ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠡᠷᠡᠭᠦᠯ ᠡᠩᠬᠡ

2026-11-17 12:21:56

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠡᠴᠡ ᠣᠢᠯᠠᠭᠠᠭᠰᠠᠨ ᠵᠢᠠᠷ᠂ ᠤᠢᠷ᠎ᠠ ᠳ᠋ᠤ  ᠪᠤᠭᠤᠲᠤ ᠬᠣᠲᠠ ᠵᠢᠨ ᠬᠦᠧᠧ ᠶᠤᠤ ᠪᠧᠢ ᠹᠠᠩ ᠡᠮᠨᠡᠯᠭᠡ ᠵᠢᠨ  ᠬᠣᠷᠢᠶ᠎ᠠ᠂ ᠤᠯᠠᠭᠠᠨᠴᠠᠪ ᠬᠣᠲᠠ ᠵᠢᠨ ᠭᠣᠣᠯ ᠡᠮᠨᠡᠯᠭᠡ ᠵᠢᠨ ᠬᠣᠷᠢᠶ᠎ᠠ᠂ ᠰᠢᠯᠢ ᠵᠢᠨ ᠭᠣᠣᠯ ᠠᠢᠮᠠᠭ ᠤ᠋ᠨ ᠭᠣᠣᠯ ᠡᠮᠨᠡᠯᠭᠡ ᠵᠢᠨ ᠬᠣᠷᠢᠶ᠎ᠠ᠂ ᠲᠦᠩᠯᠢᠶᠣᠣ ᠬᠣᠲᠠ ᠵᠢᠨ ᠠᠷᠠᠳ ᠤ᠋ᠨ ᠡᠮᠨᠡᠯᠭᠡ ᠵᠢᠨ ᠬᠣᠷᠢᠶ᠎ᠠ ᠵᠡᠷᠭᠡ 4 ᠡᠮ ᠡᠮᠨᠡᠯᠭᠡ ᠵᠢᠨ ᠪᠠᠢᠭᠤᠯᠤᠮᠵᠢ ᠨᠢ ᠥᠪᠥᠷ ᠮᠣᠩᠭᠣᠯ ᠤ᠋ᠨ ᠤᠷᠤᠨ ᠪᠦᠰᠡ ᠵᠢᠨ ᠨᠠᠰᠤᠲᠠᠢᠴᠤᠳ ᠤ᠋ᠨ ᠠᠨᠠᠭᠠᠬᠤ ᠤᠬᠠᠭᠠᠨ ᠤ᠋ ᠲᠥᠪ ᠤ᠋ᠨ ᠨᠡᠷᠡᠰ ᠲᠦ᠍ ᠰᠣᠩᠭᠣᠭᠳᠠᠨ ᠣᠷᠣᠪᠠ᠃ ᠡᠨᠡ ᠨᠢ ᠥᠪᠥᠷ ᠮᠣᠩᠭᠣᠯ ᠨᠠᠰᠤᠲᠠᠢᠴᠤᠳ ᠤ᠋ᠨ ᠡᠷᠡᠭᠦᠯ ᠮᠡᠨᠳᠦ ᠵᠢᠨ ᠦᠢᠯᠡᠴᠢᠯᠡᠭᠡᠨ ᠤ᠋ ᠴᠢᠨᠠᠷ ᠰᠠᠢᠳᠠᠢ ᠰᠢᠰᠲᠧᠮ ᠢ᠋ ᠪᠠᠢᠭᠤᠯᠵᠤ᠂ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭᠠᠴᠠᠭᠠᠬᠤ ᠲᠠᠯ᠎ᠠ ᠪᠠᠷ ᠪᠠᠲᠤᠲᠠᠢ ᠠᠯᠬᠤᠮ ᠢ᠋ ᠠᠯᠬᠤᠭᠰᠠᠨ ᠢ᠋  ᠬᠠᠷᠠᠭᠤᠯᠵᠤ  ᠪᠠᠢᠨ᠎ᠠ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ᠎ᠡᠴᠨ ᠡᠯ᠎ᠡ ᠣᠷᠣᠨ ᠪᠦᠰᠡ ᠵᠢᠨ ᠨᠠᠰᠤᠲᠠᠢᠴᠤᠳ ᠤ᠋ᠨ ᠠᠨᠠᠭᠠᠬᠤ ᠤᠬᠠᠭᠠᠨ ᠤ᠋ ᠲᠥᠪ᠎ᠦᠨ ᠬᠢᠨ ᠵᠢᠱ᠌ᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠪᠠ ᠨᠥᠯᠥᠭᠡᠯᠡᠨ ᠳᠠᠢᠴᠢᠯᠠᠬᠤ ᠦᠢᠯᠡᠳᠦᠯ ᠵᠢᠡᠨ ᠦᠨᠡᠨ ᠬᠦ᠌ ᠪᠠᠳᠠᠷᠠᠭᠤᠯᠵᠤ᠂ ᠨᠠᠰᠤᠲᠠᠢᠴᠤᠳ ᠤ᠋ᠨ ᠡᠪᠡᠳᠴᠢᠨ ᠡᠮᠭᠡᠭ ᠢ᠋ ᠶᠡᠷᠦᠩᠬᠡᠢᠯᠡᠨ ᠣᠨᠣᠰᠢᠯᠠᠨ ᠡᠮᠨᠡᠬᠦ᠂ ᠴᠢᠳᠠᠪᠤᠷᠢᠲᠠᠨ ᠢ᠋ ᠬᠥᠮᠦᠵᠢᠭᠦᠯᠬᠦ ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠰᠢᠨ᠎ᠡ ᠵᠢ ᠡᠭᠦᠳᠬᠦ ᠵᠡᠷᠭᠡ ᠭᠣᠣᠯ ᠠᠵᠢᠯ ᠢ᠋ ᠭᠣᠣᠯᠳᠠᠯᠭ᠎ᠠ ᠲᠠᠢ ᠠᠬᠢᠭᠤᠯᠵᠤ᠂ ᠨᠠᠰᠤᠲᠠᠢᠴᠤᠳ ᠤ᠋ᠨ ᠡᠷᠡᠭᠦᠯ ᠮᠡᠨᠳᠦ ᠵᠢᠨ ᠦᠢᠯᠡᠴᠢᠯᠡᠭᠡᠨ ᠤ᠋ ᠴᠢᠳᠠᠪᠤᠷᠢ ᠵᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠪᠦᠰᠡ ᠵᠢᠨ  ᠳᠣᠲᠣᠷᠠᠬᠢ  ᠨᠠᠰᠤᠲᠠᠢᠴᠤᠳ ᠤ᠋ᠨ ᠡᠮᠴᠢᠯᠡᠭᠡᠨ ᠤ᠋ ᠦᠢᠯᠡᠴᠢᠯᠡᠭᠡ ᠵᠢᠨ ᠴᠢᠨᠠᠷ ᠢᠵᠢᠯᠢᠰᠢᠭᠦ ᠬᠥᠭᠵᠢᠯᠲᠡ ᠵᠢ ᠬᠦᠴᠦᠲᠡᠢ ᠠᠬᠢᠭᠤᠯᠬᠤ ᠬᠡᠷᠡᠭᠲᠡᠢ᠃ ᠡᠭᠦᠨ ᠤ᠋ ᠬᠠᠮᠲᠤ᠂ ᠡᠯ᠎ᠡ ᠠᠢᠮᠠᠭ ᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ᠎ᠦᠨ ᠬᠢᠨ ᠵᠣᠬᠢᠶᠠᠨ ᠪᠠᠢᠭᠤᠯᠤᠯᠲᠠ ᠵᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠶ᠎ᠠ ᠣᠷᠣᠨ ᠤ᠋ ᠨᠠᠰᠤᠲᠠᠢᠴᠤᠳ ᠤ᠋ᠨ ᠠᠨᠠᠭᠠᠬᠤ ᠤᠬᠠᠭᠠᠨ ᠤ᠋ ᠰᠢᠨᠵᠢᠯᠡᠭᠡᠨ ᠤ᠋ ᠪᠠᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠰᠤᠲᠠᠢᠴᠤᠳ ᠤ᠋ᠨ ᠡᠷᠡᠭᠦᠯ ᠮᠡᠨᠳᠦ ᠵᠢᠨ ᠦᠢᠯᠡᠴᠢᠯᠡᠭᠡᠨ ᠤ᠋ ᠬᠠᠩᠭᠠᠯᠭ᠎ᠠ ᠵᠢ ᠲᠠᠰᠤᠷᠠᠯᠲᠠ ᠦᠭᠡᠢ  ᠰᠢᠯᠢᠳᠡᠭᠵᠢᠭᠦᠯᠬᠦ  ᠬᠡᠷᠡᠭᠲᠡᠢ ᠭᠡᠵᠦ ᠱᠠᠭᠠᠷᠳᠠᠪᠠ᠃

ᠳᠤᠰ ᠤᠳᠠᠭ᠎ᠠ 4 ᠣᠷᠣᠨ ᠪᠦᠰᠡ ᠵᠢᠨ ᠨᠠᠰᠤᠲᠠᠢᠴᠤᠳ ᠤ᠋ᠨ ᠠᠨᠠᠭᠠᠬᠤ ᠤᠬᠠᠭᠠᠨ ᠤ᠋ ᠲᠥᠪ ᠢ᠋  ᠳᠤᠭᠳᠠᠭᠠᠭᠰᠠᠨ ᠨᠢ ᠤᠯᠤᠰ ᠤ᠋ᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠤ᠋ᠨ ᠨᠠᠰᠤᠲᠠᠢᠴᠤᠳ ᠤ᠋ᠨ ᠠᠨᠠᠭᠠᠬᠤ ᠤᠬᠠᠭᠠᠨ ᠤ᠋ ᠡᠮᠴᠢᠯᠡᠭᠡᠨ ᠤ᠋  ᠦᠢᠯᠡᠴᠢᠯᠡᠭᠡ  ᠵᠢᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠵᠢᠴᠢ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠷᠤᠨ ᠪᠦᠰᠡ ᠵᠢᠨ ᠨᠠᠰᠤᠲᠠᠢᠴᠤᠳ ᠤ᠋ᠨ ᠠᠨᠠᠭᠠᠬᠤ ᠤᠬᠠᠭᠠᠨ ᠤ᠋ ᠲᠥᠪ ᠤ᠋ᠨ ᠪᠦᠲᠦᠭᠡᠨ ᠪᠠᠢᠭᠤᠯᠤᠯᠲᠠ ᠵᠢᠨ ᠬᠡᠷᠡᠭᠵᠢᠭᠦᠯᠬᠦ ᠲᠥᠰᠦᠯ》 ᠢ᠋ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ ᠤ᠋ᠨ ᠨᠠᠰᠤᠲᠠᠢᠴᠤᠳ ᠤ᠋ᠨ ᠡᠮᠴᠢᠯᠡᠭᠡᠨ ᠤ᠋ ᠡᠬᠢ ᠪᠠᠶᠠᠯᠢᠭ ᠤ᠋ᠨ ᠪᠠᠢᠷᠢᠰᠢᠭᠤᠯᠤᠯᠲᠠ ᠵᠢ ᠴᠢᠨᠠᠭᠰᠢᠳᠠ ᠰᠢᠯᠢᠳᠡᠭᠵᠢᠭᠦᠯᠵᠦ᠂ ᠪᠦᠬᠦ ᠣᠷᠣᠨ ᠤ᠋ ᠨᠠᠰᠤᠲᠠᠢᠴᠤᠳ ᠤ᠋ᠨ ᠳᠤᠭ᠎ᠠ ᠤᠯᠠᠮ ᠵᠢᠡᠷ ᠨᠡᠮᠡᠭᠳᠡᠵᠦ ᠪᠠᠢᠭ᠎ᠠ ᠡᠷᠡᠭᠦᠯ ᠮᠡᠨᠳᠦ ᠵᠢᠨ ᠦᠢᠯᠡᠴᠢᠯᠡᠭᠡᠨ ᠤ᠋ ᠬᠡᠷᠡᠭᠴᠡᠭᠡ ᠱᠠᠭᠠᠷᠳᠠᠯᠭ᠎ᠠ ᠵᠢ ᠲᠠᠰᠤᠷᠠᠯᠲᠠ ᠦᠭᠡᠢ ᠬᠠᠩᠭᠠᠵᠤ᠂ 《ᠡᠷᠡᠭᠦᠯ ᠡᠩᠬᠡ ᠥᠪᠥᠷ ᠮᠣᠩᠭᠣᠯ》 ᠤ᠋ᠨ ᠪᠦᠲᠦᠭᠡᠨ ᠪᠠᠢᠭᠤᠯᠤᠯᠲᠠ ᠳ᠋ᠤ᠌ ᠬᠦᠴᠦᠲᠡᠢ ᠲᠤᠯᠭᠠᠭᠤᠷᠢᠯᠠᠯ ᠬᠠᠩᠭᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面