2026-11-10 11:49:46
ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠣᠨᠢᠨ ᠮᠡᠳᠡᠭᠡᠨ ᠤ᠋ ᠠᠯᠪᠠᠨ ᠬᠡᠷ ᠤ᠋ᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠡᠴᠡ ᠣᠶ᠋ᠢᠯᠠᠭᠠᠭᠰᠠᠨ ᠵᠢᠨᠷ᠂ ᠪᠡᠭᠡᠵᠢᠩ ᠥᠪᠥᠷ ᠮᠣᠩᠭᠣᠯ ᠬᠠᠮᠵᠢᠯᠴᠠᠭ᠎ᠠ ᠦᠷᠨᠢᠬᠦᠯᠦᠭᠰᠡᠨ 30 ᠵᠢᠯ ᠤ᠋ᠨ ᠲᠤᠷᠰᠢ᠂ ᠬᠣᠶᠠᠷ ᠭᠠᠵᠠᠷ ᠤ᠋ᠨ ᠬᠢᠨ ᠲᠤᠰᠬᠠᠶ ᠮᠡᠷᠭᠡᠵᠢᠯᠲᠡᠨ ᠲᠤᠮᠢᠯᠠᠬᠤ᠂ ᠲᠤᠰᠬᠠᠶ ᠰᠠᠯᠠᠭ᠎ᠠ ᠪᠠᠶ᠋ᠢᠭᠤᠯᠬᠤ᠂ ᠴᠢᠳᠠᠪᠤᠷᠢᠲᠠᠨ ᠬᠥᠮᠦᠵᠢᠭᠦᠯᠬᠦ᠌᠂ ᠠᠯᠤᠰ ᠡᠵᠡᠮᠰᠢᠯᠲᠦ᠍ ᠡᠮᠴᠢᠯᠡᠭᠡᠨ ᠬᠢᠬᠦ᠂ ᠠᠳᠠᠯᠢᠬᠠᠨ ᠬᠠᠮᠢᠶᠠᠷᠤᠯᠲᠠ ᠬᠢᠬᠦ᠂ ᠲᠥᠬᠥᠭᠡᠷᠦᠮᠵᠢ ᠬᠠᠨᠳᠢᠪᠯᠠᠬᠤ ᠵᠡᠷᠭᠡ ᠲᠠᠯ᠎ᠠ ᠪᠠᠷ ᠪᠥᠬᠥ᠌ ᠬᠡᠯᠬᠢᠶ᠎ᠡ ᠶ᠋ᠢᠨ ᠬᠠᠮᠵᠢᠯᠴᠠᠭᠠᠨ ᠤ᠋ ᠰᠢᠰᠲ᠋ᠧᠮ ᠢ᠋ ᠪᠠᠶ᠋ᠢᠭᠤᠯᠵᠤ᠂ ᠦᠪᠤᠷ ᠮᠤᠩᠭᠤᠯ ᠤ᠋ᠨ 12 ᠠᠶ᠋ᠢᠮᠠᠭ ᠬᠣᠲᠠ ᠶ᠋ᠢᠨ 80 ᠭᠠᠷᠤᠶ ᠭᠤᠷᠪᠠᠳᠤᠭᠠᠷ ᠳᠡᠰ ᠤ᠋ᠨ ᠡᠮᠴᠢᠯᠡᠭᠡᠨ ᠤ᠋ ᠪᠠᠶ᠋ᠢᠭᠤᠯᠤᠮᠵᠢ ᠪᠤᠯᠤᠨ 200 ᠭᠠᠷᠤᠶ ᠬᠣᠶᠠᠳᠤᠭᠠᠷ ᠳᠡᠰ ᠤ᠋ᠨ ᠡᠮᠴᠢᠯᠡᠭᠡᠨ ᠤ᠋ ᠪᠠᠶ᠋ᠢᠭᠤᠯᠤᠮᠵᠢ ᠵᠢ ᠬᠠᠮᠤᠷᠴᠤ᠂ 1500 ᠲᠦᠮᠡᠨ ᠬᠦᠮᠦᠨ ᠤᠳᠠᠭ᠎ᠠ ᠳ᠋ᠦ ᠠᠰᠢᠭ ᠬᠦᠷᠲᠡᠭᠡᠪᠡ᠃
ᠪᠡᠭᠡᠵᠢᠩ ᠥᠪᠥᠷ ᠮᠣᠩᠭᠣᠯ ᠬᠣᠶᠠᠷ ᠭᠠᠵᠠᠷ ᠤ᠋ᠨ ᠬᠢᠨ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠌᠂《ᠴᠢᠰᠤ ᠪᠦᠲᠦᠭᠡᠵᠦ ᠴᠢᠳᠠᠪᠤᠷᠢ ᠣᠯᠭᠣᠬᠤ》᠂ ᠤᠷᠳᠤ ᠬᠤᠭᠤᠴᠠᠭᠠᠨ ᠤ᠋ ᠪᠦᠲᠦᠮᠵᠢᠲᠡᠢ ᠬᠥᠭᠵᠢᠯᠲᠡ ᠶ᠋ᠢᠨ ᠭᠣᠣᠯ ᠤᠳᠤᠷᠢᠳᠤᠮᠵᠢ ᠵᠢ ᠢᠮᠠᠭᠲᠠ ᠪᠠᠷᠢᠮᠳᠠᠯᠠᠨ ᠪᠠᠢ᠌ᠩᠭᠤᠵᠢᠬᠰᠠᠨ ᠱᠠᠯᠠᠪᠳᠠᠭᠤᠯᠤᠨ ᠵᠢᠯᠣᠭᠣᠳᠬᠤ᠂ ᠵᠥᠪᠳᠡᠯᠴᠡᠬᠦ᠌᠂ ᠲᠤᠬᠢᠷᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠤ᠂ ᠬᠠᠮᠵᠢᠯᠴᠠᠭ᠎ᠠ ᠶ᠋ᠢ ᠣᠬᠣᠷ ᠬᠤᠭᠤᠴᠠᠭᠠᠨ ᠤ᠋ ᠳᠡᠮᠵᠢᠯᠭᠡ ᠡᠴᠡ ᠤᠷᠳᠤ ᠬᠤᠭᠤᠴᠠᠭᠠᠨ ᠤ᠋ ᠪᠦᠲᠦᠮᠵᠢᠲᠡᠢ᠂ ᠦᠷᠭᠦᠯᠵᠢᠯᠡᠬᠦ᠌᠂ 《ᠴᠢᠰᠤ ᠪᠦᠲᠦᠭᠡᠬᠦ᠌》ᠮᠠᠶᠢᠭ ᠤ᠋ᠨ ᠬᠥᠭᠵᠢᠯᠲᠡ ᠲᠡᠶ᠋ᠢᠰᠢ ᠬᠤᠪᠢᠷᠠᠭᠤᠯᠪᠠ᠃ ᠲᠤᠰᠠᠯᠠᠮᠵᠢ ᠬᠦᠷᠳᠡᠬᠦ᠌ ᠡᠮᠴᠢᠯᠡᠭᠡᠨ ᠤ᠋ ᠪᠠᠶ᠋ᠢᠭᠤᠯᠤᠮᠵᠢ ᠶ᠋ᠢᠨ ᠡᠮᠴᠢᠯᠡᠭᠡᠨ ᠤ᠋ ᠲᠤᠰᠬᠠᠢ ᠰᠠᠯᠠᠭ᠎ᠠ᠂ ᠴᠢᠳᠠᠪᠤᠷᠢᠲᠠᠨ ᠤ᠋ ᠨᠥᠭᠡᠴᠡ ᠪᠤᠯᠤᠨ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠶ᠋ᠢᠨ ᠳᠤᠲᠠᠭᠤᠳᠠᠯ ᠪᠠ ᠪᠠᠭᠤᠷᠠᠢ ᠲᠠᠯ᠎ᠠ ᠵᠢ ᠬᠠᠷᠠᠯᠲᠠ ᠲᠠᠶ ᠪᠠᠷ ᠨᠥᠬᠥᠪᠥᠷᠢᠯᠡᠵᠦ᠍᠂ ᠡᠮᠴᠢᠯᠡᠭᠡᠨ ᠤ᠋ ᠦᠢᠯᠡᠴᠢᠯᠡᠭᠡᠨ ᠤ᠋ ᠴᠢᠳᠠᠪᠤᠷᠢ ᠶ᠋ᠢᠨ ᠬᠥᠭᠵᠢᠯᠲᠡ ᠶ᠋ᠢᠨ ᠰᠠᠭᠤᠷᠢ ᠵᠢ ᠪᠦᠬᠦ᠌ ᠲᠠᠯ᠎ᠠ ᠪᠠᠷ ᠪᠡᠬᠢᠵᠢᠭᠦᠯᠪᠡ᠃
30 ᠵᠢᠯ ᠤ᠋ᠨ ᠲᠤᠷᠰᠢᠬᠢ ᠬᠠᠮᠵᠢᠯᠴᠠᠭ᠎ᠠ ᠶ᠋ᠢᠨ ᠦᠷ᠎ᠡ ᠪᠦᠲᠦᠮᠵᠢ ᠨᠢ ᠮᠠᠨ ᠤ᠋ ᠤᠷᠤᠨ ᠤ᠋ ᠦᠨᠳᠦᠰᠦᠲᠡᠨ ᠨᠤᠭᠦᠳ ᠤ᠋ᠨ ᠣᠯᠠᠨ ᠲᠦᠮᠡᠨ ᠳ᠋ᠤ ᠪᠥᠬᠥ᠌ ᠲᠠᠯ᠎ᠠ ᠪᠠᠷ ᠠᠰᠢᠭ ᠬᠦᠷᠲᠡᠭᠡᠵᠤ᠂ ᠪᠡᠭᠡᠵᠢᠩ ᠬᠣᠲᠠ ᠶ᠋ᠢᠨ ᠬᠢᠨ ᠨᠡᠢᠲᠡ ᠲᠦᠮᠡ ᠰᠢᠬᠠᠮ ᠡᠮᠴᠢ ᠲᠤᠮᠢᠯᠠᠨ ᠦᠪᠤᠷ ᠮᠤᠩᠭᠤᠯ ᠢ᠋ ᠲᠤᠰᠠᠯᠠᠨ᠂ 18 ᠲᠦᠮᠡ ᠭᠠᠷᠤᠶ ᠤᠳᠠᠭ᠎ᠠ ᠮᠡᠰᠡ ᠵᠠᠰᠠᠯ ᠬᠢᠵᠦ᠂ 20 ᠲᠦᠮᠡ ᠰᠢᠬᠠᠮ ᠡᠪᠡᠳᠴᠢᠲᠡᠨ ᠢ᠋ ᠬᠠᠮᠲᠤᠷᠠᠨ ᠣᠨᠣᠰᠢᠯᠠᠵᠤ᠂ 1500 ᠲᠦᠮᠡᠨ ᠬᠥᠮᠦᠨ ᠤᠳᠠᠭ᠎ᠠ ᠳ᠋ᠦ ᠦᠢᠯᠡᠴᠢᠯᠡᠪᠡ᠃ ᠲᠤᠰᠬᠠᠶ ᠮᠡᠷᠭᠡᠵᠢᠯᠲᠡᠨ ᠡᠴᠡ ᠡᠯ᠎ᠡ ᠲᠥᠷᠥᠯ ᠤ᠋ᠨ ᠲᠠᠶ᠋ᠢᠯᠤᠮᠵᠢ ᠵᠢ 1.5 ᠲᠦᠮᠡ ᠭᠠᠷᠤᠶ ᠲᠠᠯᠠᠪᠠᠶ ᠥᠷᠨᠢᠭᠦᠯᠵᠦ᠍᠂ ᠮᠠᠨ ᠤ᠋ ᠣᠷᠣᠨ ᠤ᠋ ᠡᠮᠴᠢ ᠰᠤᠪᠢᠯᠠᠭᠴᠢ ᠳ᠋ᠦ 20 ᠲᠦᠮᠡ ᠭᠠᠷᠤᠶ ᠬᠥᠮᠦᠨ ᠤᠳᠠᠭ᠎ᠠ ᠶ᠋ᠢᠨ ᠪᠤᠯᠪᠠᠰᠤᠷᠠᠯ ᠬᠦᠷᠲᠡᠭᠡᠵᠡᠢ᠃ ᠮᠠᠨ ᠤ᠋ ᠤᠷᠤᠨ ᠪᠠᠰᠠ 8700 ᠭᠠᠷᠤᠢ ᠲᠤᠬᠠᠶ᠋ᠢᠯᠠᠭᠰᠠᠨ ᠠᠵᠢᠯ ᠤ᠋ᠨ ᠭᠣᠣᠯᠯᠠᠭᠴᠢᠬᠦᠴᠦᠨ ᠢ᠋ ᠰᠣᠩᠭᠣᠨ ᠪᠡᠭᠡᠵᠢᠡᠭ ᠳ᠋ᠦ ᠲᠤᠮᠢᠯᠠᠵᠤ ᠰᠤᠷᠤᠯᠴᠠᠭᠤᠯᠪᠠ᠃ ᠪᠥᠬᠥ᠌ ᠣᠷᠣᠨ ᠤ᠋ ᠲᠤᠰᠠᠯᠠᠮᠵᠢ ᠭᠥᠷᠳᠡᠭᠰᠡᠨ ᠡᠮᠴᠢᠯᠡᠭᠡᠨ ᠤ᠋ ᠪᠠᠶ᠋ᠢᠭᠤᠯᠤᠮᠵᠢ ᠨᠡᠶ᠋ᠢᠲᠡ 1.6 ᠳ᠋ᠦᠩᠰᠢᠭᠤᠷ ᠲᠥᠭᠥᠷᠢᠭ ᠤ᠋ᠨ ᠲᠤᠰᠬᠠᠶ ᠵᠦᠢᠯ ᠤ᠋ᠨ ᠬᠠᠪᠰᠤᠷᠤᠨ ᠲᠡᠳᠬᠦᠬᠦ᠌ ᠪᠠᠯᠠ ᠮᠥᠩᠭᠥ᠌ ᠣᠯᠵᠤ᠂ 760 ᠭᠠᠷᠤᠶ ᠰᠠᠭᠤᠷᠢ ᠬᠠᠨᠳᠢᠪᠯᠠᠨ ᠬᠦᠷᠭᠡᠭᠰᠡᠨ ᠡᠮᠴᠢᠯᠡᠭᠡᠨ ᠤ᠋ ᠲᠥᠬᠥᠭᠡᠷᠦᠮᠵᠢ ᠵᠢ ᠭᠥᠯᠢᠶᠡᠨ ᠠᠪᠴᠤ᠌᠂ ᠲᠥᠬᠥᠭᠡᠷᠦᠮᠵᠢ ᠶ᠋ᠢᠨ ᠶᠡᠷᠦᠩᠬᠡᠶ ᠥᠷᠲᠡᠭ ᠨᠢ ᠳ᠋ᠦᠩᠰᠢᠭᠤᠷ ᠲᠥᠭᠥᠷᠢᠭ ᠢ᠋ ᠳᠠᠪᠠᠭᠰᠠᠨ ᠪᠠᠢᠨ᠎ᠠ᠃
ᠪᠡᠭᠡᠵᠢᠡᠭ ᠦᠪᠦᠷ ᠮᠤᠡᠭᠭᠤᠯ ᠤ᠋ᠨ ᠡᠮᠴᠢᠯᠡᠭᠡᠨ ᠤ᠋ ᠬᠠᠮᠵᠢᠯᠴᠠᠭ᠎ᠠ ᠪᠡᠷ ᠳᠠᠮᠵᠢᠨ ᠮᠠᠨ ᠤ᠋ ᠤᠷᠤᠨ ᠶᠡᠬᠡ ᠬᠡᠮᠵᠢᠶᠡᠨ ᠤ᠋ ᠬᠦᠴᠢᠷ ᠲᠦᠪᠡᠭᠲᠡᠶ ᠬᠦᠨᠳᠦ ᠡᠪᠡᠳᠴᠢᠨ ᠤ᠋ ᠵᠢᠱ᠌ᠢᠶ᠎ᠡ ᠵᠢ ᠤᠷᠤᠨ ᠤ᠋ ᠳᠤᠲᠤᠷ᠎ᠠ ᠪᠠᠨ ᠠᠪᠤᠷᠠᠨ ᠵᠠᠰᠠᠵᠤ᠂ ᠥᠩᠭᠡᠷᠡᠭᠰᠡᠨ ᠤ᠋ ᠬᠦᠨᠳᠦ ᠡᠪᠡᠳᠴᠢᠲᠡᠨ ᠢ᠋ ᠮᠤᠵᠢ ᠠᠯᠤᠰᠯᠠᠨ ᠰᠢᠯᠵᠢᠭᠦᠯᠬᠦ᠌ ᠰᠠᠨᠠᠭᠠᠴᠢᠯᠠᠭᠠᠲᠤ᠌ ᠪᠤᠰᠤ ᠪᠠᠶ᠋ᠢᠳᠠᠯ ᠢ᠋ ᠬᠤᠪᠢᠷᠠᠭᠤᠯᠤᠨ᠂ 《ᠬᠦᠨᠳᠦ ᠡᠪᠡᠳᠴᠢᠲᠡᠨ ᠢ᠋ ᠣᠷᠣᠨ ᠤ᠋ ᠲᠤᠳᠤᠷ᠎ᠠ ᠠᠪᠤᠷᠠᠨ ᠵᠠᠰᠠᠬᠤ᠂ ᠡᠩ ᠤ᠋ᠨ ᠡᠪᠡᠳᠴᠢᠲᠠᠨ ᠢ᠋ ᠬᠣᠲᠠ ᠰᠢᠶᠠᠨ ᠤ᠋ ᠲᠤᠳᠤᠷ᠎ᠠ ᠡᠮᠨᠡᠨ ᠵᠠᠰᠠᠬᠤ》 ᠡᠪᠡᠳᠴᠢᠨ ᠦᠵᠡᠭᠦᠯᠬᠦ ᠪᠠᠶ᠋ᠢᠷᠢᠰᠢᠯ ᠢ᠋ ᠦᠨᠳᠤᠰᠤᠨ ᠳ᠋ᠡᠬᠡᠨ ᠪᠠᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃