ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠡᠷᠡᠭᠦᠯ ᠡᠩᠬᠡ

2026-11-13 16:37:03

ᠵᠣᠬᠢᠶᠠᠭ᠍ᠴᠢ᠄ ​ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠨᠢᠭᠡᠨᠳᠡ ᠪᠦᠬᠦ ᠲᠦᠷᠦᠯ ᠵᠦᠢᠯ ᠪᠦᠬᠦ ᠬᠡᠯᠬᠢᠶ᠎ᠠ ᠪᠦᠬᠦ ᠤᠷᠤᠨ ᠪᠦᠰᠡ ᠶ᠋ᠢᠨ ᠡᠮ ᠤ᠋ᠨ ᠵᠦᠢᠯᠡᠰ ᠤ᠋ᠨ ᠮᠡᠳᠡᠭᠡ ᠵᠠᠩᠬᠢᠴᠢᠯᠠᠭᠰᠠᠨ ᠮᠦᠷᠳᠡᠯᠳᠡ ᠶ᠋ᠢᠨ ᠰᠢᠰᠲᠧᠮ ᠢ᠋ ᠪᠠᠢᠭᠤᠯᠵᠤ᠂ ᠲᠤᠭᠠᠴᠢᠯᠠᠭᠰᠠᠨ ᠪᠢᠳᠡᠭᠦᠦ ᠬᠡᠯᠬᠢᠶᠡᠳᠦ ᠤᠶᠤᠨᠴᠢ ᠬᠢᠨᠠᠯᠳᠠ ᠬᠠᠮᠢᠶᠠᠷᠤᠯᠳᠠ ᠪᠡᠷ ᠤᠯᠠᠨ ᠲᠦᠮᠡᠨ ᠤ᠋ ᠠᠮᠦᠷ ᠲᠦᠪᠰᠢᠨ ᠶ᠋ᠢᠡᠷ ᠡᠮ ᠬᠡᠷᠡᠭᠯᠡᠬᠦ ᠪᠡᠬᠢᠯᠡᠯᠳᠡ ᠶ᠋ᠢ ᠪᠦᠬᠦ ᠲᠠᠯ᠎ᠠ ᠪᠡᠷ ᠪᠠᠳᠤ ᠴᠤᠭᠴᠠᠯᠠᠪᠠ᠃

ᠤᠳᠤᠬᠠᠨ ᠳ᠋ᠤ ᠪᠦᠬᠦ ᠤᠷᠤᠨ ᠤ᠋ ᠡᠮ ᠤ᠋ᠨ ᠵᠦᠢᠯᠡᠰ ᠦᠢᠯᠡᠳᠪᠤᠷᠢᠯᠡᠬᠦ᠂ ᠡᠵᠡᠩᠨᠡᠬᠦ ᠪᠠ ᠬᠡᠷᠡᠭᠯᠡᠬᠦ 34852 ᠨᠢᠭᠡᠴᠢ ᠳ᠋ᠤ ᠴᠦᠮ ᠪᠠᠷᠢᠮᠵᠢᠶᠠᠵᠢᠭᠰᠠᠨ ᠡᠮ ᠤ᠋ᠨ ᠵᠦᠢᠯᠡᠰ ᠤ᠋ᠨ ᠮᠦᠷᠳᠡᠯᠳᠡ ᠶ᠋ᠢᠨ ᠰᠢᠰᠲᠧᠮ ᠢ᠋ ᠪᠠᠢᠭᠤᠯᠵᠤ᠂ ᠡᠮ ᠤ᠋ᠨ ᠵᠦᠢᠯᠡᠰ ᠢ᠋ ᠪᠦᠬᠦ ᠲᠦᠷᠦᠯ ᠵᠦᠢᠯ ᠶ᠋ᠢᠡᠷ ᠺᠤᠳ᠋ ᠨᠠᠭᠠᠵᠤ᠂ ᠪᠦᠬᠦ ᠭᠤᠭᠴᠤᠭ᠎ᠠ ᠪᠡᠷ ᠺᠤᠳ᠋ ᠰᠢᠷᠪᠢᠨ᠂ ᠪᠦᠬᠦ ᠲᠤᠭ᠎ᠠ ᠪᠠᠷᠢᠮᠳᠠ ᠶ᠋ᠢ ᠮᠦᠷᠳᠡᠯᠳᠡ ᠶ᠋ᠢᠨ ᠰᠢᠰᠲᠧᠮ ᠳ᠋ᠤ ᠤᠷᠤᠭᠤᠯᠵᠤ᠂ ᠺᠤᠳ᠋ ᠰᠢᠷᠪᠢᠵᠤ ᠰᠢᠯᠭᠠᠨ ᠪᠠᠢᠴᠠᠭᠠᠭᠰᠠᠨ ᠨᠡᠢᠳᠡ ᠬᠡᠮᠵᠢᠶ᠎ᠠ 87 ᠳ᠋ᠦᠩᠰᠢᠭᠤᠷ ᠤᠳᠠᠭ᠎ᠠ ᠶ᠋ᠢ ᠳᠠᠪᠠᠵᠤ᠂ ᠡᠳᠦᠷ ᠪᠦᠷᠢ ᠲᠤᠮᠳᠠᠴᠢ ᠪᠡᠷ 1300 ᠲᠦᠮᠡ ᠭᠠᠷᠤᠢ ᠤᠳᠠᠭ᠎ᠠ ᠺᠤᠳ᠋ ᠰᠢᠷᠪᠢᠨ᠂ ᠡᠮ ᠤ᠋ᠨ ᠵᠦᠢᠯᠡᠰ ᠤ᠋ᠨ ᠮᠦᠷᠳᠡᠯᠳᠡ ᠶ᠋ᠢᠨ ᠬᠢᠨᠠᠯᠳᠠ ᠬᠠᠮᠢᠶᠠᠷᠤᠯᠳᠠ ᠶ᠋ᠢ ᠪᠦᠬᠦ ᠤᠷᠤᠨ ᠪᠦᠰᠡ ᠪᠡᠷ ᠲᠤᠭᠤᠰᠢᠯᠠᠭᠤᠯᠵᠤ᠂ ᠪᠦᠬᠦ ᠶᠠᠪᠤᠴᠠ ᠪᠡᠷ ᠡᠵᠡᠮᠳᠡᠵᠦ ᠪᠤᠯᠬᠤ ᠶ᠋ᠢ ᠪᠡᠶᠡᠯᠡᠭᠦᠯᠦᠭᠰᠡᠨ ᠪᠠᠢᠨ᠎ᠠ᠃

ᠤᠢᠯᠠᠭᠠᠭᠰᠠᠨ ᠶ᠋ᠢᠡᠷ᠂ ᠮᠠᠨ ᠤ᠋ ᠤᠷᠤᠨ ᠪᠦᠬᠦ ᠲᠦᠷᠦᠯ ᠵᠦᠢᠯ ᠪᠦᠬᠦ ᠬᠡᠯᠬᠢᠶ᠎ᠠ ᠪᠦᠬᠦ ᠤᠷᠤᠨ ᠪᠦᠰᠡ ᠶ᠋ᠢᠨ ᠡᠮ ᠤ᠋ᠨ ᠵᠦᠢᠯᠡᠰ ᠤ᠋ᠨ ᠮᠡᠳᠡᠭᠡ ᠵᠠᠩᠬᠢᠴᠢᠯᠠᠭᠰᠠᠨ ᠮᠦᠷᠳᠡᠯᠳᠡ ᠶ᠋ᠢᠨ ᠲᠤᠭᠠᠴᠢᠯᠠᠭᠰᠠᠨ ᠳᠠᠪᠴᠠᠩ ᠳ᠋ᠤ ᠲᠦᠰᠢᠭᠯᠡᠨ ᠨᠢᠭᠡᠨᠳᠡ ᠡᠮ ᠤ᠋ᠨ ᠵᠦᠢᠯᠡᠰ ᠤ᠋ᠨ ᠪᠦᠬᠦ ᠭᠦᠢᠯᠭᠡᠭᠡᠨ ᠤ᠋ ᠭᠤᠭᠴᠤᠭ᠎ᠠ ᠶ᠋ᠢᠨ ᠤᠶᠤᠨᠳᠤ ᠲᠦᠭᠰᠢᠭᠦᠷᠢ ᠶ᠋ᠢ ᠬᠢᠨᠠᠨ ᠡᠵᠡᠮᠳᠡᠬᠦ ᠳᠤᠭᠳᠠᠴᠠ ᠶ᠋ᠢ ᠪᠠᠢᠭᠤᠯᠵᠤ᠂ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠲᠦᠭᠰᠢᠭᠦᠷᠢ ᠶ᠋ᠢ ᠬᠡᠷᠡᠭ ᠤ᠋ᠨ ᠳᠠᠷᠠᠭ᠎ᠠ ᠰᠢᠢᠳᠪᠤᠷᠢᠯᠡᠬᠦ ᠡᠴᠡ ᠬᠡᠷᠡᠭ ᠤ᠋ᠨ ᠡᠮᠦᠨ᠎ᠠ ᠰᠡᠷᠡᠮᠵᠢᠯᠡᠭᠦᠯᠬᠦ᠂ ᠬᠡᠷᠡᠭ ᠤ᠋ᠨ ᠳᠤᠮᠳᠠ ᠬᠠᠮᠢᠶᠠᠷᠤᠨ ᠡᠵᠡᠮᠳᠡᠬᠦ ᠪᠤᠯᠭᠠᠨ ᠬᠤᠪᠢᠷᠠᠭᠤᠯᠪᠠ᠃ ᠲᠡᠭᠦᠨᠴᠢᠯᠡᠨ ᠳᠤᠮᠤ ᠳ᠋ᠠᠢᠲ᠋ᠠ ᠶ᠋ᠢᠨ ᠤᠶᠤᠨᠳᠤ ᠰᠢᠭᠰᠢᠨ ᠪᠠᠢᠴᠠᠭᠠᠯᠳᠠ᠂ ᠬᠦᠳᠡᠯᠦᠩᠭᠦᠢ ᠬᠠᠷᠢᠴᠠᠭᠤᠯᠤᠯ ᠵᠢᠴᠢ ᠤᠶᠤᠨᠴᠢ ᠬᠢᠨᠠᠯᠳᠠ ᠬᠠᠮᠢᠶᠠᠷᠤᠯᠳᠠ ᠶ᠋ᠢᠨ ᠠᠷᠭ᠎ᠠ ᠪᠠᠷᠢᠯ ᠶ᠋ᠢᠡᠷ ᠡᠮ ᠤ᠋ᠨ ᠵᠦᠢᠯᠡᠰ ᠤ᠋ᠨ ᠭᠦᠢᠯᠭᠡᠭᠡ ᠪᠠ ᠬᠡᠷᠡᠭᠯᠡᠭᠡ ᠶ᠋ᠢᠨ ᠭᠤᠭᠴᠤᠭ᠎ᠠ ᠶ᠋ᠢᠨ ᠳᠠᠯᠳᠠ ᠠᠶᠤᠯ ᠲᠦᠭᠰᠢᠭᠦᠷᠢ ᠶ᠋ᠢ ᠨᠠᠷᠢᠨ ᠤᠨᠤᠴᠠᠳᠠᠢ ᠵᠢᠭᠰᠠᠭᠠᠨ ᠪᠠᠢᠴᠠᠭᠠᠬᠤ ᠶ᠋ᠢ ᠪᠡᠶᠡᠯᠡᠭᠦᠯᠪᠡ᠃ ᠤᠳᠤᠬᠠᠨ ᠪᠤᠯᠳᠠᠯ᠎ᠠ᠂ ᠪᠦᠬᠦ ᠤᠷᠤᠨ ᠶ᠋ᠢᠡᠷ ᠶ᠋ᠢᠡᠨ 7.3 ᠲᠦᠮᠡᠨ ᠵᠤᠷᠪᠤᠰ ᠮᠦᠷᠳᠡᠯᠳᠡ ᠶ᠋ᠢᠨ ᠮᠡᠳᠡᠭᠡ ᠵᠠᠩᠬᠢ ᠶ᠋ᠢ ᠰᠢᠭᠰᠢᠨ ᠪᠠᠢᠴᠠᠭᠠᠵᠤ᠂ ᠬᠡᠪ ᠤ᠋ᠨ ᠪᠤᠰᠤ ᠭᠦᠢᠯᠭᠡᠭᠡ ᠶ᠋ᠢᠨ ᠰᠦᠪᠡᠭᠴᠢ ᠶ᠋ᠢ 7730 ᠵᠤᠷᠪᠤᠰ ᠵᠢᠭᠰᠠᠭᠠᠵᠤ ᠪᠠᠢᠴᠠᠭᠠᠨ᠂ ᠳᠤᠭᠳᠠᠭᠠᠯ ᠡᠴᠡ ᠵᠦᠷᠢᠴᠡᠭᠰᠡᠨ 1378 ᠵᠤᠷᠪᠤᠰ ᠡᠮ ᠤ᠋ᠨ ᠵᠦᠢᠯᠡᠰ ᠤ᠋ᠨ ᠭᠦᠢᠯᠭᠡᠭᠡ ᠶ᠋ᠢ ᠳᠦᠷᠢᠮᠵᠢᠭᠦᠯᠵᠤ᠂ 555 ᠵᠤᠷᠪᠤᠰ ᠲᠦᠭᠰᠢᠭᠦᠷᠢ ᠶ᠋ᠢᠨ ᠰᠡᠷᠡᠮᠵᠢᠯᠡᠭᠦᠯᠦᠯ ᠢ᠋ ᠰᠢᠢᠳᠪᠤᠷᠢᠯᠡᠨ᠂ ᠡᠯ᠎ᠠ ᠵᠦᠢᠯ ᠤ᠋ᠨ ᠠᠮᠦᠷ ᠲᠦᠪᠰᠢᠨ ᠤ᠋ ᠠᠰᠠᠭᠤᠳᠠᠯ ᠢ᠋ 3349 ᠬᠤᠪᠢ ᠴᠡᠭᠴᠡᠯᠡᠨ ᠵᠠᠰᠠᠵᠤ᠂ ᠳᠤᠭᠳᠠᠭᠠᠯ ᠡᠴᠡ ᠵᠦᠷᠢᠴᠡᠨ ᠡᠮ ᠤ᠋ᠨ ᠵᠦᠢᠯᠡᠰ ᠢ᠋ ᠭᠦᠢᠯᠭᠡᠭᠡᠯᠡᠬᠦ᠂ ᠪᠠᠷᠢᠮᠳᠠ ᠬᠢᠬᠡᠳ ᠪᠠᠷᠠᠭ᠎ᠠ ᠨᠡᠢᠴᠡᠬᠦ ᠦᠭᠡᠢ᠂ ᠳᠤᠭᠳᠠᠭᠠᠯ ᠡᠴᠡ ᠵᠦᠷᠢᠴᠡᠨ ᠡᠮ ᠤ᠋ᠨ ᠵᠦᠢᠯᠡᠰ ᠢ᠋ ᠳᠠᠬᠢᠨᠳᠠ ᠵᠠᠬ᠎ᠠ ᠳᠡᠯᠭᠡᠭᠦᠷ ᠲᠤ᠌ ᠤᠷᠤᠭᠤᠯᠬᠤ ᠵᠡᠷᠭᠡ ᠦᠵᠡᠭᠳᠡᠯ ᠢ᠋ ᠪᠦᠲᠦᠮᠵᠢᠳᠠᠢ ᠬᠤᠷᠢᠭᠯᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面