ᠠᠩᠬ᠎ᠠ ᠠᠯᠬᠤᠮ ᠪᠦᠷᠢᠯᠳᠦᠭᠰᠡᠨ ᠢ᠋ ᠬᠠᠷᠠᠭᠤᠯᠵᠤ ᠪᠣᠢ᠃ ᠥᠪᠥᠷ ᠮᠣᠩᠭᠣᠯ ᠤ᠋ᠨ ᠯᠢᠮᠹᠠ ᠵᠢᠨ ᠬᠠᠪᠤᠳᠠᠷ ᠤ᠋ᠨ ᠣᠷᠣᠨ ᠪᠦᠰᠡ ᠵᠢᠨ ᠴᠢᠨᠠᠷᠳᠠᠢ ᠣᠨᠣᠰᠢᠯᠠᠬᠤ ᠲᠥᠪ ᠪᠠᠢᠭᠤᠯᠤᠭᠳᠠᠭᠰᠠᠨ ᠨᠢ  ᠥᠪᠥᠷ  ᠮᠣᠩᠭᠣᠯ  ᠯᠢᠮᠹᠠ  ᠵᠢᠨ ᠬᠠᠪᠤᠳᠠᠷ ᠢ᠋ 《ᠣᠨᠣᠰᠢᠯᠠᠬᠤ ᠳ᠋ᠤ᠌ ᠬᠦᠴᠢᠷ᠂ ᠮᠣᠵᠢ ᠠᠯᠤᠰᠯᠠᠨ ᠡᠮᠴᠢ ᠡᠷᠢᠭᠡᠳ ᠬᠦᠶᠦᠭᠦ》 ᠬᠦᠴᠢᠷ ᠠᠰᠠᠭᠤᠳᠠᠯ ᠢ᠋ ᠰᠢᠢᠳᠪᠦᠷᠢᠯᠡᠭᠦ ᠵᠢᠨ ᠵᠠᠩᠭᠢᠯᠠᠭ᠎ᠠ ᠵᠢᠨ ᠨᠢᠭᠡ  ᠠᠯᠬᠤᠮ ᠢ᠋  ᠠᠯᠬᠤᠭᠰᠠᠨ ᠪᠠᠢᠨ᠎ᠠ᠃

ᠥᠪᠥᠷ ᠮᠣᠩᠭᠣᠯ ᠤ᠋ᠨ ᠯᠢᠮᠹᠠ  ᠵᠢᠨ ᠬᠠᠪᠤᠳᠠᠷ ᠤ᠋ᠨ ᠣᠷᠣᠨ ᠪᠦᠰᠡ ᠵᠢᠨ ᠴᠢᠨᠠᠷᠳᠠᠢ ᠣᠨᠣᠰᠢᠯᠠᠬᠤ ᠲᠥᠪ ᠪᠠᠢᠭᠤᠯᠤᠭᠳᠠᠭᠰᠠᠨ ᠤ᠋ ᠳᠠᠷᠠᠭ᠎ᠠ ᠣᠷᠣᠨ ᠪᠦᠰᠡ ᠵᠢᠨ ᠬᠠᠮᠵᠢᠯᠴᠠᠨ ᠣᠨᠣᠰᠢᠯᠠᠨ ᠡᠮᠨᠡᠬᠦ  ᠬᠠᠮᠲᠤ ᠵᠢᠨ ᠴᠣᠭᠴᠠ ᠵᠢ ᠪᠠᠢᠭᠤᠯᠵᠤ᠂ ᠦᠨᠳᠦᠰᠦᠨ ᠱᠠᠲᠤᠨ ᠤ᠋ ᠬᠣᠯᠪᠣᠭᠠᠨ ᠤ᠋ ᠡᠮᠨᠡᠯᠭᠡ ᠵᠢᠨ ᠬᠣᠷᠢᠶ᠎ᠠ ᠳ᠋ᠤ᠌ ᠫᠠᠢᠰᠠ ᠣᠯᠭᠣᠬᠤ ᠪᠠ ᠬᠠᠮᠲᠤᠷᠠᠨ ᠬᠥᠳᠡᠯᠦᠯᠴᠡᠬᠦ᠎ᠪᠡᠷ ᠳᠠᠮᠵᠢᠨ ᠡᠪᠡᠳᠴᠢᠨ ᠤ᠋ ᠵᠦᠢ ᠵᠢᠨ ᠣᠨᠣᠰᠢᠯᠠᠭ᠎ᠠ ᠬᠢᠭᠡᠳ MDT ᠣᠯᠠᠨ ᠰᠢᠨᠵᠢᠯᠡᠭᠡ ᠵᠢᠨ ᠬᠠᠮᠵᠢᠯᠴᠠᠭᠠᠨ ᠤ᠋ ᠵᠠᠮ ᠢ᠋ ᠰᠠᠭᠠᠳ ᠦᠭᠡᠢ ᠨᠡᠪᠲᠡᠷᠡᠭᠦᠯᠵᠦ᠂ ᠪᠦᠬᠦ ᠣᠷᠣᠨ ᠤ᠋ ᠯᠢᠮᠹᠠ  ᠵᠢᠨ ᠬᠠᠪᠤᠳᠠᠷ ᠢ᠋ ᠣᠨᠣᠰᠢᠯᠠᠨ ᠡᠮᠨᠡᠬᠦ ᠵᠢᠨ ᠵᠢᠷᠤᠮᠵᠢᠯ ᠬᠢᠭᠡᠳ ᠴᠢᠨᠠᠷ ᠢᠵᠢᠯᠢᠰᠢᠬᠦ ᠵᠢ ᠪᠦᠬᠦ ᠲᠠᠯ᠎ᠠ᠎ᠪᠠᠷ ᠠᠬᠢᠭᠤᠯᠵᠤ᠂ ᠦᠨᠳᠦᠰᠦᠨ ᠱᠠᠲᠤᠨ ᠤ᠋ ᠪᠦᠬᠦ ᠴᠣᠭᠴᠠ ᠵᠢᠨ ᠡᠮᠴᠢᠯᠡᠭᠡᠨ ᠤ᠋ ᠬᠢᠷᠢ ᠲᠦᠪᠰᠢᠨ ᠢ᠋ ᠳᠡᠭᠡᠭᠰᠢᠯᠡᠭᠦᠯᠦᠨ᠎ᠡ᠃ ᠥᠪᠥᠷ ᠮᠣᠩᠭᠣᠯ ᠤ᠋ᠨ ᠯᠢᠮᠹᠠ ᠵᠢᠨ ᠬᠠᠪᠤᠳᠠᠷ ᠤ᠋ᠨ ᠤᠷᠤᠨ ᠪᠦᠰᠡ ᠵᠢᠨ ᠴᠢᠨᠠᠷᠳᠠᠢ ᠣᠨᠣᠰᠢᠯᠠᠬᠤ ᠲᠥᠪ ᠤ᠋ᠨ ᠭᠤᠤᠯ ᠡᠭᠦᠷᠭᠡ ᠪᠤᠯ ᠠᠷᠠᠳ ᠲᠦ᠍ ᠠᠰᠢᠭ ᠬᠦᠷᠳᠡᠭᠡᠭᠦ ᠶᠠᠪᠤᠳᠠᠯ ᠪᠤᠯᠤᠨ᠎ᠠ᠃ ᠤᠢᠯᠠᠭᠠᠭᠰᠠᠨ ᠵᠢᠡᠷ᠂ ᠬᠤᠢᠰᠢᠳᠠ ᠪᠡᠭᠡᠵᠢᠩ ᠶᠡᠬᠡ ᠰᠤᠷᠭᠠᠭᠤᠯᠢ ᠵᠢᠨ ᠬᠠᠪᠤᠳᠠᠷ᠎ᠦᠨ ᠡᠮᠨᠡᠯᠭᠡ ᠵᠢᠨ ᠬᠣᠷᠢᠶ᠎ᠠ ᠵᠢᠨ ᠥᠪᠥᠷ ᠮᠣᠩᠭᠣᠯ ᠤ᠋ᠨ ᠡᠮᠨᠡᠯᠭᠡ ᠵᠢᠨ ᠬᠣᠷᠢᠶ᠎ᠠ ᠨᠢ ᠤᠯᠤᠰ ᠤ᠋ᠨ ᠣᠷᠣᠨ ᠪᠦᠰᠡ ᠵᠢᠨ ᠴᠢᠨᠠᠷᠳᠠᠢ ᠡᠮᠴᠢᠯᠡᠭᠡᠨ ᠤ᠋ ᠲᠥᠪ ᠤ᠋ᠨ ᠬᠥᠲᠥᠯᠦᠨ ᠳᠠᠭᠠᠭᠤᠯᠬᠤ ᠦᠢᠯᠡᠳᠦᠯ ᠢ᠋ ᠭᠦᠢᠴᠡᠳ ᠪᠠᠳᠠᠷᠠᠭᠤᠯᠵᠤ᠂ ᠣᠷᠣᠨ ᠪᠦᠰᠡ ᠵᠢᠨ ᠴᠢᠨᠠᠷᠳᠠᠢ ᠬᠠᠪᠤᠳᠠᠷ ᠡᠪᠡᠳᠴᠢᠨ ᠢ᠋ ᠰᠡᠷᠭᠡᠢᠯᠡᠨ ᠵᠠᠰᠠᠬᠤ ᠲᠣᠣᠷ ᠢ᠋ ᠨᠢᠭᠲᠠ ᠰᠦᠯᠵᠢᠵᠤ᠂ 《ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠬᠠᠮᠳᠤᠷᠠᠨ ᠬᠦᠳᠡᠯᠦᠯᠴᠡᠭᠦ》 ᠠᠷᠭ᠎ᠠ ᠬᠡᠯᠪᠡᠷᠢ ᠪᠡᠷ ᠳᠠᠮᠵᠢᠨ ᠦᠨᠳᠦᠰᠦᠨ ᠱᠠᠳᠤᠨ ᠤ᠋ ᠡᠪᠡᠳᠴᠢᠳᠡᠨ ᠢ᠋ ᠭᠠᠵᠠᠷ ᠤᠷᠤᠨ ᠎ᠳᠠᠭᠠᠨ ᠡᠪᠡᠳᠴᠢᠨ ᠵᠢᠡᠨ ᠦᠵᠡᠭᠦᠯᠵᠦ ᠳᠡᠢᠯᠬᠦ ᠪᠤᠯᠭᠠᠵᠤ᠂ ᠬᠦᠴᠢᠷ ᠲᠦᠪᠡᠭ ᠡᠪᠡᠳᠴᠢᠨ ᠤ᠋ ᠵᠢᠱ᠌ᠢᠶ᠎ᠡ ᠳᠤᠯᠭᠠᠷᠠᠪᠠᠯ ᠪᠡᠭᠡᠵᠢᠩ ᠤ᠋ᠨ ᠶᠡᠷᠦᠩᠭᠡᠢ ᠡᠮᠨᠡᠯᠭᠡ ᠵᠢᠨ ᠬᠤᠷᠢᠶ᠎ᠠ ᠵᠢᠨ ᠳᠤᠰᠬᠠᠢ ᠮᠡᠷᠭᠡᠵᠢᠯᠳᠡᠨ ᠲᠠᠢ ᠰᠢᠭᠤᠳ ᠵᠤᠯᠭᠠᠭᠤᠯᠬᠤ  ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面